ᠬᠤᠲᠠ ᠶᠢᠨ ᠶᠠᠪᠤᠳᠠᠯ ᠤᠨ ᠲᠥᠬᠦᠭᠡᠷᠦᠮᠵᠢ ᠶᠢᠨ ᠨᠡᠶᠢᠳᠡᠮ ᠪᠠᠶᠢᠴᠠᠭᠠᠯᠲᠠ ᠳᠤ ︽ᠦᠷ᠎ᠡ ᠳ᠋ᠦᠩ︾ ᠬᠥᠭᠡᠭᠡᠴᠡᠯᠳᠦᠬᠦ ᠮᠦᠷᠳᠡᠭᠡᠨ ︽ᠦᠷ᠎ᠡ ᠪᠦᠲᠦᠮᠵᠢ︾ ᠶᠢ ᠴᠢᠬᠤᠯᠠᠴᠢᠯᠠᠬᠤ ᠬᠡᠷᠡᠭᠳᠡᠢ
ᠨᠡᠶᠢᠲᠡᠯᠡᠭᠰᠡᠨ ᠴᠠᠭ᠄
2024/5/17
      ᠮᠡᠳᠡᠭᠦᠯᠦᠯᠲᠡ ᠶᠢ ᠦᠨᠳᠦᠰᠦᠯᠡᠪᠡᠯ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠣᠨᠢᠨ ᠮᠡᠳᠡᠭᠡᠨ ᠤ ᠠᠯᠪᠠᠨ ᠭᠡᠷ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ ᠬᠤᠷᠠᠯ ᠳᠡᠭᠡᠷ᠎ᠡ ᠠᠩᠬᠠᠳᠤᠭᠠᠷ ᠤᠳᠠᠭᠠᠨ ᠤ ᠪᠦᠬᠦ ᠤᠯᠤᠰ ᠤᠨ ᠪᠠᠶᠢᠭᠠᠯᠢ ᠶᠢᠨ ᠭᠠᠮᠰᠢᠭ ᠤᠨ ᠶᠡᠷᠦᠩᠬᠡᠶᠢᠯᠡᠭᠰᠡᠨ ᠲᠦᠭᠰᠢᠭᠦᠷᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠵᠠᠢ᠂ ᠪᠠᠶᠢᠴᠠᠭᠠᠯᠲᠠ ᠶᠢᠨ ᠦᠷ᠎ᠡ ᠪᠦᠲᠦᠭᠡᠯ ᠤᠨ ᠲᠠᠯ᠎ᠠ ᠪᠠᠷ᠂ ᠪᠦᠬᠦ ᠤᠯᠤᠰ ᠤᠨ ᠭᠡᠷ ᠪᠠᠶᠢᠰᠢᠩ ᠤᠨ ᠪᠠᠷᠢᠯᠭ᠎ᠠ ᠪᠣᠯᠤᠨ ᠬᠤᠲᠠ ᠶᠢᠨ ᠶᠠᠪᠤᠳᠠᠯ ᠤᠨ ᠲᠥᠬᠦᠭᠡᠷᠦᠮᠵᠢ ᠶᠢᠨ ︽ᠪᠠᠶᠢᠳᠠᠯ︾ ᠢ ᠠᠩᠬ᠎ᠠ ᠤᠳᠠᠭ᠎ᠠ ᠪᠦᠬᠦ ᠲᠠᠯ᠎ᠠ ᠪᠠᠷ ᠲᠣᠳᠣᠷᠬᠠᠶ ᠣᠶᠢᠯᠠᠭᠠᠵᠠᠶ᠃      ᠨᠡᠶᠢᠳᠡᠮ ᠪᠠᠶᠢᠴᠠᠭᠠᠯᠲᠠ ᠪᠣᠯ ᠬᠤᠲᠠ ᠶᠢᠨ ᠶᠠᠪᠤᠳᠠᠯ ᠤᠨ ᠲᠥᠬᠦᠭᠡᠷᠦᠮᠵᠢ ᠶᠢᠨ ᠪᠠᠶᠢᠳᠠᠯ ᠢ ᠪᠦᠬᠦ ᠲᠠᠯ᠎ᠠ ᠶᠢᠨ ᠤᠶᠢᠯᠠᠭᠠᠬᠤ ᠶᠠᠪᠤᠳᠠᠯ ᠪᠣᠯᠤᠨ᠎ᠠ᠃ ᠨᠡᠶᠢᠳᠡᠮ ᠪᠠᠶᠢᠴᠠᠭᠠᠯᠲᠠ ᠪᠠᠷ ᠳᠠᠮᠵᠢᠨ᠂ ᠬᠤᠲᠠ ᠶᠢᠨ ᠤᠰᠤ ᠬᠠᠩᠭᠠᠬᠤ᠂ ᠤᠰᠤ ᠭᠠᠳᠠᠭᠰᠢᠯᠠᠭᠤᠯᠬᠤ᠂ ᠵᠠᠮ᠂ ᠬᠥᠭᠦᠷᠭᠡ᠂ ᠴᠡᠴᠡᠷᠯᠢᠭ ᠤᠨ ᠨᠤᠭᠤᠭᠠᠷᠠᠭᠤᠯᠤᠯᠳᠠ ᠵᠡᠷᠭᠡ ᠡᠯ᠎ᠡ ᠲᠥᠷᠥᠯ ᠤᠨ ᠬᠤᠲᠠ ᠶᠢᠨ ᠶᠠᠪᠤᠳᠠᠯ ᠤᠨ ᠲᠥᠬᠦᠭᠡᠷᠦᠮᠵᠢ ᠶᠢᠨ ᠣᠳᠣᠬᠢ ᠪᠠᠶᠢᠳᠠᠯ ᠢ ᠲᠣᠳᠣᠷᠬᠠᠶ ᠣᠶᠢᠯᠠᠭᠠᠵᠤ᠂ ᠪᠢᠳᠡᠨ ᠳᠤ ᠬᠤᠲᠠ ᠶᠢᠨ ᠲᠥᠯᠥᠪᠵᠢᠭᠦᠯᠭᠡ᠂ ᠪᠥᠲᠥᠭᠡᠨ ᠪᠠᠶᠢᠭᠤᠯᠤᠯᠲᠠ ᠪᠠ ᠬᠠᠮᠢᠶᠠᠷᠤᠯᠲᠠ ᠳᠤ ᠨᠠᠷᠢᠨ ᠪᠣᠳᠠᠲᠠᠶ ᠲᠤᠭ᠎ᠠ ᠪᠠᠷᠢᠮᠲᠠ ᠶᠢᠨ ᠲᠤᠯᠭᠠᠭᠤᠷᠢᠯᠠᠯ ᠬᠠᠩᠭᠠᠵᠤ ᠦᠭᠪᠡ᠃ ᠡᠨᠡᠬᠦ ᠲᠤᠭ᠎ᠠ ᠪᠠᠷᠢᠮᠲᠠ ᠲᠠᠢ ᠬᠠᠮᠢᠶᠠᠷᠤᠯᠲᠠ ᠶᠢᠨ ᠠᠷᠭ᠎ᠠ ᠮᠠᠶ᠋ᠢᠭ ᠨᠢ ᠬᠤᠲᠠ ᠶᠢᠨ ᠬᠠᠮᠢᠶᠠᠷᠤᠯᠲᠠ ᠶᠢᠨ ᠰᠢᠨᠵᠢᠯᠡᠬᠦ ᠤᠬᠠᠭᠠᠨᠴᠢᠯᠠᠯᠲᠠ᠂ ᠨᠠᠷᠢᠯᠢᠭᠵᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠬᠤᠲᠠ ᠶᠢᠨ ᠶᠠᠪᠤᠳᠠᠯ ᠤᠨ ᠲᠥᠬᠦᠭᠡᠷᠦᠮᠵᠢ ᠶᠢᠨ ᠲᠣᠭᠲᠠᠭᠤᠨ ᠢᠶᠠᠷ ᠠᠵᠢᠯᠯᠠᠬᠤ ᠶᠢ ᠪᠠᠲᠤᠯᠠᠬᠤ ᠳᠤ ᠠᠰᠢᠭᠲᠠᠢ ᠶᠤᠮ᠃      ᠬᠤᠳᠠ ᠶᠢᠨ ᠶᠠᠪᠤᠳᠠᠯ ᠤᠨ ᠲᠥᠬᠦᠭᠡᠷᠦᠮᠵᠢ ᠪᠣᠯ ᠬᠤᠳᠠ ᠶᠢᠨ ᠬᠥᠭᠵᠢᠯᠲᠡ ᠶᠢᠨ ᠰᠠᠭᠤᠷᠢ ᠪᠠ ᠪᠠᠲᠤᠯᠠᠭ᠎ᠠ ᠮᠥᠨ᠂ ᠨᠡᠩ ᠴᠤ ᠪᠠᠶᠢᠭᠠᠯᠢ ᠶᠢᠨ ᠭᠠᠮᠰᠢᠭ ᠢ ᠠᠷᠭᠠᠴᠠᠬᠤ᠂ ᠠᠷᠠᠳ ᠲᠦᠮᠡᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠠᠲᠤᠯᠠᠬᠤ ᠶᠢᠨ ᠵᠠᠩᠭᠢᠯᠠᠭ᠎ᠠ ᠮᠥᠨ᠃ ᠬᠤᠳᠠ ᠶᠢᠨ ᠠᠮᠢ ᠨᠠᠰᠤᠨ ᠤ ᠱᠤᠭᠤᠮ ᠤᠨ ᠠᠮᠤᠷ ᠲᠦᠪᠰᠢᠨ ᠤ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠵᠤ᠂ ᠲᠣᠭᠠᠴᠢᠯᠠᠭᠰᠠᠨ ᠠᠷᠭ᠎ᠠ ᠪᠠᠷᠢᠯ ᠢᠶᠠᠷ ᠬᠤᠳᠠ ᠶᠢᠨ ᠤᠰᠤ ᠬᠠᠩᠭᠠᠬᠤ᠂ ᠤᠰᠤ ᠭᠠᠳᠠᠭᠰᠢᠯᠠᠭᠤᠯᠬᠤ᠂ ᠰᠢᠲᠠᠮᠠᠬᠠᠢ ᠬᠡᠢ᠂ ᠢᠯᠴᠢ ᠬᠠᠩᠭᠠᠬᠤ᠂ ᠬᠥᠭᠦᠷᠭᠡ ᠵᠡᠷᠭᠡ ᠡᠯ᠎ᠡ ᠲᠦᠷᠦᠯ ᠤᠨ ᠲᠥᠬᠦᠭᠡᠷᠦᠮᠵᠢ ᠶᠢ ᠴᠠᠭ ᠲᠤᠬᠠᠢ ᠳᠤᠨᠢ ᠬᠢᠨᠠᠨ ᠬᠡᠮᠵᠢᠵᠦ᠂ ᠠᠰᠠᠭᠤᠳᠠᠯ ᠢ ᠡᠷᠲᠡᠬᠡᠨ ᠢᠯᠡᠷᠡᠭᠦᠯᠬᠦ ᠪᠠ ᠰᠢᠢᠳᠪᠦᠷᠢᠯᠡᠵᠤ ᠴᠢᠳᠠᠨ᠎ᠠ᠃ ᠡᠶᠢᠮᠦ ᠠᠴᠠ᠂ ᠬᠤᠲᠠ ᠶᠢᠨ ᠶᠠᠪᠤᠳᠠᠯ ᠤᠨ ᠲᠥᠬᠦᠭᠡᠷᠦᠮᠵᠢ ᠶᠢᠨ ᠨᠡᠶᠢᠳᠡᠮ ᠪᠠᠶᠢᠴᠠᠭᠠᠯᠲᠠ ᠨᠢ ︽ᠦᠷ᠎ᠡ ᠳ᠋ᠦᠩ︾ ᠢ ᠬᠥᠭᠡᠭᠡᠴᠡᠯᠳᠦᠬᠦ ᠪᠠᠷ ᠪᠠᠷᠠᠬᠤ ᠦᠭᠡᠢ᠂ ᠨᠡᠩ ᠴᠤ ︽ᠦᠷ᠎ᠡ ᠪᠦᠲᠦᠮᠵᠢ︾ ᠶᠢ ᠴᠢᠬᠤᠯᠠᠴᠢᠯᠠᠵᠤ᠂ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠨᠢᠭᠡᠪᠦᠷᠢ ᠶᠢ ᠴᠥᠮ ᠬᠤᠲᠠ ᠶᠢᠨ ᠬᠥᠭᠵᠢᠯᠲᠡ ᠶᠢᠨ ᠪᠣᠳᠠᠲᠠᠶ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ᠪᠢᠳᠡ ᠡᠳᠡᠭᠡᠷ ᠦᠷ᠎ᠡ ᠳ᠋ᠦᠩ ᠢ ᠬᠡᠷᠬᠢᠨ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠬᠤ᠂ ᠬᠤᠳᠠ ᠶᠢᠨ ᠬᠥᠭᠵᠢᠯᠲᠡ ᠪᠠ ᠠᠷᠠᠳ ᠤᠨ ᠠᠮᠢᠳᠤᠷᠠᠯ ᠳᠤ ᠬᠡᠷᠬᠢᠨ ᠦᠨᠡᠨ ᠬᠦ ᠦᠢᠯᠡᠴᠢᠯᠡᠬᠦ ᠶᠢ ᠨᠡᠩ ᠠᠩᠬᠠᠷᠬᠤ ᠴᠢᠬᠤᠯᠠᠲᠠᠢ ᠪᠠᠶᠢᠨ᠎ᠠ᠃ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶ᠎ᠡ ᠴᠠᠷᠠᠭ᠎ᠠ ᠳᠤ᠂ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠬᠤᠲᠠ ᠶᠢᠨ ᠲᠥᠯᠥᠪᠵᠢᠭᠦᠯᠭᠡ᠂ ᠪᠥᠲᠥᠭᠡᠨ ᠪᠠᠶᠢᠭᠤᠯᠤᠯᠲᠠ ᠪᠠ ᠬᠠᠮᠢᠶᠠᠷᠤᠯᠲᠠ ᠲᠠᠢ ᠨᠢᠭᠲᠠ ᠤᠶᠠᠯᠳᠤᠭᠤᠯᠵᠤ᠂ ᠬᠤᠲᠠ ᠶᠢᠨ ᠶᠠᠪᠤᠳᠠᠯ ᠤᠨ ᠲᠥᠬᠦᠭᠡᠷᠦᠮᠵᠢ ᠨᠢᠭᠡᠪᠦᠷᠢ ᠶᠢ ᠴᠥᠮ ᠵᠦᠶ ᠵᠣᠬᠢᠰᠲᠠᠶ ᠠᠰᠢᠭᠯᠠᠬᠤ ᠪᠠ ᠬᠠᠮᠠᠭᠠᠯᠠᠬᠤ ᠶᠢ ᠦᠨᠡᠨ ᠬᠦ ᠪᠠᠲᠤᠯᠠᠬᠤ ᠬᠡᠷᠡᠭᠲᠡᠶ᠂ ᠵᠢᠱᠢᠶᠡᠯᠡᠪᠡᠯ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠰᠢᠨᠡᠴᠢᠯᠡᠬᠦ ᠳᠤᠮᠳᠠ᠂ ᠨᠡᠶᠢᠳᠡᠮ ᠪᠠᠶᠢᠴᠠᠭᠠᠯᠲᠠ ᠶᠢᠨ ᠦᠷ᠎ᠡ ᠳ᠋ᠦᠩ ᠢ ᠦᠨᠳᠦᠰᠦᠯᠡᠨ ᠥᠭᠡᠷᠡᠴᠢᠯᠡᠨ ᠰᠢᠨᠡᠴᠢᠯᠡᠬᠦ ᠴᠢᠬᠤᠯᠠᠲᠠᠶ ᠲᠥᠬᠦᠭᠡᠷᠦᠮᠵᠢ ᠶᠢ ᠨᠠᠷᠢᠯᠢᠭ ᠣᠨᠣᠴᠠᠲᠠᠶ ᠪᠠᠷ ᠢᠯᠭᠠᠨ ᠲᠠᠨᠢᠵᠤ ᠪᠣᠯᠬᠤ ᠪᠥᠭᠡᠳ ᠬᠠᠨᠳᠤᠯᠭᠠᠲᠤ ᠴᠢᠨᠠᠷᠲᠠᠶ ᠥᠭᠡᠷᠡᠴᠢᠯᠡᠨ ᠰᠠᠶᠢᠵᠢᠷᠠᠭᠤᠯᠬᠤ ᠲᠥᠰᠦᠯ ᠢ ᠲᠣᠭᠲᠠᠭᠠᠵᠤ ᠪᠣᠯᠤᠨ᠎ᠠ︔ ᠤᠶᠤᠨᠲᠤ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠳᠤᠮᠳᠠ᠂ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠠᠰᠢᠭᠯᠠᠨ ᠵᠠᠮ ᠬᠠᠷᠢᠯᠴᠠᠭᠠᠨ ᠤ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ ᠂ ᠬᠤᠲᠠ ᠶᠢᠨ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠬᠤᠲᠠ ᠶᠢ ᠨᠠᠩ ᠣᠶᠤᠨᠴᠢ᠂ ᠳᠥᠭᠦᠮ ᠳᠥᠲᠡ ᠪᠣᠯᠭᠠᠵᠤ ᠪᠣᠯᠤᠨ᠎ᠠ᠃      ᠬᠤᠲᠠ ᠶᠢᠨ ᠶᠠᠪᠤᠳᠠᠯ ᠤᠨ ᠲᠦᠭᠦᠭᠡᠷᠦᠮᠵᠢ ᠶᠢᠨ ᠨᠡᠶᠢᠳᠡᠮ ᠪᠠᠶᠢᠴᠠᠭᠠᠯᠲᠠ ᠶᠢᠨ ︽ᠦᠷ᠎ᠡ ᠪᠦᠲᠦᠮᠵᠢ︾ ᠶᠢ ᠬᠥᠭᠡᠭᠡᠴᠡᠯᠳᠦᠬᠦ ᠳᠤ ᠪᠠᠰᠠ ᠨᠡᠶᠢᠳᠡᠮ ᠪᠠᠶᠢᠴᠠᠭᠠᠯᠲᠠ ᠶᠢᠨ ᠠᠵᠢᠯ ᠤᠨ ᠦᠷᠭᠦᠯᠵᠢᠯᠡᠬᠦ ᠴᠢᠨᠠᠷ ᠪᠠ ᠬᠥᠳᠡᠯᠦᠩᠭᠦᠶ ᠴᠢᠨᠠᠷ ᠢ ᠴᠢᠬᠤᠯᠠᠴᠢᠯᠠᠬᠤ ᠬᠡᠷᠡᠭᠲᠡᠶ᠃ ᠬᠤᠲᠠ ᠪᠣᠯ ᠲᠠᠰᠤᠷᠠᠯᠲᠠ ᠦᠭᠡᠢ ᠭᠦᠭᠵᠢᠵᠦ ᠪᠠᠶᠢᠭ᠎ᠠ ᠬᠥᠳᠡᠯᠦᠩᠭᠦᠶ ᠰᠢᠰᠲ᠋ᠧᠮ ᠮᠥᠨ᠂ ᠬᠤᠲᠠ ᠶᠢᠨ ᠶᠠᠪᠤᠳᠠᠯ ᠤᠨ ᠲᠥᠬᠦᠭᠡᠷᠦᠮᠵᠢ ᠴᠦ  ᠰᠢᠨᠡᠴᠢᠯᠡᠭ᠌ᠳᠡᠵᠤ ᠪᠠᠶᠢᠨ᠎ᠠ᠃ ᠡᠶᠢᠮᠦ ᠠᠴᠠ ᠬᠤᠲᠠ ᠶᠢᠨ ᠶᠠᠪᠤᠳᠠᠯ ᠤᠨ ᠲᠥᠬᠦᠭᠡᠷᠦᠮᠵᠢ ᠳᠤ ᠲᠣᠭᠲᠠᠮᠠᠯ ᠬᠤᠭᠤᠴᠠᠭ᠎ᠠ ᠲᠠᠢ ᠪᠠᠷ ᠨᠡᠶᠢᠳᠡᠮ ᠪᠠᠶᠢᠴᠠᠭᠠᠯᠲᠠ ᠬᠢᠵᠦ᠂  ᠲᠦᠭᠦᠭᠡᠷᠦᠮᠵᠢ ᠶᠢᠨ ᠬᠠᠮᠤᠭ ᠤᠨ ᠰᠢᠨ᠎ᠡ ᠪᠠᠶᠢᠳᠠᠯ ᠢ ᠴᠠᠭ ᠲᠤᠬᠠᠶ ᠳᠤᠨᠢ ᠡᠵᠡᠮᠰᠢᠬᠦ ᠶᠢᠨ ᠬᠠᠮᠲᠤ ᠨᠡᠶᠢᠳᠡᠮ ᠪᠠᠶᠢᠴᠠᠭᠠᠯᠲᠠ ᠶᠢᠨ ᠦᠷ᠎ᠡ ᠳ᠋ᠦᠩ ᠢ ᠦᠨᠳᠦᠰᠦᠯᠡᠨ ᠵᠣᠬᠢᠴᠠᠩᠭᠤᠶ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠲᠣᠭᠲᠠᠭᠠᠬᠤ ᠬᠡᠷᠡᠭᠲᠡᠶ᠃ ᠡᠭᠦᠨ ᠤ ᠬᠠᠮᠲᠤ᠂ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠵᠠᠳᠠᠯᠬᠤ ᠪᠠ ᠰᠤᠳᠤᠯᠬᠤ ᠶᠢ ᠴᠢᠩᠭᠠᠳᠬᠠᠵᠤ᠂ ᠲᠥᠬᠦᠭᠡᠷᠦᠮᠵᠢ ᠳᠤ ᠣᠷᠣᠰᠢᠵᠤ ᠪᠠᠶᠢᠭ᠎ᠠ ᠠᠰᠠᠭᠤᠳᠠᠯ ᠪᠠ ᠳᠠᠯᠳᠠ ᠭᠡᠮ ᠢ ᠣᠯᠵᠤ ᠮᠡᠳᠡᠪᠡᠯ ᠰᠠᠶ᠋ᠢ ᠴᠠᠭ ᠲᠤᠬᠠᠶ ᠳᠤᠨᠢ ᠠᠷᠭ᠎ᠠ ᠬᠡᠮᠵᠢᠶ᠎ᠡ ᠠᠪᠴᠤ ᠴᠡᠭᠴᠡᠯᠡᠨ ᠰᠠᠶᠢᠵᠢᠷᠠᠭᠤᠯᠬᠤ ᠪᠠ ᠪᠠᠬᠢᠵᠢᠭᠦᠯᠵᠦ ᠴᠢᠳᠠᠨ᠎ᠠ᠃      ᠶᠡᠷᠦᠩᠬᠡᠶᠢᠯᠡᠪᠡᠯ᠂ ᠡᠯ᠎ᠡ ᠭᠠᠵᠠᠷ ᠤᠨ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ᠂ ᠨᠠᠷᠢᠯᠢᠭ ᠠᠷᠭ᠎ᠠ ᠪᠣᠳᠣᠯᠭ᠎ᠠ ᠬᠡᠷᠡᠭᠵᠢᠭᠦᠯᠬᠦ᠂ ᠨᠠᠷᠢᠯᠢᠭ ᠬᠠᠮᠢᠶᠠᠷᠤᠯᠳᠠ ᠪᠠᠷ ᠳᠠᠮᠵᠢᠭᠤᠯᠤᠨ᠂ ᠬᠤᠲᠠ ᠶᠢᠨ ᠶᠠᠪᠤᠳᠠᠯ ᠤᠨ ᠲᠦᠭᠦᠭᠡᠷᠦᠮᠵᠢ ᠶᠢᠨ ᠨᠡᠶᠢᠳᠡᠮ ᠪᠠᠶᠢᠴᠠᠭᠠᠯᠲᠠ ᠶᠢ ᠦᠨᠡᠨ ᠬᠦ ᠬᠤᠲᠠ ᠶᠢᠨ ᠴᠢᠨᠠᠷ ᠰᠠᠶᠢᠲᠠᠶ ᠬᠥᠭᠵᠢᠯᠲᠡ ᠶᠢ ᠳᠥᠯᠭᠢᠨ ᠠᠬᠢᠭᠤᠯᠬᠤ ᠬᠦᠴᠦᠲᠡᠶ ᠭᠠᠷᠳᠠᠴᠠ ᠪᠣᠯᠭᠠᠵᠤ᠂ ︽ᠦᠷ᠎ᠡ ᠳ᠋ᠦᠩ︾ ᠢ ︽ᠦᠷ᠎ᠡ ᠪᠦᠲᠦᠮᠵᠢ︾ ᠪᠣᠯᠭᠠᠨ ᠬᠤᠪᠢᠷᠠᠭᠤᠯᠵᠤ᠂ ᠬᠤᠲᠠ ᠶᠢᠨ ᠶᠠᠪᠤᠳᠠᠯ ᠤᠨ ᠲᠦᠭᠦᠭᠡᠷᠦᠮᠵᠢ ᠶᠢᠨ ᠠᠵᠢᠯᠯᠠᠭᠠᠨ ᠤ ᠴᠢᠳᠠᠪᠤᠷᠢ ᠪᠠ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠬᠤᠲᠠ ᠶᠢᠨ ᠤᠶᠠᠨ ᠬᠠᠳᠠᠨ ᠴᠢᠨᠠᠷ ᠢ ᠳᠡᠭᠡᠭᠰᠢᠯᠡᠭᠦᠯᠬᠦ ᠶᠢ ᠬᠦᠰᠡᠵᠦ ᠪᠠᠶᠢᠨ᠎ᠠ᠃    ᠢᠷᠡᠯᠲᠡ᠄ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠣᠨᠢᠨ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1