ᠰᠢᠨᠵᠢᠯᠡᠭᠡ ᠮᠡᠷᠭᠡᠵᠢᠯ ᠢ ᠬᠦᠭᠵᠢᠭᠦᠯᠵᠦ ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠳᠠ ᠶᠢᠨ ᠰᠢᠨ᠎ᠡ ᠶᠢ ᠡᠭᠦᠳᠬᠦ ᠢᠷᠡᠭᠡᠳᠦᠢ ᠶᠢ ᠵᠢᠷᠤᠭᠯᠠᠶ᠎ᠠ
ᠨᠡᠶᠢᠲᠡᠯᠡᠭᠰᠡᠨ ᠴᠠᠭ᠄
2024/5/17
      ᠶᠡᠷᠦᠩᠬᠡᠶ ᠱᠦᠵᠢ ᠰᠢ ᠶᠢᠨ ᠫᠢᠩ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠪᠣᠯ ᠰᠢᠨ᠎ᠡ ᠶᠢ ᠡᠭᠦᠳᠬᠦ ᠬᠥᠭᠵᠢᠯᠲᠡ ᠶᠢ ᠪᠡᠶᠡᠯᠡᠭᠦᠯᠬᠦ ᠶᠢᠨ ᠴᠢᠬᠤᠯᠠ ᠰᠠᠭᠤᠷᠢ ᠴᠢᠨᠠᠷᠲᠠᠶ ᠠᠵᠢᠯ ᠮᠥᠨ᠂ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠶᠢ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠲᠠᠢ ᠠᠳᠠᠯᠢᠬᠠᠨ ᠴᠢᠬᠤᠯᠠ ᠪᠠᠶᠢᠷᠢᠨ ᠳᠤ ᠲᠠᠯᠪᠢᠬᠤ ᠬᠡᠷᠡᠭᠲᠡᠶ ᠭᠡᠵᠤ ᠵᠢᠭᠠᠨ ᠭᠠᠷᠭᠠᠪᠠ᠃ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯ ᠢ ᠴᠢᠩᠭᠠᠳᠬᠠᠬᠤ ᠪᠣᠯ ᠠᠵᠢᠯ ᠲᠥᠷᠥᠯ ᠤᠨ ᠰᠢᠨᠵᠢᠯᠡᠭᠡ ᠮᠡᠷᠭᠡᠵᠢᠯ ᠤᠨ ᠠᠮᠵᠢᠯᠲᠠ ᠪᠦᠲᠦᠮᠵᠢ ᠶᠢ ᠳᠡᠯᠭᠡᠨ ᠦᠵᠡᠭᠦᠯᠬᠦ᠂ ᠣᠯᠠᠨ ᠨᠡᠶᠢᠲᠡ ᠶᠢᠨ ᠰᠢᠨᠵᠢᠯᠡᠬᠦ ᠤᠬᠠᠭᠠᠨ ᠤ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠴᠢᠬᠤᠯᠠ ᠠᠷᠭ᠎ᠠ ᠵᠠᠮ ᠮᠥᠨ᠂ ᠨᠠᠩ ᠴᠤ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠴᠢᠩᠭᠠᠳᠬᠠᠵᠤ᠂ ᠠᠵᠢᠯ ᠲᠥᠷᠥᠯ ᠤᠨ ᠳᠠᠪᠰᠢᠯᠲᠠ ᠶᠢ ᠠᠬᠢᠭᠤᠯᠬᠤ ᠳᠣᠲᠣᠭᠠᠳᠤ ᠱᠠᠭᠠᠷᠳᠠᠯᠭ᠎ᠠ ᠮᠥᠨ᠃ 5 ᠳ᠋ᠤᠭᠠᠷ ᠰᠠᠷ᠎ᠠ ᠳᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ 2024 ᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠰᠢᠨᠵᠢᠯᠡᠭᠡ ᠮᠡᠷᠭᠡᠵᠢᠯ ᠤᠨ ᠰᠠᠷ᠎ᠠ ᠶᠢᠨ ᠠᠵᠢᠯᠯᠠᠭ᠎ᠠ ᠶᠢ ᠡᠬᠢᠯᠡᠭᠦᠯᠵᠦ᠂ ︽ᠰᠢᠨᠵᠢᠯᠡᠬᠦ ᠤᠬᠠᠭᠠᠨᠲᠠᠨ ᠤ ᠵᠣᠷᠢᠭ ᠰᠠᠨᠠᠭ᠎ᠠ ᠶᠢ ᠪᠠᠳᠠᠷᠠᠭᠤᠯᠵᠤ ᠪᠥᠬᠦ ᠨᠡᠶᠢᠭᠡᠮ ᠤᠨ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠦᠭᠵᠢᠭᠡᠶ᠎ᠡ︾ ᠪᠠᠷ ᠭᠤᠤᠯ ᠰᠡᠳᠦᠪ ᠪᠣᠯᠭᠠᠵᠤ᠂ ᠪᠥᠬᠦ ᠨᠡᠶᠢᠭᠡᠮ ᠳᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠰᠢᠨᠵᠢᠯᠡᠬᠦ ᠤᠬᠠᠭᠠᠨ ᠤ ᠮᠡᠳᠡᠯᠭᠡ ᠶᠢ ᠥᠷᠭᠡᠨ ᠢᠶᠠᠷ ᠲᠦᠭᠡᠮᠡᠯᠵᠢᠭᠦᠯᠬᠦ᠂ ᠰᠢᠨᠵᠢᠯᠡᠭᠡ ᠮᠡᠷᠭᠡᠵᠢᠯ ᠤᠨ ᠠᠮᠵᠢᠯᠲᠠ ᠪᠦᠲᠦᠮᠵᠢ ᠶᠢ ᠳᠡᠯᠭᠡᠨ ᠦᠵᠡᠭᠦᠯᠬᠦ᠂ ᠰᠢᠨᠵᠢᠯᠡᠬᠦ ᠤᠬᠠᠭᠠᠨᠴᠢ ᠠᠷᠭ᠎ᠠ ᠶᠢ ᠰᠠᠨᠠᠭᠠᠴᠢᠯᠠᠵᠤ᠂ ᠰᠢᠨᠵᠢᠯᠡᠬᠦ ᠤᠬᠠᠭᠠᠨ ᠤ ᠦᠵᠡᠯ ᠰᠠᠨᠠᠭ᠎ᠠ ᠶᠢ ᠲᠡᠯᠭᠡᠷᠡᠭᠦᠯᠵᠦ᠂ ᠰᠢᠨᠵᠢᠯᠡᠬᠦ ᠤᠬᠠᠭᠠᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠪᠥᠬᠦ ᠨᠡᠶᠢᠭᠡᠮ ᠤᠨ ᠬᠢᠨ ᠤ ᠰᠢᠨ᠎ᠡ ᠶᠢ ᠡᠭᠦᠳᠴᠦ ᠠᠳᠠᠯ ᠦᠢᠯᠡᠰ ᠴᠣᠭᠴᠠᠯᠠᠬᠤ ᠠᠮᠢᠵᠢᠷᠠᠯ ᠤᠨ ᠬᠦᠴᠦᠨ ᠢ ᠬᠥᠭᠵᠢᠭᠡᠬᠦ ᠳᠤ ᠠᠰᠢᠭᠲᠠᠶ ᠪᠣᠯᠭᠠᠬᠤ ᠪᠠᠷ ᠵᠤᠷᠢᠯᠭ᠎ᠠ ᠪᠤᠯᠭᠠᠭᠰᠠᠨ ᠶᠤᠮ᠃      ᠥᠷᠲᠡᠭ ᠢᠶᠠᠷ ᠬᠥᠲᠥᠯᠥᠨ ᠳᠠᠭᠠᠭᠤᠯᠬᠤ ᠶᠢ ᠳᠣᠪᠤᠶᠢᠯᠭᠠᠵᠤ᠂ ᠣᠯᠠᠨ ᠨᠡᠶᠢᠲᠡ ᠶᠢᠨ ᠲᠠᠨᠢᠯᠲᠠ ᠶᠢ ᠳᠡᠭᠡᠭᠰᠢᠯᠡᠭᠦᠯᠦᠨ᠎ᠡ᠃ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠦᠨ᠎ᠡ ᠴᠡᠨ᠎ᠡ ᠨᠢ ᠮᠡᠳᠡᠯᠭᠡ ᠳᠠᠮᠵᠢᠭᠤᠯᠬᠤ ᠳᠤ ᠪᠠᠷᠠᠬᠤ ᠦᠭᠡᠢ᠂ ᠨᠠᠩ ᠴᠤ ᠥᠷᠲᠡᠭ ᠤᠨ ᠦᠵᠡᠯᠲᠡ ᠶᠢᠨ ᠵᠢᠯᠣᠭᠤᠳᠤᠮᠵᠢ ᠪᠤᠯᠤᠨ᠎ᠠ᠃ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠶᠢᠨ ᠰᠢᠨᠵᠢᠯᠡᠭᠡ ᠮᠡᠷᠭᠡᠵᠢᠯ ᠤᠨ ᠰᠠᠷ᠎ᠠ ᠶᠢᠨ ᠠᠵᠢᠯᠯᠠᠭ᠎ᠠ ᠨᠢ ᠨᠠᠮ ᠤᠨ ᠬᠤᠷᠢᠳᠤᠭᠠᠷ ᠶᠡᠭᠡ ᠬᠤᠷᠠᠯ ᠤᠨ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠲᠤᠬᠠᠢ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠤᠬᠠᠭᠤᠯᠵᠤ᠂ ᠪᠦᠬᠦ ᠨᠡᠶᠢᠭᠡᠮ ᠳᠤ ᠰᠢᠨᠵᠢᠯᠡᠬᠦ ᠤᠬᠠᠭᠠᠨᠲᠠᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠬᠤ ᠪᠠᠷ ᠭᠤᠣᠯ ᠪᠣᠯᠭᠠᠵᠤ᠂ ᠪᠦᠬᠦ ᠨᠡᠶᠢᠭᠡᠮ ᠤᠨ ᠬᠡᠪᠴᠢᠶᠡᠨ ᠳᠤ ᠰᠢᠨᠵᠢᠯᠡᠬᠦ ᠤᠬᠠᠭᠠᠨ ᠢ ᠬᠦᠨᠳᠦᠳᠬᠡᠬᠦ᠂ ᠰᠢᠨ᠎ᠡ ᠶᠢ ᠡᠭᠦᠳᠬᠦ ᠶᠢ ᠬᠥᠭᠡᠭᠡᠴᠡᠯᠳᠦᠬᠦ ᠦᠷᠳᠡᠭ ᠤᠨ ᠤᠳᠤᠷᠢᠳᠤᠮᠵᠢ ᠶᠢ ᠪᠤᠢ ᠪᠣᠯᠭᠠᠬᠤ ᠳᠤ ᠠᠰᠢᠭᠲᠠᠢ ᠶᠤᠮ᠃ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠠᠶᠢᠯᠤᠮᠵᠢ ᠶᠢᠨ ᠤᠷᠤᠯᠳᠤᠭᠠᠨ᠂ ᠪᠢᠴᠢᠯ ᠸᠢᠳᠢᠣ᠋ ᠤᠷᠤᠯᠳᠤᠭᠠᠨ ᠵᠡᠷᠭᠡ ᠬᠡᠯᠪᠡᠷᠢ ᠪᠠᠷ ᠳᠠᠮᠵᠢᠭᠤᠯᠤᠨ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠰᠢᠨᠵᠢᠯᠡᠭᠡ ᠮᠡᠷᠭᠡᠵᠢᠯ ᠤᠨ ᠠᠮᠵᠢᠯᠲᠠ ᠪᠦᠲᠦᠮᠵᠢ ᠶᠢ ᠠᠮᠢᠳᠤᠯᠢᠭ ᠪᠥᠭᠡᠳ ᠰᠢᠭᠤᠳ ᠦᠵᠡᠭᠦᠯᠬᠦ ᠠᠷᠭ᠎ᠠ ᠮᠠᠶ᠋ᠢᠭ ᠢᠶᠠᠷ ᠣᠯᠠᠨ ᠲᠦᠮᠡᠨ ᠳᠤ ᠤᠯᠠᠮᠵᠢᠯᠠᠵᠤ᠂ ᠪᠥᠬᠦ ᠨᠡᠶᠢᠭᠡᠮ ᠳᠤ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠶᠢᠨ ᠦᠷ᠎ᠡ ᠪᠦᠳᠦᠮᠵᠢ  ᠶᠢᠨ ᠠᠮᠢᠳᠤᠷᠠᠯ ᠳᠤ ᠠᠪᠴᠢᠷᠠᠭᠰᠠᠨ ᠪᠠᠶᠠᠷᠯᠠᠭᠤᠰᠢᠲᠠᠶ ᠬᠤᠪᠢᠷᠠᠯᠲᠠ ᠶᠢ ᠬᠠᠮᠲᠤ ᠪᠠᠷ ᠡᠳ᠋ᠯᠡᠭᠦᠯᠵᠦ᠂ ᠣᠯᠠᠨ ᠨᠡᠶᠢᠲᠡ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠢᠨᠵᠢᠯᠡᠭᠡ ᠮᠡᠷᠭᠡᠵᠢᠯ ᠤᠨ ᠠᠮᠵᠢᠯᠲᠠ ᠪᠦᠲᠦᠮᠵᠢ ᠶᠢᠨ ᠲᠤᠬᠠᠶ ᠮᠡᠳᠡᠷᠡᠬᠦ ᠰᠡᠳᠬᠢᠯᠭᠡ ᠪᠠ ᠬᠠᠷᠢᠶᠠᠯᠠᠭᠳᠠᠬᠤ ᠰᠡᠳᠬᠢᠯᠭᠡ ᠶᠢ ᠨᠡᠮᠡᠭᠳᠡᠭᠦᠯᠵᠦ᠂ ᠣᠯᠠᠨ ᠨᠡᠶᠢᠲᠡ ᠶᠢᠨ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠶᠢᠨ ᠲᠤᠬᠠᠶ ᠲᠠᠨᠢᠯᠲᠠ ᠪᠠ ᠣᠶᠢᠯᠠᠭᠠᠯᠲᠠ ᠶᠢ ᠪᠦᠲᠦᠮᠵᠢᠲᠡᠶ ᠳᠡᠭᠡᠭᠰᠢᠯᠡᠭᠦᠯᠵᠦ᠂ ᠣᠯᠠᠨ ᠨᠡᠶᠢᠲᠡ ᠶᠢᠨ ᠰᠢᠨᠵᠢᠯᠡᠬᠦ ᠤᠬᠠᠭᠠᠨ ᠤ ᠬᠡᠪ ᠪᠣᠯᠪᠠᠰᠤᠷᠠᠯ ᠢ ᠪᠤᠶᠢᠵᠢᠭᠤᠯᠤᠨ ᠳᠡᠭᠡᠭᠰᠢᠯᠡᠭᠦᠯᠬᠦ ᠳᠤ ᠴᠢᠬᠤᠯᠠ ᠦᠢᠯᠡᠳᠦᠯ ᠲᠠᠢ ᠶᠤᠮ᠃      ᠣᠯᠠᠨ ᠨᠡᠶᠢᠲᠡ ᠶᠢᠨ ᠣᠷᠣᠯᠴᠠᠬᠤ ᠶᠢ ᠵᠤᠷᠢᠭᠵᠢᠭᠤᠯᠵᠤ᠂ ᠰᠢᠨ᠎ᠡ ᠶᠢ ᠡᠭᠦᠳᠬᠦ ᠳᠠᠯᠳᠠ ᠴᠢᠳᠠᠪᠤᠷᠢ ᠶᠢ ᠬᠥᠭᠵᠢᠭᠡᠨ᠎ᠡ᠃ ᠣᠯᠠᠨ ᠨᠡᠶᠢᠲᠡ ᠪᠣᠯ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠠᠵᠢᠯᠯᠠᠭ᠎ᠠ ᠶᠢᠨ ᠠᠰᠢᠭ ᠬᠦᠷᠲᠡᠭᠴᠢ ᠪᠣᠯᠬᠤ ᠪᠥᠭᠡᠳ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠠᠵᠢᠯ ᠤᠨ ᠣᠷᠣᠯᠴᠠᠭᠴᠢ ᠪᠤᠯᠤᠨ᠎ᠠ᠃ ᠨᠢᠭᠡ ᠲᠠᠯ᠎ᠠ ᠪᠠᠷ᠂ ᠨᠡᠶᠢᠭᠡᠮ ᠨᠡᠶᠢᠲᠡ ᠶᠢᠨ ᠤᠯᠠᠨ ᠲᠦᠮᠡᠨ ᠢ ︽ᠤᠷᠤᠯᠴᠠᠭᠤᠯᠵᠦ︾᠂ ᠨᠡᠶᠢᠭᠡᠮ ᠳᠤ ᠰᠢᠨᠵᠢᠯᠡᠭᠡ ᠮᠡᠷᠭᠡᠵᠢᠯ ᠤᠨ ᠡᠬᠢ ᠪᠠᠶᠠᠯᠢᠭ ᠢ ᠴᠢᠯᠥᠭᠡᠲᠡᠶ ᠨᠡᠭᠡᠭᠡᠵᠦ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠤ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠵᠢᠴᠢ ᠬᠠᠮᠢᠶ᠎ᠠ ᠪᠥᠬᠦᠶ ᠶᠡᠭᠡ ᠳᠡᠭᠡᠳᠦ ᠰᠤᠷᠭᠠᠭᠤᠯᠢ᠂ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠰᠠᠭᠤᠷᠢᠨ ᠭᠠᠵᠠᠷ ᠲᠤ ᠨᠡᠭᠡᠭᠡᠯᠲᠡ ᠬᠢᠬᠦ᠂ ᠲᠣᠭᠤᠷᠢᠨ ᠦᠵᠡᠬᠦ ᠠᠵᠢᠯᠯᠠᠭ᠎ᠠ ᠶᠢ ᠥᠷᠨᠢᠭᠦᠯᠵᠦ᠂ ᠦᠷ᠎ᠡ ᠪᠦᠲᠦᠭᠡᠯ ᠢᠶᠠᠨ ᠰᠣᠯᠢᠯᠴᠠᠬᠤ᠂ ᠲᠤᠷᠰᠢᠯᠲᠠ ᠰᠤᠷᠢᠯᠳᠡ ᠬᠢᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠲᠡᠷᠢᠭᠦᠨ ᠤ ᠰᠢᠨᠵᠢᠯᠡᠭᠡ ᠮᠡᠷᠭᠡᠵᠢᠯ ᠤᠨ ᠦᠷ᠎ᠡ ᠪᠦᠲᠦᠭᠡᠯ ᠢ ᠳᠡᠯᠭᠡᠨ ᠦᠵᠡᠭᠦᠯᠦᠨ᠎ᠡ︔ ᠨᠥᠭᠦᠭᠡ ᠲᠠᠯ᠎ᠠ ᠪᠠᠷ᠂ ᠰᠢᠨᠵᠢᠯᠡᠭᠡ ᠮᠡᠷᠭᠡᠵᠢᠯ ᠤᠨ ᠠᠵᠢᠯᠲᠠᠳ ᠢ ᠰᠠᠨᠠᠭᠠᠴᠢᠯᠠᠭ᠎ᠠ ᠠᠴᠠ ᠪᠠᠨ ︽ᠭᠠᠳᠠᠭᠰᠢ ᠭᠠᠷᠴᠤ︾᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠵᠡᠷᠭᠡ ᠠᠵᠢᠯᠯᠠᠭ᠎ᠠ ᠶᠢ ᠵᠣᠬᠢᠶᠠᠨ ᠪᠠᠶᠢᠭᠤᠯᠤᠨ ᠦᠷᠨᠢᠭᠦᠯᠬᠦ ᠪᠠᠷ ᠲᠠᠮᠵᠢᠭᠤᠯᠤᠨ᠂ ᠰᠢᠨᠵᠢᠯᠡᠬᠦ ᠤᠬᠠᠭᠠᠨ ᠤ ᠤᠶᠢᠯᠠᠭᠠᠭᠳᠠᠭᠤᠨ ᠪᠠ ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠯᠭᠡ ᠶᠢ ᠤᠯᠠᠨ ᠨᠡᠶᠢᠲᠡ ᠳᠤ ᠤᠬᠠᠭᠤᠯᠤᠨ ᠰᠤᠷᠲᠠᠯᠴᠢᠯᠠᠵᠤ᠂ ᠠᠷᠠᠳ ᠲᠤ ᠠᠰᠢᠭ ᠬᠦᠷᠲᠡᠭᠡᠬᠦ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠳᠦᠭᠡᠯ ᠢ ᠤᠠᠬᠠᠭᠤᠯᠵᠤ᠂ ᠬᠤᠲᠠ ᠶᠢᠨ ᠠᠮᠤᠷ ᠲᠦᠪᠰᠢᠨ ᠤ ᠮᠡᠳᠡᠯᠭᠡ ᠶᠢ ᠲᠦᠭᠡᠮᠡᠯᠵᠢᠭᠦᠯᠵᠦ᠂ ᠪᠣᠬᠢᠷᠲᠤᠯ ᠦᠭᠡᠢ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠨ᠎ᠠ᠃ ᠤᠯᠠᠨ ᠵᠦᠢᠯ ᠤᠨ ᠠᠷᠭ᠎ᠠ ᠵᠠᠮ ᠢᠶᠠᠷ ᠳᠠᠮᠵᠢᠭᠤᠯᠤᠨ ᠤᠯᠠᠨ ᠲᠦᠮᠡᠨ ᠢᠯᠠᠩᠭᠤᠶ᠎ᠠ ᠵᠠᠯᠠᠭᠤᠴᠤᠳ ᠪᠠᠭᠠᠴᠤᠳ ᠤᠨ ᠰᠢᠨᠵᠢᠯᠡᠬᠦ ᠤᠬᠠᠭᠠᠨ ᠤ ᠲᠤᠷᠰᠢᠯᠲᠠ ᠪᠠ ᠰᠢᠨ᠎ᠡ ᠶᠢ ᠡᠭᠦᠳᠬᠦ ᠦᠢᠯᠡᠳᠦᠯᠭᠡ ᠳᠤ ᠣᠷᠣᠯᠴᠠᠬᠤ ᠶᠢ ᠵᠣᠷᠢᠭᠵᠢᠭᠤᠯᠵᠤ᠂ ᠨᠡᠶᠢᠭᠡᠮ ᠤᠨ ᠰᠢᠨ᠎ᠡ ᠶᠢ ᠡᠭᠦᠳᠬᠦ ᠲᠠᠯᠳᠠ ᠴᠢᠳᠠᠪᠤᠷᠢ ᠶᠢ ᠭᠦᠢᠴᠡᠳ ᠠᠭᠤᠳᠠᠯᠠᠵᠤ᠂ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠵᠦ᠂ ᠢᠷᠡᠭᠡᠳᠦᠢ ᠶᠢᠨ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠰᠢᠨ᠎ᠡ ᠬᠦᠴᠦᠨ ᠢ ᠬᠥᠮᠦᠵᠢᠭᠦᠯᠦᠨ᠎ᠡ᠃            ᠰᠢᠨ᠎ᠡ ᠶᠢ ᠡᠭᠦᠳᠬᠦ ᠰᠣᠶᠣᠯ ᠢ ᠪᠤᠶᠢᠵᠢᠭᠤᠯᠵᠤ᠂ ᠠᠵᠤ ᠦᠢᠯᠡᠰ ᠤᠨ ᠳᠡᠰ ᠳᠡᠪᠰᠢᠬᠦ ᠶᠢ ᠠᠬᠢᠭᠤᠯᠤᠨ᠎ᠠ ᠃ ᠰᠢᠨ᠎ᠡ ᠶᠢ ᠡᠭᠦᠳᠬᠦ ᠰᠤᠶᠤᠯ ᠪᠣᠯ ᠰᠢᠨᠵᠢᠯᠡᠭᠡ ᠮᠡᠷᠭᠡᠵᠢᠯ ᠤᠨ ᠳᠡᠪᠰᠢᠯᠲᠡ ᠪᠣᠯᠤᠨ ᠠᠵᠤ ᠦᠢᠯᠡᠰ ᠤᠨ ᠳᠡᠰ ᠳᠡᠪᠰᠢᠬᠦ ᠶᠢ ᠠᠬᠢᠭᠤᠯᠬᠤ ᠴᠢᠬᠤᠯᠠ ᠬᠦᠳᠡᠯᠭᠡᠬᠦ ᠬᠦᠴᠦᠨ ᠮᠥᠨ᠃ ᠰᠢᠨᠵᠢᠯᠡᠭᠡ ᠮᠡᠷᠭᠡᠵᠢᠯ ᠤᠨ ᠰᠠᠷ᠎ᠠ ᠶᠢᠨ ᠰᠢᠷᠢᠰ ᠠᠵᠢᠯᠯᠠᠭ᠎ᠠ ᠨᠢ ︽ᠲᠠᠪᠴᠠᠩ ᠤᠨ ᠦᠢᠯᠡᠳᠦᠯ︾ ᠢ ᠭᠦᠢᠴᠡᠳ ᠪᠠᠳᠠᠷᠠᠭᠤᠯᠵᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠢᠯᠢᠳᠡᠭ ᠨᠤᠮ ᠰᠢᠯᠭᠠᠷᠠᠭᠤᠯᠬᠤ᠂ ᠰᠢᠨᠵᠢᠯᠡᠬᠦ ᠤᠬᠠᠭᠠᠨ ᠤ ᠲᠤᠷᠰᠢᠯᠲᠠ ᠶᠢᠨ ᠦᠵᠡᠭᠦᠯᠦᠯᠭᠡ ᠵᠡᠷᠭᠡ ᠠᠵᠢᠯᠯᠠᠭ᠎ᠠ ᠶᠢ ᠡᠷᠬᠢᠯᠡᠬᠦ ᠪᠠᠷ ᠳᠠᠮᠵᠢᠭᠤᠯᠤᠨ᠂ ᠠᠵᠢᠯ ᠲᠥᠷᠥᠯ ᠤᠨ ᠢᠲᠡᠭᠡᠯ ᠢ ᠭᠦᠢᠴᠡᠳ ᠢᠯᠡᠷᠡᠭᠦᠯᠦᠭᠰᠡᠨ ᠢᠶᠠᠷ ᠪᠠᠷᠠᠬᠤ ᠦᠭᠡᠢ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠶᠢ ᠥᠷᠭᠡᠳᠬᠡᠬᠦ ᠳᠤ ᠠᠰᠢᠭᠲᠠᠶ᠂ ᠪᠦᠬᠦ ᠨᠡᠶᠢᠭᠡᠮ ᠤᠨ ᠬᠡᠪᠴᠢᠶᠡᠨ ᠳᠤ ᠰᠢᠨᠵᠢᠯᠡᠬᠦ ᠤᠬᠠᠭᠠᠨ ᠢ ᠬᠠᠶᠢᠷᠠᠯᠠᠬᠤ᠂ ᠰᠢᠨ᠎ᠡ ᠶᠢ ᠡᠭᠦᠳᠬᠦ ᠶᠢ ᠡᠷᠬᠢᠮᠯᠡᠬᠦ ᠰᠣᠶᠣᠯ ᠤᠨ ᠠᠭᠤᠷ ᠠᠮᠢᠰᠬᠤᠯ ᠢ ᠪᠤᠢ ᠪᠣᠯᠭᠠᠬᠤ ᠳᠤ ᠴᠤ ᠠᠰᠢᠭᠲᠠᠢ ᠶᠤᠮ᠃ ᠡᠨᠡ ᠬᠦ ᠰᠠᠭᠤᠷᠢᠨ ᠳᠡᠭᠡᠷ᠎ᠡ᠂ ᠦᠢᠯᠡᠳᠪᠦᠷᠢᠯᠡᠯ ᠵᠢᠭᠠᠨ ᠰᠤᠷᠭᠠᠯᠳᠠ ᠰᠤᠳᠤᠯᠭᠠᠨ ᠢ ᠤᠶᠠᠯᠳᠤᠭᠤᠯᠬᠤ ᠶᠢ ᠤᠯᠠᠮ ᠨᠢᠭᠡ ᠠᠯᠬᠤᠮ ᠴᠢᠩᠭᠠᠳᠬᠠᠵᠤ᠂ ᠠᠵᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠦᠨ ᠲᠠᠰ ᠳᠡᠪᠰᠢᠭᠦᠯᠬᠦ ᠶᠢ ᠠᠬᠢᠭᠤᠯᠵᠤ᠂ ᠰᠢᠨᠵᠢᠯᠡᠭᠡ ᠮᠡᠷᠭᠡᠵᠢᠯ ᠤᠨ ᠦᠷ᠎ᠡ ᠪᠦᠲᠦᠭᠡᠯ ᠢ ᠪᠣᠳᠠᠲᠤ ᠦᠢᠯᠡᠳᠪᠦᠷᠢᠯᠡᠯ ᠤᠨ ᠬᠦᠴᠦᠨ ᠪᠣᠯᠭᠠᠨ ᠬᠤᠪᠢᠷᠠᠭᠤᠯᠬᠤ ᠶᠢ ᠲᠦᠷᠭᠡᠳᠬᠡᠵᠦ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠦᠢᠯᠡᠰ ᠤᠨ ᠨᠠᠩ ᠥᠨᠳᠥᠷ ᠬᠢᠷᠢ ᠲᠦᠪᠰᠢᠨ᠂ ᠨᠠᠩ ᠴᠢᠨᠠᠷ ᠰᠠᠶᠢᠲᠠᠶ ᠬᠥᠭᠵᠢᠯᠲᠡ ᠳᠠᠰᠢ ᠳᠠᠪᠰᠢᠬᠤ ᠶᠢ ᠠᠬᠢᠭᠤᠯᠤᠨ᠎ᠠ᠃      ᠤᠯᠠᠨ ᠡᠰᠢᠲᠦ ᠠᠭᠤᠰᠤᠯᠴᠠᠯ ᠢ ᠴᠢᠩᠭᠠᠳᠬᠠᠵᠤ᠂ ᠬᠠᠮᠵᠢᠯᠴᠠᠨ ᠬᠥᠭᠵᠢᠬᠦ ᠶᠢ ᠠᠬᠢᠭᠤᠯᠤᠨ᠎ᠠ᠃ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯ ᠪᠣᠯ ᠨᠢᠭᠡ ᠵᠦᠢᠯ ᠤᠨ ᠰᠢᠰᠲ᠋ᠧᠮᠲᠦ ᠢᠨᠵᠧᠨᠧᠷᠢᠩ᠂ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠴᠢᠳᠠᠪᠤᠷᠢ ᠶᠢᠨ ᠪᠠᠶᠢᠭᠤᠯᠤᠯᠲᠠ ᠶᠢ ᠭᠠᠭᠴᠠᠭᠠᠷᠳᠠᠭᠤᠯᠤᠨ ᠬᠢᠵᠦ ᠪᠣᠯᠬᠤ ᠦᠭᠡᠶ᠃ ᠤᠯᠠᠨ ᠰᠢᠨᠵᠢᠯᠡᠭᠡᠨ ᠤ ᠰᠠᠯᠠᠭ᠎ᠠ᠂ ᠤᠯᠠᠨ ᠬᠦᠷᠢᠶᠡᠨ ᠤ ᠠᠭᠤᠰᠤᠯᠴᠠᠯ ᠢ ᠴᠢᠩᠭᠠᠳᠬᠠᠵᠤ᠂ ᠰᠢᠨ᠎ᠡ ᠶᠢ ᠡᠭᠦᠳᠬᠦ ᠡᠬᠢ ᠪᠠᠶᠠᠯᠢᠭ ᠢ ᠬᠠᠮᠲᠤᠪᠠᠷ ᠡᠳ᠋ᠯᠡᠬᠦ ᠪᠠ ᠠᠰᠢᠭᠯᠠᠬᠤ ᠶᠢ ᠠᠬᠢᠭᠤᠯᠵᠤ᠂ ᠨᠡᠶᠢᠭᠡᠮ ᠤᠨ ᠰᠢᠨ᠎ᠡ ᠶᠢ ᠡᠭᠦᠳᠬᠦ ᠶᠢ ᠠᠬᠢᠭᠤᠯᠬᠤ ᠬᠦᠴᠦᠷᠬᠡᠭ ᠶᠡᠭᠡ ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ᠃ ᠰᠢᠨᠵᠢᠯᠡᠬᠦ ᠤᠬᠠᠭᠠᠨ ᠢ ᠶᠡᠬᠡᠪᠡᠷ ᠲᠦᠭᠡᠮᠡᠯᠵᠢᠭᠦᠯᠬᠦ ᠣᠶᠢᠯᠠᠭᠠᠭᠳᠠᠬᠤᠨ ᠢ ᠪᠤᠢ ᠪᠣᠯᠭᠠᠵᠤ᠂ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠤᠨ ᠦᠢᠯᠡᠳᠦᠯ ᠢ ᠪᠠᠳᠠᠷᠠᠭᠤᠯᠵᠤ᠂ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯ ᠢ ᠠᠵᠤ ᠠᠬᠤᠢ᠂ ᠤᠯᠤᠰ ᠲᠦᠷᠦ᠂ ᠰᠣᠶᠣᠯ᠂ ᠨᠡᠶᠢᠭᠡᠮ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠯᠤᠭ᠎ᠠ ᠬᠠᠷᠢᠯᠴᠠᠨ ᠠᠭᠤᠰᠤᠯᠴᠠᠭᠤᠯᠬᠤ ᠶᠢ ᠠᠬᠢᠭᠤᠯᠵᠤ᠂ ᠠᠵᠢᠯ ᠲᠦᠷᠦᠯ ᠤᠨ ᠳᠣᠲᠣᠭᠠᠳᠤ ᠭᠠᠳᠠᠭᠠᠳᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠡᠬᠢ ᠪᠠᠶᠠᠯᠢᠭ ᠢ ᠰᠣᠯᠢᠯᠴᠠᠵᠤ ᠬᠠᠮᠲᠤ ᠪᠠᠷ ᠡᠳ᠋ᠯᠡᠬᠦ ᠶᠢ ᠴᠢᠩᠭᠠᠳᠬᠠᠵᠤ᠂ ᠰᠢᠨᠵᠢᠯᠡᠭᠡᠨ ᠤ ᠰᠠᠯᠠᠭ᠎ᠠ ᠠᠯᠤᠰᠯᠠᠭᠰᠠᠨ᠂ ᠬᠦᠷᠢᠶ᠎ᠡ ᠠᠯᠤᠰᠯᠠᠭᠰᠠᠨ ᠬᠠᠮᠵᠢᠯᠴᠠᠨ ᠰᠢᠨ᠎ᠡ ᠶᠢ ᠡᠭᠦᠳᠬᠦ ᠶᠢ ᠠᠬᠢᠭᠤᠯᠵᠤ᠂ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠶᠢᠨ ᠰᠢᠨᠵᠢᠯᠡᠭᠡ ᠮᠡᠷᠭᠡᠵᠢᠯ ᠤᠨ ᠬᠥᠭᠵᠢᠯᠲᠡ ᠳᠤ ᠨᠡᠩ ᠥᠷᠭᠡᠨ ᠠᠭᠤᠳᠠᠮ ᠣᠷᠣᠨ ᠵᠠᠢ ᠶᠢ ᠨᠡᠭᠡᠭᠡᠨ᠎ᠡ᠃      ᠠᠷᠭ᠎ᠠ ᠤᠬᠠᠭᠠᠨ ᠰᠦᠪᠡᠭᠴᠢᠯᠡᠬᠦ ᠳᠤ ᠥᠨᠳᠥᠷ ᠲᠤ ᠵᠣᠭᠰᠣᠨ ᠠᠯᠤᠰ ᠢ ᠪᠠᠷᠠᠯᠠᠬᠤ ᠴᠢᠬᠤᠯᠠᠲᠠᠢ︔ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠪᠠ ᠰᠢᠨ᠎ᠡ ᠶᠢ ᠡᠭᠦᠳᠬᠦ ᠶᠢ ᠬᠠᠮᠳᠦ ᠲᠤᠨᠢ ᠬᠦᠴᠦᠯᠡᠬᠦ ᠬᠡᠷᠡᠭᠲᠡᠶ᠃ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠪᠠ ᠰᠢᠨᠵᠢᠯᠡᠬᠦ ᠤᠬᠠᠭᠠᠨ ᠤ ᠲᠦᠭᠡᠮᠡᠯᠵᠢᠭᠦᠯᠦᠯᠲᠡ ᠨᠢ ᠰᠢᠪᠠᠭᠤᠨ ᠤ ᠬᠤᠣᠰ ᠵᠢᠭᠦᠷ᠂ ᠲᠡᠷᠭᠡᠨ ᠤ ᠬᠤᠣᠰ ᠬᠦᠷᠳᠦ ᠮᠡᠲᠦ᠂ ᠬᠤᠶᠠᠭᠤᠯᠠ ᠬᠠᠮᠲᠤ ᠪᠠᠷ ᠤᠷᠤᠭᠰᠢᠯᠠᠭᠤᠯᠵᠤ᠂ ᠨᠢᠭᠡ ᠶᠢ ᠴᠦ ᠤᠷᠬᠢᠭᠳᠠᠭᠤᠯᠵᠤ ᠪᠣᠯᠬᠤ ᠦᠭᠡᠢ᠃ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠪᠣᠯᠣᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠵᠤ ᠠᠬᠤᠢ ᠨᠡᠶᠢᠭᠡᠮ ᠤᠨ ᠠᠯᠤᠰ ᠬᠡᠳᠤ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠦᠨᠳᠦᠷᠴᠡ ᠠᠴᠠ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯ ᠢ ᠲᠥᠯᠥᠪᠵᠢᠭᠦᠯᠦᠨ ᠠᠬᠢᠭᠤᠯᠵᠤ᠂ ᠰᠢᠨᠵᠢᠯᠡᠬᠦ ᠤᠬᠠᠭᠠᠨᠴᠢ ᠬᠥᠷᠥᠰᠥ ᠰᠢᠷᠣᠢ ᠶᠢ ᠵᠤᠵᠠᠭᠠᠳᠬᠠᠵᠤ᠂ ᠰᠢᠨ᠎ᠡ ᠶᠢ ᠡᠭᠦᠳᠬᠦ ᠰᠠᠭᠤᠷᠢ ᠶᠢ ᠪᠠᠬᠢᠵᠢᠭᠦᠯᠵᠦ᠂ ᠴᠢᠨᠠᠷ ᠰᠠᠶᠢᠲᠠᠢ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠪᠠᠷ ᠥᠨᠳᠥᠷ ᠲᠦᠪᠰᠢᠨ ᠪᠦᠬᠦᠢ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠤᠨ ᠢᠯᠡᠳᠲᠡ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1