ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ︽ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠵᠣᠬᠢᠴᠠᠭᠤᠯᠤᠨ ᠬᠢᠨᠠᠯᠲᠠ ᠲᠠᠯᠪᠢᠬᠤ ᠠᠵᠢᠯ ᠤᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠰᠠᠨᠠᠯ︾ ᠢ ᠲᠠᠷᠤᠮᠠᠯᠯᠠᠨ ᠲᠠᠷᠬᠠᠭᠠᠪᠠ
ᠨᠡᠶᠢᠲᠡᠯᠡᠭᠰᠡᠨ ᠴᠠᠭ᠄
2024/5/16
      ᠣᠶᠢᠷ᠎ᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ︽ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠵᠣᠬᠢᠴᠠᠭᠤᠯᠤᠨ ᠬᠢᠨᠠᠯᠲᠠ ᠲᠠᠯᠪᠢᠬᠤ ᠠᠵᠢᠯ ᠤᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠰᠠᠨᠠᠯ︾ ︵ᠳᠣᠷᠣᠭᠰᠢ ︽ᠰᠠᠨᠠᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠵᠤ᠂ ᠰᠢᠨ᠎ᠡ ᠴᠠᠭ ᠦᠶ᠎ᠡ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠵᠣᠬᠢᠴᠠᠭᠤᠯᠤᠨ ᠬᠢᠨᠠᠯᠲᠠ ᠲᠠᠯᠪᠢᠬᠤ ︵ᠳᠣᠷᠣᠭᠰᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠭᠡᠵᠦ ᠲᠣᠪᠴᠢᠯᠠᠨ᠎ᠠ︶ ᠠᠵᠢᠯ ᠢ ᠴᠢᠩᠭᠠᠳᠬᠠᠬᠤ ᠲᠤᠬᠠᠶ ᠰᠢᠰᠲ᠋ᠧᠮ ᠲᠠᠢ ᠪᠠᠶᠢᠷᠢᠯᠠᠭᠤᠯᠤᠯᠲᠠ ᠬᠢᠪᠠ᠃      ︽ᠰᠠᠨᠠᠯ︾ ᠳᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠪᠤᠯ ᠳᠡᠭᠡᠳᠦ ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠳᠣᠤᠷᠠᠳᠤ ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠳᠤ ᠳᠣᠲᠣᠭᠠᠳᠤ ᠲᠠᠰ ᠳᠠᠪᠬᠤᠷᠭ᠎ᠠ ᠶᠢᠨ ᠬᠢᠨᠠᠯᠲᠠ ᠲᠠᠯᠪᠢᠬᠤ᠂ ᠨᠠᠮ ᠪᠠ ᠤᠯᠤᠰ ᠤᠨ ᠬᠢᠨᠠᠯᠲᠠ ᠲᠠᠯᠪᠢᠬᠤ ᠰᠢᠰᠲ᠋ᠧᠮ ᠤᠨ ᠴᠢᠬᠤᠯᠠ ᠪᠦᠷᠢᠯᠳᠦᠬᠦᠨ ᠬᠡᠰᠡᠭ ᠮᠥᠨ᠂ ᠡᠯ᠎ᠡ ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠨᠢᠭᠡᠳᠦᠯᠲᠡᠶ ᠲᠦᠯᠦᠪᠵᠢᠭᠦᠯᠬᠦ ᠦᠨᠳᠦᠰᠦᠨ ᠠᠷᠭ᠎ᠠ ᠮᠠᠶ᠋ᠢᠭ ᠮᠥᠨ᠃ ᠪᠦᠬᠦ ᠲᠠᠯ᠎ᠠ ᠪᠠᠷ ᠲᠡᠭᠦᠯᠳᠡᠷᠵᠢᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠠᠵᠢᠯ ᠤᠨ ᠰᠢᠰᠲ᠋ᠧᠮ ᠢ ᠪᠠᠶᠢᠭᠤᠯᠬᠤ ᠨᠢ ᠬᠠᠤᠯᠢ ᠶᠣᠰᠣᠭᠠᠷ ᠵᠠᠰᠠᠭ ᠶᠠᠪᠤᠭᠤᠯᠬᠤ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠲᠦᠷᠭᠡᠳᠬᠡᠬᠦ᠂ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠠᠵᠢᠯ ᠤᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠬᠤ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠢᠯᠠᠩᠭᠤᠶ᠎ᠠ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ︽ᠬᠤᠶᠠᠷ ᠢ ᠲᠤᠭᠳᠠᠭᠠᠭᠰᠠᠨ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠲᠦᠷᠪᠡᠨ ᠤᠬᠠᠮᠰᠠᠷ︾ ᠢᠶᠠᠨ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠦᠷᠢᠶᠡᠯᠡᠬᠦ︾ ᠶᠢ ᠪᠡᠶᠡᠯᠡᠭᠦᠯᠵᠦ᠂ ᠬᠢᠨᠠᠯᠲᠠ ᠲᠠᠯᠪᠢᠬᠤ ᠲᠦᠷᠢᠮ ᠢ ᠦᠷᠭᠦᠯᠵᠢᠯᠡᠨ ᠲᠡᠭᠦᠯᠳᠡᠷᠵᠢᠭᠦᠯᠵᠦ᠂ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠨᠠᠯᠲᠠ ᠲᠠᠯᠪᠢᠬᠤ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠳᠠᠬᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ᠂ ᠵᠢᠷᠤᠮᠵᠢᠭᠤᠯᠤᠨ ᠬᠠᠮᠢᠶᠠᠷᠬᠤ ᠂ ᠵᠢᠯᠣᠭᠤᠳᠤᠨ ᠬᠢᠨᠠᠯᠲᠠ ᠲᠠᠯᠪᠢᠬᠤ᠂ ᠤᠷᠮᠠᠰᠢᠭᠤᠯᠤᠨ ᠪᠠᠲᠤᠯᠠᠬᠤ ᠦᠢᠯᠡᠳᠦᠯ ᠢ ᠭᠦᠢᠴᠡᠳ ᠪᠠᠳᠠᠷᠠᠭᠤᠯᠤᠨ᠎ᠠ᠂ 2024 ᠣᠨ ᠤ ᠰᠡᠭᠦᠯᠴᠢ ᠪᠤᠯᠳᠠᠯ᠎ᠠ᠂ ᠮᠤᠵᠢ ᠬᠤᠳᠠ ᠰᠢᠶᠠᠨ ᠰᠢᠶᠠᠩ ᠲᠦᠷᠪᠡᠨ ᠱᠠᠳᠤ ᠶᠢ ᠨᠡᠶᠢᠳᠡᠮ ᠪᠦᠷᠬᠦᠭᠦᠯᠬᠦ ᠨᠡᠯᠢᠶᠡᠳ ᠪᠦᠷᠢᠨ ᠲᠡᠭᠦᠯᠳᠡᠷ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠠᠵᠢᠯ ᠤᠨ ᠰᠢᠰᠲ᠋ᠧᠮ ᠢ ᠦᠨᠳᠦᠰᠦᠨ ᠳᠡᠭᠡᠨ ᠪᠠᠶᠢᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠳᠤ ᠪᠦᠬᠦ ᠲᠠᠯ᠎ᠠ ᠶᠢᠨ᠂ ᠪᠦᠬᠦ ᠶᠠᠪᠤᠴᠠ ᠶᠢᠨ᠂ ᠪᠠᠶᠢᠩᠭᠤᠵᠢᠭᠰᠠᠨ᠂ ᠤᠷᠳᠤ ᠬᠤᠭᠤᠴᠠᠭᠠᠨ ᠤ ᠪᠦᠲᠦᠮᠵᠢᠲᠡᠢ ᠬᠢᠨᠠᠯᠲᠠ ᠲᠠᠯᠪᠢᠬᠤ ᠶᠢ ᠪᠡᠶᠡᠯᠡᠭᠦᠯᠬᠦ ᠬᠡᠷᠡᠭᠲᠡᠢ ᠭᠡᠵᠤ ᠵᠢᠭᠠᠨ ᠭᠠᠷᠭᠠᠪᠠ᠃          ︽ᠰᠠᠨᠠᠯ︾ ᠳᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠠᠵᠢᠯ ᠤᠨ ᠪᠠᠶᠢᠭᠤᠯᠤᠯ ᠲᠣᠭᠲᠠᠴᠠ ᠶᠢ ᠪᠦᠷᠢᠨᠰᠢᠭᠦᠯᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠪᠠ ᠪᠤᠰᠤᠳ ᠡᠯ᠎ᠡ ᠲᠥᠷᠥᠯ ᠤᠨ ᠬᠢᠨᠠᠯᠲᠠ ᠶᠢ ᠣᠷᠭᠠᠨᠢᠭ ᠢᠶᠠᠷ ᠨᠡᠪᠲᠡᠷᠡᠯᠴᠡᠭᠦᠯᠬᠦ᠂ ᠬᠠᠷᠢᠯᠴᠠᠨ ᠵᠣᠬᠢᠴᠠᠭᠤᠯᠬᠤ ᠶᠢ ᠠᠬᠢᠭᠤᠯᠬᠤ ᠬᠡᠷᠡᠭᠲᠡᠶ᠃ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠪᠠᠶᠢᠭᠤᠯᠤᠮᠵᠢ ᠪᠣᠯᠤᠭᠰᠠᠨ ᠤ ᠬᠤᠪᠢ ᠳᠤ᠂ ᠲᠤᠰ ᠱᠠᠲᠤᠨ ᠤ ᠵᠠᠰᠠᠭ ᠤᠨ ᠣᠷᠳᠣᠨ ᠢ ᠲᠥᠯᠥᠭᠡᠯᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠪᠣᠳᠠᠲᠠᠶ ᠠᠵᠢᠯ ᠢ ᠡᠭᠦᠷᠭᠡᠯᠡᠨ᠎ᠡ᠃ ᠰᠢᠶᠠᠨ ᠤ ᠱᠠᠲᠤᠨ ᠠᠴᠠ ᠳᠡᠭᠡᠭᠰᠢᠬᠢ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠳ ᠲᠣᠰ ᠱᠠᠲᠤᠨ ᠤ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠵᠢᠯᠣᠭᠤᠳᠣᠯᠭ᠎ᠠ ᠳᠣᠤᠷ᠎ᠠ᠂ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠭᠤᠤᠯᠴᠢᠯᠠᠨ ᠬᠠᠮᠢᠶᠠᠷᠬᠤ ᠠᠵᠢᠯ ᠲᠥᠷᠥᠯ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠬᠠᠷᠢᠭᠤᠴᠠᠨ ᠵᠢᠯᠣᠭᠤᠳᠴᠤ ᠬᠢᠨᠠᠯᠲᠠ ᠲᠠᠯᠪᠢᠨ᠎ᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠬᠠᠤᠯᠢ ᠲᠦᠷᠢᠮ ᠤᠨ ᠰᠢᠰᠲ᠋ᠧᠮ ᠢ ᠲᠡᠭᠦᠯᠳᠡᠷᠵᠢᠭᠦᠯᠵᠦ᠂ ᠬᠠᠤᠯᠢ ᠲᠣᠭᠲᠠᠭᠠᠬᠤ ᠶᠢ ᠠᠬᠢᠭᠤᠯᠵᠤ᠂ ᠠᠵᠢᠯ ᠤᠨ ᠳᠦᠷᠢᠮ ᠢ ᠲᠡᠭᠦᠯᠳᠡᠷᠵᠢᠭᠦᠯᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠶᠢᠨ ᠵᠢᠷᠤᠮᠵᠢᠯ ᠢ ᠲᠡᠭᠦᠯᠳᠡᠷᠵᠢᠭᠦᠯᠵᠦ᠂ ᠬᠠᠮᠢᠶᠠᠷᠤᠯᠲᠠ ᠶᠢᠨ ᠳᠦᠷᠢᠮ ᠢ ᠪᠦᠷᠢᠨᠰᠢᠭᠦᠯᠬᠦ ᠬᠡᠷᠡᠭᠲᠡᠶ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠡᠭᠦᠷᠭᠡ ᠴᠢᠳᠠᠪᠤᠷᠢ ᠪᠠᠨ ᠴᠢᠩᠭ᠎ᠠ ᠭᠦᠢᠴᠡᠳᠬᠡᠵᠦ᠂ ᠪᠠᠶᠢᠩᠭᠤ ᠶᠢᠨ ᠴᠢᠨᠠᠷᠳᠠᠢ ᠬᠢᠨᠠᠯᠲᠠ ᠲᠠᠯᠪᠢᠬᠤ ᠶᠢ ᠥᠷᠨᠢᠭᠦᠯᠵᠦ᠂ ᠲᠤᠰᠬᠠᠶ ᠬᠢᠨᠠᠯᠲᠠ ᠲᠠᠯᠪᠢᠬᠤ ᠶᠢ ᠰᠠᠶᠢᠲᠤᠷ ᠠᠳᠬᠤᠵᠤ᠂ ᠠᠵᠢᠯ ᠤᠨ ᠬᠡᠷᠡᠭᠴᠡᠭᠡ ᠪᠠᠨ ᠦᠨᠳᠦᠰᠦᠯᠡᠨ ᠴᠢᠬᠤᠯᠠ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠦᠨᠳᠦᠰᠦᠯᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠪᠠᠶᠢᠴᠠᠭᠠᠯᠲᠠ ᠬᠢᠬᠦ ᠶᠢ ᠵᠣᠬᠢᠶᠠᠨ ᠪᠠᠶᠢᠭᠤᠯᠤᠨ ᠦᠷᠨᠢᠭᠦᠯᠦᠨ᠎ᠡ᠂ ᠠᠵᠤ ᠠᠬᠤᠶᠢᠯᠠᠯ ᠳᠤ ᠬᠤᠯᠪᠣᠭᠳᠠᠬᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠶᠡᠷᠦᠩᠬᠡᠶᠢᠯᠡᠨ ᠵᠣᠬᠢᠴᠠᠭᠤᠯᠬᠤ ᠶᠢ ᠴᠢᠩᠭᠠᠳᠬᠠᠵᠤ᠂ ᠬᠦᠷᠢᠶ᠎ᠡ ᠴᠠᠷᠠᠭ᠎ᠠ ᠂ ᠰᠠᠯᠠᠭ᠎ᠠ ᠮᠥᠴᠢᠷ ᠠᠯᠤᠰᠯᠠᠭᠰᠠᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠵᠢᠴᠢ ᠦᠨᠳᠦᠰᠦᠨ ᠱᠠᠲᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢᠨ ᠵᠢᠯᠣᠭᠤᠳᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠭᠰᠠᠨ ᠦᠷ᠎ᠡ ᠳ᠋ᠦᠩ ᠢ ᠭᠦᠢᠴᠡᠳ ᠬᠡᠷᠡᠭᠯᠡᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠠᠷᠭ᠎ᠠ ᠵᠠᠮ ᠢ ᠥᠷᠭᠡᠳᠬᠡᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠮᠡᠳᠡᠭᠡ ᠵᠠᠩᠭᠢ ᠰᠦᠪᠡᠭᠴᠢ ᠴᠤᠭᠯᠠᠭᠤᠯᠤᠨ ᠨᠢᠭᠡᠳᠦᠯᠲᠡᠶ ᠲᠥᠯᠥᠪᠯᠡᠬᠦ ᠶᠢ ᠴᠢᠩᠭᠠᠳᠬᠠᠬᠤ ᠬᠡᠷᠡᠭᠲᠡᠶ ᠭᠡᠵᠤ ᠱᠠᠭᠠᠷᠳᠠᠪᠠ᠃      ︽ᠰᠠᠨᠠᠯ︾ ᠳᠤ᠂ ᠠᠵᠢᠯ ᠤᠨ ᠪᠠᠲᠤᠯᠠᠭ᠎ᠠ ᠂ ᠵᠣᠬᠢᠶᠠᠨ ᠪᠠᠶᠢᠭᠤᠯᠤᠨ ᠬᠡᠷᠡᠭᠵᠢᠭᠦᠯᠬᠦ ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠪᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠶᠢᠨ ᠲᠣᠭᠠᠴᠢᠯᠠᠭᠰᠠᠨ ᠪᠠᠶᠢᠭᠤᠯᠤᠯᠲᠠ ᠶᠢ ᠠᠬᠢᠭᠤᠯᠵᠤ᠂ ᠰᠢᠮᠳᠠᠭᠤᠯᠤᠨ ᠨᠠᠶᠢᠳᠠᠪᠤᠷᠢᠵᠢᠭᠤᠯᠬᠤ ᠲᠣᠭᠲᠠᠴᠠ ᠶᠢ ᠪᠠᠶᠢᠭᠤᠯᠤᠨ᠂ ᠬᠠᠮᠵᠢᠯᠴᠠᠭ᠎ᠠ ᠪᠠᠨ ᠴᠢᠩᠭᠠᠳᠬᠠᠵᠤ᠂ ᠪᠠᠶᠢᠷᠢᠯᠠᠭᠤᠯᠤᠯᠲᠠ ᠲᠠᠢ᠂ ᠨᠠᠶᠢᠳᠠᠪᠤᠷᠢᠵᠢᠭᠤᠯᠤᠯᠲᠠ ᠶᠢ ᠴᠢᠬᠤᠯᠠᠴᠢᠯᠠᠵᠤ᠂ ᠦᠷ᠎ᠡ ᠪᠦᠲᠦᠮᠵᠢ ᠲᠠᠢ ᠪᠠᠶᠢᠬᠤ ᠶᠢ ᠪᠡᠶᠡᠯᠡᠭᠦᠯᠦᠨ᠎ᠡ᠃ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠬᠠᠤᠯᠢ ᠴᠠᠭᠠᠵᠠ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠰᠢᠮᠳᠠᠭᠤᠯᠤᠨ ᠵᠢᠯᠣᠭᠤᠳᠴᠤ ᠪᠠᠶᠢᠴᠠᠭᠠᠬᠤ ᠶᠢ ᠬᠢᠨᠠᠮᠠᠭᠠᠶ ᠥᠷᠨᠢᠭᠦᠯᠵᠦ᠂ ᠬᠤᠯᠪᠣᠭᠳᠠᠯ ᠪᠦᠬᠦᠢ ᠲᠤᠷᠰᠢᠯᠭ᠎ᠠ ᠠᠷᠭ᠎ᠠ ᠬᠢᠳᠡᠯ ᠢ ᠳᠡᠯᠭᠡᠷᠡᠭᠦᠯᠦᠨ᠂ ᠵᠤᠬᠢᠴᠠᠭᠤᠯᠤᠨ ᠰᠢᠢᠳᠪᠦᠷᠢᠯᠡᠬᠦ ᠶᠢ ᠠᠬᠢᠭᠤᠯᠬᠤ ᠠᠰᠠᠭᠤᠳᠠᠯ ᠢ ᠰᠤᠳᠤᠯᠤᠨ᠎ᠠ ᠭᠡᠵᠤ ᠴᠢᠬᠤᠯᠠᠴᠢᠯᠠᠪᠠ᠃     ᠢᠷᠡᠯᠳᠡ᠄  ᠰᠢᠨᠬᠤᠸᠠ ᠬᠤᠷᠢᠶ᠎ᠠ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1