ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ︽ᠠᠪᠤᠷᠠᠨ ᠲᠤᠰᠠᠯᠠᠯᠲᠠ + ᠦᠨᠡᠨᠴᠢ ᠢᠲᠡᠭᠡᠮᠵᠢ︾ ᠶᠢᠨ ᠦᠢᠯᠡᠴᠢᠯᠡᠭᠡᠨ ᠤ ᠵᠠᠭᠪᠤᠷ ᠤᠨ ᠰᠢᠨ᠎ᠡ ᠶᠢ ᠡᠭᠦᠳᠪᠡ
ᠨᠡᠶᠢᠲᠡᠯᠡᠭᠰᠡᠨ ᠴᠠᠭ᠄
2024/5/15
      ᠡᠨᠡ ᠵᠢᠯ ᠤᠨ 3 ᠰᠠᠷ᠎ᠠ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠠᠬᠢᠭᠤᠯᠬᠤ ᠪᠠᠷ ᠠᠵᠠ ᠲᠣᠭᠢᠶᠠᠯ ᠪᠤᠯᠭᠠᠵᠤ᠂ ᠬᠦᠴᠢᠷᠳᠡᠯᠲᠡᠢ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠨ᠂ ᠨᠠᠷᠢᠯᠢᠭ ᠣᠨᠣᠴᠠᠲᠠᠢ ᠪᠠᠷ ᠠᠪᠤᠷᠠᠨ ᠲᠤᠰᠠᠯᠠᠬᠤ ᠪᠠᠷ ᠬᠠᠷᠠᠯᠲᠠ ᠪᠤᠯᠭᠠᠵᠤ᠂ ︽ᠠᠪᠤᠷᠠᠨ ᠲᠤᠰᠠᠯᠠᠯᠲᠠ + ᠦᠨᠡᠨᠴᠢ ᠢᠲᠡᠭᠡᠮᠵᠢ︾ ᠶᠢᠨ ᠦᠢᠯᠡᠴᠢᠯᠡᠭᠡᠨ ᠤ ᠵᠠᠭᠪᠤᠷ ᠤᠨ ᠰᠢᠨ᠎ᠡ ᠶᠢ ᠡᠭᠦᠳᠴᠦ᠂ ᠦᠨᠡᠨᠴᠢ ᠢᠲᠡᠭᠡᠮᠵᠢᠲᠡᠢ ᠪᠠᠶᠢᠬᠤ ᠶᠢ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮ ᠤᠨ ᠪᠠᠶᠢᠭᠤᠯᠤᠯᠲᠠ ᠳᠤ ᠠᠭᠤᠰᠬᠠᠨ ᠣᠷᠣᠭᠤᠯᠵᠤ᠂ ᠡᠯ᠎ᠡ ᠵᠦᠢᠯ ᠤᠨ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠶᠢ ᠨᠠᠷᠢᠯᠢᠭ ᠣᠨᠣᠴᠠᠲᠠᠢ ᠪᠥᠭᠡᠳ ᠥᠨᠳᠥᠷ ᠪᠦᠲᠦᠮᠵᠢᠲᠡᠶ ᠨᠠᠶᠢᠳᠠᠪᠤᠷᠢᠵᠢᠭᠤᠯᠬᠤ ᠶᠢ ᠠᠬᠢᠭᠤᠯᠤᠨ᠂ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠪᠦᠭᠦ ᠲᠠᠯ᠎ᠠ ᠪᠠᠷ ᠪᠠᠲᠤᠯᠠᠵᠤ᠂ ᠣᠨᠣᠪᠴᠢᠳᠠᠢ ᠪᠠᠲᠤᠯᠠᠨ᠂ ᠰᠠᠶᠢᠲᠤᠷ ᠪᠠᠲᠤᠯᠠᠪᠠ᠃      ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ᠂ ᠡᠳ᠋ ᠤᠨ ᠵᠠᠰᠠᠭ ᠤᠨ ᠲᠢᠩᠬᠢᠮ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ︽ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠵᠡᠷᠭᠡ ᠨᠡᠶᠢᠭᠡᠮ ᠤᠨ ᠠᠪᠤᠷᠠᠨ ᠲᠤᠰᠠᠯᠠᠯᠲᠠ ᠶᠢᠨ ᠦᠨᠳᠦᠰᠦᠨ ᠵᠦᠢᠯ ᠢ ᠪᠠᠲᠤᠯᠠᠬᠤ ᠬᠦᠷᠢᠶ᠎ᠡ ᠬᠡᠪᠴᠢᠶ᠎ᠡ ᠶᠢ ᠥᠷᠭᠡᠳᠬᠡᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ 19 ᠵᠦᠢᠯ ᠤᠨ ᠪᠣᠳᠠᠲᠠᠢ ᠠᠷᠭ᠎ᠠ ᠬᠡᠮᠵᠢᠶ᠎ᠡ︾ ᠶᠢ ᠳᠠᠷᠤᠮᠠᠯᠯᠠᠨ ᠲᠠᠷᠬᠠᠭᠠᠵᠤ᠂ ᠨᠡᠶᠢᠭᠡᠮ ᠤᠨ ᠠᠪᠤᠷᠠᠨ ᠲᠤᠰᠠᠯᠠᠬᠤ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠨ᠂ ᠨᠡᠶᠢᠭᠡᠮ ᠤᠨ ᠠᠪᠤᠷᠠᠨ ᠲᠤᠰᠠᠯᠠᠬᠤ ᠡᠲᠡᠭᠡᠳ ᠢ ᠬᠥᠲᠥᠯᠥᠨ ᠵᠢᠯᠤᠭᠤᠳᠴᠤ  ᠦᠨᠡᠨᠴᠢ ᠢᠲᠡᠭᠡᠮᠵᠢᠲᠡᠢ ᠪᠠᠷ ᠭᠤᠶᠤᠴᠢᠯᠠᠨ ᠮᠡᠳᠡᠭᠦᠯᠬᠦ ᠶᠢ ᠨᠢ ᠵᠣᠷᠢᠭᠵᠢᠭᠤᠯᠤᠨ᠎ᠠ ᠭᠡᠵᠦ ᠲᠣᠳᠣᠷᠬᠠᠶᠢᠯᠠᠪᠠ᠃ ᠨᠡᠶᠢᠭᠡᠮ ᠤᠨ ᠠᠪᠤᠷᠠᠨ ᠲᠤᠰᠠᠯᠠᠯᠲᠠ ᠶᠢᠨ ᠢᠲᠡᠭᠡᠮᠵᠢ ᠠᠯᠳᠠᠭᠰᠠᠳ ᠤᠨ ᠮᠡᠳᠡᠭᠡ ᠵᠠᠩᠭᠢ ᠶᠢ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠳᠤ ᠣᠷᠣᠭᠤᠯᠵᠤ᠂ ᠬᠤᠪᠢ ᠬᠥᠮᠥᠨ ᠤ ᠢᠲᠡᠭᠡᠮᠵᠢ ᠶᠢᠨ ᠳᠠᠩᠰᠠ ᠡᠪᠬᠡᠮᠡᠯ ᠳᠤ ᠲᠡᠮᠳᠡᠭᠯᠡᠨ ᠣᠷᠣᠭᠤᠯᠵᠤ ᠬᠤᠯᠪᠤᠭᠠᠯᠠᠨ ᠵᠠᠯᠬᠠᠭᠠᠨ ᠴᠡᠭᠡᠷᠯᠡᠭᠦᠯᠬᠦ ᠶᠢ ᠬᠡᠷᠡᠭᠵᠢᠭᠦᠯᠵᠦ᠂ ᠨᠡᠶᠢᠭᠡᠮ ᠤᠨ ᠠᠪᠤᠷᠠᠨ ᠲᠤᠰᠠᠯᠠᠬᠤ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠪᠡ᠃      ︽ᠦᠨᠡᠨᠴᠢ ᠢᠲᠡᠭᠡᠮᠵᠢᠲᠡᠢ ᠪᠠᠷ ᠭᠤᠶᠤᠴᠢᠯᠠᠬᠤ᠂ ᠨᠠᠷᠢᠯᠢᠭ ᠣᠨᠣᠴᠠᠲᠠᠢ ᠪᠠᠷ ᠢᠯᠭᠠᠨ ᠲᠠᠨᠢᠬᠤ᠂ ᠪᠠᠲᠤᠯᠠᠪᠠᠰᠤ ᠵᠣᠬᠢᠬᠤ ᠶᠢ ᠨᠢ ᠪᠦᠭᠦᠨ ᠢ ᠪᠠᠲᠤᠯᠠᠬᠤ᠂ ᠠᠪᠤᠷᠠᠪᠠᠰᠤ ᠵᠣᠬᠢᠬᠤ ᠶᠢ ᠨᠢ ᠴᠢᠳᠠᠬᠤ ᠶᠢᠨ ᠬᠢᠷᠢ ᠪᠠᠷ ᠢᠶᠠᠨ ᠠᠪᠤᠷᠠᠬᠤ︾ ᠵᠠᠷᠴᠢᠮ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠠᠴᠠ ᠬᠤᠪᠢ ᠬᠥᠮᠥᠨ ᠤ ᠦᠨᠡᠨᠴᠢ ᠢᠲᠡᠭᠡᠮᠵᠢᠲᠡᠢ ᠪᠠᠶᠢᠬᠤ ᠪᠠᠷ ᠨᠡᠶᠢᠭᠡᠮ ᠤᠨ ᠠᠪᠤᠷᠠᠨ ᠲᠤᠰᠠᠯᠠᠯᠲᠠ ᠶᠢᠨ ᠵᠥᠪᠰᠢᠶᠡᠷᠡᠯ ᠤᠨ ᠦᠨᠳᠦᠰᠦᠯᠡᠯ ᠪᠣᠯᠭᠠᠨ᠎ᠠ᠃  ︽ᠨᠡᠶᠢᠭᠡᠮ ᠤᠨ ᠠᠪᠤᠷᠠᠨ ᠲᠤᠰᠠᠯᠠᠯᠲᠠ ᠶᠢ ᠭᠤᠶᠤᠴᠢᠯᠠᠬᠤ ᠬᠤᠪᠢ ᠬᠥᠮᠥᠨ ᠦᠨᠡᠨᠴᠢ ᠢᠲᠡᠭᠡᠮᠵᠢᠲᠡᠢ ᠪᠠᠶᠢᠬᠤ ᠠᠮᠠᠯᠠᠯᠲᠠ ᠶᠢᠨ ᠪᠢᠴᠢᠭ ᠲᠤ ᠭᠠᠷ ᠤᠨ ᠥᠰᠥᠭ ᠵᠢᠷᠤᠬᠤ︾ ᠶᠢ ᠬᠡᠷᠡᠭᠵᠢᠭᠦᠯᠵᠦ᠂ ᠲᠣᠰ ᠬᠥᠮᠥᠨ ᠪᠤᠶᠤ ᠭᠡᠷ ᠪᠦᠯᠢ ᠶᠢᠨ ᠪᠦᠷᠢᠯᠳᠦᠭᠦᠨ ᠠᠴᠠ ᠬᠠᠩᠭᠠᠭᠰᠠᠨ ᠭᠤᠶᠤᠴᠢᠯᠠᠯ ᠤᠨ ᠮᠠᠲ᠋ᠧᠷᠢᠶᠠᠯ ᠤᠨ ᠦᠨᠡᠨ ᠪᠣᠳᠠᠲᠠᠢ ᠪᠥᠭᠡᠳ ᠪᠦᠷᠢᠨ ᠪᠦᠲᠦᠨ ᠪᠠᠶᠢᠬᠤ ᠶᠢ ᠠᠮᠠᠯᠠᠵᠤ᠂  ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠠᠴᠠ ᠭᠤᠶᠤᠴᠢᠯᠠᠭᠴᠢ ᠶᠢᠨ ᠭᠡᠷ ᠪᠦᠯᠢ ᠶᠢᠨ ᠣᠷᠣᠯᠭ᠎ᠠ ᠪᠠ ᠡᠳ᠋ ᠬᠥᠷᠥᠩᠭᠡ ᠶᠢᠨ ᠪᠠᠶᠢᠳᠠᠯ ᠢ ᠬᠢᠨᠠᠨ ᠬᠠᠷᠭᠤᠭᠤᠯᠵᠤ ᠠᠩᠬ᠎ᠠ ᠠᠯᠬᠤᠮ ᠮᠠᠭᠠᠳᠯᠠᠨ ᠨᠤᠲᠠᠯᠠᠭᠰᠠᠨ ᠤ ᠲᠠᠷᠠᠭ᠎ᠠ᠂ ︽ᠤᠷᠢᠳ ᠢᠶᠠᠷ ᠠᠪᠤᠷᠠᠨ ᠲᠤᠰᠠᠯᠠᠬᠤ︾ ᠠᠷᠭ᠎ᠠ ᠶᠢ ᠠᠪᠴᠤ᠂ ᠠᠪᠤᠷᠠᠨ ᠲᠤᠰᠠᠯᠠᠬᠤ ᠪᠠᠲᠤᠯᠠᠭ᠎ᠠ ᠶᠢᠨ ᠴᠠᠭ ᠬᠤᠭᠤᠴᠠᠭᠠᠲᠤ ᠴᠢᠨᠠᠷ ᠪᠠ ᠣᠨᠣᠪᠴᠢ ᠶᠢᠨ ᠬᠡᠮᠵᠢᠶ᠎ᠡ ᠶᠢ ᠲᠡᠭᠡᠭᠰᠢᠯᠡᠭᠦᠯᠦᠨ᠎ᠠ᠃      ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠨᠡᠶᠢᠭᠡᠮ ᠤᠨ ᠠᠪᠤᠷᠠᠨ ᠲᠤᠰᠠᠯᠠᠯᠲᠠ ᠶᠢ ᠰᠢᠨ᠎ᠡ ᠪᠠᠷ ᠭᠤᠶᠤᠴᠢᠯᠠᠭᠰᠠᠨ ᠭᠡᠷ ᠪᠦᠯᠢ ᠶᠢᠨ  ᠠᠵᠤ ᠠᠬᠤᠢ ᠶᠢᠨ ᠪᠠᠶᠢᠳᠠᠯ ᠢ ᠬᠠᠷᠭᠤᠭᠤᠯᠬᠤ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠢ ᠬᠡᠷᠡᠭᠯᠡᠨ᠂ ᠰᠠᠯᠠᠭ᠎ᠠ ᠮᠥᠴᠢᠷ ᠤᠨ ᠬᠤᠭᠤᠷᠣᠨᠳᠤ ᠪᠠᠨ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠶᠢ ᠠᠬᠢᠭᠤᠯᠵᠤ᠂ ᠨᠡᠶᠢᠭᠡᠮ ᠤᠨ ᠠᠪᠤᠷᠠᠨ ᠲᠤᠰᠠᠯᠠᠯᠲᠠ ᠶᠢ ᠰᠢᠨ᠎ᠡ ᠪᠠᠷ ᠭᠤᠶᠤᠴᠢᠯᠠᠭᠰᠠᠨ ᠭᠡᠷ ᠪᠦᠯᠢ᠂ ᠨᠡᠶᠢᠭᠡᠮ ᠤᠨ ᠠᠪᠤᠷᠠᠨ ᠲᠤᠰᠠᠯᠠᠯᠲᠠ ᠶᠢ ᠨᠢᠭᠡᠨᠲᠡ ᠭᠥᠷᠳᠡᠭᠰᠡᠨ ᠭᠡᠷ ᠪᠦᠯᠢ ᠶᠢᠨ ᠬᠥᠮᠥᠰ ᠲᠤ ᠲᠡᠷᠭᠡ ᠬᠥᠰᠬᠡ᠂ ᠣᠷᠣᠨ ᠰᠠᠭᠤᠴᠠ᠂ ᠦᠢᠯᠡᠳᠪᠦᠷᠢ ᠬᠤᠳᠠᠯᠳᠤᠭ᠎ᠠ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ᠂ ᠭᠠᠶᠢᠯᠢ ᠶᠢᠨ ᠶᠠᠪᠤᠳᠠᠯ ᠵᠡᠷᠭᠡ ᠮᠡᠳᠡᠭᠡ ᠵᠠᠩᠭᠢ ᠳᠤ ᠬᠠᠷᠢᠴᠠᠭᠤᠯᠤᠯ ᠬᠢᠵᠦ᠂ ᠬᠠᠩᠭᠠᠭᠰᠠᠨ ᠮᠠᠲ᠋ᠧᠷᠢᠶᠠᠯ ᠤᠨ ᠦᠨᠡᠨ ᠪᠣᠳᠠᠲᠠᠢ ᠪᠥᠭᠡᠳ ᠣᠨᠣᠪᠴᠢᠲᠠᠶ ᠡᠰᠡᠬᠦ ᠶᠢ ᠣᠨᠣᠴᠠᠲᠠᠢ ᠬᠢᠨᠠᠨ ᠬᠠᠷᠭᠤᠭᠤᠯᠤᠨ᠎ᠠ᠃ ᠬᠡᠷᠪᠡ ᠭᠡᠷ ᠪᠦᠯᠢ ᠶᠢᠨ ᠣᠷᠣᠯᠭ᠎ᠠ ᠪᠠ ᠭᠡᠷ ᠪᠦᠯᠢ ᠶᠢᠨ ᠡᠳ᠋ ᠬᠥᠷᠥᠩᠭᠡ ᠪᠠᠨ ᠵᠣᠷᠢᠭᠤᠳᠠ ᠨᠢᠭᠤᠨ ᠳᠠᠯᠳᠠᠯᠠᠭᠰᠠᠨ ᠪᠠᠶᠢᠳᠠᠯ ᠭᠠᠷᠪᠠᠯ᠂ ᠬᠤᠪᠢ ᠬᠥᠮᠥᠨ ᠤ ᠦᠨᠡᠨᠴᠢ ᠢᠲᠡᠭᠡᠮᠵᠢ ᠶᠢ  ᠨᠢ ᠥᠪᠥᠷ ᠮᠣᠩᠭᠤᠯ ᠤᠨ ᠮᠡᠳᠡᠭᠡ ᠵᠠᠩᠭᠢ ᠬᠠᠷᠭᠤᠭᠤᠯᠬᠤ ᠰᠢᠰᠲ᠋ᠧᠮ ᠤᠨ ᠬᠠᠷ᠎ᠠ ᠲᠠᠩᠰᠠᠨ ᠳᠤ ᠣᠷᠣᠭᠤᠯᠵᠤ᠂ 6 ᠰᠠᠷ᠎ᠠ ᠶᠢᠨ ᠳᠣᠲᠣᠷ᠎ᠠ ᠠᠪᠤᠷᠠᠨ ᠲᠤᠰᠠᠯᠠᠯᠲᠠ ᠭᠤᠶᠤᠴᠢᠯᠠᠯ ᠢ ᠨᠢ  ᠭᠥᠯᠢᠶᠡᠨ ᠠᠪᠬᠤ ᠦᠭᠡᠢ᠃      ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠠᠴᠠ  ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠬᠦᠷᠲᠡᠵᠦ ᠪᠠᠶᠢᠭ᠎ᠠ ᠬᠥᠮᠥᠰ᠂ ᠣᠨᠴᠠ ᠬᠦᠴᠢᠷᠳᠡᠯᠲᠡᠢ ᠠᠰᠠᠷᠠᠨ ᠲᠡᠵᠢᠭᠡᠯᠭᠡᠵᠦ ᠪᠠᠶᠢᠭ᠎ᠠ ᠬᠥᠮᠥᠰ ᠢ ᠣᠷᠳᠣ ᠬᠤᠭᠤᠴᠠᠭ᠎ᠠ ᠢᠯᠡ ᠨᠡᠶᠢᠲᠡᠯᠡᠬᠦ ᠳᠦᠷᠢᠮ ᠢ ᠲᠡᠭᠦᠯᠳᠡᠷᠵᠢᠭᠦᠯᠵᠦ᠂ ᠬᠤᠯᠪᠣᠭᠳᠠᠯ ᠪᠦᠬᠦᠢ ᠵᠦᠢᠯᠡᠰ ᠢ ᠴᠠᠭ ᠲᠤᠬᠠᠢ ᠳᠤᠨᠢ ᠣᠨᠣᠪᠴᠢᠲᠠᠶ ᠢᠯᠡ ᠪᠣᠯᠭᠠᠨ᠂ ᠣᠯᠠᠨ ᠲᠦᠮᠡᠨ ᠤ ᠣᠯᠵᠤ ᠦᠵᠡᠬᠦ᠂ ᠰᠣᠨᠣᠰᠴᠤ ᠣᠶᠢᠯᠠᠭᠠᠬᠤ᠂ ᠬᠢᠨᠠᠯᠲᠠ ᠲᠠᠯᠪᠢᠵᠤ ᠳᠡᠶᠢᠯᠭᠦ᠂ ᠠᠮᠠᠷᠬᠠᠨ ᠣᠷᠤᠯᠴᠠᠬᠤ ᠶᠢ ᠦᠨᠡᠨ ᠭᠦ᠋ ᠪᠠᠲᠤᠯᠠᠨ᠎ᠠ᠃ ᠠᠷᠠᠳ ᠤᠨ ᠶᠠᠪᠤᠳᠠᠯ ᠤᠨ ᠶᠡᠷᠦᠩᠬᠡᠶᠢᠯᠡᠭᠰᠡᠨ ᠲᠤᠬᠠᠶᠢᠯᠠᠭᠰᠠᠨ ᠠᠵᠢᠯ ᠤᠨ ᠲᠠᠪᠴᠠᠩ ᠢ ᠠᠰᠢᠭᠯᠠᠨ᠂ ᠣᠷᠣᠯᠭ᠎ᠠ ᠳᠣᠣᠷ᠎ᠠ ᠬᠥᠮᠥᠨ ᠠᠮᠠ ᠶᠢᠨ ᠠᠪᠤᠷᠠᠨ ᠲᠤᠰᠠᠯᠠᠬᠤ  ᠵᠦᠢᠯᠡᠰ ᠨᠡᠮᠡᠭᠳᠡᠵᠦ ᠪᠠᠶᠢᠭ᠎ᠠ᠂ ᠵᠠᠶᠢᠯᠠᠰᠢ ᠦᠭᠡᠢ ᠵᠠᠷᠤᠯᠭ᠎ᠠ ᠨᠡᠮᠡᠭᠳᠡᠵᠦ ᠪᠠᠶᠢᠭ᠎ᠠ ᠵᠦᠢᠯ ᠢ ᠤᠷᠢᠳᠴᠢᠯᠠᠨ ᠰᠡᠷᠡᠮᠵᠢᠯᠡᠭᠦᠯᠭᠦ ᠠᠷᠭ᠎ᠠ ᠠᠪᠴᠤ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠠᠪᠤᠷᠠᠨ  ᠲᠤᠰᠠᠯᠠᠭᠴᠢ ᠶᠢ ᠬᠥᠲᠥᠯᠥᠨ ᠵᠢᠯᠤᠭᠤᠳᠴᠤ ᠠᠪᠤᠷᠠᠨ ᠲᠤᠰᠠᠯᠠᠬᠤ ᠠᠵᠢᠯ ᠳᠤ  ᠴᠠᠭ ᠲᠤᠬᠠᠢ ᠳᠤᠨᠢ ᠣᠷᠣᠯᠴᠠᠭᠤᠯᠵᠤ᠂ ᠠᠪᠤᠷᠠᠨ ᠲᠤᠰᠠᠯᠠᠯᠲᠠ ᠶᠢ ︽ᠰᠠᠨᠠᠭᠠᠴᠢᠯᠠᠭ᠎ᠠ ᠦᠭᠡᠢ ᠪᠠᠷ ᠭᠤᠶᠤᠴᠢᠯᠠᠵᠤ︾ ᠪᠠᠶᠢᠭᠰᠠᠨ ᠠᠴᠠ ᠨᠢ ︽ᠰᠠᠨᠠᠭᠠᠴᠢᠯᠠᠭ᠎ᠠ ᠠᠴᠠ ᠪᠠᠨ ᠢᠯᠡᠷᠡᠭᠦᠯᠬᠦ︾ ᠲᠡᠶᠢᠰᠢ ᠬᠤᠪᠢᠷᠠᠭᠤᠯᠵᠤ᠂ ᠨᠡᠶᠢᠭᠡᠮ ᠤᠨ ᠠᠪᠤᠷᠠᠨ ᠲᠤᠰᠠᠯᠠᠯᠲᠠ ᠶᠢ ᠨᠠᠩ ᠢᠯᠡ ᠲᠣᠳᠣ ᠪᠤᠯᠭᠠᠵᠤ᠂ ᠬᠦᠴᠢᠷᠳᠡᠯᠲᠡᠢ ᠣᠯᠠᠨ ᠲᠦᠮᠡᠨ ᠤ ᠰᠡᠳᠬᠢᠯ ᠢ ᠨᠠᠩ ᠳᠤᠯᠠᠭᠠᠴᠠᠭᠤᠯᠤᠨ᠎ᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1