ᠣᠶᠢᠷ᠎ᠠ ᠶᠢᠨ ᠵᠢᠯ ᠳᠤ ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠠᠴᠠ ᠪᠤᠯᠤᠭᠰᠠᠨ ᠭᠠᠯ ᠤᠨ ᠭᠠᠮᠰᠢᠭ | ᠲᠠᠰᠤᠷᠠᠯᠲᠠ ᠦᠭᠡᠶ ᠭᠠᠷᠴᠤ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢ ︽ᠠᠰᠠᠷ ᠲᠤ ᠤᠷᠤᠭᠤᠯᠬᠤ︾ | ᠠᠰᠠᠭᠤᠳᠠᠯ ᠨᠢ ᠨᠡᠶᠢᠭᠡᠮ ᠤᠨ ᠠᠩᠬᠠᠷᠤᠯ ᠤᠨ ᠲᠥᠪ ᠪᠣᠯᠵᠠᠶ᠃ | ᠭᠠᠯ ᠤᠨ ᠭᠠᠮᠰᠢᠭ ᠤᠨ ᠬᠤᠤᠷ ᠬᠥᠨᠥᠭᠡᠯ ᠢ ᠤᠷᠢᠳᠴᠢᠯᠠᠨ ᠰᠡᠷᠭᠡᠶᠢᠯᠡᠬᠦ ᠶᠢᠨ ᠲᠥᠯᠥᠭᠡ᠂ 2021 ᠣᠨ ᠤ | 8 ᠳ᠋ᠤᠭᠠᠷ ᠰᠠᠷ᠎ᠠ ᠶᠢᠨ 1 ᠤ ᠡᠳᠦᠷ ᠨᠡᠶᠢᠲᠡᠯᠡᠭᠰᠡᠨ ︽ᠠᠷᠠᠳ ᠤᠨ ᠬᠡᠷᠡᠭᠯᠡᠭᠡᠨ ᠤ ᠥᠨᠳᠥᠷ ᠪᠠᠷᠢᠯᠭ᠎ᠠ ᠶᠢᠨ ᠭᠠᠯ | ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠲᠣᠭᠲᠠᠭᠠᠯ︾ ᠳᠤ ᠠᠷᠠᠳ ᠤᠨ ᠬᠡᠷᠡᠭᠯᠡᠭᠡᠨ ᠤ ᠥᠨᠳᠥᠷ | ᠪᠠᠷᠢᠯᠭ᠎ᠠ ᠶᠢᠨ ᠨᠡᠶᠢᠲᠡ ᠶᠢᠨ ᠡᠭᠦᠳᠡᠨ ᠲᠢᠩᠬᠢᠮ᠂ ᠲᠠᠷᠬᠠᠭᠠᠬᠤ ᠵᠠᠮ᠂ ᠠᠰᠠᠷ ᠤᠨ ᠱᠠᠲᠤᠨ ᠤ ᠲᠠᠰᠤᠯᠭ᠎ᠠ᠂ ᠠᠮᠤᠷ | ᠲᠦᠪᠰᠢᠨ ᠭᠠᠷᠤᠴᠠ ᠳᠤ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠵᠣᠭᠰᠣᠭᠠᠬᠤ ᠪᠤᠶᠤ ᠴᠠᠬᠢᠯᠭᠠᠨ | ᠬᠥᠳᠡᠯᠭᠡᠭᠦᠷᠲᠦ ᠳᠤᠭᠤᠶ ᠲᠡᠷᠭᠡᠨ ᠳᠤ ᠴᠠᠬᠢᠯᠭᠠᠨ ᠴᠡᠨᠡᠭᠯᠡᠬᠦ ᠶᠢ ᠴᠠᠭᠠᠵᠠᠯᠠᠨ᠎ᠠ ᠭᠡᠵᠤ ᠲᠤᠳᠤᠷᠬᠠᠶᠢᠯᠠᠪᠠ᠃ | ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠲᠣᠭᠲᠠᠭᠠᠯ ᠠᠴᠠ ᠵᠥᠷᠢᠴᠡᠨ ᠴᠠᠬᠢᠯᠭᠠᠨ ᠴᠡᠨᠡᠭᠯᠡᠬᠦ ᠠᠴᠠ ᠪᠣᠯᠤᠭᠰᠠᠨ | ᠬᠤᠤᠷ ᠬᠥᠨᠥᠭᠡᠯ ᠨᠢ ᠬᠥᠮᠦᠨ ᠢ ᠰᠣᠴᠢᠭᠠᠮ᠎ᠠ ᠪᠣᠯᠪᠠᠴᠤ ᠵᠠᠷᠢᠮ ᠬᠥᠮᠦᠰ ᠥᠪᠡᠷ ᠤᠨ ᠲᠥᠬᠦᠮ ᠤᠨ ᠲᠥᠯᠥᠭᠡ ᠠᠮᠤᠷ | ᠲᠦᠪᠰᠢᠨ ᠤ ᠳᠠᠯᠳᠠ ᠬᠡᠮ ᠢ ᠬᠠᠶᠢᠬᠤᠷᠬᠤ ᠥᠬᠡᠶ ᠪᠠᠶᠢᠨ᠎ᠠ᠃ | ᠱᠠᠩᠬᠠᠢ ᠳᠤ ᠨᠢᠭᠡ ᠭᠠᠷᠠᠭ ᠤᠨ ᠳᠣᠲᠣᠷ᠎ᠠ 3 ᠤᠳᠠᠭ᠎ᠠ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡᠨ ᠤ | ᠭᠠᠯ ᠤᠨ ᠭᠠᠮᠰᠢᠭ ᠭᠠᠷᠴᠠᠢ᠂ ᠬᠡᠪᠡᠴᠤ ᠵᠠᠷᠢᠮ ᠬᠦᠮᠦᠨ ᠮᠦᠨ ᠯᠡ ᠠᠶᠤᠯᠲᠤ ᠵᠠᠮ ᠢᠶᠠᠷ ᠵᠠᠮᠨᠠᠵᠤ ᠪᠠᠶᠢᠨ᠎ᠠ | ᠤᠶᠢᠷ᠎ᠠ ᠶᠢᠨ ᠡᠳᠦᠷ ᠱᠠᠩᠬᠠᠢ ᠳᠤ ᠨᠢᠭᠡ ᠭᠠᠷᠠᠭ ᠤᠨ ᠳᠣᠲᠣᠷ᠎ᠠ ᠴᠠᠬᠢᠯᠭᠠᠨ ᠬᠥᠳᠡᠯᠭᠡᠭᠦᠷᠲᠦ ᠳᠤᠭᠤᠢ | ᠲᠡᠷᠭᠡᠨ ᠠᠴᠠ ᠪᠤᠯᠤᠭᠰᠠᠨ ᠭᠠᠯ ᠤᠨ ᠭᠠᠮᠰᠢᠭ 3 ᠤᠳᠠᠭ᠎ᠠ ᠭᠠᠷᠴᠤ᠂ ᠬᠠᠤᠯᠢ ᠶᠢ ᠵᠥᠷᠢᠴᠡᠭᠰᠡᠨ ᠬᠥᠮᠦᠰ ᠢ ᠪᠦᠷ | ᠲᠦᠷ ᠬᠤᠷᠢᠬᠤ ᠪᠠᠷ ᠰᠢᠢᠳᠭᠡᠪᠡ᠃ | ᠬᠡᠷᠡᠭ ᠲᠤ ᠬᠤᠯᠪᠣᠭᠳᠠᠭᠰᠠᠨ ᠰᠠᠭᠤᠭᠠᠯᠢ ᠠᠷᠠᠳ ᠤᠨ ᠲᠣᠭᠤᠷᠢᠭ ᠠᠴᠠ ᠣᠶᠢᠯᠠᠭᠠᠭᠰᠠᠨ ᠢᠶᠠᠷ᠂ ᠠᠯᠢ | ᠡᠷᠲᠡ 3 ᠵᠢᠯ ᠤᠨ ᠡᠮᠦᠨ᠎ᠡ᠂ ᠰᠠᠭᠤᠭᠠᠯᠢ ᠠᠷᠠᠳ ᠤᠨ ᠲᠣᠭᠤᠷᠢᠭ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢᠨ | ᠴᠠᠬᠢᠯᠭᠠᠨ ᠴᠡᠨᠡᠭᠯᠡᠬᠦ ᠳᠤ ᠬᠦᠴᠢᠷᠲᠡᠶ ᠪᠠᠶᠢᠬᠤ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ᠠᠰᠠᠷ ᠨᠢᠭᠡᠪᠦᠷᠢ ᠳᠤ | ᠨᠢᠭᠡ ᠮᠥᠷ ᠴᠠᠬᠢᠯᠭᠠᠨ ᠴᠡᠨᠡᠭᠯᠡᠬᠦ ᠲᠥᠬᠦᠭᠡᠷᠦᠮᠵᠢ ᠨᠡᠮᠡᠵᠡᠶ᠃ ᠥᠭᠡᠷᠡᠴᠢᠯᠡᠨ ᠪᠠᠶᠢᠭᠤᠯᠤᠭᠰᠠᠨ ᠤ ᠳᠠᠷᠠᠭ᠎ᠠ᠂ ᠴᠥᠭᠡᠨ | ᠪᠤᠰᠤ ᠰᠠᠭᠤᠭᠠᠯᠢ ᠠᠷᠠᠳ ᠡᠯ᠎ᠡ ᠵᠦᠢᠯ ᠤᠨ ᠰᠢᠯᠲᠠᠭᠠᠨ ᠠᠴᠠ ᠪᠣᠯᠵᠤ᠂ ᠴᠡᠨᠡᠭᠯᠡᠭᠦᠷ ᠢ ᠭᠡᠷ ᠲᠤ ᠪᠠᠨ ᠠᠪᠠᠴᠢᠵᠤ | ᠴᠠᠬᠢᠯᠭᠠᠨ ᠴᠡᠨᠡᠭᠯᠡᠳᠡᠭ᠃ | ᠬᠡᠷᠡᠭ ᠲᠤ ᠬᠤᠯᠪᠣᠭᠳᠠᠭᠰᠠᠨ ᠰᠠᠭᠤᠭᠠᠯᠢ ᠠᠷᠠᠳ ᠤᠨ ᠲᠣᠭᠤᠷᠢᠭ ᠤᠨ ᠡᠰᠡᠷᠭᠦ ᠲᠠᠯ᠎ᠠ ᠪᠣᠯ ᠶᠢᠨ ᠪᠠᠩ ᠵᠢᠶᠠ | ᠶᠤᠸᠠᠨ ᠪᠣᠯᠤᠨ᠎ᠠ᠂ ᠡᠨᠡ ᠪᠣᠯ ᠴᠠᠬᠢᠯᠭᠠᠨ ᠱᠠᠲᠤ ᠲᠠᠢ ᠵᠢᠵᠢᠭ ᠥᠨᠳᠥᠷ ᠪᠠᠷᠢᠯᠭ᠎ᠠ ᠪᠣᠯᠤᠨ᠎ᠠ᠂ ᠰᠠᠭᠤᠭᠠᠯᠢ | ᠠᠷᠠᠳ ᠤᠨ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠪᠠᠨ ᠠᠰᠠᠷ ᠤᠨ ᠬᠤᠩᠭᠢᠯ ᠳᠤ ᠲᠠᠯᠪᠢᠬᠤ ᠠᠴᠠ | ᠰᠡᠷᠭᠡᠢᠯᠡᠬᠦ ᠶᠢᠨ ᠲᠥᠯᠥᠭᠡ᠂ ᠴᠠᠬᠢᠯᠭᠠᠨ ᠱᠠᠲᠤᠨ ᠳᠤ ︽ᠡᠵᠡᠮᠳᠡᠬᠦ ᠰᠢᠰᠲ᠋ᠧᠮ︾ ᠨᠡᠮᠡᠵᠦ ᠤᠭᠰᠠᠷᠠᠵᠠᠢ᠂ ᠰᠠᠭᠤᠭᠠᠯᠢ | ᠠᠷᠠᠳ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠶᠢ ᠴᠠᠬᠢᠯᠭᠠᠨ ᠱᠠᠲᠤᠨ ᠳᠤ ᠲᠦᠯᠬᠢᠨ ᠤᠷᠤᠭᠤᠯᠪᠠᠯ ᠲᠠᠷᠤᠢ | ᠴᠠᠬᠢᠯᠭᠠᠨ ᠱᠠᠲᠤ ᠠᠵᠢᠯᠯᠠᠬᠤ ᠪᠠᠨ ᠵᠤᠭᠰᠤᠨ᠎ᠠ᠃ | ᠬᠡᠳᠦ᠋ᠢᠪᠡᠷ ︽ᠰᠢᠨᠵᠢᠯᠡᠭᠡ ᠮᠡᠷᠭᠡᠵᠢᠯ ᠤᠨ ᠴᠢᠳᠠᠪᠤᠷᠢ︾ ᠲᠠᠢ ᠪᠣᠯᠪᠠᠴᠤ᠂ ᠣᠨᠴᠠ ᠵᠠᠷᠢᠮ ᠰᠠᠭᠤᠭᠠᠯᠢ ᠠᠷᠠᠳ | ᠮᠦᠨ ᠯᠡ ︽ᠬᠢᠳᠤᠭᠠᠨ ᠢᠷ ᠲᠡᠭᠡᠷ᠎ᠡ ᠠᠯᠬᠤᠨ᠎ᠠ︾᠂ ᠵᠠᠷᠢᠮ ᠰᠠᠭᠤᠭᠠᠯᠢ ᠠᠷᠠᠳ ᠴᠠᠬᠢᠯᠭᠠᠨ ᠱᠠᠲᠤᠨ ᠳᠤ | ᠣᠷᠣᠬᠤ ᠳᠠᠭᠠᠨ ᠵᠣᠷᠢᠭᠤᠳᠠ ᠪᠣᠷᠣᠭᠠᠨ ᠤ ᠰᠢᠬᠦᠷ ᠢᠶᠠᠷ ᠲᠤᠷᠠᠨ ᠢ ᠬᠠᠯᠬᠠᠯᠠᠵᠤ᠂ ᠲᠤᠷᠠᠨᠳᠤᠭᠤᠷ ᠤᠨ ᠴᠠᠬᠢᠯᠭᠠᠨ | ᠬᠥᠳᠡᠯᠭᠡᠭᠦᠷᠲᠦ ᠳᠤᠭᠤᠶ ᠲᠡᠷᠭᠡ ᠶᠢ ᠣᠨᠣᠪᠴᠢᠲᠠᠶ ᠢᠯᠭᠠᠨ ᠲᠠᠨᠢᠬᠤ ᠠᠴᠠ ᠵᠠᠶᠢᠯᠠᠰᠬᠢᠪᠡ᠃ | ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠶᠢᠨ ᠴᠠᠬᠢᠯᠭᠠᠨ ᠴᠡᠨᠡᠭᠯᠡᠭᠦᠷ ᠤᠨ ᠬᠢᠷᠢ ᠲᠡᠩᠴᠡᠬᠦ ᠦᠭᠡᠢ | ᠨᠣᠷᠮ᠎ᠠ ᠨᠢ ᠣᠶᠢᠷ᠎ᠠ ᠶᠢᠨ ᠬᠡᠳᠦᠨ ᠵᠢᠯ ᠳᠤ ᠨᠡᠯᠢᠶᠡᠳ ᠥᠨᠳᠥᠷ ᠪᠣᠯᠵᠠᠢ᠃ | ᠮᠠᠨ ᠤ ᠤᠯᠤᠰ ᠪᠣᠯ ᠪᠦᠬᠦ ᠪᠥᠮᠪᠥᠷᠴᠡᠭ ᠤᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢ | ᠦᠢᠯᠡᠳᠪᠦᠷᠢᠯᠡᠬᠦ ᠪᠠ ᠬᠡᠷᠡᠭᠯᠡᠬᠦ ᠨᠢᠭᠡᠳᠦᠭᠡᠷ ᠲᠣᠮᠣ ᠤᠯᠤᠰ ᠪᠠᠶᠢᠵᠤ᠂ 4 ᠬᠥᠮᠦᠨ ᠪᠦᠷᠢ ᠳᠤ ᠨᠢᠭᠡ ᠴᠠᠬᠢᠯᠭᠠᠨ | ᠬᠥᠳᠡᠯᠭᠡᠭᠦᠷᠲᠦ ᠳᠤᠭᠤᠶ ᠲᠡᠷᠭᠡ ᠲᠠᠢ᠃ | ᠡᠭᠦᠨ ᠤ ᠬᠠᠮᠲᠤ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠠᠴᠠ ᠪᠤᠯᠤᠭᠰᠠᠨ ᠭᠠᠯ ᠤᠨ ᠠᠶᠤᠯ ᠤᠨ | ᠭᠠᠮᠰᠢᠭ ᠵᠢᠯ ᠳᠠᠷᠠᠭᠠᠯᠠᠨ ᠨᠡᠮᠡᠭᠳᠡᠵᠦ ᠪᠠᠶᠢᠨ᠎ᠠ᠃ ᠤᠯᠤᠰ ᠤᠨ ᠭᠠᠯ ᠤᠨᠲᠠᠷᠠᠭᠠᠵᠤ ᠠᠪᠤᠷᠠᠨ ᠲᠤᠰᠠᠯᠠᠬᠤ | ᠲᠣᠪᠴᠢᠶ᠎ᠠ ᠶᠢᠨ ᠪᠦᠷᠢᠳᠬᠡᠯ ᠢ ᠦᠨᠳᠦᠰᠦᠯᠡᠪᠡᠯ᠂ 2023 ᠣᠨ ᠳᠤ ᠪᠥᠬᠦ ᠤᠯᠤᠰ ᠲᠤ ᠴᠠᠬᠢᠯᠭᠠᠨ ᠬᠥᠳᠡᠯᠭᠡᠭᠦᠷᠲᠦ | ᠳᠤᠭᠤᠶ ᠲᠡᠷᠭᠡᠨ ᠤ ᠭᠠᠯ ᠤᠨ ᠠᠶᠤᠯ ᠢ ᠨᠡᠶᠢᠲᠡ 2.1 ᠲᠦᠮᠡᠨ ᠤᠳᠠᠭ᠎ᠠ ᠭᠥᠯᠢᠶᠡᠨ ᠠᠪᠴᠤ᠂ 2022 ᠣᠨ ᠲᠠᠢ | ᠬᠠᠷᠢᠴᠠᠭᠤᠯᠪᠠᠯ 17.4% ᠳᠡᠭᠡᠭᠰᠢᠯᠡᠪᠡ᠃ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠶᠢ ︽ᠠᠰᠠᠷ ᠲᠤ | ᠤᠷᠤᠭᠤᠯᠵᠤ︾ ᠴᠠᠬᠢᠯᠭᠠᠨ ᠴᠡᠨᠡᠭᠯᠡᠬᠦ ᠳᠤ ᠯᠤᠲᠤ ᠶᠡᠭᠡ ᠠᠮᠤᠷ ᠲᠦᠪᠰᠢᠨ ᠤ ᠳᠠᠯᠳᠠ ᠭᠡᠮ ᠤᠷᠤᠰᠢᠵᠤ ᠪᠠᠶᠢᠨ᠎ᠠ᠃ | ᠣᠢᠢᠯᠠᠭᠠᠬᠰᠠᠨ ᠢᠶᠠᠷ᠂ ᠣᠢᠢᠷ᠎ᠠ ᠶᠢᠨ ᠬᠡᠲᠣᠠ ᠵᠢᠯ ᠳᠤ ᠡᠯ᠎ᠠ ᠭᠠᠵᠠᠷ ᠤᠨ ᠭᠠᠯ ᠤᠨ ᠠᠲᠠᠯ ᠤᠨ 80% ᠨᠢ | ᠬᠡᠳᠦᠷᠡᠳᠡᠯ᠎ᠡ ᠴᠠᠭᠢᠯᠭᠠᠨ ᠴᠡᠨᠡᠭᠯᠡᠬᠦ ᠪᠤᠶᠤ ᠰᠦᠨᠢ ᠲᠤᠷᠰᠢ ᠴᠠᠭᠢᠯᠭᠠᠨ ᠴᠡᠨᠡᠭᠯᠡᠬᠦ ᠠᠴᠠ ᠪᠤᠯᠤᠭᠰᠠᠨ ᠶᠣᠮ᠃ | ᠬᠡᠷᠡᠭᠯᠡᠭᠴᠢᠳ ᠦᠪᠡᠷ ᠢᠶᠠᠨ ᠥᠭᠡᠷᠡᠴᠢᠯᠡᠨ ᠤᠭᠰᠠᠷᠠᠬᠤ᠂ ᠵᠣᠬᠢᠰ ᠥᠬᠡᠢ ᠴᠠᠭᠢᠯᠭᠠᠨ ᠴᠡᠨᠡᠭᠯᠡᠬᠦ ᠦᠢᠯᠡ | ᠠᠵᠢᠯᠯᠠᠭ᠎ᠠ ᠠᠴᠠ ᠭᠠᠳᠠᠨ᠎ᠠ᠂ ᠮᠠᠰᠢ ᠣᠯᠠᠨ ᠭᠠᠯ ᠤᠨ ᠠᠳᠡᠯ ᠨᠢ ᠦᠨᠡᠨ ᠳᠤ ᠪᠠᠨ ᠴᠠᠬᠢᠯᠭᠠᠨ ᠬᠥᠳᠡᠯᠭᠡᠭᠦᠷᠲᠦ | ᠳᠤᠭᠤᠢ ᠲᠡᠷᠭᠡᠨ ᠤ ᠴᠡᠨᠡᠭ ᠤᠨ ᠲᠤᠰ ᠪᠡᠶ᠎ᠡ ᠶᠢᠨ ᠶᠠᠰᠤ ᠴᠢᠨᠠᠷ ᠨᠢ ᠬᠢᠷᠢ ᠲᠡᠩᠴᠡᠬᠦ ᠦᠭᠡᠢ ᠠᠴᠠ ᠪᠣᠯᠤᠭᠰᠠᠨ ᠶᠤᠮ᠃ | | ᠴᠡᠨᠡᠭ ᠤᠨ ᠲᠤᠰ ᠪᠡᠶ᠎ᠡ ᠶᠢᠨ ᠶᠠᠰᠦ ᠴᠢᠨᠠᠷ ᠨᠢ ᠬᠢᠷᠢ ᠲᠡᠩᠴᠡᠬᠦ ᠦᠭᠡᠢ ᠠᠴᠠ ᠭᠠᠳᠠᠨ᠎ᠠ᠂ ᠴᠠᠬᠢᠯᠭᠠᠨ | ᠬᠥᠳᠡᠯᠭᠡᠭᠦᠷᠲᠦ ᠳᠤᠭᠤᠢ ᠲᠡᠷᠭᠡᠨ ᠤ ᠭᠠᠯ ᠤᠨ ᠠᠶᠤᠯ ᠡᠭᠦᠰᠬᠦ ᠪᠠᠰᠠ ᠨᠢᠭᠡ ᠴᠢᠬᠤᠯᠠ ᠰᠢᠯᠳᠠᠭᠠᠨ ᠨᠢ ᠳᠠᠷᠤᠢ | ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡᠨ ᠤ ᠴᠡᠨᠡᠭᠯᠡᠭᠦᠷ ᠪᠣᠯᠣᠨ᠎ᠠ᠃ ᠴᠠᠬᠢᠯᠭᠠᠨ ᠬᠥᠳᠡᠯᠭᠡᠭᠦᠷᠲᠦ ᠳᠤᠭᠤᠢ | ᠲᠡᠷᠭᠡᠨ ᠤ ᠠᠮᠦᠷ ᠲᠦᠪᠰᠢᠨ ᠳᠤ ᠬᠤᠯᠪᠤᠭᠳᠠᠬᠤ ᠴᠡᠨᠡᠭᠯᠡᠭᠦᠷ ᠤᠨ ᠬᠢᠷᠢ ᠲᠡᠩᠴᠡᠬᠦ ᠦᠭᠡᠶ ᠨᠣᠷᠮ᠎ᠠ ᠨᠢ ᠬᠠᠷᠢᠨ ᠮᠠᠰᠢ | ᠥᠨᠳᠥᠷ ᠶᠤᠮ᠃ | ᠤᠯᠤᠰ ᠤᠨ ᠬᠥᠩᠭᠡᠨ ᠬᠡᠯᠪᠡᠷᠢ ᠶᠢᠨ ᠴᠠᠬᠢᠯᠭᠠᠨ ᠬᠥᠳᠡᠯᠭᠡᠭᠦᠷᠲᠦ ᠲᠡᠷᠭᠡ ᠵᠢᠴᠢ ᠴᠡᠨᠡᠭ ᠤᠨ ᠦᠢᠯᠡᠳᠬᠦᠨ ᠤ | ᠶᠠᠰᠤ ᠴᠢᠨᠠᠷ ᠢ ᠰᠢᠯᠭᠠᠨ ᠪᠠᠶᠢᠴᠠᠭᠠᠬᠤ ᠲᠥᠪ ᠤᠨ ᠮᠡᠷᠭᠡᠵᠢᠯ ᠤᠨ ᠶᠡᠷᠦᠩᠬᠡᠢ ᠬᠢᠨᠠᠭᠴᠢ ᠶᠧ ᠵᠧᠨ ᠲᠤᠤ᠄ 2018 | ᠣᠨ ᠳᠤ ᠴᠡᠨᠡᠭᠯᠡᠭᠦᠷ ᠤᠨ ᠶᠠᠰᠤ ᠴᠢᠨᠠᠷ ᠢ ᠲᠡᠭᠡᠭᠰᠢᠯᠡᠭᠦᠯᠬᠦ ᠶᠢᠨ ᠲᠥᠯᠥᠭᠡ᠂ ᠤᠯᠤᠰ ᠠᠴᠠ ᠲᠠᠨᠢᠯᠴᠠᠭᠤᠯᠬᠤ | ᠴᠢᠨᠠᠷᠲᠠᠢ ᠪᠠᠷᠢᠮᠵᠢᠶ᠎ᠠ ᠶᠢ ᠲᠣᠭᠲᠠᠭᠠᠵᠠᠢ᠂ ᠭᠡᠪᠡᠴᠦ ᠣᠳᠣ ᠪᠣᠯᠲᠠᠯ᠎ᠠ ᠤᠯᠠᠩᠬᠢ ᠲᠤᠭᠠᠨ ᠤ ᠠᠵᠤ ᠠᠬᠤᠢᠯᠠᠯ ᠴᠥᠮ | ᠡᠨᠡ ᠬᠦ ᠪᠠᠷᠢᠮᠵᠢᠶ᠎ᠠ ᠶᠢ ᠬᠡᠷᠡᠭᠯᠡᠬᠦ ᠦᠭᠡᠢ ᠪᠠᠶᠢᠨ᠎ᠠ᠃ ᠭᠤᠣᠯ ᠰᠢᠯᠲᠠᠭᠠᠨ ᠨᠢ ᠡᠨᠡᠬᠦ ᠪᠠᠷᠢᠮᠵᠢᠶ᠎ᠠ ᠨᠢ ᠨᠡᠯᠢᠶᠡᠳ | ᠥᠨᠳᠥᠷ᠂ ᠪᠠᠷᠢᠮᠵᠢᠶ᠎ᠠ ᠳᠤ ᠬᠡᠲᠦᠷᠬᠡᠶ ᠴᠡᠨᠡᠭᠯᠡᠬᠦ ᠶᠢ ᠬᠠᠮᠠᠭᠠᠯᠠᠬᠤ᠂ ᠳᠤᠯᠠᠭᠠᠨ ᠭᠡᠳᠦᠷᠡᠬᠦ ᠶᠢ ᠬᠠᠮᠠᠭᠠᠯᠠᠬᠤ᠂ | ᠬᠠᠯᠠᠯᠳᠠ ᠶᠢᠨ ᠬᠢᠵᠠᠭᠠᠷᠯᠠᠯ ᠵᠡᠷᠭᠡ ᠶᠢ ᠱᠠᠭᠠᠷᠳᠠᠨ᠎ᠠ᠃ | ᠠᠯᠪᠠᠳᠠᠯᠭ᠎ᠠ ᠶᠢᠨ ᠴᠢᠨᠠᠷᠲᠠᠢ ᠪᠢᠰᠢ ᠪᠣᠯᠬᠤᠷ ᠴᠥᠭᠡᠨ ᠪᠤᠰᠤ ᠠᠵᠤ ᠠᠬᠤᠶᠢᠯᠠᠯ ᠡᠨᠡᠬᠦ ᠪᠠᠷᠢᠮᠵᠢᠶ᠎ᠠ ᠶᠢ | ᠰᠣᠩᠭᠤᠯᠲᠠ ᠶᠢᠨ ᠴᠢᠨᠠᠷ ᠲᠠᠢ ᠬᠠᠶᠠᠵᠠᠢ᠃ ᠡᠭᠦᠨ ᠤ ᠬᠠᠮᠲᠤ ᠬᠠᠭᠠᠰ ᠲᠣᠭᠠᠨ ᠠᠴᠠ ᠬᠡᠲᠦᠷᠡᠭᠰᠡᠨ ᠠᠵᠤ | ᠠᠬᠤᠶᠢᠯᠠᠯ ᠤᠨ ᠬᠡᠪᠴᠢᠶ᠎ᠡ ᠨᠢ ᠨᠡᠯᠢᠶᠡᠳ ᠪᠠᠭ᠎ᠠ᠂ ᠮᠡᠷᠭᠡᠵᠢᠯ ᠤᠨ ᠪᠣᠳᠠᠲᠤ ᠬᠦᠴᠦᠨ ᠪᠠ ᠵᠠᠬ᠎ᠠ ᠳᠡᠯᠭᠡᠭᠦᠷ ᠤᠨ | ᠪᠠᠶᠢᠷᠢ ᠲᠣᠭᠲᠠᠭᠠᠯᠲᠠ ᠨᠢ ᠦᠢᠯᠡᠳᠬᠦᠨ ᠤ ᠳᠣᠣᠷ᠎ᠠ ᠥᠪᠡᠷ ᠤᠨ ᠥᠷᠲᠡᠭ ᠤᠨ ᠣᠨᠴᠠᠯᠢᠭ ᠢ ᠲᠣᠭᠲᠠᠭᠠᠪᠠ᠃ | ᠨᠢᠭᠡ ᠪᠦᠯᠦᠭ ᠴᠠᠬᠢᠯᠭᠠᠨ ᠴᠡᠨᠡᠭᠯᠡᠭᠦᠷ ᠤᠨ ᠴᠠᠬᠢᠯᠭᠠᠨ ᠬᠡᠯᠬᠢᠶᠡᠨ ᠤ ᠬᠠᠪᠳᠠᠰᠤ᠂ ᠪᠦᠲᠦᠴᠡ ᠨᠢ ᠳᠥᠭᠦᠮ᠂ | ᠲᠣᠨᠤᠭ ᠲᠥᠬᠦᠭᠡᠷᠦᠮᠵᠢ ᠨᠢ ᠬᠠᠷᠢᠴᠠᠩᠭᠤᠢ ᠴᠥᠭᠡᠨ᠂ ᠬᠡᠪᠴᠢᠶ᠎ᠡ ᠨᠢ ᠨᠡᠯᠢᠶᠡᠳ ᠪᠠᠭ᠎ᠠ᠂ ᠳᠤᠯᠠᠭᠠᠨ ᠤ ᠡᠵᠡᠮᠳᠡᠭᠦᠷ | ᠦᠭᠡᠢ᠂ ᠨᠡᠩ ᠴᠤ ᠬᠡᠳᠦᠷᠬᠡᠢ ᠴᠠᠬᠢᠯᠭᠠᠨ ᠴᠡᠨᠡᠭᠯᠡᠬᠦ ᠪᠠ ᠬᠡᠳᠦ ᠳᠤᠯᠠᠭᠠᠨ ᠢ ᠬᠠᠮᠠᠭᠠᠯᠠᠬᠤ ᠪᠣᠳᠣᠯᠭ᠎ᠠ ᠶᠢᠨ ᠴᠢᠫ ᠤᠨ | ᠵᠢᠷᠤᠭ ᠲᠥᠯᠥᠪᠯᠡᠭᠡ ᠳᠤᠲᠠᠭᠳᠠᠵᠤ᠂ ᠥᠪᠡᠷ ᠤᠨ ᠥᠷᠲᠡᠭ ᠲᠤᠤᠷ᠎ᠠ᠂ ᠦᠢᠯᠡᠳᠪᠦᠷᠢ ᠠᠴᠠ ᠭᠠᠷᠬᠤ ᠦᠨ᠎ᠡ ᠨᠢ | 20 ᠲᠥᠭᠦᠷᠢᠭ ᠬᠦᠷᠬᠦ ᠦᠭᠡᠢ᠃ ᠡᠩ ᠤᠨ ᠪᠠᠢᠳᠠᠯ ᠳᠤ ᠠᠪᠴᠤ ᠬᠡᠯᠡᠪᠡᠯ᠂ ᠴᠠᠬᠢᠯᠭᠠᠨ ᠬᠥᠳᠡᠯᠭᠡᠭᠦᠷᠲᠦ ᠳᠤᠭᠤᠢ | ᠲᠡᠷᠭᠡᠨ ᠤ ᠴᠠᠬᠢᠯᠭᠠᠨ ᠴᠡᠨᠡᠭᠯᠡᠭᠦᠷ ᠨᠢ 3 ᠵᠢᠯ ᠣᠷᠴᠢᠮ ᠪᠤᠯᠪᠠᠯ ᠰᠣᠯᠢᠬᠤ ᠬᠡᠷᠡᠭᠲᠡᠢ᠂ ᠬᠠᠷᠢᠨ ᠨᠡᠯᠢᠶᠡᠳ ᠨᠢᠭᠡ | ᠬᠡᠰᠡᠭ ᠬᠡᠷᠡᠭᠯᠡᠭᠴᠢᠳ ᠳᠠᠬᠢᠨᠲᠠ ᠴᠠᠬᠢᠯᠭᠠᠨ ᠴᠡᠨᠡᠭᠯᠡᠭᠦᠷ ᠬᠤᠳᠠᠯᠳᠤᠨ ᠠᠪᠬᠤ ᠳᠤ ᠬᠠᠷᠢᠨ ᠳᠥᠭᠦᠮ ᠪᠤᠶᠤ | ᠦᠨ᠎ᠡ ᠨᠢ ᠬᠢᠮᠳᠠ ᠶᠢ ᠪᠤᠳᠤᠯᠬᠢᠯᠠᠵᠦ᠂ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠪᠣᠷᠣᠯᠠᠭᠤᠯᠬᠤ ᠳᠡᠯᠭᠡᠭᠦᠷ᠂ | ᠰᠡᠯᠪᠢᠨ ᠵᠠᠰᠠᠬᠤ ᠳᠡᠯᠭᠡᠭᠦᠷ ᠠᠴᠠ ᠬᠤᠳᠠᠯᠳᠤᠨ ᠠᠪᠬᠤ ᠪᠤᠶᠤ ᠰᠦᠯᠵᠢᠶᠡᠨ ᠲᠡᠭᠡᠷ᠎ᠡ ᠠᠴᠠ ᠬᠤᠳᠠᠯᠳᠤᠨ ᠠᠪᠳᠠᠭ᠃ | ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠰᠡᠯᠪᠢᠭ ᠲᠣᠨᠤᠭ ᠤᠨ ᠶᠠᠰᠤ ᠴᠢᠨᠠᠷ ᠨᠢ ᠰᠠᠶᠢᠨ ᠮᠠᠭᠤ | ᠠᠳᠠᠯᠢ ᠪᠤᠰᠤ ᠪᠣᠯᠬᠤᠷ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢ ︽ᠠᠰᠠᠷ ᠲᠤ ᠤᠷᠤᠭᠤᠯᠬᠤ︾ ᠦᠢᠯᠡ | ᠠᠵᠢᠯᠯᠠᠭ᠎ᠠ ᠨᠢ ᠨᠡᠩ ᠶᠡᠭᠡ ᠠᠶᠤᠯ ᠲᠦᠭᠰᠢᠭᠦᠷᠢ ᠪᠠ ᠬᠤᠤᠷ ᠬᠥᠨᠥᠭᠡᠯ ᠲᠠᠢ ᠪᠠᠶᠢᠳᠠᠭ᠃ | ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠶᠢ ︽ᠠᠰᠠᠷ ᠲᠤ ᠤᠷᠤᠭᠤᠯᠬᠤ︾ ᠶᠢ ᠶᠠᠭᠠᠬᠢᠭᠠᠳ | ᠬᠤᠷᠢᠭᠯᠠᠵᠤ ᠲᠡᠶᠢᠯᠬᠦ ᠦᠭᠡᠢ ᠪᠣᠢ︖ | ᠬᠡᠳᠦ᠋ᠢᠪᠡᠷ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠶᠢ ︽ᠠᠰᠠᠷ ᠲᠤ ᠤᠷᠤᠭᠤᠯᠬᠤ︾ ᠨᠢ ᠨᠡᠯᠢᠶᠡᠳ | ᠶᠡᠭᠡ ᠠᠮᠤᠷ ᠲᠦᠪᠰᠢᠨ ᠤ ᠳᠠᠯᠳᠠ ᠭᠡᠮ ᠤᠷᠤᠰᠢᠵᠦ ᠪᠠᠶᠢᠭ᠎ᠠ ᠪᠤᠯᠪᠠᠴᠦ ᠴᠠᠬᠢᠯᠭᠠᠨ ᠬᠥᠳᠡᠯᠭᠡᠭᠦᠷᠲᠦ ᠳᠤᠭᠤᠢ | ᠲᠡᠷᠭᠡ ᠶᠢ ︽ᠠᠰᠠᠷ ᠲᠤ ᠤᠷᠤᠭᠤᠯᠬᠤ︾ ᠦᠵᠡᠭᠳᠡᠯ ᠢ ᠬᠤᠷᠢᠭᠯᠠᠵᠤ ᠲᠡᠶᠢᠯᠬᠦ ᠦᠭᠡᠢ ᠪᠠᠶᠢᠨ᠎ᠠ᠃ | ᠪᠠᠶᠢᠴᠠᠭᠠᠯᠲᠠ ᠢᠶᠠᠷ᠂ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠶᠢ ︽ᠠᠰᠠᠷ ᠲᠤ ᠤᠷᠤᠭᠤᠯᠵᠤ︾ ᠪᠠᠶᠢᠭ᠎ᠠ | ᠠᠰᠠᠭᠤᠳᠠᠯ ᠤᠨ ᠰᠢᠯᠲᠠᠭᠠᠨ ᠨᠢ ᠣᠯᠠᠨ ᠵᠦᠢᠯ ᠪᠠᠶᠢᠳᠠᠭ᠃ | ᠰᠠᠭᠤᠭᠠᠯᠢ ᠠᠷᠠᠳ ᠤᠨ ᠲᠣᠭᠤᠷᠢᠭ ᠲᠤ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠲᠡᠷᠭᠡᠨ | ᠵᠣᠭᠰᠣᠭᠠᠯ ᠵᠢᠴᠢ ᠴᠠᠬᠢᠯᠭᠠᠨ ᠴᠡᠨᠡᠭᠯᠡᠬᠦ ᠪᠠᠭᠠᠨ᠎ᠠ ᠪᠠᠶᠢᠬᠤ ᠥᠬᠡᠶ᠂ ᠰᠠᠭᠤᠭᠠᠯᠢ ᠠᠷᠠᠳ ᠲᠡᠷᠭᠡ ᠵᠣᠭᠰᠣᠭᠠᠬᠤ | ᠭᠠᠵᠠᠷ ᠥᠬᠡᠶ᠂ ᠴᠠᠬᠢᠯᠭᠠᠨ ᠴᠡᠨᠡᠭᠯᠡᠬᠦ ᠭᠠᠵᠠᠷ ᠥᠬᠡᠶ︔ | ᠰᠠᠭᠤᠭᠠᠯᠢ ᠠᠷᠠᠳ ᠤᠨ ᠲᠣᠭᠤᠷᠢᠭ ᠨᠢ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠲᠡᠷᠭᠡ | ᠵᠣᠭᠰᠣᠭᠠᠬᠤ ᠰᠠᠷᠠᠪᠴᠢ ᠪᠠ ᠴᠠᠬᠢᠯᠭᠠᠨ ᠴᠡᠨᠡᠭᠯᠡᠬᠦ ᠪᠠᠭᠠᠨ᠎ᠠ ᠤᠭᠰᠠᠷᠠᠬᠤ ᠶᠠᠪᠤᠴᠠ ᠳᠤ᠂ ᠵᠠᠷᠢᠮ ᠰᠠᠭᠤᠭᠠᠯᠢ ᠠᠷᠠᠳ | ᠡᠰᠡᠷᠭᠦᠴᠡᠵᠦ᠂ ᠬᠠᠷᠰᠢ ᠰᠠᠭᠠᠳ ᠲᠤ ᠤᠴᠠᠷᠠᠭᠤᠯᠳᠠᠭ︔ | ᠰᠠᠭᠤᠭᠠᠯᠢ ᠠᠷᠠᠳ ᠤᠨ ᠲᠣᠭᠤᠷᠢᠭ ᠨᠢ ᠲᠡᠷᠭᠡ ᠵᠣᠭᠰᠣᠬᠤ ᠰᠠᠷᠠᠪᠴᠢ ᠵᠢᠴᠢ ᠴᠠᠬᠢᠯᠭᠠᠨ ᠴᠡᠨᠡᠭᠯᠡᠬᠦ ᠪᠠᠭᠠᠨ᠎ᠠ | ᠪᠠᠶᠢᠨ᠎ᠠ᠂ ᠭᠡᠪᠡᠴᠦ ᠲᠡᠷᠭᠡ ᠵᠣᠭᠰᠣᠭᠠᠬᠤ ᠵᠠᠷᠤᠳᠠᠯ ᠪᠠ ᠴᠠᠬᠢᠯᠭᠠᠨ ᠴᠡᠨᠡᠭᠯᠡᠬᠦ ᠵᠠᠷᠤᠳᠠᠯ ᠥᠨᠳᠥᠷ ᠪᠣᠯᠬᠤᠷ ᠰᠠᠭᠤᠭᠠᠯᠢ | ᠠᠷᠠᠳ ᠬᠡᠷᠡᠭᠯᠡᠬᠦ ᠳᠤᠷ᠎ᠠ ᠦᠭᠡᠢ᠃ | ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢ ︽ᠠᠰᠠᠷ ᠲᠤ ᠤᠷᠤᠭᠤᠯᠬᠤ︾ ᠶᠢ ᠴᠠᠭᠠᠵᠠᠯᠠᠵᠤ ᠴᠡᠭᠴᠡᠯᠡᠨ | ᠵᠠᠰᠠᠬᠤ ᠶᠠᠪᠤᠴᠠ ᠳᠤ ᠦᠨᠡᠨ ᠬᠦ ᠮᠠᠰᠢ ᠣᠯᠠᠨ ᠬᠦᠴᠢᠷᠳᠡᠯ ᠣᠷᠣᠰᠢᠵᠤ ᠪᠠᠶᠢᠨ᠎ᠠ᠂ ᠭᠡᠪᠡᠴᠦ ᠠᠷᠠᠳ ᠣᠯᠠᠨ ᠤ ᠠᠮᠢ | ᠨᠠᠰᠤ ᠪᠠ ᠡᠳ᠋ ᠬᠥᠷᠥᠩᠭᠡ ᠶᠢᠨ ᠠᠮᠤᠷ ᠲᠦᠪᠰᠢᠨ ᠤ ᠬᠤᠷᠢᠭ᠎ᠠ ᠱᠤᠭᠤᠮ ᠢ ᠬᠠᠮᠠᠭᠠᠯᠠᠬᠤ ᠶᠢᠨ ᠲᠥᠯᠥᠭᠡ᠂ ᠣᠯᠠᠨ | ᠰᠠᠯᠠᠭ᠎ᠠ ᠮᠥᠴᠢᠷ ᠬᠠᠮᠵᠢᠯᠴᠠᠨ ᠠᠰᠠᠭᠤᠳᠠᠯ ᠢ ᠰᠢᠢᠳᠪᠦᠷᠢᠯᠡᠬᠦ ᠪᠤᠯ ᠨᠢᠭᠡᠨᠲᠡ ᠠᠯᠭᠤᠷᠯᠠᠵᠤ ᠪᠣᠯᠤᠰᠢ ᠥᠬᠡᠶ ᠶᠠᠪᠤᠳᠠᠯ | ᠪᠣᠯᠵᠠᠶ᠃ | ᠴᠠᠬᠢᠯᠭᠠᠨ ᠬᠦᠳᠡᠯᠭᠡᠬᠦᠷᠲᠦ ᠳᠤᠭᠤᠢ ᠲᠡᠷᠭᠡᠨ ᠳᠤ ᠴᠠᠬᠢᠯᠭᠠᠨ ᠴᠡᠨᠡᠭᠯᠡᠬᠦ ᠳᠤ ᠳᠥᠭᠦᠮ᠂ ᠰᠠᠭᠤᠭᠠᠯᠢ | ᠠᠷᠠᠳ ᠢ ᠰᠠᠨᠠᠭ᠎ᠠ ᠠᠮᠤᠷ ᠪᠠᠶᠢᠯᠭᠠᠬᠤ ᠪᠣᠯ ᠵᠠᠩᠭᠢᠯᠠᠭ᠎ᠠ ᠪᠣᠯᠣᠨ᠎ᠠ | ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡᠨ ᠳᠤ ᠴᠠᠬᠢᠯᠭᠠᠨ ᠴᠡᠨᠡᠭᠯᠡᠬᠦ ᠨᠢ ᠰᠠᠭᠤᠭᠠᠯᠢ ᠠᠷᠠᠳ ᠲᠤ ᠠᠪᠴᠤ | ᠬᠡᠯᠡᠪᠡᠯ ᠵᠠᠶᠢᠯᠠᠰᠢ ᠦᠭᠡᠢ ᠬᠡᠷᠡᠭᠴᠡᠭᠡ ᠮᠥᠨ᠂ ᠬᠡᠷᠬᠢᠨ ᠰᠠᠭᠤᠭᠠᠯᠢ ᠠᠷᠠᠳ ᠢ ᠴᠠᠬᠢᠯᠭᠠᠨ ᠴᠡᠨᠡᠭᠯᠡᠬᠦ ᠳᠤ ᠲᠥᠬᠦᠮ ᠪᠠ | ᠰᠠᠨᠠᠭ᠎ᠠ ᠠᠮᠤᠷ ᠪᠠᠶᠢᠯᠭᠠᠬᠤ ᠪᠣᠯ ᠠᠰᠠᠭᠤᠳᠠᠯ ᠢ ᠰᠢᠢᠳᠪᠦᠷᠢᠯᠡᠬᠦ ᠶᠢᠨ ᠵᠠᠩᠭᠢᠯᠠᠭ᠎ᠠ ᠮᠥᠨ᠃ | ᠪᠤᠤ ᠳ᠋ᠢᠩ ᠬᠤᠲᠠ ᠶᠢᠨ ᠴᠢᠩ ᠶᠤᠸᠠᠨ ᠲᠣᠭᠤᠷᠢᠭ ᠤᠨ ᠶᠠᠩ ᠭᠤᠸᠠᠩ ᠣᠯᠠᠨ ᠤᠯᠤᠰ ᠤᠨ A | ᠲᠣᠭᠤᠷᠢᠭ᠂ ᠰᠠᠭᠤᠭᠠᠯᠢ ᠲᠣᠭᠤᠷᠢᠭ ᠤᠨ ᠪᠣᠳᠠᠲᠤ ᠪᠠᠶᠢᠳᠠᠯ ᠪᠣᠯᠤᠨ ᠰᠠᠭᠤᠭᠠᠯᠢ ᠠᠷᠠᠳ ᠤᠨ ᠡᠯ᠎ᠡ ᠵᠦᠢᠯ ᠤᠨ | ᠰᠠᠨᠠᠭᠠᠰᠢᠷᠠᠵᠤ ᠪᠠᠶᠢᠭ᠎ᠠ ᠠᠰᠠᠭᠤᠳᠠᠯ ᠲᠠᠢ ᠤᠶᠠᠯᠳᠤᠭᠤᠯᠤᠨ᠂ ᠲᠡᠷᠭᠡᠨ ᠰᠠᠷᠠᠪᠴᠢ ᠶᠢᠨ ᠪᠠᠭᠲᠠᠭᠠᠮᠵᠢ ᠶᠢᠨ | ᠲᠠᠯᠠᠪᠠᠢ ᠶᠢ ᠦᠷᠭᠡᠳᠭᠡᠵᠦ᠂ ᠴᠠᠬᠢᠯᠭᠠᠨ ᠴᠡᠨᠡᠭᠯᠡᠬᠦ ᠪᠠᠭᠠᠨ᠎ᠠ ᠶᠢᠨ ᠲᠤᠭ᠎ᠠ ᠶᠢ ᠨᠡᠮᠡᠭᠳᠡᠭᠦᠯᠦᠨ᠂ ᠬᠠᠮᠠᠭᠠᠯᠠᠯᠲᠠ | ᠬᠠᠮᠢᠶᠠᠷᠤᠯᠲᠠ ᠶᠢ ᠴᠢᠩᠭᠠᠳᠬᠠᠵᠤ᠂ ᠰᠠᠭᠤᠭᠠᠯᠢ ᠠᠷᠠᠳ ᠤᠨ ᠠᠩᠬᠠᠷᠴᠤ ᠪᠠᠶᠢᠭ᠎ᠠ ᠴᠠᠬᠢᠯᠭᠠᠨ ᠴᠡᠨᠡᠭᠯᠡᠬᠦ ᠦᠨ᠎ᠡ | ᠬᠠᠩᠰᠢ ᠶᠢ ᠢᠯᠡ ᠪᠠᠷ ᠨᠡᠶᠢᠳᠡᠯᠡᠪᠡ᠃ ᠡᠭᠦᠨ ᠤ ᠬᠠᠮᠲᠤ᠂ ᠰᠢᠨᠵᠢᠯᠡᠬᠦ ᠤᠬᠠᠭᠠᠨ ᠮᠡᠷᠭᠡᠵᠢᠯ ᠤᠨ ᠠᠷᠭ᠎ᠠ ᠪᠠᠷᠢᠯ ᠢ | ᠬᠡᠷᠡᠭᠯᠡᠨ᠂ ᠴᠠᠬᠢᠯᠭᠠᠨ ᠱᠠᠲᠤ ᠳᠤ ᠤᠷᠤᠭᠤᠯᠬᠤ ᠴᠠᠬᠢᠯᠭᠠᠨ ᠬᠥᠳᠡᠯᠭᠡᠭᠦᠷᠲᠦ ᠲᠡᠷᠭᠡ ᠶᠢ ᠢᠳᠬᠠᠨ ᠬᠤᠷᠢᠭᠯᠠᠪᠠ᠃ | ᠠᠷᠠᠳ ᠲᠤ ᠲᠥᠬᠦᠮ ᠦᠵᠡᠭᠦᠯᠬᠦ ᠪᠠ ᠬᠥᠲᠥᠯᠦᠨ ᠵᠢᠯᠣᠭᠤᠳᠬᠤ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠰᠠᠭᠤᠭᠠᠯᠢ | ᠠᠷᠠᠳ ᠤᠨ ᠲᠣᠭᠤᠷᠢᠭ ᠤᠨ 2500 ᠭᠠᠷᠤᠶ ᠡᠷᠦᠬᠡ ᠰᠠᠭᠤᠭᠠᠯᠢ ᠠᠷᠠᠳ ᠤᠨ ᠴᠠᠬᠢᠯᠭᠠᠨ ᠬᠥᠳᠡᠯᠭᠡᠭᠦᠷᠲᠦ ᠳᠤᠭᠤᠶ | ᠲᠡᠷᠭᠡ ᠵᠤᠰᠤᠭᠠᠬᠤ ᠪᠠ ᠴᠠᠬᠢᠯᠭᠠᠨ ᠴᠡᠨᠡᠭᠯᠡᠬᠦ ᠬᠡᠷᠡᠭᠴᠡᠭᠡ ᠶᠢ ᠭᠦᠢᠴᠡᠳ ᠬᠠᠩᠭᠠᠭᠰᠠᠨ ᠢᠶᠠᠷ ᠪᠠᠷᠠᠬᠤ ᠥᠬᠡᠶ᠂ | ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢ ︽ᠠᠰᠠᠷ ᠲᠤ ᠤᠷᠤᠭᠤᠯᠬᠤ︾ ᠠᠰᠠᠭᠤᠳᠠᠯ ᠢ ᠦᠨᠳᠦᠰᠦᠨ ᠳᠡᠭᠡᠨ | ᠰᠢᠢᠳᠪᠦᠷᠢᠯᠡᠪᠡ᠃ | ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠶᠢ ︽ᠠᠰᠠᠷ ᠲᠤ ᠤᠷᠤᠭᠤᠯᠬᠤ︾ ᠠᠴᠠ ᠪᠣᠯᠤᠭᠰᠠᠨ ᠠᠮᠤᠷ | ᠲᠦᠪᠰᠢᠨ ᠤ ᠠᠰᠠᠭᠤᠳᠠᠯ ᠨᠢ ᠲᠦᠭ ᠲᠦᠮᠡᠨ ᠡᠷᠦᠬᠡ ᠳᠤ ᠬᠤᠯᠪᠣᠭᠳᠠᠨ᠎ᠠ᠃ | ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠶᠢ ︽ᠠᠰᠠᠷ ᠲᠤ ᠤᠷᠤᠭᠤᠯᠬᠤ︾ ᠠᠴᠠ ᠪᠣᠯᠤᠭᠰᠠᠨ ᠠᠮᠤᠷ | ᠲᠦᠪᠰᠢᠨ ᠤ ᠬᠡᠮ ᠰᠣᠭᠤᠭ ᠢ ᠠᠷᠢᠯᠭᠠᠬᠤ ᠶᠢᠨ ᠲᠥᠯᠥᠭᠡ᠂ 4 ᠳ᠋ᠤᠭᠡᠷ ᠰᠠᠷ᠎ᠠ ᠶᠢᠨ 14 ᠤ ᠡᠳᠦᠷ᠂ ᠾᠧᠪᠸᠢ | ᠮᠤᠵᠢ ︽ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢ ︽ᠠᠰᠠᠷ ᠲᠤ ᠤᠷᠤᠭᠤᠯᠬᠤ︾ ᠶᠢ ᠰᠡᠷᠭᠡᠶᠢᠯᠡᠬᠦ | ᠠᠵᠢᠯ ᠤᠨ ᠲᠥᠰᠦᠯ︾ ᠢ ᠳᠠᠷᠤᠮᠠᠯᠯᠠᠨ ᠲᠠᠷᠬᠠᠭᠠᠵᠠᠢ᠂ 2024 ᠣᠨ ᠤ 4 ᠳ᠋ᠤᠭᠡᠷ ᠰᠠᠷ᠎ᠠ ᠶᠢᠨ 16 ᠤ | ᠡᠳᠦᠷ ᠠᠴᠠ 4 ᠳ᠋ᠤᠭᠡᠷ ᠰᠠᠷ᠎ᠠ ᠶᠢᠨ 30 ᠤ ᠡᠳᠦᠷ ᠪᠣᠯᠲᠠᠯ᠎ᠠ ᠢᠳᠬᠠᠨ ᠬᠤᠷᠢᠭᠯᠠᠵᠤ ᠵᠢᠭᠰᠠᠭᠠᠨ ᠪᠠᠶᠢᠴᠠᠭᠠᠬᠤ | ᠱᠠᠲᠤ᠂ 5 ᠳ᠋ᠤᠭᠠᠷ ᠰᠠᠷ᠎ᠠ ᠶᠢᠨ 1 ᠤ ᠡᠳᠦᠷ ᠠᠴᠠ 11ᠳ᠋ᠤᠭᠡᠷ ᠰᠠᠷ᠎ᠠ ᠶᠢᠨ 30 ᠤ ᠡᠳᠦᠷ ᠪᠣᠯᠲᠠᠯ᠎ᠠ ᠴᠡᠭᠴᠡᠯᠡᠨ | ᠵᠠᠰᠠᠬᠤ ᠶᠢ ᠠᠬᠢᠭᠤᠯᠬᠤ ᠱᠠᠲᠤ᠂ 12 ᠳ᠋ᠤᠭᠠᠷ ᠰᠠᠷ᠎ᠠ ᠶᠢᠨ 1 ᠤ ᠡᠳᠦᠷ ᠠᠴᠠ ᠬᠤᠶᠢᠰᠢ ᠣᠷᠳᠣ ᠬᠤᠭᠤᠴᠠᠭᠠᠨ ᠤ | ᠪᠦᠲᠦᠮᠵᠢᠲᠡᠶ ᠬᠠᠮᠢᠶᠠᠷᠤᠯᠲᠠ ᠶᠢᠨ ᠱᠠᠲᠤ ᠪᠣᠯᠤᠨ᠎ᠠ ᠭᠡᠵᠦ ᠲᠣᠳᠣᠷᠬᠠᠶ ᠳᠤᠷᠠᠳᠤᠨ ᠭᠠᠷᠭᠠᠪᠠ᠃ ᠡᠨᠡ ᠠᠵᠢᠯ ᠢ | ᠾᠧᠪᠸᠢ ᠶᠢᠨ ᠪᠦᠬᠦ ᠮᠤᠵᠢ ᠶᠢᠨ ᠬᠡᠪᠴᠢᠶᠡᠨ ᠳᠤ ᠥᠷᠨᠢᠭᠦᠯᠵᠦ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢ ︽ | ᠠᠰᠠᠷ ᠲᠤ ᠤᠷᠤᠭᠤᠯᠬᠤ︾ ᠠᠰᠠᠭᠤᠳᠠᠯ ᠢ ᠦᠨᠳᠦᠰᠦᠨ ᠠᠴᠠ ᠨᠢ ᠵᠠᠰᠠᠬᠤ ᠪᠣᠯᠤᠨ᠎ᠠ᠃ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠲᠣᠰ ᠭᠠᠷᠠᠭ ᠲᠤ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶᠡᠨ ᠳᠠᠬᠢ ᠠᠶᠤᠯᠭᠦᠶ ᠦᠢᠯᠡᠳᠪᠦᠷᠢᠯᠡᠯ ᠤᠨ ᠲᠤᠰᠬᠠᠶ ᠴᠡᠭᠴᠡᠯᠡᠨ | ᠵᠠᠰᠠᠯᠲᠠ ᠶᠢᠨ ᠠᠵᠢᠯ ᠢ ᠡᠬᠢᠯᠡᠭᠦᠯᠦᠨ᠎ᠡ᠂ ᠡᠯ᠎ᠡ ᠭᠠᠵᠠᠷ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠰᠠᠯᠠᠭ᠎ᠠ ᠮᠥᠴᠢᠷ ᠤᠨ ᠬᠢᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠮᠤᠷ ᠲᠦᠪᠰᠢᠨ ᠤ ᠬᠡᠮ ᠰᠣᠭᠤᠭ ᠢ | ᠪᠥᠬᠦ ᠬᠡᠯᠬᠢᠶ᠎ᠡ ᠪᠠᠷ ᠴᠡᠭᠴᠡᠯᠡᠨ ᠵᠠᠰᠠᠬᠤ ᠶᠢ ᠭᠦᠨᠵᠡᠭᠡᠶ ᠥᠷᠨᠢᠭᠦᠯᠵᠦ᠂ ᠪᠠᠷᠢᠮᠵᠢᠶ᠎ᠠ ᠶᠢᠨ ᠰᠢᠰᠲ᠋ᠧᠮ ᠢ ᠪᠦᠷᠢᠨᠰᠢᠬᠦᠯᠤᠨ | ᠂ ᠭᠡᠷᠡᠴᠢᠯᠡᠭᠡ ᠶᠢᠨ ᠬᠠᠮᠢᠶᠠᠷᠤᠯᠲᠠ ᠶᠢ ᠴᠢᠩᠭᠠᠳᠬᠠᠵᠤ᠂ ᠴᠠᠬᠢᠯᠭᠠᠨ ᠴᠡᠨᠡᠭᠯᠡᠬᠦ ᠵᠠᠷᠤᠳᠠᠯ ᠢ ᠵᠢᠷᠤᠮᠵᠢᠭᠤᠯᠤᠨ᠂ | ᠦᠢᠯᠡᠳᠪᠦᠷᠢᠯᠡᠯ ᠤᠨ ᠠᠵᠤ ᠠᠬᠤᠶᠢᠯᠠᠯ ᠤᠨ ᠶᠠᠰᠤ ᠴᠢᠨᠠᠷ ᠤᠨ ᠬᠠᠮᠢᠶᠠᠷᠤᠯᠲᠠ ᠡᠵᠡᠮᠳᠡᠯ ᠢ ᠴᠢᠩᠳᠠᠯᠠᠵᠤ᠂ ᠴᠠᠬᠢᠯᠭᠠᠨ | ᠬᠥᠳᠡᠯᠭᠡᠭᠦᠷᠲᠦ ᠳᠤᠭᠤᠶ ᠲᠡᠷᠭᠡᠨ ᠤ ᠡᠯ᠎ᠡ ᠭᠤᠭᠴᠤᠭ᠎ᠠ ᠶᠢᠨ ᠠᠮᠤᠷ ᠲᠦᠪᠰᠢᠨ ᠤ ᠬᠢᠷᠢ ᠲᠦᠪᠰᠢᠨ ᠢ ᠪᠥᠬᠦ | ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ ᠭᠡᠵᠦ ᠱᠠᠭᠠᠷᠳᠠᠪᠠ᠃ | ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠶᠢ ︽ᠠᠰᠠᠷ ᠲᠤ ᠤᠷᠤᠭᠤᠯᠬᠤ︾ ᠬᠦᠴᠢᠷ ᠠᠰᠠᠭᠤᠳᠠᠯ ᠢ | ᠣᠯᠠᠨ ᠲᠠᠯ᠎ᠠ ᠪᠠᠷ ᠵᠡᠷᠭᠡ ᠪᠠᠷ ᠵᠠᠰᠠᠬᠤ ᠬᠡᠷᠡᠭᠲᠡᠢ᠃ | ᠡᠩ ᠲᠡᠷᠢᠭᠦᠨ ᠳᠤ᠂ ᠴᠡᠨᠡᠭ ᠤᠨ ᠦᠢᠯᠡᠳᠪᠦᠷᠢᠯᠡᠯ ᠤᠨ ᠠᠯᠪᠠᠳᠠᠯᠭ᠎ᠠ ᠶᠢᠨ ᠴᠢᠨᠠᠷᠲᠠᠢ ᠪᠠᠷᠢᠮᠵᠢᠶ᠎ᠠ ᠶᠢ ᠰᠡᠳᠦᠪ | ᠲᠤᠭᠳᠠᠭᠠᠨ ᠲᠦᠷᠭᠡᠨ ᠨᠡᠶᠢᠲᠡᠯᠡᠵᠦ᠂ ᠲᠡᠳᠡᠭᠡᠷ ᠶᠠᠰᠤ ᠴᠢᠨᠠᠷ ᠤᠨ ᠠᠮᠤᠷ ᠲᠦᠪᠰᠢᠨ ᠢ ᠴᠢᠬᠤᠯᠠᠴᠢᠯᠠᠬᠤ ᠦᠭᠡᠢ | ᠠᠵᠤ ᠠᠬᠤᠶᠢᠯᠠᠯ ᠳᠤ ᠵᠠᠪᠰᠢᠶᠠᠨ ᠦᠭᠴᠦ ᠪᠤᠯᠬᠤ ᠦᠭᠡᠢ᠃ | ᠳᠠᠷᠠᠭᠠᠯᠠᠪᠠᠯ᠂ ᠬᠡᠷᠡᠭᠯᠡᠭᠴᠢᠳ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢᠨ ᠬᠡᠷᠡᠭᠯᠡᠬᠦ ᠠᠷᠭ᠎ᠠ ᠶᠢ | ᠴᠢᠩᠭ᠎ᠠ ᠵᠢᠷᠤᠮᠯᠠᠵᠤ᠂ ᠲᠣᠭᠲᠠᠭᠠᠯ ᠠᠴᠠ ᠵᠥᠷᠢᠴᠡᠨ ᠥᠭᠡᠷᠡᠴᠢᠯᠡᠨ ᠤᠭᠰᠠᠷᠠᠵᠤ ᠪᠣᠯᠬᠤ ᠥᠬᠡᠶ᠂ ︽ᠠᠰᠠᠷ ᠲᠤ | ᠤᠷᠤᠭᠤᠯᠵᠤ︾ ᠴᠠᠬᠢᠯᠭᠠᠨ ᠴᠡᠨᠡᠭᠯᠡᠵᠦ ᠪᠤᠯᠬᠤ ᠦᠭᠡᠢ᠂ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠨ ᠰᠢᠯᠭᠠᠬᠤ | ᠬᠡᠷᠡᠭᠲᠡᠶ᠃ | ᠡᠭᠦᠨ ᠠᠴᠠ ᠭᠠᠳᠠᠨ᠎ᠠ᠂ ᠰᠠᠭᠤᠭᠠᠯᠢ ᠠᠷᠠᠳ ᠤᠨ ᠲᠣᠭᠤᠷᠢᠭ ᠴᠤ ᠬᠠᠲᠠᠭᠤ ᠲᠥᠬᠦᠭᠡᠷᠦᠮᠵᠢ ᠪᠠᠨ | ᠲᠡᠭᠦᠯᠳᠡᠷᠵᠢᠭᠦᠯᠵᠦ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠵᠤᠭᠰᠤᠭᠠᠯ ᠤᠨ ᠲᠠᠯᠠᠪᠠᠢ ᠶᠢ ᠨᠡᠮᠡᠭᠳᠡᠭᠦᠯᠵᠦ᠂ | ᠴᠠᠬᠢᠯᠭᠠᠨ ᠴᠡᠨᠡᠭᠯᠡᠬᠦ ᠬᠤᠯᠠᠭᠠᠶᠢᠴᠢ ᠶᠢ ᠰᠡᠷᠭᠡᠶᠢᠯᠡᠬᠦ ᠪᠡᠯᠡᠳᠬᠡᠮᠵᠢ ᠲᠣᠬᠢᠷᠠᠭᠤᠯᠵᠤ᠂ ᠬᠠᠤᠯᠢ ᠶᠣᠰᠣᠭᠠᠷ ᠵᠦᠶ | ᠵᠣᠬᠢᠰᠲᠠᠶ ᠰᠦᠢᠳᠬᠡᠯ ᠬᠤᠷᠢᠶᠠᠬᠤ ᠵᠡᠷᠭᠡ ᠠᠷᠭ᠎ᠠ ᠮᠠᠶ᠋ᠢᠭ ᠢᠶᠠᠷ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢ | ᠠᠰᠠᠷ ᠲᠤ ᠤᠷᠤᠭᠤᠯᠬᠤ ᠶᠢ ᠬᠤᠷᠢᠭᠯᠠᠨ᠎ᠠ᠃ | ᠶᠡᠷᠦᠩᠬᠡᠶᠢᠯᠡᠪᠡᠯ᠂ ᠭᠠᠭᠴᠠ ᠬᠦ ᠤᠯᠠᠨ ᠲᠠᠯ᠎ᠠ ᠶᠢᠨ ᠬᠢᠨ ᠬᠠᠮᠵᠢᠯᠴᠠᠨ ᠴᠢᠷᠮᠠᠶᠢᠪᠠᠯ ᠰᠠᠶ᠋ᠢ ᠴᠠᠬᠢᠯᠭᠠᠨ | ᠬᠥᠳᠡᠯᠭᠡᠭᠦᠷᠲᠦ ᠳᠤᠭᠤᠶ ᠲᠡᠷᠭᠡ ᠶᠢ ︽ᠠᠰᠠᠷ ᠲᠤ ᠤᠷᠤᠭᠤᠯᠬᠤ︾ ᠶᠢᠨ ᠠᠷᠬᠠᠭ ᠭᠡᠮ ᠢ ᠦᠨᠳᠦᠰᠦᠨ ᠠᠴᠠ ᠨᠢ | ᠵᠠᠰᠠᠵᠤ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠰᠠᠬᠢᠵᠤ ᠴᠢᠳᠠᠨ᠎ᠠ᠃ | | ᠢᠷᠡᠯᠲᠡ᠄ ᠲᠥᠪ ᠲᠧᠯᠸᠢᠰ ᠤᠨ ᠰᠣᠨᠢᠨ ᠮᠡᠳᠡᠭᠡ | |