ᠬᠤᠲᠠ ᠶᠢᠨ ᠤᠰᠤ ᠠᠷᠪᠢᠯᠠᠬᠤ ᠠᠵᠢᠯ ᠢ ᠠᠬᠢᠭᠤᠯᠵᠤ᠂ ᠦᠵᠡᠰᠭᠦᠯᠡᠩᠲᠦ ᠰᠠᠶᠢᠬᠠᠨ ᠬᠤᠲᠠ ᠶᠢ ᠪᠦᠳᠦᠭᠡᠨ ᠪᠠᠶᠢᠭᠤᠯᠤᠶ᠎ᠠ
ᠨᠡᠶᠢᠲᠡᠯᠡᠭᠰᠡᠨ ᠴᠠᠭ᠄
2024/5/15
      ᠶᠡᠷᠦᠩᠬᠡᠢ ᠱᠦᠵᠢ ᠰᠢ ᠶᠢᠨ ᠫᠢᠩ ᠬᠤᠳᠠ ᠶᠢᠨ ᠤᠰᠤ ᠠᠷᠪᠢᠯᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠤᠰᠤ ᠠᠷᠪᠢᠯᠠᠬᠤ ᠬᠡᠯᠪᠡᠷᠢ ᠶᠢᠨ ᠬᠤᠳᠠ ᠶᠢᠨ ᠪᠦᠳᠦᠭᠡᠨ ᠪᠠᠶᠢᠭᠤᠯᠤᠯᠲᠠ ᠶᠢ ᠭᠦᠨᠵᠡᠭᠡᠢ ᠥᠷᠨᠢᠭᠦᠯᠵᠦ᠂ ᠤᠰᠤ ᠶᠢ ᠠᠷᠪᠢᠯᠠᠵᠤ ᠬᠡᠷᠡᠭᠯᠡᠬᠦ ᠶᠢ ᠨᠢᠭᠡᠴᠢ ᠨᠢᠭᠡᠪᠦᠷᠢ᠂ ᠭᠡᠷ ᠪᠦᠯᠢ ᠨᠢᠭᠡᠪᠦᠷᠢ᠂ ᠬᠥᠮᠦᠨ ᠨᠢᠭᠡᠪᠦᠷᠢ ᠶᠢᠨ ᠤᠬᠠᠮᠰᠠᠷᠲᠤ ᠠᠵᠢᠯᠯᠠᠭ᠎ᠠ ᠪᠣᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠨᠢ ᠰᠢᠨ᠎ᠡ ᠴᠠᠭ ᠦᠶ᠎ᠡ ᠶᠢᠨ ᠬᠤᠲᠠ ᠶᠢᠨ ᠤᠰᠤ ᠠᠷᠪᠢᠯᠠᠬᠤ ᠠᠵᠢᠯ ᠢ ᠰᠠᠶᠢᠲᠤᠷ ᠬᠢᠬᠦ ᠳᠤ ᠦᠨᠳᠦᠰᠦᠨ ᠵᠢᠷᠤᠮᠯᠠᠯ ᠪᠠ ᠦᠵᠡᠯ ᠰᠠᠨᠠᠭᠠᠨ ᠤ ᠵᠢᠯᠣᠭᠤᠳᠣᠯᠭ᠎ᠠ ᠬᠠᠩᠭᠠᠪᠠ᠃ 5 ᠳ᠋ᠤᠭᠠᠷ ᠰᠠᠷ᠎ᠠ ᠶᠢᠨ 11 ᠤ ᠡᠳᠦᠷ ᠠᠴᠠ 17 ᠤ ᠡᠳᠦᠷ ᠪᠣᠯ 2024 ᠣᠨ ᠤ ᠪᠥᠬᠦ ᠤᠯᠤᠰ ᠤᠨ ᠬᠤᠲᠠ ᠶᠢᠨ ᠤᠰᠤ ᠶᠢ ᠠᠷᠪᠢᠯᠠᠵᠤ ᠬᠡᠷᠡᠭᠯᠡᠬᠦ ᠤᠬᠠᠭᠤᠯᠭ᠎ᠠ ᠶᠢᠨ ᠭᠠᠷᠠᠭ ᠪᠣᠯᠤᠨ᠎ᠠ᠂ ᠲᠣᠰ ᠤᠳᠠᠭᠠᠨ ᠤ ᠤᠬᠠᠭᠤᠯᠭ᠎ᠠ ᠶᠢᠨ ᠭᠠᠷᠠᠭ ᠤᠨ ᠭᠤᠤᠯ ᠰᠡᠳᠦᠪ ᠪᠣᠯ ︽ᠬᠤᠲᠠ ᠶᠢᠨ ᠤᠰᠤ ᠠᠷᠪᠢᠯᠠᠬᠤ ᠠᠵᠢᠯ ᠢ ᠠᠬᠢᠭᠤᠯᠵᠤ᠂ ᠦᠵᠡᠰᠬᠦᠯᠡᠩᠲᠦ ᠰᠠᠶᠢᠬᠠᠨ ᠬᠤᠲᠠ ᠶᠢ ᠪᠥᠲᠥᠭᠡᠨ ᠪᠠᠶᠢᠭᠤᠯᠤᠶ᠎ᠠ︾ ᠪᠣᠯᠤᠨ᠎ᠠ᠃ ᠪᠦᠬᠦ ᠤᠯᠤᠰ ᠤᠨ ᠬᠤᠲᠠ ᠶᠢᠨ ᠤᠰᠤ ᠶᠢ ᠠᠷᠪᠢᠯᠠᠵᠤ ᠬᠡᠷᠡᠭᠯᠡᠬᠦ ᠤᠬᠠᠭᠤᠯᠭ᠎ᠠ ᠶᠢᠨ ᠭᠠᠷᠠᠭ 1992 ᠣᠨ ᠠᠴᠠ ᠡᠬᠢᠯᠡᠨ᠂ ᠣᠳᠣ ᠪᠣᠯᠲᠠᠯ᠎ᠠ 33 ᠬᠤᠭᠤᠴᠠᠭ᠎ᠠ ᠡᠷᠬᠢᠯᠡᠵᠦ ᠂ ᠪᠦᠬᠦ ᠨᠡᠶᠢᠭᠡᠮ ᠢᠶᠠᠷ ᠢᠶᠠᠨ ᠤᠰᠤ ᠠᠷᠪᠢᠯᠠᠬᠤ᠂ ᠤᠰᠤ ᠶᠢ ᠬᠠᠶᠢᠷᠠᠯᠠᠬᠤ᠂ ᠤᠰᠤ ᠶᠢ ᠳᠣᠲᠣᠨᠣᠴᠢᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠶ ᠪᠣᠯᠭᠠᠬᠤ ᠶᠢ ᠲᠦᠯᠬᠢᠨ ᠠᠬᠢᠭᠤᠯᠵᠠᠶ᠃      ᠬᠤᠲᠠ ᠶᠢᠨ ᠤᠰᠤ ᠠᠷᠪᠢᠯᠠᠬᠤ ᠶᠢ ᠴᠢᠩᠭᠠᠳᠭᠠᠬᠤ ᠪᠣᠯ ᠦᠵᠡᠰᠭᠦᠯᠡᠩᠲᠦ ᠰᠠᠢᠬᠠᠨ ᠬᠤᠲᠠ ᠶᠢ ᠪᠦᠲᠦᠭᠡᠨ ᠪᠠᠶᠢᠭᠤᠯᠬᠤ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠃ ᠤᠰᠤ ᠠᠷᠠᠳ ᠤᠨ ᠰᠡᠳᠭᠢᠯ ᠢ ᠤᠮᠳᠠᠯᠠᠵᠦ᠂ ᠲᠦᠮᠡᠨ ᠪᠣᠳᠠᠰ ᠢ ᠲᠡᠵᠢᠭᠡᠯᠡᠨ᠎ᠡ᠃ ᠰᠢᠨ᠎ᠡ ᠴᠠᠭ ᠦᠶ᠎ᠡ ᠶᠢᠨ ᠬᠤᠳᠠ ᠶᠢᠨ ᠤᠰᠤ ᠠᠷᠪᠢᠯᠠᠬᠤ ᠠᠵᠢᠯ ᠢ ᠴᠢᠩᠭᠠᠳᠬᠠᠬᠤ ᠨᠢ ᠬᠤᠳᠠ ᠶᠢᠨ ᠪᠣᠬᠢᠷᠲᠤᠯ ᠦᠭᠡᠢ ᠬᠥᠭᠵᠢᠯᠲᠡ ᠶᠢ ᠠᠬᠢᠭᠤᠯᠬᠤ᠂ ᠦᠵᠡᠰᠬᠦᠯᠡᠩᠲᠦ ᠰᠠᠶᠢᠬᠠᠨ ᠬᠤᠳᠠ ᠶᠢ ᠪᠦᠲᠦᠭᠡᠨ ᠪᠠᠶᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠨᠢᠭᠡ ᠳᠤ᠂ ᠴᠢᠨᠠᠷ ᠰᠠᠶᠢᠲᠠᠢ ᠬᠥᠭᠵᠢᠯᠲᠡ ᠶᠢᠨ ᠱᠠᠲᠤᠨ ᠳᠤ ᠣᠷᠣᠬᠤ ᠪᠤᠰᠤᠳᠴᠢ ᠱᠠᠭᠠᠷᠳᠠᠯᠭ᠎ᠠ ᠮᠦᠨ᠃ ᠮᠠᠨ ᠤ ᠤᠯᠤᠰ ᠨᠢᠭᠡᠨᠲᠡ ᠳᠡᠭᠡᠳᠦ ᠬᠤᠷᠳᠤᠴᠠᠳᠦ ᠨᠡᠮᠡᠭᠳᠡᠯ ᠤᠨ ᠱᠠᠲᠤᠨ ᠳᠤ ᠰᠢᠯᠵᠢᠵᠦ᠂ ᠬᠤᠳᠠ ᠶᠢᠨ ᠬᠥᠭᠵᠢᠯᠲᠡ ᠨᠢ ᠬᠤᠳᠠ ᠶᠢᠨ ᠰᠢᠨᠡᠴᠢᠯᠡᠯᠲᠡ ᠶᠢᠨ ᠴᠢᠬᠤᠯᠠ ᠴᠠᠭ ᠦᠶ᠎ᠡ ᠳᠤ ᠣᠷᠣᠵᠤ᠂ ︽ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ︾ ᠶᠢ ᠪᠠᠷᠢᠮᠲᠠᠯᠠᠵᠤ᠂ ︽ᠤᠰᠤ ᠪᠠᠷ ᠬᠤᠳᠠ ᠶᠢ ᠲᠣᠭᠲᠠᠭᠠᠬᠤ᠂ ᠤᠰᠤ ᠪᠠᠷ ᠭᠠᠵᠠᠷ ᠢ ᠲᠣᠭᠲᠠᠭᠠᠬᠤ᠂ ᠤᠰᠤ ᠪᠠᠷ ᠬᠥᠮᠦᠨ ᠢ ᠲᠣᠭᠲᠠᠭᠠᠬᠤ᠂ ᠤᠰᠤ ᠪᠠᠷ ᠭᠠᠷᠤᠯᠲᠠ ᠶᠢ ᠲᠣᠭᠲᠠᠭᠠᠬᠤ︾ ᠶᠢ ᠪᠠᠷᠢᠮᠲᠠᠯᠠᠵᠤ᠂ ᠬᠤᠳᠠ ᠶᠢᠨ ᠴᠢᠳᠠᠮᠵᠢ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠬᠤᠳᠠ ᠶᠢᠨ ᠡᠷᠡᠭᠦᠯ ᠤᠰᠤᠨ ᠤ ᠰᠢᠰᠲ᠋ᠧᠮ ᠢ ᠪᠠᠶᠢᠭᠤᠯᠵᠤ᠂ ᠬᠤᠳᠠ ᠶᠢᠨ ᠭᠠᠳᠠᠭᠰᠢ ᠥᠷᠭᠡᠳᠬᠡᠬᠦ ᠪᠦᠳᠦᠭᠦᠯᠢᠭ ᠮᠠᠶ᠋ᠢᠭ ᠤᠨ ᠬᠥᠭᠵᠢᠯᠲᠡ ᠠᠴᠠ ᠠᠭᠤᠯᠤᠭᠳᠠᠬᠤᠨ ᠡᠷᠴᠢᠮᠵᠢᠭᠦᠯᠦᠭᠰᠡᠨ ᠬᠥᠭᠵᠢᠯᠲᠡ ᠲᠡᠰᠢ ᠬᠤᠪᠢᠷᠠᠭᠤᠯᠬᠤ ᠱᠠᠭᠠᠷᠳᠠᠯᠭ᠎ᠠ ᠳᠤ ᠨᠡᠶᠢᠴᠡᠵᠦ ᠪᠠᠶᠢᠨ᠎ᠠ᠃ ᠬᠤᠶᠠᠷ ᠲᠤ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢ ᠨᠠᠶᠢᠳᠠᠪᠤᠷᠢᠵᠢᠭᠤᠯᠬᠤ ᠳᠣᠲᠣᠭᠠᠳᠤ ᠬᠡᠷᠡᠭᠴᠡᠭᠡ ᠪᠤᠯᠤᠨ᠎ᠠ᠃ ᠤᠰᠤ ᠠᠷᠪᠢᠯᠠᠬᠤ ᠪᠤᠯ ᠲᠠᠷᠤᠢ ᠪᠣᠬᠢᠷᠳᠠᠯ ᠢ ᠪᠠᠭᠠᠰᠭᠠᠬᠤ᠂ ᠤᠰᠤ ᠠᠷᠪᠢᠯᠠᠬᠤ ᠪᠤᠯ ᠲᠠᠷᠤᠢ ᠪᠣᠬᠢᠷᠳᠠᠯ ᠢ ᠵᠠᠰᠠᠵᠤ ᠪᠠᠶᠢᠭ᠎ᠠ ᠶᠠᠪᠤᠳᠠᠯ ᠪᠣᠯᠤᠨ᠎ᠠ᠃ ᠰᠢᠰᠲ᠋ᠧᠮᠲᠦ ᠴᠢᠨᠠᠷᠲᠠᠶ ᠤᠰᠤ ᠠᠷᠪᠢᠯᠠᠬᠤ ᠪᠠᠷ ᠳᠠᠮᠵᠢᠭᠤᠯᠤᠨ᠂ ᠤᠰᠤ ᠶᠢ ᠠᠷᠪᠢᠯᠡᠵᠤ ᠬᠡᠷᠡᠭᠯᠡᠬᠦ ᠶᠢ ᠰᠢᠯᠢᠳᠡᠭᠵᠢᠭᠦᠯᠦᠨ᠂ ᠡᠷᠭᠢᠯᠳᠦᠭᠦᠯᠦᠨ ᠠᠰᠢᠭᠯᠠᠬᠤ ᠪᠠ ᠱᠠᠲᠤᠯᠢᠭ ᠠᠰᠢᠭᠯᠠᠬᠤ ᠶᠢ ᠳᠥᠯᠭᠢᠨ ᠠᠬᠢᠭᠤᠯᠵᠤ᠂ ᠬᠤᠲᠠ ᠶᠢᠨ ᠰᠢᠨ᠎ᠡ ᠰᠣᠷᠭᠤᠭ ᠤᠰᠤ ᠶᠢ ᠠᠪᠴᠤ ᠬᠡᠷᠡᠭᠯᠡᠬᠦ ᠬᠡᠮᠵᠢᠶ᠎ᠡ ᠪᠠ ᠪᠣᠬᠢᠷ ᠤᠰᠤ ᠶᠢ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠵᠤ᠂ ᠬᠤᠲᠠ ᠶᠢᠨ ᠤᠰᠤᠨ ᠤ ᠰᠢᠰᠲ᠋ᠧᠮ ᠤᠨ ᠠᠵᠢᠯᠯᠠᠭᠠᠨ ᠤ ᠶᠠᠪᠤᠴᠠ ᠳᠠᠬᠢ ᠡᠨᠧᠷᠭᠢ ᠶᠢᠨ ᠬᠤᠷᠣᠭᠳᠠᠯ ᠢ ᠪᠠᠭᠤᠷᠠᠭᠤᠯᠵᠤ᠂ ᠨᠡᠭᠦᠷᠡᠰᠦᠲᠥ᠋ᠷᠥᠭᠴᠢ ᠶᠢ ᠪᠠᠭᠠᠰᠬᠠᠬᠤ ᠶᠢ ᠪᠡᠶᠡᠯᠡᠭᠦᠯᠵᠦ᠂ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢᠨ ᠠᠷᠭ᠎ᠠ ᠮᠠᠶ᠋ᠢᠭ ᠪᠠ ᠠᠮᠢᠳᠤᠷᠠᠯ ᠤᠨ ᠠᠷᠭ᠎ᠠ ᠮᠠᠶ᠋ᠢᠭ ᠢ ᠪᠣᠶ ᠪᠣᠯᠭᠠᠬᠤ ᠶᠢ ᠠᠬᠢᠭᠤᠯᠵᠤ ᠪᠣᠯᠤᠨ᠎ᠠ᠃ ᠭᠤᠷᠪᠠ ᠳᠤ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠪᠦᠲᠦᠭᠡᠨ ᠪᠠᠶᠢᠭᠤᠯᠤᠯᠳᠠ ᠳᠤ ᠴᠢᠬᠤᠯᠠ ᠠᠴᠢ ᠬᠤᠯᠪᠤᠭᠳᠠᠯ ᠲᠠᠢ᠃ ᠬᠦᠬᠡ ᠠᠭᠤᠯᠠ ᠬᠥᠬᠡᠮᠳᠦᠭ ᠤᠰᠤ ᠪᠣᠯ ᠠᠯᠳᠠ ᠮᠥᠩᠭᠦᠨ ᠠᠭᠤᠯᠠ ᠮᠥᠨ ᠭᠡᠬᠦ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠬᠥᠮᠦᠨ ᠬᠢᠭᠡᠳ ᠪᠠᠶᠢᠭᠠᠯᠢ ᠶᠢᠨ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠦᠨᠳᠦᠷᠴᠡ ᠠᠴᠠ ᠬᠥᠭᠵᠢᠯᠲᠡ ᠶᠢ ᠰᠦᠪᠡᠭᠴᠢᠯᠡᠨ᠎ᠡ᠃ ᠤᠰᠤ ᠠᠷᠪᠢᠯᠠᠬᠤ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠤᠰᠤ ᠶᠢ ᠠᠷᠪᠢᠯᠠᠨ ᠬᠡᠷᠡᠭᠯᠡᠬᠦ ᠶᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠥᠬᠦ ᠶᠠᠪᠤᠴᠠ ᠶᠢᠨ ᠡᠯ᠎ᠡ ᠬᠦᠷᠢᠶᠡᠨ ᠳᠤ ᠲᠤᠭᠤᠰᠢᠯᠠᠭᠤᠯᠬᠤ ᠪᠣᠯ ᠦᠵᠡᠰᠬᠦᠯᠡᠩᠲᠦ ᠰᠠᠶᠢᠬᠠᠨ ᠬᠤᠲᠠ ᠶᠢ ᠪᠥᠲᠥᠭᠡᠨ ᠪᠠᠶᠢᠭᠤᠯᠬᠤ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠪᠥᠲᠥᠭᠡᠨ ᠪᠠᠶᠢᠭᠤᠯᠤᠯᠳᠠ ᠶᠢᠨ ᠵᠠᠪᠠᠯ ᠶᠠᠪᠤᠬᠤ ᠵᠠᠮ ᠮᠥᠨ᠃      ᠬᠤᠲᠠ ᠶᠢᠨ ᠤᠰᠤ ᠠᠷᠪᠢᠯᠠᠬᠤ ᠦᠷ᠎ᠡ ᠪᠦᠲᠦᠮᠵᠢ ᠶᠢ ᠢᠯᠡᠷᠬᠡᠶ ᠪᠤᠯᠭᠠᠬᠤ ᠨᠢ ᠦᠵᠡᠰᠬᠦᠯᠡᠩᠲᠦ ᠰᠠᠶᠢᠬᠠᠨ ᠬᠤᠲᠠ ᠶᠢ ᠪᠦᠲᠦᠭᠡᠨ ᠪᠠᠶᠢᠭᠤᠯᠬᠤ ᠶᠢᠨ ᠭᠤᠤᠯ ᠬᠠᠷᠠᠯᠲᠠ ᠮᠦᠨ᠃ ᠣᠶᠢᠷ᠎ᠠ ᠶᠢᠨ ᠵᠢᠯ ᠤᠳ ᠲᠤ᠂ ᠮᠠᠨ ᠤ ᠤᠯᠤᠰ ᠤᠨ ᠬᠤᠲᠠ ᠶᠢᠨ ᠤᠰᠤ ᠠᠷᠪᠢᠯᠠᠬᠤ ᠠᠵᠢᠯ ᠢᠳᠡᠪᠬᠢᠲᠡᠶ ᠦᠷ᠎ᠡ ᠪᠦᠲᠦᠮᠵᠢ ᠣᠯᠵᠤ᠂ ᠬᠤᠲᠠ ᠶᠢᠨ ᠤᠰᠤ ᠬᠡᠷᠡᠭᠯᠡᠬᠦ ᠦᠷ᠎ᠡ ᠪᠦᠲᠦᠮᠵᠢ ᠢᠯᠡᠳᠲᠡ ᠳᠡᠭᠡᠭᠰᠢᠯᠡᠵᠦ᠂ ᠡᠬᠢ ᠪᠠᠶᠠᠯᠢᠭ ᠢ ᠠᠷᠪᠢᠯᠠᠬᠤ ᠪᠠ ᠪᠣᠬᠢᠷᠲᠤᠯ ᠥᠬᠡᠶ ᠬᠦᠭᠵᠢᠯᠳᠡ ᠶᠢ ᠬᠦᠴᠦᠲᠡᠶ ᠠᠬᠢᠭᠤᠯᠪᠠ᠃ ᠪᠦᠷᠢᠳᠬᠡᠯ ᠢ ᠦᠨᠳᠦᠰᠦᠯᠡᠪᠡᠯ᠂ 2012 ᠣᠨ ᠠᠴᠠ 2022 ᠤᠨ ᠪᠣᠯᠲᠠᠯ᠎ᠠ᠂ ᠪᠦᠬᠦ ᠤᠯᠤᠰ ᠤᠨ ᠬᠤᠲᠠ ᠶᠢᠨ ᠠᠷᠪᠢᠯᠠᠭᠰᠠᠨ ᠤᠰᠤᠨ ᠤ ᠬᠡᠮᠵᠢᠶ᠎ᠡ ᠨᠡᠶᠢᠲᠡ 598 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠲᠤ ᠬᠦᠷᠪᠡ᠃ 2022 ᠣᠨ ᠳᠤ᠂ ᠪᠦᠬᠦ ᠤᠯᠤᠰ ᠤᠨ ᠬᠤᠲᠠ ᠶᠢᠨ ᠳᠠᠬᠢᠯᠲᠠ ᠤᠰᠤᠨ ᠠᠰᠢᠭᠯᠠᠯᠲᠠ ᠶᠢᠨ ᠬᠡᠮᠵᠢᠶ᠎ᠡ 180 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠲᠤ ᠬᠦᠷᠴᠦ᠂ 2012 ᠣᠨ ᠤ ᠬᠢ ᠠᠴᠠ 5 ᠳᠠᠬᠢᠨ ᠣᠷᠴᠢᠮ ᠨᠡᠮᠡᠭᠳᠡᠭᠰᠡᠨ ᠪᠠᠶᠢᠨ᠎ᠠ᠃ ᠣᠳᠣᠬᠠᠨ ᠪᠣᠯᠲᠠᠯ᠎ᠠ᠂ ᠠᠷᠪᠠᠨ ᠨᠢᠭᠡᠳᠦᠭᠡᠷ ᠪᠦᠯᠦᠭ ᠤᠨ ᠤᠯᠤᠰ ᠤᠨ ᠤᠰᠤ ᠠᠷᠪᠢᠯᠠᠬᠤ ᠬᠡᠯᠪᠡᠷᠢ ᠶᠢᠨ ᠬᠤᠲᠠ ᠶᠢ145  ᠡᠭᠦᠳᠦᠨ ᠪᠠᠶᠢᠭᠤᠯᠵᠤ᠂ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠨᠢ ᠪᠥᠬᠦ ᠤᠯᠤᠰ ᠤᠨ ᠬᠤᠲᠠ ᠶᠢᠨ ᠤᠰᠤ ᠬᠡᠷᠡᠭᠯᠡᠬᠦ ᠶᠡᠷᠦᠩᠬᠡᠶ ᠬᠡᠮᠵᠢᠶᠡᠨ ᠤ 60% ᠶᠢ ᠡᠵᠡᠯᠡᠵᠦ᠂ ᠪᠥᠬᠦ ᠤᠯᠤᠰ ᠤᠨ ᠬᠤᠲᠠ ᠶᠢᠨ ᠤᠰᠤ ᠠᠷᠪᠢᠯᠠᠬᠤ ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠳᠠᠶᠢᠴᠢᠯᠠᠪᠠ᠃ ᠪᠢᠳᠡ ᠬᠤᠲᠠ ᠶᠢᠨ ᠤᠰᠤ ᠠᠷᠪᠢᠯᠠᠬᠤ ᠦᠷ᠎ᠡ ᠪᠦᠲᠦᠮᠵᠢ ᠶᠢ ᠮᠡᠳᠡᠷᠡᠬᠦ ᠶᠢᠨ ᠬᠠᠮᠲᠤ ᠠᠰᠠᠭᠤᠳᠠᠯ ᠪᠣᠯᠤᠨ ᠥᠷᠢᠰᠥᠯᠳᠦᠭᠡᠨ ᠳᠤ ᠵᠥᠪ ᠢᠶᠠᠷ ᠬᠠᠨᠳᠤᠬᠤ ᠬᠡᠷᠡᠭᠲᠡᠶ᠃ ᠮᠠᠨ ᠤ ᠤᠯᠤᠰ ᠤᠨ ᠬᠤᠲᠠ ᠶᠢᠨ ᠤᠰᠤ ᠠᠷᠪᠢᠯᠠᠬᠤ ᠨᠢ ᠲᠡᠩᠴᠡᠭᠦᠷᠢ ᠦᠭᠡᠶ᠂ ᠭᠦᠢᠴᠡᠳ ᠦᠭᠡᠶ ᠪᠠᠶᠢᠬᠤ ᠠᠰᠠᠭᠤᠳᠠᠯ ᠮᠥᠨ ᠬᠦ ᠨᠡᠯᠢᠶᠡᠳ ᠲᠣᠪᠤᠶᠢᠮ᠎ᠠ ᠪᠠᠶᠢᠵᠤ᠂ ᠮᠠᠨ ᠤ ᠤᠯᠤᠰ ᠤᠨ ᠬᠥᠮᠦᠨ ᠪᠦᠷᠢ ᠶᠢᠨ ᠳᠤᠮᠳᠠᠴᠢ ᠤᠰᠤᠨ ᠤ ᠡᠬᠢ ᠪᠠᠶᠠᠯᠢᠭ ᠤᠨ ᠡᠵᠡᠯᠡᠬᠦ ᠬᠡᠮᠵᠢᠶ᠎ᠡ ᠨᠢ ᠳᠡᠯᠡᠬᠡᠶ ᠶᠢᠨ ᠬᠢᠷᠢ ᠬᠡᠮᠵᠢᠶᠡᠨ ᠤ 1/3 ᠬᠦᠷᠬᠦ ᠦᠭᠡᠢ᠂ 2 /3 ᠤᠷᠴᠢᠮ ᠬᠤᠲᠠ ᠳᠤ ᠠᠳᠠᠯᠢ ᠪᠤᠰᠤ ᠬᠡᠮᠵᠢᠶᠡᠨ ᠤ ᠤᠰᠤ ᠳᠤᠲᠠᠭᠳᠠᠵᠤ ᠪᠠᠶᠢᠭ᠎ᠠ ᠠᠰᠠᠭᠤᠳᠠᠯ ᠣᠷᠣᠰᠢᠵᠤ᠂ ᠬᠡᠰᠡᠭ ᠬᠤᠲᠠ ᠶᠢᠨ ᠣᠷᠣᠨ ᠵᠠᠶ ᠶᠢᠨ ᠪᠠᠶᠢᠷᠢᠰᠢᠭᠤᠯᠤᠯ ᠪᠣᠯᠤᠨ ᠬᠡᠪᠴᠢᠶ᠎ᠡ ᠨᠢ ᠤᠰᠤᠨ ᠤ ᠡᠬᠢ ᠪᠠᠶᠠᠯᠢᠭ᠂ ᠤᠰᠤᠨ ᠤ ᠠᠮᠢ ᠠᠬᠤᠶ᠂ ᠤᠰᠤᠨ ᠤ ᠣᠷᠴᠢᠨ ᠲᠣᠭᠤᠷᠢᠨ ᠤ ᠳᠠᠭᠠᠭᠠᠴᠠ ᠶᠢᠨ ᠴᠢᠳᠠᠪᠤᠷᠢ ᠲᠠᠢ ᠲᠣᠬᠢᠷᠠᠯᠴᠠᠬᠤ ᠦᠭᠡᠶ᠂ ᠬᠤᠲᠠ ᠶᠢᠨ ᠤᠰᠤ ᠬᠠᠩᠭᠠᠵᠤ ᠭᠠᠳᠠᠭᠰᠢᠯᠠᠭᠤᠯᠬᠤ ᠵᠡᠷᠭᠡ ᠬᠤᠲᠠ ᠶᠢᠨ ᠶᠠᠪᠤᠳᠠᠯ ᠤᠨ ᠰᠠᠭᠤᠷᠢ ᠲᠦᠭᠦᠭᠡᠷᠦᠮᠵᠢ ᠶᠢᠨ ᠳᠤᠲᠠᠭᠳᠠᠯ ᠢ ᠨᠥᠬᠦᠪᠥᠷᠢᠯᠡᠬᠦ ᠡᠭᠦᠷᠭᠡ ᠮᠥᠨ ᠬᠦ ᠨᠡᠯᠢᠶᠡᠳ ᠬᠦᠨᠳᠦ ᠪᠠᠶᠢᠬᠤ ᠤᠴᠢᠷ ᠠᠴᠠ ᠪᠦᠬᠦ ᠨᠡᠶᠢᠭᠡᠮ ᠤᠨ ᠤᠰᠤ ᠠᠷᠪᠢᠯᠠᠬᠤ ᠦᠵᠡᠯ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠴᠢᠬᠤᠯᠠ ᠲᠠᠢ ᠪᠠᠶᠢᠨ᠎ᠠ᠃          ᠬᠤᠳᠠ ᠶᠢᠨ ᠤᠰᠤ ᠠᠷᠪᠢᠯᠠᠬᠤ ᠠᠵᠢᠯ ᠢ ᠦᠷᠭᠦᠯᠵᠢᠯᠡᠨ ᠠᠬᠢᠭᠤᠯᠬᠤ ᠪᠣᠯ ᠦᠵᠡᠰᠬᠦᠯᠡᠩᠲᠦ ᠰᠠᠶᠢᠬᠠᠨ ᠬᠤᠳᠠ ᠶᠢᠨ ᠪᠦᠳᠦᠭᠡᠨ ᠪᠠᠶᠢᠭᠤᠯᠤᠯᠳᠠ ᠶᠢᠨ ᠴᠢᠬᠤᠯᠠ ᠭᠠᠷᠳᠠᠴᠠ ᠮᠥᠨ᠃ ᠪᠦᠬᠦ ᠤᠯᠤᠰ ᠤᠨ ᠬᠤᠳᠠ ᠶᠢᠨ ᠤᠰᠤ ᠠᠷᠪᠢᠯᠠᠬᠤ ᠤᠬᠠᠭᠤᠯᠭ᠎ᠠ ᠶᠢᠨ ᠭᠠᠷᠠᠭ ᠤᠨ ᠭᠤᠣᠯ ᠰᠡᠳᠦᠪ ᠤᠨ ᠲᠣᠭᠤᠷᠢᠨ ᠳᠤ᠂ ᠤᠰᠤ ᠠᠷᠪᠢᠯᠠᠬᠤ ᠣᠶᠢᠯᠠᠭᠠᠭᠳᠠᠬᠤᠨ ᠤ ᠰᠢᠨ᠎ᠡ ᠶᠢ ᠡᠭᠦᠳᠴᠦ᠂ ᠤᠰᠤ ᠠᠷᠪᠢᠯᠠᠬᠤ ᠲᠣᠭᠲᠠᠴᠠ ᠶᠢ ᠲᠡᠭᠦᠯᠳᠡᠷᠵᠢᠭᠦᠯᠵᠦ᠂ ᠤᠰᠤ ᠠᠷᠪᠢᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠵᠡᠭᠡᠯᠢ ᠭᠤᠳᠤᠮᠵᠢ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠨᠡᠶᠢᠭᠡᠮ ᠲᠣᠭᠤᠷᠢᠭ ᠵᠢᠴᠢ ᠠᠵᠢᠯ ᠲᠦᠷᠦᠯ ᠤᠨ ᠨᠡᠶᠢᠭᠡᠮᠯᠢᠭ ᠤᠨ ᠦᠢᠯᠡᠳᠦᠯ ᠢ ᠢᠳᠡᠪᠬᠢᠲᠡᠢ ᠪᠠᠳᠠᠷᠠᠭᠤᠯᠵᠤ᠂ ᠬᠤᠳᠠ ᠶᠢᠨ ᠤᠰᠤ ᠠᠷᠪᠢᠯᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠲᠠᠰᠤᠷᠠᠯᠲᠠ ᠦᠭᠡᠢ ᠬᠠᠩᠭᠠᠨ᠎ᠠ᠃      ᠨᠢᠭᠡ ᠳᠤ᠂ ᠬᠠᠤᠯᠢ ᠲᠣᠭᠲᠠᠭᠠᠯ ᠲᠦᠷᠢᠮ ᠢ ᠲᠡᠭᠦᠯᠳᠡᠷᠵᠢᠭᠦᠯᠵᠦ᠂ ᠬᠤᠲᠠ ᠶᠢᠨ ᠤᠰᠤ ᠠᠷᠪᠢᠯᠠᠬᠤ ᠬᠠᠤᠯᠢ ᠪᠠᠷ ᠵᠠᠰᠠᠬᠤ ᠪᠠᠲᠤᠯᠠᠭ᠎ᠠ ᠶᠢ ᠪᠠᠬᠢᠵᠢᠭᠦᠯᠦᠨ᠎ᠡ᠃ ᠬᠠᠤᠯᠢ ᠪᠠᠷ ᠵᠠᠰᠠᠬᠤ ᠰᠠᠭᠤᠷᠢ ᠶᠢ ᠪᠠᠬᠢᠵᠢᠭᠦᠯᠬᠦ ᠲᠠᠯ᠎ᠠ ᠪᠠᠷ᠂ ︽ᠤᠰᠤ ᠶᠢ ᠠᠷᠪᠢᠯᠡᠵᠤ ᠬᠡᠷᠡᠭᠯᠡᠬᠦ ᠲᠦᠷᠢᠮ︾ ᠢ ᠲᠤᠭᠤᠰᠢᠯᠠᠭᠤᠯᠤᠨ᠎ᠠ᠃ ᠬᠤᠲᠠ ᠶᠢᠨ ᠤᠰᠤ ᠠᠷᠪᠢᠯᠠᠬᠤ ᠪᠥᠬᠦ ᠬᠡᠯᠬᠢᠶ᠎ᠡ ᠶᠢᠨ ᠵᠠᠰᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠲᠠ ᠶᠢᠨ ᠤᠰᠤ ᠬᠡᠷᠡᠭᠯᠡᠬᠦ ᠪᠥᠬᠦ ᠶᠠᠪᠤᠴᠠ ᠶᠢᠨ ᠬᠠᠮᠢᠶᠠᠷᠤᠯᠲᠠ ᠶᠢᠨ ᠲᠣᠭᠤᠷᠢᠨ ᠳᠤ᠂ ᠬᠠᠤᠯᠢ ᠪᠠᠷ ᠵᠠᠰᠠᠬᠤ ᠰᠢᠰᠲ᠋ᠧᠮᠵᠢ ᠶᠢ ᠪᠦᠷᠢᠨᠰᠢᠭᠦᠯᠦᠨ᠎ᠡ᠃ ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠬᠦᠯᠬᠦ ᠲᠠᠯ᠎ᠠ ᠪᠠᠷ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠤᠰᠤ ᠬᠡᠷᠡᠭᠯᠡᠬᠦ ᠲᠣᠭᠲᠠᠭᠰᠠᠨ ᠨᠣᠷᠮ᠎ᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠲᠥᠯᠥᠪᠯᠡᠭᠡ ᠲᠠᠢ ᠪᠠᠷ ᠤᠰᠤ ᠬᠡᠷᠡᠭᠯᠡᠬᠦ ᠪᠠ ᠨᠣᠷᠮ᠎ᠠ ᠲᠣᠭᠲᠠᠭᠠᠨ ᠬᠠᠮᠢᠶᠠᠷᠬᠤ ᠳᠦᠷᠢᠮ ᠤᠨ ᠱᠠᠭᠠᠷᠳᠠᠯᠭ᠎ᠠ ᠶᠢ ᠴᠢᠩᠭᠠᠷᠠᠭᠤᠯᠤᠨ᠂ ᠤᠰᠤ ᠠᠷᠪᠢᠯᠠᠬᠤ ᠲᠤᠭ᠎ᠠ ᠪᠦᠷᠢᠳᠬᠡᠯ᠂ ︽ᠭᠤᠷᠪᠠ ᠶᠢ ᠬᠠᠮᠲᠤ ᠳᠤᠨᠢ︾ ᠤᠰᠤ ᠠᠷᠪᠢᠯᠠᠬᠤ ᠬᠠᠮᠢᠶᠠᠷᠤᠯᠲᠠ ᠵᠡᠷᠭᠡ ᠳᠦᠷᠢᠮ ᠤᠨ ᠨᠠᠶᠢᠳᠠᠪᠤᠷᠢᠵᠢᠭᠤᠯᠤᠯᠲᠠ ᠶᠢ ᠲᠦᠯᠬᠢᠨ ᠠᠬᠢᠭᠤᠯᠤᠨ᠎ᠠ᠃ ᠦᠨ᠎ᠡ ᠬᠠᠩᠰᠢ ᠶᠢᠨ ᠲᠣᠭᠲᠠᠴᠠ ᠶᠢ ᠲᠡᠭᠦᠯᠳᠡᠷᠵᠢᠭᠦᠯᠬᠦ ᠲᠠᠯ᠎ᠠ ᠪᠠᠷ᠂   ᠦᠨ᠎ᠡ ᠬᠠᠩᠰᠢ ᠶᠢᠨ ᠲᠣᠭᠲᠠᠴᠠ ᠶᠢᠨ ᠤᠰᠤᠨ ᠤ ᠡᠬᠢ ᠪᠠᠶᠠᠯᠢᠭ ᠢ ᠠᠷᠪᠢᠯᠠᠬᠤ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ᠤᠰᠤ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠲᠣᠬᠢᠷᠠᠭᠤᠯᠬᠤ ᠲᠠᠯ᠎ᠠ ᠪᠠᠷ᠂ ᠵᠦᠢ ᠵᠣᠬᠢᠰ ᠦᠭᠡᠶ ᠤᠰᠤ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠬᠤᠷᠢᠭᠯᠠᠬᠤ ᠬᠡᠷᠡᠭᠲᠡᠶ᠃      ᠬᠤᠶᠠᠷ ᠲᠤ᠂ ᠤᠰᠤ ᠠᠷᠪᠢᠯᠠᠬᠤ ᠣᠶᠢᠯᠠᠭᠠᠭᠳᠠᠬᠤᠨ ᠤ ᠰᠢᠨ᠎ᠡ ᠶᠢ ᠡᠭᠦᠳᠴᠦ᠂ ᠤᠯᠠᠨ ᠲᠦᠮᠡᠨ ᠢ ᠬᠥᠲᠥᠯᠥᠨ ᠵᠢᠯᠣᠭᠤᠳᠴᠤ ᠤᠰᠤ ᠠᠷᠪᠢᠯᠠᠬᠤ ᠤᠬᠠᠮᠰᠠᠷ ᠢ ᠨᠢ ᠲᠡᠭᠡᠭᠰᠢᠯᠡᠭᠦᠯᠦᠨ᠎ᠡ᠃ ᠬᠤᠲᠠ ᠶᠢᠨ ᠰᠢᠨᠡᠴᠢᠯᠡᠯᠲᠡ ᠶᠢᠨ ᠠᠵᠢᠯᠯᠠᠭ᠎ᠠ ᠶᠢᠨ ᠳᠤᠮᠳᠠ ᠬᠤᠲᠠ ᠶᠢᠨ ᠤᠰᠤ ᠠᠷᠪᠢᠯᠠᠬᠤ ᠠᠵᠢᠯ ᠢ ᠰᠢᠰᠲ᠋ᠧᠮᠴᠢ ᠴᠢᠨᠠᠷᠲᠠᠶ ᠪᠠᠷ ᠠᠬᠢᠭᠤᠯᠵᠤ᠂ ᠤᠰᠤ ᠬᠠᠩᠭᠠᠬᠤ ᠠᠮᠤᠷ ᠲᠦᠪᠰᠢᠨ ᠤ ᠪᠠᠲᠤᠯᠠᠭ᠎ᠠ᠂ ᠬᠠᠶᠢᠮᠢᠶᠠᠨ ᠬᠤᠲᠠ ᠶᠢᠨ ᠪᠥᠲᠥᠭᠡᠨ ᠪᠠᠶᠢᠭᠤᠯᠤᠯᠲᠠ᠂ ᠪᠣᠬᠢᠷ ᠤᠰᠤ ᠶᠢ ᠳᠠᠬᠢᠨ ᠠᠰᠢᠭᠯᠠᠬᠤ᠂ ᠤᠰᠤᠨ ᠤ ᠣᠷᠴᠢᠨ ᠲᠣᠭᠤᠷᠢᠨ ᠢ ᠰᠠᠶᠢᠵᠢᠷᠠᠭᠤᠯᠬᠤ ᠵᠡᠷᠭᠡ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠬᠤᠲᠠ ᠶᠢᠨ ᠤᠰᠤᠲᠤᠯ ᠢ ᠰᠡᠷᠭᠡᠶᠢᠯᠡᠨ ᠵᠠᠰᠠᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠠᠮᠢ ᠠᠬᠤᠶ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠰᠠᠶᠢᠵᠢᠷᠠᠭᠤᠯᠵᠤ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠤᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠨᠡᠮᠡᠭᠳᠡᠭᠦᠯᠦᠨ᠎ᠡ᠃ ᠡᠭᠦᠨ ᠠᠴᠠ ᠭᠠᠳᠠᠨ᠎ᠠ᠂ ᠬᠤᠲᠠ ᠶᠢᠨ ᠤᠰᠤ ᠠᠷᠪᠢᠯᠠᠬᠤ ᠤᠬᠠᠭᠤᠯᠭ᠎ᠠ ᠶᠢ ᠴᠢᠩᠭᠠᠳᠬᠠᠵᠤ᠂ ᠤᠰᠤ ᠠᠷᠪᠢᠯᠠᠵᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ᠂ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠣᠨᠣᠯᠵᠢᠬᠤᠨ ᠢ ᠬᠥᠮᠦᠰ ᠤᠨ ᠰᠡᠳᠬᠢᠯ ᠳᠤ ᠬᠠᠳᠠᠩᠰᠢᠭᠤᠯᠬᠤ ᠶᠢ ᠠᠬᠢᠭᠤᠯᠤᠨ᠎ᠠ᠃ ᠤᠬᠠᠭᠤᠯᠭ᠎ᠠ ᠶᠢᠨ ᠬᠡᠯᠪᠡᠷᠢ ᠶᠢᠨ ᠰᠢᠨ᠎ᠡ ᠶᠢ ᠡᠭᠦᠳᠴᠦ᠂ ᠤᠬᠠᠭᠤᠯᠭ᠎ᠠ ᠶᠢᠨ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠨ᠂ ᠠᠷᠠᠳ ᠣᠯᠠᠨ ᠤ ᠤᠰᠤ ᠠᠷᠪᠢᠯᠠᠬᠤ ᠦᠵᠡᠯ ᠤᠬᠠᠮᠰᠠᠷ ᠪᠣᠯᠤᠨ ᠣᠷᠣᠯᠴᠠᠬᠤ ᠬᠡᠮᠵᠢᠶ᠎ᠡ ᠶᠢ ᠳᠡᠭᠡᠭᠰᠢᠯᠡᠭᠦᠯᠵᠦ᠂ ᠪᠦᠬᠦ ᠠᠷᠠᠳ ᠢᠶᠠᠷ ᠢᠶᠠᠨ ᠤᠰᠤ ᠠᠷᠪᠢᠯᠠᠬᠤ ᠨᠡᠶᠢᠭᠡᠮ ᠤᠨ ᠬᠡᠪ ᠰᠤᠷᠲᠠᠯ ᠢ ᠪᠣᠶ ᠪᠤᠯᠭᠠᠨ᠎ᠠ᠃      ᠭᠤᠷᠪᠠ ᠳᠤ᠂ ᠮᠡᠷᠭᠡᠵᠢᠯ ᠤᠨ ᠰᠢᠨ᠎ᠡ ᠶᠢ ᠡᠭᠦᠳᠬᠦ ᠶᠢ ᠴᠢᠬᠤᠯᠠᠴᠢᠯᠠᠵᠤ᠂ ᠬᠤᠳᠠ ᠶᠢᠨ ᠤᠰᠤ ᠬᠡᠷᠡᠭᠯᠡᠬᠦ ᠦᠷ᠎ᠡ ᠪᠦᠲᠦᠮᠵᠢ ᠶᠢ ᠬᠦᠴᠦᠯᠡᠨ ᠲᠡᠭᠡᠭᠰᠢᠯᠡᠭᠦᠯᠦᠨ᠎ᠡ᠃ ᠬᠤᠲᠠ ᠶᠢᠨ ᠤᠰᠤ ᠠᠷᠪᠢᠯᠠᠬᠤ ᠰᠢᠨ᠎ᠡ ᠪᠠᠷᠢᠮᠵᠢᠶ᠎ᠠ᠂ ᠰᠢᠨ᠎ᠡ ᠵᠢᠷᠤᠮᠵᠢᠯ᠂ ᠰᠢᠨ᠎ᠡ ᠮᠡᠷᠭᠡᠵᠢᠯ ᠢ ᠢᠳᠡᠪᠬᠢᠲᠡᠶ ᠳᠡᠯᠭᠡᠷᠡᠭᠦᠯᠵᠦ᠂ ᠤᠰᠤ ᠠᠷᠪᠢᠯᠠᠬᠤ ᠮᠡᠷᠭᠡᠵᠢᠯ ᠤᠨ ᠰᠢᠨ᠎ᠡ ᠶᠢ ᠡᠭᠦᠳᠬᠦ ᠪᠠ ᠲᠥᠬᠦᠭᠡᠷᠦᠮᠵᠢ ᠰᠤᠳᠤᠯᠤᠨ ᠨᠡᠭᠡᠭᠡᠬᠦ ᠶᠢ ᠵᠤᠷᠢᠭᠵᠢᠭᠤᠯᠤᠨ᠎ᠠ᠃ ᠠᠮᠢᠳᠤᠷᠠᠯ ᠤᠨ ᠤᠰᠤ ᠠᠷᠪᠢᠯᠠᠬᠤ ᠲᠠᠯ᠎ᠠ ᠪᠠᠷ᠂ ᠤᠰᠤ ᠠᠷᠪᠢᠯᠠᠬᠤ ᠪᠠᠭᠠᠵᠢ ᠬᠡᠷᠡᠭᠰᠡᠯ ᠤᠨ ᠬᠡᠷᠡᠭᠯᠡᠯᠲᠡ ᠶᠢ ᠪᠥᠬᠦ ᠲᠠᠯ᠎ᠠ ᠪᠠᠷ ᠳᠡᠯᠭᠡᠷᠡᠭᠦᠯᠵᠦ᠂ ︽ᠳᠤᠰᠤᠯ ᠤᠰᠤ︾ ᠪᠦᠷᠢ ᠶᠢ ᠰᠠᠶᠢᠲᠤᠷ ᠬᠠᠮᠢᠶᠠᠷᠤᠨ᠎ᠠ᠃ ᠬᠤᠲᠠ ᠶᠢᠨ ᠶᠠᠪᠤᠳᠠᠯ ᠤᠨ ᠤᠰᠤ ᠠᠷᠪᠢᠯᠠᠬᠤ ᠲᠠᠯ᠎ᠠ ᠪᠠᠷ᠂ ᠤᠰᠤ ᠬᠠᠩᠭᠠᠬᠤ ᠬᠤᠭᠤᠯᠠᠶ ᠲᠣᠤᠷ ᠤᠨ ᠭᠤᠭᠤᠵᠢᠵᠤ ᠰᠦᠢᠳᠬᠦ ᠶᠢ ᠡᠵᠡᠮᠳᠡᠬᠦ ᠶᠢ ᠴᠢᠩᠭ᠎ᠠ ᠠᠳᠬᠤᠨ᠎ᠠ᠃ ᠠᠵᠤ ᠦᠢᠯᠡᠳᠪᠦᠷᠢ ᠶᠢᠨ ᠤᠰᠤ ᠠᠷᠪᠢᠯᠠᠬᠤ ᠲᠠᠯ᠎ᠠ ᠪᠠᠷ᠂ ᠤᠰᠤ ᠠᠷᠪᠢᠯᠠᠬᠤ ᠵᠠᠩᠭᠢᠯᠠᠭ᠎ᠠ ᠶᠢᠨ ᠮᠡᠷᠭᠡᠵᠢᠯ ᠪᠣᠯᠤᠨ ᠦᠢᠯᠡᠳᠬᠦᠨ ᠢ ᠰᠤᠳᠤᠯᠤᠨ ᠨᠡᠭᠡᠭᠡᠬᠦ ᠠᠵᠢᠯ ᠢ ᠥᠷᠨᠢᠭᠦᠯᠵᠦ᠂ ᠠᠵᠤ ᠦᠢᠯᠡᠳᠪᠦᠷᠢ ᠶᠢᠨ ᠬᠡᠷᠡᠭᠯᠡᠬᠦ ᠤᠰᠤᠨ ᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠠᠮᠢ ᠠᠬᠤᠶ ᠶᠢᠨ ᠤᠰᠤ ᠠᠷᠪᠢᠯᠠᠬᠤ ᠲᠠᠯ᠎ᠠ ᠪᠠᠷ᠂ ᠳᠠᠬᠢᠯᠲᠠ ᠤᠰᠤ ᠶᠢ ᠣᠶᠢᠷ᠎ᠠ ᠬᠠᠪᠢ ᠳᠤᠨᠢ ᠠᠰᠢᠭᠯᠠᠬᠤ᠂ ᠠᠮᠢ ᠠᠬᠤᠶᠢᠴᠢ ᠠᠰᠢᠭᠯᠠᠬᠤ᠂ ᠤᠷᠴᠢᠯᠳᠤᠭᠤᠯᠤᠨ ᠠᠰᠢᠭᠯᠠᠬᠤ ᠶᠢ ᠲᠦᠯᠬᠢᠨ ᠠᠬᠢᠭᠤᠯᠤᠨ᠎ᠠ᠃      ᠤᠰᠤ ᠪᠣᠯ ᠣᠷᠣᠰᠢᠨ ᠲᠣᠭᠲᠠᠨᠢᠬᠤ ᠶᠢᠨ ᠦᠨᠳᠦᠰᠦ᠂ ᠪᠣᠯᠪᠠᠰᠤᠨ ᠤ ᠡᠬᠢ ᠰᠤᠷᠪᠤᠯᠵᠢ ᠮᠥᠨ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠳᠤ ᠡᠷᠬᠡᠪᠰᠢ ᠪᠦᠷᠢᠯᠳᠦᠭᠦᠯᠬᠦ ᠴᠢᠬᠤᠯᠠ ᠬᠦᠴᠦᠨ ᠵᠦᠢᠯ ᠮᠥᠨ᠃ ᠬᠤᠲᠠ ᠶᠢᠨ ᠤᠰᠤ ᠠᠷᠪᠢᠯᠠᠬᠤ ᠶᠢ ᠨᠡᠩ ᠲᠣᠪᠤᠶᠢᠮ᠎ᠠ ᠪᠠᠶᠢᠷᠢᠨ ᠳᠤ ᠲᠠᠯᠪᠢᠵᠤ᠂ ᠪᠦᠬᠦ ᠤᠯᠤᠰ ᠤᠨ ᠬᠤᠲᠠ ᠶᠢᠨ ᠤᠰᠤ ᠠᠷᠪᠢᠯᠠᠬᠤ ᠤᠬᠠᠭᠤᠯᠭ᠎ᠠ ᠶᠢᠨ ᠭᠠᠷᠠᠭ ᠢᠶᠠᠷ ᠲᠣᠬᠢᠶᠠᠯ ᠪᠣᠯᠭᠠᠨ᠂ ᠣᠯᠠᠨ ᠲᠦᠮᠡᠨ ᠤ ᠤᠰᠤ ᠠᠷᠪᠢᠯᠠᠬᠤ ᠠᠵᠢᠯ ᠳᠤ ᠣᠷᠣᠯᠴᠠᠬᠤ ᠢᠳᠡᠪᠬᠢᠵᠢᠯ ᠪᠣᠯᠤᠨ ᠰᠠᠨᠠᠭᠠᠴᠢᠯᠠᠭᠠᠲᠤ ᠴᠢᠨᠠᠷ ᠢ ᠨᠡᠮᠡᠭᠳᠡᠭᠦᠯᠦᠨ᠎ᠡ᠃ ᠤᠰᠤ ᠪᠠᠷ ᠪᠢᠷ ᠪᠣᠯᠭᠠᠵᠤ᠂ ᠬᠥᠮᠦᠨ ᠤᠰᠤᠨ ᠤ ᠡᠶ᠎ᠡ ᠵᠣᠬᠢᠴᠠᠯ ᠲᠠᠢ ᠦᠵᠡᠰᠬᠦᠯᠡᠩᠲᠦ ᠰᠠᠶᠢᠬᠠᠨ ᠵᠢᠷᠤᠭ ᠢ ᠬᠦᠴᠦᠯᠡᠨ ᠵᠢᠷᠤᠭᠯᠠᠶ᠎ᠠ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1