ᠲᠣᠭᠲᠠᠬᠤ ᠰᠢᠶᠠᠨ ᠤ ᠭᠠᠶᠢᠯᠢ ᠶᠢᠨ ᠶᠠᠪᠤᠳᠠᠯ ᠤᠨ ᠶᠡᠭᠡ ᠲᠢᠩᠬᠢᠮ ︽ᠨᠡᠭᠡᠭᠡᠯᠲᠡᠲᠡᠶ︾ ᠭᠠᠶᠢᠯᠢ ᠭᠦᠢᠴᠡᠳᠭᠡᠬᠦ ᠪᠠᠶᠢᠷᠢᠰᠢᠯ ᠢ ᠪᠣᠶ ᠪᠣᠯᠭᠠᠵᠤ ᠭᠠᠶᠢᠯᠢ ᠶᠢᠨ ᠶᠠᠪᠤᠳᠠᠯ ᠤᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠪᠠ
ᠨᠡᠶᠢᠲᠡᠯᠡᠭᠰᠡᠨ ᠴᠠᠭ᠄
2024/5/16
      ᠶᠡᠷᠦᠩᠬᠡᠶ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ︽ᠹᠧᠩ ᠴᠢᠶᠣᠣ ᠶᠢᠨ ᠵᠣᠷᠢᠭ ᠰᠠᠨᠠᠭ᠎ᠠ︾ ᠶᠢ ᠪᠠᠷᠢᠮᠲᠠᠯᠠᠨ ᠬᠥᠭᠵᠢᠭᠦᠯᠬᠦ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠴᠠᠭ ᠦᠶ᠎ᠡ ᠶᠢᠨ ︽ᠹᠧᠩ ᠴᠢᠶᠣᠣ ᠶᠢᠨ ᠲᠤᠷᠰᠢᠯᠭ᠎ᠠ︾ ᠶᠢᠨ ᠦᠨᠳᠦᠰᠦᠨ ᠱᠠᠲᠤᠨ ᠤ ᠭᠠᠶᠢᠯᠢ ᠲᠠᠲᠠᠪᠤᠷᠢ ᠶᠢᠨ ᠵᠠᠰᠠᠯᠲᠠ ᠳᠠᠬᠢ ᠦᠢᠯᠡᠳᠦᠯᠭᠡ ᠶᠢᠨ ᠬᠡᠷᠡᠭᠯᠡᠯᠲᠡ ᠶᠢ ᠲᠠᠰᠤᠷᠠᠯᠲᠠ ᠥᠬᠡᠶ ᠭᠦᠨᠵᠡᠭᠡᠶᠢᠷᠡᠭᠦᠯᠦᠨ ᠥᠷᠭᠡᠳᠬᠡᠬᠦ ᠶᠢᠨ ᠲᠥᠯᠥᠭᠡ᠂ ᠲᠣᠭᠲᠠᠬᠤ ᠰᠢᠶᠠᠨ ︽ᠨᠡᠭᠡᠭᠡᠯᠲᠡᠲᠦ ᠮᠠᠶ᠋ᠢᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ︾ ᠶᠢ ᠪᠠᠶᠢᠭᠤᠯᠬᠤ ᠪᠠᠷ ᠳᠠᠮᠵᠢᠭᠤᠯᠤᠨ᠂ ᠭᠠᠶᠢᠯᠢ ᠭᠦᠢᠴᠡᠳᠬᠡᠬᠦ ᠦᠢᠯᠡᠴᠢᠯᠡᠭᠡᠨ ᠤ ᠲᠢᠩᠬᠢᠮ ᠳᠤ ᠪᠥᠬᠦ ᠲᠠᠯ᠎ᠠ ᠪᠠᠷ ᠥᠭᠡᠷᠡᠴᠢᠯᠡᠨ ᠲᠠᠰ ᠳᠡᠪᠰᠢᠭᠦᠯᠬᠦ ᠶᠢ ᠬᠡᠷᠡᠭᠵᠢᠭᠦᠯᠵᠦ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠪᠠᠷ ᠭᠤᠤᠯᠳᠠᠯᠭ᠎ᠠ ᠪᠣᠯᠭᠠᠨ᠂ ᠭᠠᠶᠢᠯᠢ ᠲᠤᠰᠢᠶᠠᠭᠴᠢ ᠶᠢᠨ ᠰᠦᠢᠳᠭᠡᠯ ᠲᠤᠰᠢᠶᠠᠭᠴᠢ ᠶᠢᠨ ᠬᠠᠨᠤᠮᠵᠢ ᠶᠢᠨ ᠬᠡᠮᠵᠢᠶ᠎ᠡ ᠪᠠ ᠬᠦᠷᠲᠡᠮᠵᠢ ᠶᠢᠨ ᠲᠥᠷᠥᠭᠳᠡᠯ ᠢ ᠦᠨᠡᠨᠬᠦ ᠨᠡᠮᠡᠭᠳᠡᠭᠦᠯᠪᠡ᠃      ᠲᠣᠭᠲᠠᠬᠤ ᠰᠢᠶᠠᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ︽5 ᠲᠣᠭᠤᠷᠢᠭ 1 ᠲᠠᠰᠤᠭ 2 ᠠᠵᠢᠯ ᠤᠨ ᠪᠠᠶᠢᠷᠢ︾ ᠶᠢᠨ ᠨᠡᠭᠡᠭᠡᠯᠲᠡᠲᠦ ᠮᠠᠶ᠋ᠢᠭ ᠤᠨ ︽ᠭᠠᠶᠢᠯᠢ ᠶᠢᠨ ᠶᠠᠪᠤᠳᠠᠯ ᠤᠨ ᠬᠡᠲᠦ ᠳᠡᠯᠭᠡᠭᠦᠷ︾ ᠢ ᠪᠣᠶ ᠪᠣᠯᠭᠠᠵᠤ᠂ ᠲᠠᠪᠤᠨ ᠶᠡᠭᠡ ᠴᠢᠳᠠᠮᠵᠢᠲᠦ ᠣᠷᠣᠨ ᠢᠶᠠᠷ ᠭᠤᠤᠯ ᠪᠣᠯᠭᠠᠨ᠂ ︽ᠭᠠᠶᠢᠯᠢ ᠪᠠ ᠠᠵᠤ ᠠᠬᠤᠶᠢᠯᠠᠯ ᠤᠨ ᠰᠣᠯᠢᠯᠴᠠᠭᠠᠨ ᠤ ᠲᠠᠪᠴᠠᠩ︾ ᠳᠤ ᠲᠦᠰᠢᠭᠯᠡᠨ᠂ ᠦᠢᠯᠡᠴᠢᠯᠡᠭᠡᠨ ᠤ ᠯᠠᠪᠯᠠᠯᠭ᠎ᠠ ᠶᠢᠨ ᠬᠠᠯᠠᠮᠰᠢᠯ ᠤᠲᠠᠰᠤᠨ ᠳᠤ ᠲᠦᠰᠢᠭᠯᠡᠨ ᠭᠠᠶᠢᠯᠢ ᠭᠦᠢᠴᠡᠳᠬᠡᠬᠦ ᠣᠶᠤᠨᠴᠢ ᠪᠠᠶᠢᠷᠢᠰᠢᠯ ᠢ ᠪᠣᠶ ᠪᠣᠯᠭᠠᠪᠠ᠃ 10 ᠶᠡᠭᠡ ᠲᠥᠷᠥᠯ ᠤᠨ 60 ᠵᠦᠢᠯ ᠤᠨ ᠬᠢᠨᠠᠨ ᠬᠠᠷᠭᠤᠭᠤᠯᠬᠤ ᠲᠤᠬᠠᠶᠢᠯᠠᠭᠰᠠᠨ ᠠᠵᠢᠯ ᠢ ᠪᠦᠬᠦᠨ ᠢ ᠤᠷᠤᠭᠰᠢ ᠰᠢᠯᠵᠢᠭᠦᠯᠵᠦ᠂ ᠭᠠᠶᠢᠯᠢ ᠭᠦᠢᠴᠡᠳᠭᠡᠬᠦ ᠦᠢᠯᠡᠴᠢᠯᠡᠭᠡᠨ ᠤ ᠲᠢᠩᠬᠢᠮ ᠳᠤ ᠡᠨᠧᠷᠭᠢ ᠣᠯᠭᠤᠨ᠎ᠠ᠃      ︽ᠰᠢᠨ᠎ᠡ ᠴᠠᠭ ᠦᠶ᠎ᠡ ᠶᠢᠨ ᠹᠧᠩ ᠴᠢᠶᠣᠣ ᠮᠠᠶ᠋ᠢᠭ ᠤᠨ ᠭᠠᠶᠢᠯᠢ ᠭᠦᠢᠴᠡᠳᠬᠡᠬᠦ ᠦᠢᠯᠡᠴᠢᠯᠡᠭᠡᠨ ᠤ ᠲᠢᠩᠬᠢᠮ ᠢ ᠪᠠᠶᠢᠭᠤᠯᠵᠤ᠂ ᠲᠣᠭᠲᠠᠬᠤ ᠰᠢᠶᠠᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ︿ᠹᠧᠩ ᠴᠢᠶᠣᠣ ᠶᠢᠨ ᠲᠤᠷᠰᠢᠯᠭ᠎ᠠ﹀ ᠠᠴᠠ ᠰᠢᠩᠭᠡᠭᠡᠨ ᠠᠪᠤᠭᠰᠠᠨ ᠭᠠᠶᠢᠯᠢ ᠲᠠᠲᠠᠪᠤᠷᠢ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠤᠬᠠᠭᠠᠯᠢᠭ ᠪᠠᠶᠢᠵᠤ᠂ ᠭᠠᠶᠢᠯᠢ ᠲᠤᠰᠢᠶᠠᠭᠴᠢ ᠶᠢᠨ ᠰᠦᠢᠳᠬᠡᠯ ᠲᠤᠰᠢᠶᠠᠭᠴᠢ ᠶᠢᠨ ᠭᠠᠶᠢᠯᠢ ᠭᠦᠢᠴᠡᠳᠬᠡᠬᠦ ᠣᠶᠢᠯᠠᠭᠠᠯᠲᠠ ᠶᠢ ᠦᠷᠭᠦᠯᠵᠢᠯᠡᠨ ᠰᠢᠯᠢᠳᠡᠭᠵᠢᠭᠦᠯᠬᠦ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠪᠣᠯᠣᠨ᠎ᠠ᠃ ᠭᠠᠶᠢᠯᠢ ᠶᠢᠨ ᠶᠠᠪᠤᠳᠠᠯ ᠤᠨ ᠠᠵᠢᠯᠲᠠᠨ ᠨᠢ ᠤᠤᠯ ᠤᠨ ᠤᠯᠠᠮᠵᠢᠯᠠᠯᠲᠤ ᠯᠠᠩᠭᠦᠶ ᠴᠣᠩᠬᠤ ᠪᠠᠷ ᠭᠥᠯᠢᠶᠡᠨ ᠠᠪᠴᠤ ᠰᠢᠢᠳᠪᠦᠷᠢᠯᠡᠬᠦ ᠵᠠᠭᠪᠤᠷ ᠢᠶᠠᠨ ᠣᠯᠠᠨ ᠲᠦᠮᠡᠨ ᠯᠦᠭᠡ ︿ᠨᠢᠭᠤᠷᠲᠠᠨ ᠶᠠᠷᠢᠯᠴᠠᠬᠤ﹀ ᠦᠢᠯᠡᠴᠢᠯᠡᠭᠡ ᠪᠣᠯᠭᠠᠨ ᠬᠤᠪᠢᠷᠠᠭᠤᠯᠵᠤ᠂ ᠭᠠᠶᠢᠯᠢ ᠲᠤᠰᠢᠶᠠᠭᠴᠢ ᠰᠦᠢᠳᠭᠡᠯ ᠲᠤᠰᠢᠶᠠᠭᠴᠢ ᠳᠤ ᠭᠠᠶᠢᠯᠢ ᠭᠦᠢᠴᠡᠳᠭᠡᠬᠦ ᠨᠠᠩ ᠰᠠᠶᠢᠨ ᠣᠶᠢᠯᠠᠭᠠᠯᠲᠠ ᠣᠯᠭᠤᠵᠤ᠂ ᠦᠢᠯᠡᠴᠢᠯᠡᠭᠡᠨ ᠤ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ︾ ᠭᠡᠵᠤ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶᠠᠨ ᠤ ᠲᠣᠭᠲᠠᠬᠤ ᠰᠢᠶᠠᠨ ᠤ ᠭᠠᠶᠢᠯᠢ ᠶᠢᠨ ᠶᠠᠪᠤᠳᠠᠯ ᠤᠨ ᠲᠣᠪᠴᠢᠶᠠᠨ ᠤ ᠨᠠᠮ ᠤᠨ ᠬᠤᠷᠢᠶᠠᠨ ᠤ ᠭᠡᠰᠢᠭᠦᠨ᠂  ᠲᠣᠪᠴᠢᠶᠠᠨ ᠤ ᠳᠡᠳ᠋ ᠳᠠᠷᠤᠭ᠎ᠠ ᠮᠠ ᠳ᠋ᠦᠩ ᠮᠧᠢ ᠲᠠᠨᠢᠯᠴᠠᠭᠤᠯᠪᠠ᠃      ᠲᠣᠭᠲᠠᠬᠤ ᠰᠢᠶᠠᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠭᠠᠶᠢᠯᠢ ᠲᠤᠰᠢᠶᠠᠬᠤ ᠢᠲᠡᠭᠡᠮᠵᠢ ᠶᠢᠨ ︽ᠭᠤᠷᠪᠠᠨ ᠬᠤᠯᠪᠣᠭ᠎ᠠ︾ ᠶᠢᠨ ᠠᠵᠤ ᠠᠬᠤᠶᠢᠯᠠᠯ ᠳᠤ ᠰᠠᠭᠠᠳ ᠥᠬᠡᠶ ᠨᠡᠪᠲᠡᠷᠡᠬᠦ ᠵᠠᠮ ᠨᠡᠭᠡᠭᠡᠨ ᠥᠭᠴᠦ᠂ ᠮᠠᠲ᠋ᠧᠷᠢᠶᠠᠯ ᠢ ᠮᠡᠳᠡᠭᠦᠯᠦᠨ ᠬᠦᠷᠭᠡᠬᠦ ᠶᠢ ᠪᠠᠭᠠᠰᠬᠠᠨ᠂ ᠳᠣᠲᠣᠭᠠᠳᠤ ᠶᠢᠨ ᠴᠤᠪᠤᠷᠠᠯ ᠢ ᠳᠥᠭᠦᠮᠴᠢᠯᠡᠵᠦ᠂ ᠬᠢᠨᠠᠨ ᠵᠥᠪᠰᠢᠶᠡᠷᠡᠬᠦ ᠠᠬᠢᠴᠠ ᠶᠢ ᠲᠦᠷᠭᠡᠳᠬᠡᠨ᠂ A ᠲᠠᠰ ᠤᠨ ᠭᠠᠳᠠᠭᠠᠳᠤ ᠭᠠᠷᠭᠠᠯᠲᠠ ᠶᠢᠨ ᠭᠠᠶᠢᠯᠢ ᠪᠤᠴᠠᠭᠠᠬᠤ ᠠᠵᠤ ᠠᠬᠤᠶᠢᠯᠠᠯ ᠤᠨ ᠭᠦᠢᠴᠡᠳᠬᠡᠬᠦ ᠳᠤ ᠲᠥᠬᠦᠮ ᠦᠵᠡᠭᠦᠯᠵᠦ᠂ ᠬᠠᠮᠤᠭ ᠤᠨ ᠲᠡᠷᠢᠭᠦᠨ ᠳᠤ ᠦᠨᠡᠨᠴᠢ ᠢᠲᠡᠭᠡᠮᠵᠢᠲᠡᠶ ᠭᠠᠶᠢᠯᠢ ᠲᠤᠰᠢᠶᠠᠭᠰᠠᠨ ᠠᠰᠢᠭ ᠣᠯᠵᠠᠪᠤᠷᠢ ᠶᠢ ᠭᠠᠶᠢᠯᠢ ᠲᠤᠰᠢᠶᠠᠭᠴᠢ ᠶᠢᠨ ᠭᠠᠷ ᠲᠤ ᠬᠦᠷᠭᠡᠬᠦ ᠶᠢᠨ ᠬᠠᠮᠲᠤ ᠬᠡᠷᠡᠭᠴᠡᠭᠡ ᠪᠥᠬᠦᠶ ᠭᠠᠶᠢᠯᠢ ᠲᠤᠰᠢᠶᠠᠭᠴᠢ ᠳᠤ ︽ᠨᠢᠭᠡ ᠳᠤ ᠨᠢᠭᠡ︾ ᠶᠢᠨ ᠬᠠᠪᠰᠤᠷᠤᠨ ᠵᠢᠯᠣᠭᠤᠳᠣᠯᠭ᠎ᠠ ᠬᠠᠩᠭᠠᠵᠤ᠂ ᠪᠣᠳᠠᠲᠤ ᠠᠵᠢᠯᠯᠠᠭ᠎ᠠ ᠪᠠᠷ ᠢᠶᠠᠨ ᠦᠨᠡᠨᠴᠢ ᠢᠲᠡᠭᠡᠮᠵᠢᠲᠡᠶ ᠠᠵᠤ ᠠᠬᠤᠶᠢᠯᠠᠯ ᠢ ᠰᠠᠬᠢᠨ ᠬᠠᠮᠠᠭᠠᠯᠠᠪᠠ᠃      ᠲᠠᠷᠠᠭᠠᠴᠢ ᠶᠢᠨ ᠠᠯᠬᠤᠮ ᠳᠤ᠂ ᠲᠣᠭᠲᠠᠬᠤ ᠰᠢᠶᠠᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠭᠠᠶᠢᠯᠢ ᠲᠤᠰᠢᠶᠠᠬᠤ ᠦᠢᠯᠡᠴᠢᠯᠡᠭᠡᠨ ᠤ ᠨᠢᠭᠡᠳᠦᠭᠡᠷ ᠹᠷᠣᠨᠲ ᠤᠨ ᠵᠢᠭᠰᠠᠭᠠᠯ ᠤᠨ ᠭᠠᠵᠠᠷ ᠤᠨ ᠤᠶᠤᠨᠴᠢᠯᠠᠯᠲᠠ᠂ ᠪᠡᠶ᠎ᠡ ᠪᠠᠨ ᠳᠠᠭᠠᠭᠠᠵᠤ ᠥᠭᠡᠷᠡᠴᠢᠯᠡᠬᠦ ᠲᠠᠯ᠎ᠠ ᠪᠠᠷ ᠦᠷᠭᠦᠯᠵᠢᠯᠡᠨ ᠬᠦᠴᠦ ᠲᠠᠯᠪᠢᠵᠤ᠂ ᠡᠯ᠎ᠡ ᠲᠠᠯ᠎ᠠ ᠶᠢᠨ ᠲᠣᠭᠠᠴᠢᠯᠠᠭᠰᠠᠨ ᠬᠡᠯᠪᠡᠷᠢ ᠶᠢ ᠬᠤᠪᠢᠷᠠᠭᠤᠯᠬᠤ ᠲᠤᠷᠰᠢᠯᠭ᠎ᠠ ᠶᠢ ᠰᠢᠩᠭᠡᠭᠡᠨ ᠠᠪᠴᠤ ᠠᠭᠤᠰᠤᠯᠴᠠᠭᠤᠯᠵᠤ᠂ ᠭᠠᠶᠢᠯᠢ ᠲᠤᠰᠢᠶᠠᠭᠴᠢ ᠶᠢᠨ ᠦᠨᠡᠨ ᠬᠦ ᠲᠥᠷᠥᠭᠳᠡᠯ ᠲᠠᠢ ᠦᠢᠯᠡᠴᠢᠯᠡᠭᠡᠨ ᠤ ᠠᠷᠭ᠎ᠠ ᠬᠡᠮᠵᠢᠶ᠎ᠡ ᠶᠢ ᠰᠦᠪᠡᠭᠴᠢᠯᠡᠨ ᠨᠠᠶᠢᠳᠠᠪᠤᠷᠢᠵᠢᠭᠤᠯᠵᠤ᠂ ᠨᠠᠷᠢᠯᠢᠬᠵᠢᠭᠤᠯᠤᠭᠰᠠᠨ᠂ ᠤᠶᠤᠨᠴᠢᠯᠠᠭᠰᠠᠨ ᠭᠠᠶᠢᠯᠢ ᠲᠤᠰᠢᠶᠠᠬᠤ ᠦᠢᠯᠡᠴᠢᠯᠡᠭᠡ ᠶᠢ ᠪᠥᠬᠦ ᠲᠠᠯ᠎ᠠ ᠪᠠᠷ ᠲᠠᠰ ᠳᠡᠪᠰᠢᠭᠦᠯᠬᠦ ᠶᠢ ᠠᠬᠢᠭᠤᠯᠤᠨ᠎ᠠ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠤᠨ ᠶᠦᠨ ᠵᠦᠩ ᠬᠠᠮ ᠵᠠᠭᠤᠴᠢᠯᠠᠭᠤᠷ  
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1