ᠬᠥᠳᠡᠭᠡ ᠲᠣᠰᠬᠤᠨ ᠤ ᠡᠮ ᠡᠮᠨᠡᠯᠭᠡ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠠᠷᠠᠳ ᠤᠨ ᠠᠮᠢᠳᠤᠷᠠᠯ ᠳᠤ ᠠᠰᠢᠭ ᠬᠦᠷᠲᠡᠭᠡᠪᠡ
ᠨᠡᠶᠢᠲᠡᠯᠡᠭᠰᠡᠨ ᠴᠠᠭ᠄
2024/5/20
      ᠤᠯᠤᠰ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠤᠷᠢᠶᠠᠯᠠᠭ᠎ᠠ ᠶᠢ ᠢᠳᠡᠪᠬᠢᠲᠡᠶ ᠴᠤᠤᠷᠢᠶᠠᠲᠤᠨ ᠳᠠᠭᠠᠵᠤ᠂ ᠴᠢᠨᠠᠷ ᠰᠠᠶᠢᠲᠠᠶ ᠡᠮᠴᠢᠯᠡᠭᠡᠨ ᠤ ᠡᠬᠢ ᠪᠠᠶᠠᠯᠢᠭ ᠢ ᠦᠨᠳᠦᠰᠦᠨ ᠱᠠᠲᠤ ᠲᠡᠶᠢᠰᠢ ᠤᠷᠲᠤᠳᠬᠠᠬᠤ ᠶᠢ ᠠᠬᠢᠭᠤᠯᠵᠤ᠂ ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠤᠬᠠᠮᠰᠠᠷ ᠪᠠ ᠡᠷᠡᠭᠦᠯ ᠮᠡᠨᠳᠦ ᠶᠢᠨ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ᠂ 5 ᠳ᠋ᠤᠭᠠᠷ ᠰᠠᠷ᠎ᠠ ᠶᠢᠨ 17 ᠤ ᠡᠳᠦᠷ᠂ ᠲᠣᠭᠲᠠᠬᠤ ᠰᠢᠶᠠᠨ ᠤ ᠡᠮᠨᠡᠯᠭᠡ ᠶᠢᠨ ᠬᠤᠷᠢᠶ᠎ᠠ ᠪᠡᠭᠡᠵᠢᠩ ᠤᠨ ᠰᠢᠶᠧ ᠾᠧ ᠡᠮᠨᠡᠯᠭᠡ ᠶᠢᠨ ᠬᠤᠷᠢᠶᠠᠨ ᠤ ᠦᠪᠦᠷ ᠮᠣᠩᠭᠤᠯ ᠤᠨ ᠡᠮᠴᠢᠯᠡᠭᠡ ᠶᠢ ᠲᠤᠰᠠᠯᠠᠬᠤ ᠡᠮᠴᠢᠯᠡᠭᠡᠨ ᠤ ᠠᠩᠭᠢ ᠶᠢᠨ ᠲᠤᠰᠬᠠᠶ ᠮᠡᠷᠭᠡᠵᠢᠯᠲᠡᠨ ᠲᠠᠢ ᠭᠠᠷ ᠬᠤᠯᠪᠣᠯᠴᠠᠨ᠂ ᠦᠱᠧᠨ ᠪᠠᠯᠭᠠᠰᠤᠨ ᠤ ᠰᠠᠨ ᠵᠢᠶᠠᠨ ᠹᠠᠩ ᠲᠣᠰᠬᠤᠨ ᠳᠤ ︽ᠡᠮᠴᠢᠯᠡᠭᠡᠨ ᠤ ᠦᠢᠯᠡᠴᠢᠯᠡᠭᠡ ᠶᠢ ᠬᠥᠳᠡᠭᠡ ᠲᠣᠰᠬᠤᠨ ᠳᠤ ᠣᠷᠣᠭᠤᠯᠬᠤ ᠨᠡᠶᠢᠲᠡ ᠶᠢᠨ ᠠᠰᠠᠷᠠᠮᠵᠢ ᠶᠢᠨ ᠠᠷᠠᠳ ᠤᠨ ᠲᠥᠯᠥᠭᠡ ᠡᠷᠡᠭᠦᠯ ᠮᠡᠨᠳᠦ ᠶᠢ ᠬᠦᠷᠭᠡᠶ᠎ᠡ︾ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠪᠡ᠃      ᠠᠵᠢᠯᠯᠠᠭ᠎ᠠ ᠶᠢᠨ ᠲᠤᠬᠠᠶ ᠶᠢᠨ ᠲᠠᠯᠠᠪᠠᠢ ᠳᠤ᠂ ᠪᠡᠭᠡᠵᠢᠩ ᠤᠨ ᠰᠢᠶᠧ ᠾᠧ ᠡᠮᠨᠡᠯᠭᠡ ᠶᠢᠨ ᠬᠤᠷᠢᠶᠠᠨ ᠤ ᠡᠮᠴᠢᠯᠡᠭᠡᠨ ᠤ ᠲᠤᠰᠬᠠᠶ ᠮᠡᠷᠭᠡᠵᠢᠯᠲᠡᠨ ᠪᠣᠯᠤᠨ ᠲᠤᠭᠳᠠᠬᠤ ᠰᠢᠶᠠᠨ ᠤ ᠡᠮᠨᠡᠯᠭᠡ ᠶᠢᠨ ᠬᠤᠷᠢᠶᠠᠨ ᠤ ᠡᠮᠴᠢ ᠨᠡᠷ ᠲᠣᠰᠬᠤᠨ ᠤ ᠠᠷᠠᠳ ᠲᠤ ᠡᠷᠡᠭᠦᠯ ᠮᠡᠨᠳᠦ ᠶᠢᠨ ᠵᠥᠪᠯᠡᠯᠭᠡ ᠪᠠ ᠡᠪᠡᠳᠴᠢᠨ ᠡᠮᠭᠡᠭ ᠢ ᠣᠨᠣᠰᠢᠯᠠᠬᠤ ᠦᠢᠯᠡᠴᠢᠯᠡᠭᠡ ᠬᠠᠩᠭᠠᠪᠠ᠃ ᠲᠤᠰᠬᠠᠶ ᠮᠡᠷᠭᠡᠵᠢᠯᠲᠡᠳ ᠡᠯᠪᠡᠭ ᠪᠠᠶᠠᠯᠢᠭ ᠡᠮᠴᠢᠯᠡᠭᠡᠨ ᠤ ᠲᠤᠷᠰᠢᠯᠭ᠎ᠠ ᠪᠠᠷ ᠢᠶᠠᠨ ᠲᠣᠰᠬᠤᠨ ᠤ ᠠᠷᠠᠳ ᠤᠨ ᠡᠷᠡᠭᠦᠯ ᠮᠡᠨᠳᠦ ᠶᠢᠨ ᠠᠰᠠᠭᠤᠳᠠᠯ ᠢ ᠬᠦᠯᠢᠴᠡᠩᠭᠦᠶ ᠨᠢᠮᠪᠠᠶ ᠬᠠᠷᠢᠭᠤᠯᠬᠤ ᠶᠢᠨ ᠬᠠᠮᠲᠤ ᠲᠤᠰᠬᠠᠶ ᠮᠡᠷᠭᠡᠵᠢᠯ ᠤᠨ ᠡᠮᠴᠢᠯᠡᠭᠡᠨ ᠤ ᠰᠠᠨᠠᠭᠤᠯᠭ᠎ᠠ ᠬᠠᠩᠭᠠᠪᠠ᠃ ᠡᠭᠦᠨ ᠤ ᠬᠠᠮᠲᠤ᠂ ᠡᠮᠴᠢᠯᠡᠭᠡᠨ ᠤ ᠠᠩᠭᠢ ᠪᠠᠰᠠ ᠲᠣᠰᠬᠤᠨ ᠤ ᠠᠷᠠᠳ ᠲᠤ ᠴᠢᠰᠤᠨ ᠳᠠᠷᠤᠯᠲᠠ᠂ ᠴᠢᠰᠤᠨ ᠰᠢᠬᠢᠷ ᠵᠡᠷᠭᠡ ᠰᠦᠢᠳᠭᠡᠯ ᠬᠤᠷᠢᠶᠠᠬᠤ ᠥᠬᠡᠶ ᠪᠠᠷ ᠪᠠᠶᠢᠴᠠᠭᠠᠬᠤ ᠲᠥᠷᠥᠯ ᠵᠦᠢᠯ ᠬᠠᠩᠭᠠᠵᠤ᠂ ᠲᠡᠳᠡᠨ ᠳᠤ ᠥᠪᠡᠷ ᠤᠨ ᠪᠡᠶ᠎ᠡ ᠶᠢᠨ ᠪᠠᠶᠢᠳᠠᠯ ᠢᠶᠠᠨ ᠴᠠᠭ ᠲᠤᠬᠠᠶ ᠳᠤᠨᠢ ᠣᠶᠢᠯᠠᠭᠠᠭᠤᠯᠪᠠ᠃      ︽ᠡᠶᠢᠮᠦᠷᠬᠦ ᠠᠯᠪᠠᠨ ᠵᠢᠷᠤᠮ ᠤᠨ ᠡᠮᠴᠢᠯᠡᠭᠡ ᠶᠢᠨ ᠠᠵᠢᠯᠯᠠᠭ᠎ᠠ ᠦᠨᠡᠬᠡᠷ ᠲᠣᠩ ᠰᠠᠶᠢᠨ︕︾ ᠮᠠᠨ ᠤ ᠬᠥᠳᠡᠭᠡ ᠲᠣᠰᠬᠤᠨ ᠤ ᠨᠠᠰᠤᠲᠠᠶᠢᠴᠤᠳ ᠡᠩ ᠤᠨ ᠦᠶ᠎ᠡ ᠳᠤ ᠡᠮᠨᠡᠯᠭᠡ ᠶᠢᠨ ᠬᠤᠷᠢᠶᠠᠨ ᠳᠤ ᠣᠴᠢᠵᠤ ᠡᠪᠡᠳᠴᠢᠨ ᠦᠵᠡᠭᠦᠯᠬᠦ ᠳᠤ ᠳᠥᠭᠦᠮ ᠦᠭᠡᠢ ᠪᠠᠶᠢᠳᠠᠭ᠂ ᠲᠡᠳᠡ ᠮᠠᠨ ᠤ ᠲᠥᠯᠥᠭᠡ ᠪᠠᠰᠠ ᠡᠶᠢᠮᠦ ᠤᠯᠠᠨ ᠰᠦᠢᠳᠬᠡᠯ ᠬᠤᠷᠢᠶᠠᠬᠤ ᠦᠭᠡᠢ ᠪᠠᠶᠢᠴᠠᠭᠠᠯᠲᠠ ᠶᠢᠨ ᠵᠦᠢᠯᠡᠰ ᠢ ᠬᠠᠩᠭᠠᠭᠰᠠᠨ ᠪᠠᠶᠢᠨ᠎ᠠ᠂ ᠦᠨᠡᠬᠡᠷ ᠲᠡᠳᠡᠨ ᠳᠤ ᠲᠠᠯᠠᠷᠬᠠᠵᠤ ᠪᠠᠶᠢᠨ᠎ᠠ︾ ᠭᠡᠵᠦ ᠰᠠᠨ ᠵᠢᠶᠠᠨ ᠹᠠᠩ ᠲᠣᠰᠬᠤᠨ ᠤ ᠠᠷᠠᠳ ᠼᠦᠢ ᠵᠢᠶᠦ᠋ᠨ ᠯᠢᠩ ᠬᠡᠯᠡᠵᠡᠶ᠃      ︽ᠪᠢᠳᠡ ᠪᠣᠯ ᠪᠡᠭᠡᠵᠢᠩ ᠤᠨ ᠰᠢᠶᠧ ᠾᠧ ᠡᠮᠨᠡᠯᠭᠡ ᠶᠢᠨ ᠬᠤᠷᠢᠶᠠᠨ ᠤ 17 ᠳ᠋ᠤᠭᠠᠷ ᠪᠦᠯᠦᠭ ᠦᠪᠦᠷ ᠮᠣᠩᠭᠤᠯ ᠤᠨ ᠡᠮᠴᠢᠯᠡᠭᠡ ᠶᠢ ᠲᠤᠰᠠᠯᠠᠬᠤ ᠡᠮᠴᠢᠯᠡᠭᠡᠨ ᠤ ᠠᠩᠭᠢ ᠪᠣᠯᠤᠨ᠎ᠠ᠂ ᠠᠮᠢᠰᠬᠤᠯ ᠤᠨ ᠳᠣᠲᠣᠷ ᠰᠠᠯᠠᠭ᠎ᠠ᠂ ᠰᠢᠩᠭᠡᠭᠡᠯᠲᠡ ᠶᠢᠨ ᠰᠠᠯᠠᠭ᠎ᠠ᠂ ᠴᠢᠬᠢ ᠬᠠᠮᠠᠷ ᠬᠤᠭᠤᠯᠠᠶ ᠶᠢᠨ ᠰᠠᠯᠠᠭ᠎ᠠ᠂ ᠮᠢᠨᠴᠦᠭᠦᠷᠡᠭᠦᠯᠬᠦ ᠰᠠᠯᠠᠭ᠎ᠠ᠂ ᠮᠡᠳᠡᠷᠡᠯ ᠤᠨ ᠳᠣᠲᠣᠷ ᠰᠠᠯᠠᠭ᠎ᠠ ᠪᠠ ᠭᠠᠵᠢᠮᠠᠯ ᠤᠷᠪᠠᠯ ᠤᠨ ᠰᠠᠯᠠᠭᠠᠨ ᠤ ᠵᠢᠷᠭᠤᠭᠠᠨ ᠲᠤᠰᠬᠠᠶ ᠮᠡᠷᠭᠡᠵᠢᠯᠲᠡᠨ ᠢᠶᠠᠷ ᠪᠦᠷᠢᠯᠳᠦᠵᠡᠶ᠃ ᠮᠠᠨ ᠤ ᠡᠨᠡ ᠤᠳᠠᠭᠠᠨ ᠤ ᠠᠶᠠᠯᠠᠯ ᠤᠨ ᠵᠣᠷᠢᠯᠭ᠎ᠠ ᠪᠣᠯ ᠰᠢᠯᠢᠳᠡᠭ ᠡᠮᠴᠢᠯᠡᠭᠡᠨ ᠤ ᠡᠬᠢ ᠪᠠᠶᠠᠯᠢᠭ ᠢ ᠦᠨᠳᠦᠰᠦᠨ ᠱᠠᠲᠤᠨ ᠳᠤ ᠬᠦᠷᠭᠡᠵᠦ᠂ ᠲᠤᠭᠳᠠᠬᠤ ᠰᠢᠶᠠᠨ ᠤ ᠠᠷᠠᠳ ᠣᠯᠠᠨ ᠳᠤ ᠰᠢᠯᠢᠳᠡᠭ ᠡᠮᠴᠢᠯᠡᠭᠡᠨ ᠤ ᠦᠢᠯᠡᠴᠢᠯᠡᠭᠡ ᠬᠦᠷᠲᠡᠭᠡᠬᠦ ᠶᠢᠨ ᠲᠥᠯᠥᠭᠡ ᠶᠤᠮ᠃ ᠡᠭᠦᠨ ᠤ ᠬᠠᠮᠲᠤ᠂ ᠪᠢᠳᠡ ᠪᠠᠰᠠ ᠲᠤᠭᠳᠠᠬᠤ ᠰᠢᠶᠠᠨ ᠤ ᠡᠮᠨᠡᠯᠭᠡ ᠶᠢᠨ ᠬᠤᠷᠢᠶ᠎ᠠ ᠲᠠᠢ ᠬᠠᠮᠲᠤ ᠪᠠᠷ ᠰᠠᠨᠠᠯ ᠢᠶᠠᠨ ᠰᠣᠯᠢᠯᠴᠠᠵᠤ᠂ ᠬᠠᠮᠵᠢᠯᠴᠠᠬᠤ ᠲᠤᠷᠰᠢᠯᠭ᠎ᠠ ᠪᠠᠨ ᠬᠤᠪᠢᠶᠠᠯᠴᠠᠬᠤ ᠶᠢ ᠬᠦᠰᠡᠵᠦ ᠪᠠᠶᠢᠨ᠎ᠠ︾ ᠭᠡᠵᠦ  ᠪᠡᠭᠡᠵᠢᠩ ᠤᠨ ᠰᠢᠶᠧ ᠾᠧ ᠡᠮᠨᠡᠯᠭᠡ ᠶᠢᠨ ᠬᠤᠷᠢᠶᠠᠨ ᠤ ᠬᠦᠨᠳᠦ ᠡᠪᠡᠳᠴᠢᠨ ᠤ ᠡᠮᠨᠡᠯᠭᠡ ᠶᠢᠨ ᠰᠠᠯᠠᠭᠠᠨ ᠤ ᠳᠡᠳ᠋ ᠡᠷᠬᠢᠯᠡᠭᠴᠢ ᠡᠮᠴᠢ᠂ ᠳᠡᠳ᠋ ᠫᠷᠣᠹᠧᠰᠰᠣᠷ ᠫᠧᠨ ᠮᠢᠩ ᠰᠤᠷᠪᠤᠯᠵᠢᠯᠠᠭᠴᠢ ᠳᠤ ᠬᠡᠯᠡᠪᠡ      ᠡᠶᠢᠮᠦᠷᠬᠦᠦ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠶᠢ ᠡᠷᠬᠢᠯᠡᠬᠦ ᠪᠠᠷ ᠳᠠᠮᠵᠢᠨ᠂ ᠪᠢᠳᠡ ᠨᠡᠩ ᠤᠯᠠᠨ ᠦᠨᠳᠦᠰᠦᠨ ᠱᠠᠲᠤᠨ ᠤ ᠤᠯᠠᠨ ᠲᠦᠮᠡᠨ ᠳᠤ ᠴᠢᠨᠠᠷ ᠰᠠᠶᠢᠲᠠᠢ ᠡᠮᠴᠢᠯᠡᠭᠡᠨ ᠤ ᠡᠬᠢ ᠪᠠᠶᠠᠯᠢᠭ ᠪᠣᠯᠤᠨ ᠦᠢᠯᠡᠴᠢᠯᠡᠭᠡ ᠶᠢ ᠬᠦᠷᠲᠡᠭᠡᠵᠦ᠂ ᠤᠯᠠᠨ ᠲᠦᠮᠡᠨ ᠤ ᠡᠪᠡᠳᠴᠢᠨ ᠦᠵᠡᠭᠦᠯᠬᠦ ᠳᠤ ᠬᠦᠴᠢᠷᠲᠡᠢ᠂ ᠡᠪᠡᠳᠴᠢᠨ ᠦᠵᠡᠭᠦᠯᠬᠦ ᠳᠤ ᠦᠨᠡᠲᠡᠢ ᠪᠠᠶᠢᠬᠤ ᠠᠰᠠᠭᠤᠳᠠᠯ ᠢ ᠦᠨᠡᠨ ᠬᠦ ᠰᠢᠢᠳᠪᠦᠷᠢᠯᠡᠬᠦ ᠶᠢ ᠬᠦᠰᠡᠵᠦ ᠪᠠᠶᠢᠨ᠎ᠠ᠃ ᠡᠭᠦᠨ ᠤ ᠬᠠᠮᠲᠤ᠂ ᠪᠢᠳᠡ ᠪᠠᠰᠠ ᠡᠶᠢᠮᠦᠷᠬᠦᠦ ᠠᠵᠢᠯᠯᠠᠭ᠎ᠠ ᠪᠠᠷ ᠳᠠᠮᠵᠢᠭᠤᠯᠤᠨ ᠤᠯᠠᠨ ᠤ ᠡᠷᠡᠭᠦᠯ ᠮᠡᠨᠳᠦ ᠶᠢᠨ ᠤᠬᠠᠮᠰᠠᠷ ᠢ ᠳᠡᠭᠡᠭᠰᠢᠯᠡᠭᠦᠯᠵᠦ᠂ ᠬᠥᠮᠦᠨ ᠨᠢᠭᠡᠪᠦᠷᠢ ᠶᠢ ᠥᠪᠡᠷ ᠤᠨ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠢᠶᠠᠨ ᠠᠩᠬᠠᠷᠬᠤ ᠶᠢ ᠬᠦᠰᠡᠵᠦ ᠪᠠᠶᠢᠨ᠎ᠠ᠃ ᠢᠷᠡᠭᠡᠳᠦᠢ ᠳᠤ᠂ ᠪᠢᠳᠡ ᠦᠷᠭᠦᠯᠵᠢᠯᠡᠨ ᠪᠡᠭᠡᠵᠢᠩ ᠤᠨ ᠰᠢᠶᠧ ᠾᠧ ᠡᠮᠨᠡᠯᠭᠡ ᠶᠢᠨ ᠬᠤᠷᠢᠶ᠎ᠠ ᠵᠡᠷᠭᠡ ᠤᠯᠤᠰ ᠤᠨ ᠳᠣᠲᠣᠭᠠᠳᠤ ᠶᠢᠨ ᠲᠡᠷᠢᠭᠦᠨ ᠤ ᠡᠮᠨᠡᠯᠭᠡ ᠶᠢᠨ ᠬᠤᠷᠢᠶ᠎ᠠ ᠲᠠᠢ ᠬᠠᠮᠲᠤᠷᠠᠯᠴᠠᠵᠤ᠂ ᠡᠶᠢᠮᠦᠷᠬᠦᠦ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠡᠷᠡᠭᠦᠯ ᠮᠡᠨᠳᠦ ᠶᠢ ᠬᠠᠮᠠᠭᠠᠯᠠᠨ᠎ᠠ︾ ᠭᠡᠵᠣ ᠲᠣᠭᠲᠠᠬᠤ  ᠰᠢᠶᠠᠨ ᠤ ᠡᠮᠨᠡᠯᠭᠡ ᠶᠢᠨ ᠬᠤᠷᠢᠶᠠᠨ ᠤ ᠨᠠᠮ ᠤᠨ ᠶᠡᠷᠦᠩᠬᠡᠢ ᠡᠭᠦᠷ ᠤᠨ ᠱᠤᠤᠵᠢ ᠯᠢᠦ ᠶᠢᠦ ᠵᠢᠶᠦ᠋ᠨ ᠬᠡᠯᠡᠪᠡ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠤᠨ ᠶᠦᠨ ᠵᠥᠩ ᠬᠠᠮ ᠵᠠᠭᠤᠴᠢᠯᠠᠭᠤᠷ  
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1