ᠲᠣᠭᠲᠠᠬᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠰᠤᠷᠭᠠᠭᠤᠯᠢ ᠶᠢᠨ ᠬᠦᠷᠢᠶ᠎ᠡ ᠵᠢᠴᠢ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠢᠳᠡᠭᠡᠨ ᠤ ᠠᠮᠤᠷ ᠲᠦᠪᠰᠢᠨ ᠢ ᠰᠤᠭᠤᠴᠢᠨ ᠪᠠᠶᠢᠴᠠᠭᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/5/15
       ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠥᠬᠦ ᠬᠦᠴᠦᠨ ᠢᠶᠠᠷ ᠢᠶᠠᠨ ᠪᠠᠬᠢᠵᠢᠭᠦᠯᠬᠦ ᠶᠢᠨ ᠲᠥᠯᠥᠭᠡ᠂ ᠣᠶᠢᠷ᠎ᠠ ᠳᠤ᠂ ᠲᠣᠭᠲᠠᠬᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠰᠤᠷᠭᠠᠭᠤᠯᠢ ᠶᠢᠨ ᠬᠦᠷᠢᠶ᠎ᠡ ᠵᠢᠴᠢ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠢᠳᠡᠭᠡᠨ ᠤ ᠠᠮᠤᠷ ᠲᠦᠪᠰᠢᠨ ᠢ ᠰᠤᠭᠤᠴᠢᠨ ᠪᠠᠶᠢᠴᠠᠭᠠᠬᠤ ᠠᠵᠢᠯᠯᠠᠭ᠎ᠠ ᠥᠷᠨᠢᠭᠦᠯᠪᠡ᠃
     ᠲᠣᠭᠲᠠᠬᠤ ᠰᠢᠶᠠᠨ ᠤ ᠨᠢᠭᠡᠳᠦᠭᠡᠷ ᠳᠤᠮᠳᠠᠳᠤ ᠰᠤᠷᠭᠠᠭᠤᠯᠢ ᠵᠢᠴᠢ ᠡᠷᠬᠢᠨ ᠲᠣᠭᠤᠷᠢᠨ ᠤ ᠢᠳᠡᠭᠡᠨ ᠤ ᠡᠵᠡᠩᠨᠡᠯᠲᠡ ᠶᠢᠨ ᠨᠢᠭᠡᠴᠡ ᠳᠤ᠂ ᠪᠠᠶᠢᠴᠠᠭᠠᠬᠤ ᠠᠵᠢᠯᠲᠠᠳ ᠬᠤᠭᠤᠯᠠᠨ ᠬᠡᠷ ᠤᠨ ᠪᠠᠷᠠᠭ᠎ᠠ ᠣᠷᠣᠭᠤᠯᠤᠭᠰᠠᠨ ᠡᠬᠡ ᠲᠠᠩᠰᠠ᠂ ᠲᠣᠭᠤᠭᠠᠨ ᠬᠡᠷ ᠤᠨ ᠣᠷᠴᠢᠨ ᠲᠣᠭᠤᠷᠢᠨ ᠤ ᠠᠷᠢᠭᠤᠨ ᠴᠡᠪᠡᠷ᠂ ᠬᠤᠭᠤᠯᠠᠨ ᠤ ᠬᠡᠷᠡᠭᠰᠡᠯ ᠢ ᠤᠬᠢᠶᠠᠵᠤ ᠠᠷᠢᠭᠤᠳᠬᠠᠬᠤ ᠵᠡᠷᠭᠡ ᠶᠢ ᠨᠠᠷᠢᠨ ᠬᠢᠨᠠᠮᠠᠭᠠᠶ ᠪᠠᠶᠢᠴᠠᠭᠠᠨ ᠦᠵᠡᠵᠦ᠂ ᠢᠳᠡᠭᠡᠨ ᠤ ᠥᠯᠢᠭᠡᠷ ᠡᠳ᠋ ᠦᠯᠡᠳᠡᠭᠡᠭᠰᠡᠨ᠂ ᠠᠵᠢᠯᠲᠠᠨ ᠤ ᠡᠷᠡᠭᠦᠯ ᠮᠡᠨᠳᠦ ᠵᠡᠷᠭᠡ ᠠᠮᠤᠷ ᠲᠦᠪᠰᠢᠨ ᠤ ᠵᠢᠷᠤᠮᠵᠢᠭᠰᠠᠨ ᠬᠠᠮᠢᠶᠠᠷᠤᠯᠲᠠ ᠶᠢᠨ ᠪᠠᠶᠢᠳᠠᠯ ᠢ ᠨᠠᠷᠢᠨ ᠣᠶᠢᠯᠠᠭᠠᠪᠠ᠃ ᠡᠭᠦᠨ ᠤ ᠬᠠᠮᠲᠤ ᠠᠮᠤ ᠪᠤᠳᠠᠭ᠎ᠠ᠂ ᠭᠤᠯᠢᠷ᠂ ᠢᠳᠡᠰᠢᠨ ᠨᠣᠭᠤᠭ᠎ᠠ᠂ ᠵᠢᠮᠢᠰ᠂ ᠤᠷᠢᠳᠴᠢᠯᠠᠨ ᠪᠣᠭᠤᠳᠠᠯᠯᠠᠭᠰᠠᠨ ᠢᠳᠡᠭᠡᠨ ᠵᠡᠷᠭᠡ ᠳᠤ ᠲᠣᠰ ᠲᠣᠰ ᠥᠯᠢᠭᠡᠷ ᠠᠪᠴᠤ᠂ ᠨᠡᠶᠢᠲᠡ 22 ᠪᠦᠯᠦᠭ ᠤᠳᠠᠭ᠎ᠠ ᠰᠣᠩᠭᠤᠨ ᠠᠪᠴᠤ ᠪᠠᠶᠢᠴᠠᠭᠠᠨ ᠰᠢᠯᠭᠠᠪᠠ᠃ ᠰᠤᠷᠭᠠᠭᠤᠯᠢ ᠶᠢᠨ ᠬᠤᠭᠤᠯᠠᠨ ᠭᠡᠷ᠂ ᠰᠤᠷᠭᠠᠭᠤᠯᠢ ᠶᠢᠨ ᠭᠠᠳᠠᠨᠠᠬᠢ ᠬᠤᠭᠤᠯᠠ ᠬᠠᠩᠭᠠᠬᠤ ᠨᠢᠭᠡᠴᠡ᠂ ᠵᠢᠵᠢᠭ ᠬᠤᠭᠤᠯᠠᠨ ᠭᠡᠷ ᠪᠣᠯᠤᠨ ᠰᠤᠷᠭᠠᠭᠤᠯᠢ ᠶᠢᠨ ᠡᠷᠭᠢᠨ ᠲᠣᠭᠤᠷᠢᠨ ᠤ ᠢᠳᠡᠭᠡᠨ ᠦᠢᠯᠡᠳᠪᠦᠷᠢᠯᠡᠵᠦ ᠡᠵᠡᠩᠨᠡᠬᠦ ᠨᠢᠭᠡᠴᠡ ᠶᠢ ᠰᠢᠮᠳᠠᠭᠤᠯᠵᠤ ᠪᠠᠶᠢᠭᠠᠳ ᠢᠳᠡᠭᠡᠨ ᠤ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠢᠳᠡᠭᠡᠨ ᠤ ᠠᠮᠤᠷ ᠲᠦᠪᠰᠢᠨ ᠤ ᠨᠢᠭᠡᠳᠦᠭᠡᠷ ᠬᠠᠷᠢᠭᠤᠴᠠᠯᠭᠠᠲᠠᠨ ᠤ ᠣᠨᠣᠯᠵᠢᠬᠤᠨ ᠢ ᠪᠠᠲᠤ ᠪᠠᠬᠢ ᠪᠤᠢ ᠪᠣᠯᠭᠠᠵᠤ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠠᠵᠢᠯ ᠢ ᠡᠯ᠎ᠡ ᠵᠦᠢᠯ ᠤᠨ ᠠᠵᠢᠯ ᠤᠨ ᠲᠡᠷᠢᠭᠦᠨ ᠪᠠᠶᠢᠷᠢᠨ ᠳᠤ ᠲᠠᠯᠪᠢᠬᠤ ᠬᠡᠷᠡᠭᠲᠡᠶ ᠭᠡᠵᠤ ᠱᠠᠭᠠᠷᠳᠠᠪᠠ᠃
     ᠲᠠᠷᠠᠭᠠᠴᠢ ᠶᠢᠨ ᠠᠯᠬᠤᠮ ᠳᠤ᠂ ᠲᠣᠭᠲᠠᠬᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠰᠤᠷᠭᠠᠭᠤᠯᠢ ᠵᠢᠴᠢ ᠡᠷᠬᠢᠨ ᠲᠣᠭᠤᠷᠢᠨ ᠤ ᠢᠳᠡᠭᠡᠨ ᠤ ᠠᠮᠤᠷ ᠲᠦᠪᠰᠢᠨ ᠢ ᠦᠷᠭᠦᠯᠵᠢᠯᠡᠨ ᠠᠬᠢᠭᠤᠯᠵᠤ᠂ ᠰᠤᠷᠭᠠᠭᠤᠯᠢ ᠶᠢᠨ ᠬᠦᠷᠢᠶ᠎ᠡ ᠵᠢᠴᠢ ᠡᠷᠬᠢᠨ ᠲᠣᠭᠤᠷᠢᠨ ᠤ ᠢᠳᠡᠭᠡᠨ ᠤ ᠡᠵᠡᠩᠨᠡᠯᠲᠡ ᠶᠢᠨ ᠨᠢᠭᠡᠴᠡ ᠶᠢ ᠦᠷᠭᠦᠯᠵᠢᠯᠡᠨ ᠴᠢᠩᠭ᠎ᠠ ᠠᠩᠬᠠᠷᠴᠤ᠂ ᠵᠠᠰᠠᠬᠤ ᠡᠷᠴᠢᠮ ᠢᠶᠠᠨ ᠴᠢᠩᠭᠠᠷᠠᠭᠤᠯᠤᠨ᠂ ᠥᠨᠴᠥᠭ ᠪᠤᠯᠤᠩ ᠦᠯᠡᠳᠡᠭᠡᠬᠦ ᠥᠬᠡᠶ᠂ ᠳᠠᠯᠳᠠ ᠬᠡᠮ ᠢ ᠬᠤᠷᠢᠭᠯᠠᠵᠤ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠪᠥᠬᠦ ᠲᠠᠯ᠎ᠠ ᠪᠠᠷ ᠴᠢᠩᠭᠠᠳᠬᠠᠨ᠂ ᠥᠷᠭᠡᠨ ᠣᠯᠠᠨ ᠪᠠᠭᠰᠢ ᠰᠤᠷᠤᠭᠴᠢᠳ ᠤᠨ ᠢᠳᠡᠭᠡᠨ ᠤᠮᠳᠠᠭᠠᠨ ᠤ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠬᠠᠮᠠᠭᠠᠯᠠᠨ᠎ᠠ᠃    ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠤᠨ ᠶᠦᠨ ᠵᠥᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1