ᠬᠤᠲᠠ ᠶᠢᠨ ᠨᠤᠮ ᠤᠨ ᠦᠷᠦᠭᠡ ︽ᠨᠢᠭᠡ ᠭᠠᠵᠠᠷ ᠨᠢᠭᠡ ᠣᠨᠴᠠᠯᠢᠭ ᠲᠠᠢ︾ ᠪᠠᠶᠢᠬᠤ  ᠪᠡᠶᠡᠯᠡᠭᠦᠯᠬᠦ ᠬᠡᠷᠡᠭᠲᠡᠢ
ᠨᠡᠶᠢᠲᠡᠯᠡᠭᠰᠡᠨ ᠴᠠᠭ᠄
2024/5/15
       ᠮᠡᠲᠡᠬᠡᠯᠡᠯ ᠢ ᠦᠨᠲᠦᠰᠦᠯᠡᠪᠡᠯ᠂ ᠵᠧᠵᠢᠶᠠᠩ ᠮᠤᠵᠢ ᠶᠢᠨ ᠱᠤᠤᠰᠢᠩ ᠬᠤᠲᠠ ᠶᠢᠨ ᠬᠢᠨ ᠰᠤᠶᠤᠯ ᠤᠨ ᠤᠷᠤᠨ ᠵᠠᠢ ᠶᠢᠨ ᠠᠬᠤᠢ ᠪᠠᠶᠢᠲᠠᠯ ︽ᠬᠤᠲᠠ ᠶᠢᠨ ᠨᠤᠮ ᠤᠨ ᠦᠷᠦᠭᠡ + ᠤᠨᠴᠠᠯᠢᠭ︾᠂ ᠬᠤᠲᠠ ᠶᠢᠨ ᠨᠤᠮ ‍ᠤᠨ‌ᠦᠷᠦᠭᠡ + ᠭᠤᠤᠯ ᠰᠡᠲᠦᠪ︾ ᠢ ᠪᠤᠢ ᠪᠤᠯᠭᠠᠬᠤ ᠁ ᠵᠡᠷᠭᠡ ᠨᠢᠭᠡ ᠪᠦᠯᠦᠭ ᠲᠤᠰ ᠭᠠᠵᠠᠷ ᠤᠨ ᠰᠣᠶᠣᠯ ᠤᠨ ᠣᠨᠴᠠᠯᠢᠭ ᠢ ᠢᠯᠡᠷᠡᠭᠦᠯᠦᠭᠰᠡᠨ ᠰᠢᠨ᠎ᠡ ᠬᠡᠯᠪᠡᠷᠢ ᠶᠢᠨ ᠣᠯᠠᠨ ᠨᠡᠶᠢᠳᠡ ᠶᠢᠨ ᠰᠣᠶᠣᠯ ᠤᠨ ᠦᠢᠯᠡᠴᠢᠯᠡᠭᠡᠨ ᠤ ᠣᠷᠣᠨ ᠵᠠᠢ ᠶᠢ ᠪᠠᠶᠢᠭᠤᠯᠪᠠ᠂ ᠵᠢᠱᠢᠶᠡᠯᠡᠪᠡᠯ ᠶᠦᠸᠧ ᠴᠧᠩ ᠲᠣᠭᠤᠷᠢᠭ ᠤᠨ ᠲᠠ ᠱᠠᠨ ᠵᠡᠭᠡᠯᠢ ᠭᠤᠳᠤᠮᠵᠢ ᠶᠢᠨ ᠱᠦ ᠯᠠᠨ ᠨᠣᠮ ᠤᠨ ᠥᠷᠥᠭᠡ ︽ᠶᠠᠩ ᠮᠢᠩ ᠰᠤᠶᠤᠯ ᠤᠨ ᠭᠤᠣᠯ ᠰᠡᠳᠦᠪᠲᠦ ᠣᠷᠳᠣᠨ︾ ᠪᠣᠯ ᠠᠩᠬᠠᠳᠠᠭᠴᠢ ︽ᠶᠠᠩ ᠮᠢᠩ ᠰᠣᠶᠣᠯ︾ ᠢᠶᠠᠷ ᠭᠤᠣᠯ ᠰᠡᠳᠦᠪ ᠪᠣᠯᠭᠠᠭᠰᠠᠨ ᠬᠤᠲᠠ ᠶᠢᠨ ᠨᠣᠮ ᠤᠨ ᠥᠷᠥᠭᠡ ᠪᠠᠶᠢᠵᠦ᠂ ᠴᠥᠭᠡᠨ ᠪᠤᠰᠤ ᠬᠤᠲᠠ ᠶᠢᠨ ᠠᠷᠠᠳ ᠤᠨ ᠠᠩᠬᠠᠷᠤᠯ ᠲᠠᠲᠠᠵᠠᠢ᠃      ᠬᠤᠲᠠ ᠶᠢᠨ ᠨᠣᠮ ᠤᠨ ᠥᠷᠥᠭᠡ ᠨᠢ ᠰᠣᠶᠣᠯ ᠢ ᠤᠯᠠᠮᠵᠢᠯᠠᠨ ᠵᠠᠯᠭᠠᠮᠵᠢᠯᠠᠬᠤ ᠪᠠ ᠮᠡᠳᠡᠯᠭᠡ ᠶᠢ ᠤᠯᠠᠮᠵᠢᠯᠠᠬᠤ ᠴᠢᠬᠤᠯᠠ ᠠᠴᠢᠶᠠᠯᠠᠪᠤᠷᠢ ᠪᠣᠯᠤᠭᠰᠠᠨ ᠤ ᠬᠤᠪᠢ ᠳᠤ᠂ ᠨᠣᠮ ᠪᠢᠴᠢᠭ ᠬᠠᠳᠠᠭᠠᠯᠬᠤ ᠭᠠᠵᠠᠷ ᠪᠣᠯᠬᠤ ᠪᠠᠷ ᠪᠠᠷᠠᠬᠤ ᠦᠭᠡᠢ᠂ ᠨᠠᠩ ᠴᠤ ᠬᠤᠲᠠ ᠶᠢᠨ ᠣᠨᠴᠠᠯᠢᠭ ᠢ ᠢᠯᠡᠷᠡᠭᠦᠯᠬᠦ᠂ ᠰᠣᠶᠣᠯ ᠤᠨ ᠵᠣᠷᠢᠭ ᠰᠠᠨᠠᠭ᠎ᠠ ᠶᠢ ᠨᠢᠭᠲᠠᠷᠠᠭᠤᠯᠬᠤ ᠴᠢᠬᠤᠯᠠ ᠲᠠᠯᠠᠪᠤᠷ ᠪᠣᠯᠤᠨ᠎ᠠ᠃ ᠵᠣᠬᠢᠶᠠᠭᠴᠢ ᠶᠢᠨ ᠦᠵᠡᠬᠦ ᠪᠠᠷ᠂ ᠬᠤᠲᠠ ᠶᠢᠨ ᠨᠣᠮ ᠤᠨ ᠥᠷᠥᠭᠡ ᠶᠢᠨ ᠪᠦᠲᠦᠭᠡᠨ ᠪᠠᠶᠢᠭᠤᠯᠤᠯᠲᠠ ᠪᠣᠯᠤᠨ ᠵᠢᠷᠤᠭ ᠲᠥᠯᠥᠪᠯᠡᠭᠡ ᠶᠢ ᠬᠤᠲᠠ ᠶᠢᠨ ᠲᠡᠦᠬᠡ᠂ ᠰᠣᠶᠣᠯ᠂ ᠭᠠᠵᠠᠷ ᠵᠦᠢ ᠶᠢᠨ ᠣᠷᠴᠢᠨ ᠲᠣᠭᠤᠷᠢᠨ ᠯᠤᠭ᠎ᠠ ᠨᠢᠭᠲᠠ ᠤᠶᠠᠯᠳᠤᠭᠤᠯᠵᠤ᠂ ︽ᠨᠢᠭᠡ ᠭᠠᠵᠠᠷ ᠨᠢᠭᠡ ᠣᠨᠴᠠᠯᠢᠭ ᠲᠠᠢ︾ ᠪᠠᠶᠢᠬᠤ ᠶᠢ ᠪᠡᠶᠡᠯᠡᠭᠦᠯᠵᠦ ᠂ ᠬᠤᠲᠠ ᠶᠢᠨ ᠰᠣᠶᠣᠯ ᠤᠨ ᠴᠢᠬᠤᠯᠠ ᠪᠦᠷᠢᠯᠳᠦᠬᠦᠨ ᠬᠡᠰᠡᠭ ᠪᠣᠯᠭᠠᠬᠤ ᠬᠡᠷᠡᠭᠲᠡᠶ᠃      ᠡᠩ ᠲᠡᠷᠢᠭᠦᠨ ᠳᠤ᠂ ᠪᠠᠷᠢᠯᠭ᠎ᠠ ᠶᠢᠨ ᠬᠡᠪ ᠨᠠᠮᠪᠠ ᠨᠢ ᠬᠤᠲᠠ ᠶᠢᠨ ᠲᠡᠦᠬᠡ ᠰᠣᠶᠣᠯ ᠤᠨ ᠣᠨᠴᠠᠯᠢᠭ ᠢ ᠬᠠᠷᠠᠭᠤᠯᠬᠤ ᠬᠡᠷᠡᠭᠲᠡᠶ᠃ ᠬᠤᠳᠠ ᠶᠢᠨ ᠨᠤᠮ ᠤᠨ ᠦᠷᠦᠭᠡ ᠶᠢᠨ ᠪᠠᠷᠢᠯᠭ᠎ᠠ ᠶᠢᠨ ᠬᠡᠪ ᠨᠠᠮᠪᠠ ᠨᠢ ᠬᠤᠳᠠ ᠶᠢᠨ ᠲᠡᠦᠬᠡ ᠰᠣᠶᠣᠯ ᠳᠤ ᠭᠦᠨ  ᠦᠨᠳᠦᠰᠦᠯᠡᠵᠦ᠂ ᠬᠤᠳᠠ ᠶᠢᠨ ᠳᠦᠷᠰᠦ ᠪᠠᠶᠢᠳᠠᠯ ᠤᠨ ᠥᠪᠡᠷᠮᠢᠴᠡ ᠲᠠᠶᠢᠯᠪᠤᠷᠢ ᠪᠣᠯᠬᠤ ᠬᠡᠷᠡᠭᠲᠡᠢ᠃ ᠠᠳᠠᠯᠢ ᠪᠤᠰᠤ ᠬᠤᠲᠠ ᠨᠢ ᠲᠤᠰ ᠲᠤᠰ ᠤᠨ ᠥᠪᠡᠷᠮᠢᠴᠡ ᠲᠡᠦᠬᠡᠨ ᠠᠬᠤᠢ  ᠪᠠᠶᠢᠳᠠᠯ ᠪᠣᠯᠤᠨ ᠰᠣᠶᠣᠯ ᠤᠨ ᠠᠭᠤᠯᠤᠭᠳᠠᠬᠤᠨ ᠲᠠᠢ ᠪᠠᠶᠢᠵᠦ᠂ ᠡᠳᠡᠭᠡᠷ ᠡᠷᠬᠢᠮ ᠨᠠᠨᠳᠢᠨ ᠡᠯᠧᠮᠧᠨ᠋ᠲ ᠢ ᠬᠤᠲᠠ ᠶᠢᠨ ᠨᠣᠮ ᠤᠨ ᠥᠷᠥᠭᠡᠨ ᠤ ᠪᠠᠷᠢᠯᠭ᠎ᠠ ᠶᠢᠨ ᠬᠡᠪ ᠨᠠᠮᠪᠠ ᠳᠤᠮᠳᠠ ᠭᠦᠢᠴᠡᠳ ᠲᠤᠰᠬᠠᠬᠤ ᠪᠠ ᠤᠯᠠᠮᠵᠢᠯᠠᠨ ᠵᠠᠯᠭᠠᠮᠵᠢᠯᠠᠵᠤ᠂ ᠥᠪᠡᠷᠮᠢᠴᠡ ᠪᠠᠷᠢᠯᠭ᠎ᠠ ᠶᠢᠨ ᠬᠡᠪ ᠨᠠᠮᠪᠠ ᠪᠣᠯᠤᠨ ᠳᠣᠲᠣᠭᠠᠳᠤ ᠪᠠᠶᠢᠷᠢᠰᠢᠭᠤᠯᠤᠯᠳᠠ ᠪᠠᠷ ᠳᠠᠮᠵᠢᠭᠤᠯᠤᠨ᠂ ᠬᠤᠲᠠ ᠶᠢᠨ ᠠᠷᠠᠳ ᠲᠤ ᠨᠣᠮ ᠤᠩᠰᠢᠭᠤᠯᠬᠤ ᠶᠢᠨ ᠬᠠᠮᠳᠦ ᠬᠤᠲᠠ ᠶᠢᠨ ᠬᠠᠶᠢᠷ᠎ᠠ ᠰᠡᠳᠭᠢᠯᠭᠡ ᠶᠢ ᠮᠡᠳᠡᠷᠡᠭᠦᠯᠬᠦ ᠬᠡᠷᠡᠭᠲᠡᠢ᠃      ᠳᠠᠷᠠᠭ᠎ᠠ ᠨᠢ᠂ ᠳᠣᠲᠣᠭᠠᠳᠤ ᠵᠢᠷᠤᠭ ᠲᠥᠯᠥᠪᠯᠡᠭᠡ ᠨᠢ ᠬᠤᠲᠠ ᠶᠢᠨ ᠭᠠᠵᠠᠷ ᠵᠦᠢ ᠶᠢᠨ ᠣᠷᠴᠢᠨ ᠲᠣᠭᠤᠷᠢᠨ ᠪᠣᠯᠤᠨ ᠰᠤᠶᠤᠯ ᠢᠷᠭᠡᠨᠰᠢᠯ ᠤᠨ ᠣᠨᠴᠠᠯᠢᠭ ᠲᠤ  ᠨᠡᠶᠢᠴᠡᠭᠦᠯᠬᠦ ᠬᠡᠷᠡᠭᠳᠡᠢ᠃ ᠬᠤᠲᠠ ᠶᠢᠨ ᠭᠠᠵᠠᠷ ᠵᠦᠶ ᠶᠢᠨ ᠣᠷᠴᠢᠨ ᠲᠣᠭᠤᠷᠢᠨ ᠪᠠ ᠰᠣᠶᠣᠯ ᠢᠷᠭᠡᠨᠰᠢᠯ ᠤᠨ ᠣᠨᠴᠠᠯᠢᠭ ᠪᠣᠯ ᠬᠤᠲᠠ ᠶᠢᠨ ᠥᠪᠡᠷᠮᠢᠴᠡ ᠲᠠᠲᠠᠬᠤ ᠬᠦᠴᠦᠨ ᠤ ᠢᠯᠡᠷᠡᠯ ᠮᠥᠨ᠂ ᠮᠦᠨ ᠴᠦ ᠬᠤᠲᠠ ᠶᠢᠨ ᠨᠣᠮ ᠤᠨ ᠥᠷᠥᠭᠡ ᠶᠢ ᠵᠢᠷᠤᠵᠤ ᠲᠥᠯᠥᠪᠯᠡᠭᠰᠡᠨ ᠰᠤᠤ ᠪᠢᠯᠢᠭ ᠤᠨ ᠢᠷᠡᠯᠲᠡ ᠮᠥᠨ᠃ ᠵᠢᠷᠤᠵᠤ ᠲᠥᠯᠥᠪᠯᠡᠭᠴᠢ ᠥᠩᠭᠡ ᠪᠣᠳᠤᠭ᠂ ᠮᠠᠲ᠋ᠧᠷᠢᠶᠠᠯ᠂ ᠭᠡᠷᠡᠯ ᠵᠢᠷᠤᠭ ᠵᠡᠷᠭᠡ ᠡᠯᠧᠮᠧᠨ᠋ᠲ ᠵᠢᠴᠢ ᠲᠦᠢᠯ ᠤᠨ ᠥᠪᠡᠷᠮᠢᠴᠡ ᠣᠨᠴᠠᠯᠢᠭ ᠪᠦᠬᠦᠢ ᠪᠠᠶᠢᠷᠢᠯᠠᠭᠤᠯᠤᠯᠲᠠ ᠪᠠ ᠣᠷᠣᠨ ᠵᠠᠶ ᠶᠢᠨ ᠲᠥᠯᠥᠪᠵᠢᠭᠦᠯᠭᠡ ᠶᠢ ᠬᠡᠷᠡᠭᠯᠡᠵᠦ᠂ ᠡᠳᠡᠭᠡᠷ ᠣᠨᠴᠠᠯᠢᠭ ᠢᠶᠠᠨ ᠬᠤᠲᠠ ᠶᠢᠨ ᠨᠣᠮ ᠤᠨ ᠦᠷᠦᠭᠡ ᠶᠢᠨ ᠵᠢᠷᠤᠭ ᠲᠥᠯᠥᠪᠯᠡᠭᠡ ᠳᠤ ᠤᠷᠠᠨ ᠢᠶᠠᠷ ᠨᠡᠶᠢᠯᠡᠭᠦᠯᠦᠨ ᠣᠷᠣᠭᠤᠯᠪᠠᠯ ᠵᠣᠬᠢᠨ᠎ᠠ᠃ ᠡᠭᠦᠨ ᠤ ᠬᠠᠮᠲᠤ᠂ ᠭᠠᠵᠠᠷ ᠵᠦᠶ ᠶᠢᠨ ᠣᠷᠴᠢᠨ ᠲᠣᠭᠤᠷᠢᠨ ᠪᠠ ᠬᠥᠮᠦᠨ ᠨᠡᠶᠢᠭᠡᠮ ᠤᠨ ᠣᠨᠴᠠᠯᠢᠭ ᠲᠠᠢ ᠬᠤᠯᠪᠣᠭᠳᠠᠬᠤ ᠵᠠᠷᠢᠮ ᠬᠡᠷᠡᠯ ᠵᠢᠷᠤᠭ ᠤᠨ ᠦᠵᠡᠰᠬᠦᠯᠡᠩ᠂ ᠰᠣᠶᠣᠯ ᠤᠨ ᠲᠠᠶᠢᠯᠤᠮᠵᠢ ᠵᠡᠷᠭᠡ ᠠᠵᠢᠯᠯᠠᠭ᠎ᠠ ᠶᠢ ᠳᠣᠭᠢᠷᠠᠭᠤᠯᠵᠤ᠂ ᠬᠤᠲᠠ ᠶᠢᠨ ᠠᠷᠠᠳ ᠤᠨ ᠠᠮᠢᠳᠤᠷᠠᠯ ᠢ ᠪᠠᠶᠠᠯᠢᠭᠵᠢᠭᠤᠯᠤᠨ᠎ᠠ᠃      ᠬᠠᠮᠤᠭ ᠤᠨ ᠰᠡᠭᠦᠯ ᠳᠤ᠂ ᠪᠦᠲᠦᠭᠡᠨ ᠪᠠᠶᠢᠭᠤᠯᠤᠯᠲᠠ ᠪᠣᠯᠤᠨ ᠬᠠᠮᠢᠶᠠᠷᠤᠯᠲᠠ ᠪᠠᠷ ᠣᠯᠠᠨ ᠲᠠᠯ᠎ᠠ ᠶᠢᠨ ᠤᠶᠠᠯᠳᠤᠯ ᠢ ᠴᠢᠬᠤᠯᠠᠴᠢᠯᠠᠬᠤ ᠬᠡᠷᠡᠭᠲᠡᠢ᠃ ᠬᠤᠲᠠ ᠶᠢᠨ ᠨᠣᠮ ᠤᠨ ᠥᠷᠥᠭᠡ ᠶᠢ ᠪᠦᠲᠦᠭᠡᠨ ᠪᠠᠶᠢᠭᠤᠯᠬᠤ ᠪᠠ ᠬᠠᠮᠢᠶᠠᠷᠬᠤ ᠶᠠᠪᠤᠴᠠ ᠳᠤ᠂ ᠣᠯᠠᠨ ᠨᠡᠶᠢᠲᠡ ᠶᠢᠨ ᠰᠠᠨᠠᠯ ᠪᠠ ᠰᠠᠨᠠᠭᠤᠯᠭ᠎ᠠ ᠶᠢ ᠭᠦᠢᠴᠡᠳ ᠬᠤᠷᠢᠶᠠᠵᠤ᠂ ᠬᠤᠲᠠ ᠶᠢᠨ ᠨᠣᠮ ᠤᠨ ᠥᠷᠥᠭᠡ ᠶᠢᠨ ᠪᠦᠲᠦᠭᠡᠨ ᠪᠠᠶᠢᠭᠤᠯᠤᠯᠲᠠ ᠨᠢ ᠲᠡᠳᠡᠨ ᠤ ᠬᠡᠷᠡᠭᠴᠡᠭᠡ ᠱᠠᠭᠠᠷᠳᠠᠯᠭ᠎ᠠ ᠪᠠ ᠬᠦᠰᠡᠯ ᠡᠷᠡᠮᠡᠯᠵᠡᠯ ᠳᠤ ᠨᠡᠩ ᠢᠯᠡᠭᠦᠦ ᠨᠡᠶᠢᠴᠡᠭᠦᠯᠬᠦ ᠶᠢ ᠦᠨᠡᠨᠬᠦ ᠪᠠᠲᠤᠯᠠᠵᠤ᠂ ᠨᠡᠩ ᠣᠯᠠᠨ ᠬᠥᠮᠦᠨ ᠢ ᠬᠤᠲᠠ ᠶᠢᠨ ᠨᠣᠮ ᠤᠨ ᠥᠷᠥᠭᠡ ᠶᠢᠨ ᠪᠦᠲᠦᠭᠡᠨ ᠪᠠᠶᠢᠭᠤᠯᠤᠯᠲᠠ ᠳᠤ ᠣᠷᠣᠯᠴᠠᠭᠤᠯᠬᠤ ᠬᠡᠷᠡᠭᠲᠡᠶ᠃      ᠳᠡᠭᠡᠷᠡᠬᠢ ᠶᠢ ᠬᠤᠷᠢᠶᠠᠩᠭᠤᠶᠢᠯᠠᠪᠠᠯ᠂ ᠨᠣᠮ ᠤᠨ ᠥᠷᠥᠭᠡ ᠨᠢ ᠬᠤᠳᠠ ᠶᠢᠨ ᠰᠣᠶᠣᠯ ᠤᠨ ᠴᠢᠬᠤᠯᠠ ᠪᠦᠷᠢᠯᠳᠦᠬᠦᠨ ᠬᠡᠰᠡᠭ ᠪᠣᠯᠤᠭᠰᠠᠨ ᠤ ᠬᠤᠪᠢ ᠳᠤ᠂ ᠬᠤᠳᠠ ᠶᠢᠨ ᠨᠣᠮ ᠤᠨ ᠥᠷᠥᠭᠡ ᠳᠤ ᠣᠷᠣᠨ ᠨᠤᠲᠤᠭ ᠤᠨ ᠣᠨᠴᠠᠯᠢᠭ ᠢ ᠠᠭᠤᠰᠤᠯᠴᠠᠵᠤ᠂ ᠬᠤᠳᠠ ᠶᠢᠨ ᠷᠢᠳᠢ ᠰᠢᠳᠢ ᠶᠢ ᠳᠡᠯᠭᠡᠨ ᠦᠵᠡᠭᠦᠯᠬᠦ᠂ ᠬᠤᠳᠠ ᠶᠢᠨ ᠰᠣᠶᠣᠯ ᠢ ᠤᠯᠠᠮᠵᠢᠯᠠᠨ ᠵᠠᠯᠭᠠᠮᠵᠢᠯᠠᠬᠤ ᠴᠢᠬᠤᠯᠠ ᠲᠠᠯᠠᠪᠤᠷ ᠪᠤᠯᠭᠠᠵᠤ᠂ ᠬᠤᠳᠠ ᠶᠢᠨ ᠠᠷᠠᠳ ᠲᠤ ᠰᠠᠶᠢᠨ ᠰᠠᠶᠢᠬᠠᠨ ᠤᠩᠰᠢᠯᠭ᠎ᠠ ᠶᠢᠨ ᠣᠶᠢᠯᠠᠭᠠᠯᠲᠠ ᠬᠠᠩᠭᠠᠬᠤ ᠬᠡᠷᠡᠭᠲᠡᠢ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1