ᠾᠧᠢ ᠱᠦᠶ ᠴᠢᠤᠸᠠᠨ ᠲᠣᠰᠬᠤᠨ᠄ ᠬᠡᠪ ᠵᠠᠩᠰᠢᠯ ᠢᠶᠠᠨ ᠥᠭᠡᠷᠡᠴᠢᠯᠡᠨ ᠰᠢᠨ᠎ᠡ ᠬᠡᠪ ᠰᠤᠷᠳᠠᠯ ᠢ ᠪᠣᠢ ᠪᠣᠯᠭᠠᠨ᠎ᠠ
ᠨᠡᠶᠢᠲᠡᠯᠡᠭᠰᠡᠨ ᠴᠠᠭ᠄
2024/5/16
      ᠲᠤᠭᠳᠠᠬᠤ ᠰᠢᠶᠠᠨ ᠤ ᠾᠧᠢ ᠱᠦᠶ ᠴᠢᠤᠸᠠᠨ ᠲᠣᠰᠬᠤᠨ ᠤ ︽ᠬᠥᠷᠰᠢ ᠵᠡᠷᠭᠡᠯᠡᠳᠡᠭᠡ ᠶᠢᠨ ᠬᠠᠷᠢᠯᠴᠠᠨ ᠮᠠᠭᠲᠠᠬᠤ︾ ᠲᠤᠬᠠᠶ ᠶᠢᠨ ᠲᠠᠯᠠᠪᠠᠶ ᠳᠤ᠂ ᠣᠯᠠᠨ ᠢᠶᠠᠷ ᠢᠶᠠᠨ ᠬᠦᠷᠢᠶᠡᠯᠡᠨ ᠰᠠᠭᠤᠵᠤ ᠪᠤᠳᠤᠭᠰᠠᠨ ᠢᠶᠠᠨ ᠠᠭᠤᠵᠢᠷᠠᠲᠠᠯ᠎ᠠ ᠶᠠᠷᠢᠵᠤ᠂ ᠦᠨᠡᠨ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠦ᠂ ᠬᠠᠷᠢᠯᠴᠠᠨ ᠬᠠᠪᠰᠤᠷᠤᠯᠴᠠᠵᠤ ᠬᠥᠷᠰᠢ ᠵᠡᠷᠭᠡᠯᠡᠳᠡᠭᠡ ᠶᠢᠨ ᠨᠥᠬᠦᠷᠯᠡᠯ ᠢ ᠮᠠᠭᠲᠠᠨ ᠰᠠᠶᠢᠰᠢᠶᠠᠭᠰᠠᠨ ᠢᠶᠠᠷ ᠪᠠᠷᠠᠬᠤ ᠥᠬᠡᠶ᠂ ᠪᠠᠰᠠ ᠬᠥᠷᠰᠢ ᠵᠡᠷᠭᠡᠯᠡᠳᠡᠭᠡ ᠶᠢᠨ ᠬᠠᠷᠢᠴᠠᠭ᠎ᠠ ᠶᠢ ᠣᠶᠢᠷᠠᠲᠤᠭᠤᠯᠵᠠᠶ᠃      ᠰᠢᠨ᠎ᠡ ᠰᠤᠷᠲᠠᠯ ᠲᠥᠪ ᠰᠤᠷᠲᠠᠯ ᠢ ᠪᠠᠳᠠᠷᠠᠭᠤᠯᠵᠤ᠂ ᠵᠠᠩ ᠳᠠᠳᠬᠠᠯ ᠢ ᠥᠭᠡᠷᠡᠴᠢᠯᠡᠬᠦ ᠶᠢ ᠠᠬᠢᠭᠤᠯᠵᠤ᠂ ᠬᠥᠳᠡᠭᠡ ᠲᠣᠰᠬᠤᠨ ᠤ ᠪᠣᠯᠪᠠᠰᠤᠨ ᠤ ᠰᠢᠨ᠎ᠡ ᠳᠦᠷᠰᠦ ᠪᠠᠶᠢᠳᠠᠯ ᠢ ᠪᠠᠳᠠᠷᠠᠭᠤᠯᠬᠤ ᠶᠢᠨ ᠲᠥᠯᠥᠭᠡ᠂ ᠾᠧᠢ ᠱᠦᠶ ᠴᠢᠤᠸᠠᠨ ᠲᠣᠰᠬᠤᠨ ︽ᠨᠢᠭᠡ ᠭᠡᠷ᠎ᠡ ᠳᠥᠷᠪᠡᠨ ᠬᠤᠷᠠᠯ︾᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ᠶᠢᠨ ᠵᠢᠭᠰᠠᠭᠠᠯ ᠤᠨ ᠭᠠᠵᠠᠷ ᠤᠨ ᠬᠥᠲᠥᠯᠥᠨ ᠳᠠᠭᠠᠭᠤᠯᠬᠤ ᠪᠠ ᠠᠷᠪᠠᠨ ᠣᠳᠣᠨ ᠲᠠᠰ ᠤᠨ ᠪᠣᠯᠪᠠᠰᠤᠨ ᠡᠷᠦᠬᠡ᠂ ᠶᠣᠰᠣ ᠰᠤᠷᠲᠠᠬᠤᠨ ᠤ ᠵᠢᠱᠢᠶᠡᠴᠢ ᠵᠡᠷᠭᠡ ᠲᠡᠷᠢᠭᠦᠨ ᠤ ᠨᠡᠶᠢᠲᠡᠯᠢᠭ ᠵᠢᠱᠢᠶ᠎ᠡ ᠶᠢᠨ ᠳᠠᠶᠢᠴᠢᠯᠠᠯᠲᠠ ᠪᠠᠷ ᠳᠠᠮᠵᠢᠭᠤᠯᠤᠨ᠂ ᠪᠣᠯᠪᠠᠰᠤᠨ ᠨᠤᠲᠤᠭ ᠤᠨ ᠰᠤᠷᠲᠠᠯ ᠢ ᠠᠷᠠᠳ ᠣᠯᠠᠨ ᠤ ᠰᠡᠳᠬᠢᠯ ᠢ ᠤᠮᠳᠠᠯᠠᠵᠤ᠂ ᠬᠥᠳᠡᠭᠡ ᠲᠣᠰᠬᠤᠨ ᠤ ᠬᠥᠭᠵᠢᠯᠲᠡ ᠳᠤ ᠪᠣᠯᠪᠠᠰᠤᠨ ᠤ ᠬᠦᠴᠦᠨ ᠴᠢᠳᠠᠯ ᠨᠡᠮᠡᠷᠢᠯᠡᠪᠡ᠃      ᠾᠸᠢ ᠱᠦᠢ ᠴᠢᠤᠸᠠᠨ ᠲᠣᠰᠬᠤᠨ ᠬᠤᠷᠢᠮ ᠪᠤᠶᠠᠨ ᠶᠠᠪᠤᠳᠠᠯ ᠤᠨ ᠬᠡᠷᠡᠭ ᠡᠷᠬᠢᠯᠡᠭᠴᠢᠳ ᠤᠨ ᠬᠤᠷᠠᠯ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ ᠶᠢᠨ ᠪᠣᠯᠪᠠᠰᠤᠨ ᠨᠤᠲᠤᠭ ᠤᠨ ᠰᠤᠷᠲᠠᠯ ᠢ ᠪᠤᠶᠢᠵᠢᠭᠤᠯᠬᠤ ᠭᠤᠣᠯᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠶᠣᠰᠣ ᠰᠤᠷᠲᠠᠬᠤᠨ ᠥᠨᠳᠥᠷ ᠢᠲᠡᠭᠡᠯ ᠬᠦᠨᠳᠦ ᠲᠠᠢ ᠲᠣᠰᠬᠤᠨ ᠤ ᠠᠷᠠᠳ ᠢ ᠰᠣᠩᠭᠤᠨ ᠬᠤᠷᠢᠮ ᠪᠤᠶᠠᠨ ᠤ ᠬᠡᠷᠡᠭ ᠡᠷᠬᠢᠯᠡᠭᠴᠢᠳ ᠤᠨ ᠬᠤᠷᠠᠯ ᠪᠠᠶᠢᠭᠤᠯᠵᠤ᠂ ᠰᠠᠨᠠᠭᠠᠴᠢᠯᠠᠭ᠎ᠠ ᠶᠢᠨ ᠪᠢᠴᠢᠭ ᠲᠠᠷᠬᠠᠭᠠᠬᠤ᠂ ︽ᠡᠭᠦᠯᠡᠨ ᠶᠠᠷᠢᠯᠴᠠᠭ᠎ᠠ ᠶᠢᠨ ᠲᠠᠩᠬᠢᠮ︾᠂ ︽ᠰᠠᠶᠢᠨ ᠬᠥᠷᠰᠢ ᠰᠠᠭᠠᠬᠠᠯᠲᠠ ᠪᠠᠨ ᠬᠠᠷᠢᠯᠴᠠᠨ ᠮᠠᠭᠲᠠᠬᠤ︾ ᠵᠡᠷᠭᠡ ᠶᠣᠰᠣ ᠰᠤᠷᠲᠠᠬᠤᠨ ᠤ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ ᠬᠡᠪ ᠵᠠᠩᠰᠢᠯ ᠢ ᠥᠭᠡᠷᠡᠴᠢᠯᠡᠬᠦ ᠶᠢ ᠶᠡᠬᠡᠪᠡᠷ ᠰᠠᠨᠠᠭᠠᠴᠢᠯᠠᠪᠠ᠃ ᠡᠭᠦᠨ ᠤ ᠬᠠᠮᠲᠤ᠂ ︽ᠪᠢᠳᠡᠨ ᠤ ᠪᠠᠶᠠᠷ ᠤᠨ ᠡᠳᠦᠷ︾ ᠵᠡᠷᠭᠡ ᠴᠢᠬᠤᠯᠠ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠲᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ ᠨᠠᠰᠤᠨ ᠲᠤᠷᠰᠢᠳᠠ ᠶᠢᠨ ᠬᠡᠩᠭᠡᠷᠭᠡ᠂ ᠶᠢᠰᠦᠨ ᠳᠠᠭᠤᠷᠢᠶᠠᠯ᠂ ᠬᠥᠬᠡᠭᠡ ᠡᠪᠦᠯ ᠤᠨ ᠬᠡᠩᠭᠡᠷᠭᠡ ᠵᠡᠷᠭᠡ ᠤᠯᠠᠨ ᠲᠦᠮᠡᠨᠴᠢ ᠴᠢᠨᠠᠷᠲᠠᠢ ᠰᠣᠶᠣᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠲᠣᠰᠬᠤᠨ ᠤ ᠠᠷᠠᠳ ᠤᠨ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠭᠰᠠᠨ ᠢᠶᠠᠷ ᠪᠠᠷᠠᠬᠤ ᠦᠭᠡᠢ ᠪᠠᠰᠠ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠪᠠ᠃      ᠾᠧᠢ ᠱᠦᠢ ᠴᠢᠤᠸᠠᠨ ᠲᠣᠰᠬᠤᠨ ᠪᠠᠰᠠ ᠠᠷᠪᠠᠨ ᠣᠳᠣᠨ ᠲᠡᠰ ᠤᠨ ᠪᠣᠯᠪᠠᠰᠤᠨ ᠡᠷᠦᠬᠡ᠂ ᠶᠣᠰᠣ ᠰᠤᠷᠲᠠᠬᠤᠨ ᠤ ᠵᠢᠱᠢᠶᠡᠴᠢ ᠶᠢᠨ ᠰᠠᠶᠢᠨ ᠰᠠᠶᠢᠬᠠᠨ ᠭᠡᠷ ᠤᠨ ᠰᠤᠷᠲᠠᠯ᠂ ᠪᠣᠷᠣᠭᠵᠢᠭᠤᠨ ᠠᠷᠠᠳ ᠤᠨ ᠰᠤᠷᠲᠠᠯ ᠢ ᠬᠥᠮᠦᠵᠢᠭᠦᠯᠬᠦ ᠵᠡᠷᠭᠡ ᠲᠠᠯ᠎ᠠ ᠶᠢᠨ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠠᠷᠪᠠᠨ ᠣᠳᠣᠨ ᠲᠡᠰ ᠤᠨ ᠪᠣᠯᠪᠠᠰᠤᠨ ᠡᠷᠦᠬᠡ ᠶᠢ ᠰᠢᠯᠭᠠᠷᠠᠭᠤᠯᠬᠤ ᠪᠠ ᠶᠣᠰᠣ ᠰᠤᠷᠲᠠᠬᠤᠨ ᠤ ᠵᠢᠱᠢᠶᠡᠴᠢ ᠶᠢᠨ ︽ᠭᠡᠷ ᠤᠨ ᠰᠤᠷᠲᠠᠯ ᠢ ᠰᠠᠶᠢᠲᠤᠷ ᠶᠠᠷᠢᠵᠤ᠂ ᠰᠠᠶᠢᠨ ᠭᠡᠷ ᠤᠨ ᠰᠤᠷᠭᠠᠯ︾ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠦᠭᠰᠡᠨ ᠪᠥᠭᠡᠳ ᠰᠠᠶᠢᠨ ᠦᠢᠯᠡ ᠠᠵᠢᠯᠯᠠᠭ᠎ᠠ ᠪᠠᠷ ᠢᠶᠠᠨ ᠶᠣᠰᠣ ᠰᠤᠷᠲᠠᠬᠤᠨ ᠤ ᠵᠢᠱᠢᠶᠡᠴᠢ ᠶᠢ ᠤᠬᠠᠭᠤᠯᠤᠭᠰᠠᠨ ᠲᠡᠷᠢᠭᠦᠨ ᠤ ᠦᠢᠯᠡ ᠠᠵᠢᠯᠯᠠᠭ᠎ᠠ ᠶᠢ ᠨᠠᠭᠠᠵᠤ᠂ ᠳᠡᠷᠭᠡᠳᠡᠬᠢ ᠬᠥᠮᠦᠨ᠂ ᠳᠡᠷᠭᠡᠳᠡᠬᠢ ᠶᠠᠪᠤᠳᠠᠯ ᠢᠶᠠᠷ ᠤᠯᠠᠨ ᠲᠦᠮᠡᠨ ᠢ ᠬᠥᠮᠦᠵᠢᠭᠦᠯᠵᠦ᠂ ᠪᠣᠯᠪᠠᠰᠤᠨ ᠰᠢᠨ᠎ᠡ ᠰᠤᠷᠲᠠᠯ ᠢ ᠬᠥᠮᠦᠰ ᠤᠨ ᠰᠡᠳᠬᠢᠯ ᠳᠤ ᠬᠠᠳᠠᠩᠰᠢᠭᠤᠯᠵᠤ᠂ ᠪᠣᠳᠠᠲᠠᠢ ᠳᠤ ᠨᠠᠶᠢᠳᠠᠪᠤᠷᠢᠵᠢᠭᠤᠯᠪᠠ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠤᠨ ᠶᠦᠨ ᠵᠦᠩ ᠬᠠᠮ ᠵᠠᠭᠤᠴᠢᠯᠠᠭᠤᠷ  
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1