ᠲᠣᠭᠲᠠᠬᠤ ᠰᠢᠶᠠᠨ 2024 ᠣᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠠᠵᠢᠯᠯᠠᠭ᠎ᠠ ᠶᠢᠨ ᠭᠠᠷᠠᠭ ᠵᠢᠴᠢ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠤᠬᠠᠭᠤᠯᠭ᠎ᠠ ᠶᠢᠨ ᠰᠠᠷ᠎ᠠ ᠶᠢᠨ ᠡᠬᠢᠯᠡᠯᠲᠡ ᠶᠢᠨ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2024/5/20
      5 ᠳ᠋ᠤᠭᠠᠷ ᠰᠠᠷ᠎ᠠ ᠶᠢᠨ 17 ᠤ ᠡᠳᠦᠷ᠂ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠠᠴᠠ ᠭᠤᠤᠯᠯᠠᠨ ᠡᠷᠭᠢᠯᠡᠵᠦ᠂ ᠰᠢᠶᠠᠨ ᠤ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠳᠤᠮᠳᠠᠳᠤ ᠰᠤᠷᠭᠠᠭᠤᠯᠢ ᠠᠴᠠ ᠳᠠᠭᠠᠭᠠᠨ ᠡᠷᠭᠢᠯᠡᠭᠰᠡᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠠᠵᠢᠯᠯᠠᠭ᠎ᠠ ᠶᠢᠨ ᠭᠠᠷᠠᠭ ᠵᠢᠴᠢ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠤᠬᠠᠭᠤᠯᠭ᠎ᠠ ᠶᠢᠨ ᠰᠠᠷ᠎ᠠ ᠶᠢᠨ ᠡᠬᠢᠯᠡᠯᠲᠡ ᠶᠢᠨ ᠶᠣᠰᠣᠯᠠᠯ ᠲᠣᠭᠲᠠᠬᠤ ᠰᠣᠶᠣᠯ ᠤᠨ ᠲᠠᠯᠠᠪᠠᠶ ᠳᠤ ᠶᠠᠪᠤᠭᠳᠠᠪᠠ᠃      ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠲᠣᠭᠲᠠᠬᠤ ᠰᠢᠶᠠᠨ ᠤ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠳᠤᠮᠳᠠᠳᠤ ᠰᠤᠷᠭᠠᠭᠤᠯᠢ ᠶᠢᠨ ᠪᠠᠭᠰᠢ ᠰᠤᠷᠤᠭᠴᠢᠳ ᠲᠠᠷᠢᠶᠠᠯᠠᠩ ᠤᠨ ᠮᠡᠷᠭᠡᠵᠢᠯ᠂ ᠡᠳ᠋ ᠤᠨ ᠶᠠᠪᠤᠳᠠᠯ᠂ ᠮᠧᠬᠠᠨᠢᠭ  ᠡᠯᠧᠺᠲᠷᠦᠨ᠂ ᠰᠤᠪᠢᠯᠠᠯᠲᠠ ᠵᠡᠷᠭᠡ ᠲᠤᠰᠬᠠᠢ ᠮᠡᠷᠭᠡᠵᠢᠯ ᠤᠨ ᠥᠨᠳᠥᠷ ᠤᠷ᠎ᠠ ᠴᠢᠳᠠᠪᠤᠷᠢ ᠵᠢᠴᠢ ᠰᠢᠯᠢᠳᠡᠭ ᠠᠵᠢᠯ ᠮᠡᠷᠭᠡᠵᠢᠯ ᠤᠨ ᠦᠷ᠎ᠡ ᠪᠦᠲᠦᠭᠡᠯ ᠢ ᠳᠡᠯᠭᠡᠨ ᠦᠵᠡᠭᠦᠯᠵᠡᠢ᠃ ᠪᠤᠭᠤᠲᠤ ᠶᠢᠨ ᠬᠥᠩᠭᠡᠨ ᠠᠵᠤ ᠦᠢᠯᠡᠳᠪᠦᠷᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠥᠪᠥᠷ ᠮᠣᠩᠭᠤᠯ ᠤᠨ ᠬᠤᠤ ᠠᠨ ᠠᠮᠤᠷ ᠢ ᠬᠠᠮᠠᠭᠠᠯᠠᠬᠤ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠶᠢᠨ ᠳ᠋ᠠ ᠸᠧᠢ ᠡᠮ ᠤᠨ ᠦᠢᠯᠡᠰ ᠤᠨ ᠬᠢᠵᠠᠭᠠᠷᠲᠤ ᠺᠣᠮᠫᠠᠨᠢ᠂ ᠲᠢᠶᠠᠨᠵᠢᠨ ᠤ ᠯᠠᠨ ᠴᠤᠤ ᠴᠠᠬᠢᠯᠭᠠᠨ ᠬᠦᠴᠦᠨ ᠤ ᠪᠠᠶᠢᠴᠠᠭᠠᠨ ᠵᠠᠰᠠᠬᠤ ᠬᠢᠵᠠᠭᠠᠷᠲᠤ ᠺᠣᠮᠫᠠᠨᠢ ᠪᠣᠯᠤᠨ ᠲᠣᠭᠲᠠᠬᠤ ᠰᠢᠶᠠᠨ ᠤ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠳᠤᠮᠳᠠᠳᠤ ᠰᠤᠷᠭᠠᠭᠤᠯᠢ ᠲᠤᠬᠠᠢ ᠶᠢᠨ ᠲᠠᠯᠠᠪᠠᠢ ᠳᠤ ᠰᠤᠷᠭᠠᠭᠤᠯᠢ ᠠᠵᠤ ᠠᠬᠤᠶᠢᠯᠠᠯ ᠤᠨ ᠬᠠᠮᠲᠤᠷᠠᠯᠴᠠᠭᠠᠨ ᠤ ᠭᠡᠷ᠎ᠡ ᠲᠣᠭᠲᠠᠬᠤ ᠶᠣᠰᠣᠯᠠᠯ ᠶᠠᠪᠤᠭᠤᠯᠪᠠ᠃      ︽ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭᠠᠨ ᠤ ᠪᠣᠷᠣ ᠲᠥᠯᠥᠪ ᠲᠤ ᠭᠠᠷ ᠤᠨ ᠦᠰᠦᠭ ᠵᠢᠷᠤᠭᠰᠠᠨ ᠨᠢ ᠰᠤᠷᠤᠭᠴᠢᠳ ᠤᠨ ᠮᠡᠳᠡᠯᠭᠡ ᠪᠠ ᠠᠵᠢᠯ ᠣᠯᠭᠤᠯᠲᠠ ᠶᠢ ᠨᠡᠩ ᠰᠠᠶᠢᠲᠤᠷ ᠰᠤᠷᠤᠯᠴᠠᠬᠤ ᠳᠤ ᠠᠰᠢᠭᠲᠠᠢ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠰᠤᠷᠭᠠᠨ ᠬᠥᠮᠦᠵᠢᠯ ᠤᠨ ᠲᠦᠪᠰᠢᠨ ᠢ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠬᠥᠮᠦᠵᠢᠭᠦᠯᠬᠦ ᠳᠤ ᠠᠰᠢᠭᠲᠠᠢ ᠶᠤᠮ᠂ ᠡᠨᠡ ᠬᠦ ᠠᠵᠢᠯ ᠢ ᠪᠢᠳᠡ ᠯᠠᠪᠲᠠᠢ ᠤᠷᠳᠤ ᠬᠤᠭᠤᠴᠠᠭ᠎ᠠ ᠪᠠᠷ ᠪᠠᠷᠢᠮᠲᠠᠯᠠᠵᠤ᠂ ᠠᠵᠤ ᠠᠬᠤᠶᠢᠯᠠᠯ ᠪᠠ ᠲᠤᠬᠠᠢ ᠶᠢᠨ ᠭᠠᠵᠠᠷ ᠤᠨ ᠠᠵᠤ ᠠᠬᠤᠢ ᠶᠢᠨ ᠬᠥᠭᠵᠢᠯᠲᠡ ᠳᠤ ᠬᠤᠪᠢ ᠨᠡᠮᠡᠷᠢ ᠦᠵᠡᠭᠦᠯᠦᠨ᠎ᠡ︾ ᠭᠡᠵᠦ ᠥᠪᠥᠷ ᠮᠣᠩᠭᠤᠯ ᠤᠨ ᠶᠢᠨ ᠳ᠋ᠠ ᠸᠧᠢ ᠡᠮ ᠤᠨ ᠦᠢᠯᠡᠰ ᠤᠨ ᠬᠢᠵᠠᠭᠠᠷᠲᠤ ᠺᠣᠮᠫᠠᠨᠢ ᠶᠢᠨ ᠳᠡᠳ᠋ ᠶᠡᠷᠦᠩᠬᠡᠢ ᠵᠠᠬᠢᠷᠤᠯ ᠵᠤᠤ ᠵᠢᠶᠠᠩ ᠪᠦᠸᠧ ᠰᠤᠷᠪᠤᠯᠵᠢᠯᠠᠭᠴᠢ ᠳᠤ ᠬᠡᠯᠡᠪᠡ᠃      ︽ᠥᠨᠥᠳᠦᠷ᠂ ᠪᠢᠳᠡ 2024 ᠣᠨ ᠤ ᠲᠣᠭᠲᠠᠬᠤ ᠰᠢᠶᠠᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠠᠵᠢᠯᠯᠠᠭ᠎ᠠ ᠶᠢᠨ ᠭᠠᠷᠠᠭ ᠵᠢᠴᠢ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠶᠢ ᠠᠮᠵᠢᠯᠲᠠ ᠲᠠᠢ ᠡᠷᠬᠢᠯᠡᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠳᠤ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠪᠠᠶᠢᠭᠤᠯᠤᠯᠲᠠ ᠶᠢᠨ ᠥᠭᠡᠷᠡᠴᠢᠯᠡᠯᠲᠡ ᠶᠢᠨ ᠦᠷ᠎ᠡ ᠪᠦᠲᠦᠮᠵᠢ ᠶᠢ ᠪᠦᠬᠦ ᠲᠠᠯ᠎ᠠ ᠪᠠᠷ ᠤᠬᠠᠭᠤᠯᠪᠠ᠃ ᠪᠢᠳᠡ ᠵᠢᠭᠠᠨ ᠰᠤᠷᠭᠠᠯᠲᠠ ᠶᠢᠨ ᠶᠠᠰᠤ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠲᠤᠰᠬᠠᠶ ᠮᠡᠷᠭᠡᠵᠢᠯ ᠤᠨ ᠣᠨᠴᠠᠯᠢᠭ ᠢ ᠢᠯᠡᠷᠡᠭᠦᠯᠵᠦ᠂ ᠣᠷᠣᠨ ᠪᠦᠰᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠥᠭᠵᠢᠯᠲᠡ ᠶᠢ ᠬᠥᠲᠥᠯᠦᠨ ᠳᠠᠭᠠᠭᠤᠯᠵᠤ᠂ ᠲᠣᠭᠲᠠᠬᠤ ᠰᠢᠶᠠᠨ ᠤ ᠠᠷᠠᠳ ᠲᠦᠮᠡᠨ ᠤ ᠰᠡᠳᠬᠢᠯ ᠬᠠᠨᠤᠮᠵᠢᠲᠠᠶ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠡᠷᠭᠢᠯᠡᠨ᠎ᠡ︕︾ ᠭᠡᠵᠤ ᠲᠣᠭᠲᠠᠬᠤ ᠰᠢᠶᠠᠨ ᠤ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠳᠡᠳ᠋ ᠵᠠᠬᠢᠷᠤᠯ ᠵᠠᠩ ᠷᠦᠢ ᠹᠡᠨ ᠰᠤᠷᠪᠤᠯᠵᠢᠯᠠᠭᠴᠢ ᠳᠤ ᠬᠡᠯᠡᠪᠡ᠃      ᠲᠣᠰ ᠤᠳᠠᠭᠠᠨ ᠤ ᠠᠵᠢᠯᠯᠠᠭ᠎ᠠ ᠨᠢ ᠰᠤᠷᠭᠠᠭᠤᠯᠢ ᠶᠢᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠰᠤᠷᠭᠠᠨ ᠬᠥᠮᠦᠵᠢᠯ ᠤᠨ ᠬᠦᠷᠢᠶᠡᠨ ᠳᠠᠬᠢ ᠠᠮᠵᠢᠯᠲᠠ ᠪᠦᠲᠦᠮᠵᠢ ᠪᠠ ᠰᠢᠨ᠎ᠡ ᠶᠢ ᠡᠭᠦᠳᠬᠦ ᠶᠢ ᠢᠯᠡᠷᠡᠭᠦᠯᠵᠦ᠂ ᠰᠤᠷᠤᠭᠴᠢᠳ ᠢ ᠪᠣᠳᠠᠲᠠᠶ ᠠᠵᠢᠯᠯᠠᠬᠤ ᠳᠤᠮᠳᠠ ᠨᠡᠶᠢᠭᠡᠮ ᠨᠡᠶᠢᠲᠡ ᠳᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠪᠣᠳᠠᠲᠠᠶ ᠦᠷ᠎ᠡ ᠪᠦᠲᠦᠮᠵᠢ ᠪᠠ ᠬᠡᠷᠡᠭᠯᠡᠭᠡᠨ ᠤ ᠥᠷᠲᠡᠭ ᠢ ᠳᠡᠯᠭᠡᠨ ᠦᠵᠡᠭᠦᠯᠵᠦ᠂ ᠰᠤᠷᠭᠠᠭᠤᠯᠢ ᠠᠵᠤ ᠠᠬᠤᠶᠢᠯᠠᠯ ᠬᠤᠶᠠᠷ ᠲᠠᠯ᠎ᠠ ᠶᠢᠨ ᠴᠢᠳᠠᠪᠤᠷᠢᠲᠠᠨ ᠢ ᠬᠥᠮᠦᠵᠢᠭᠦᠯᠬᠦ᠂ ᠲᠤᠰᠬᠠᠶ ᠮᠡᠷᠭᠡᠵᠢᠯ ᠢ ᠬᠠᠮᠲᠤ ᠪᠠᠷ ᠪᠠᠶᠢᠭᠤᠯᠬᠤ ᠵᠡᠷᠭᠡ ᠬᠦᠷᠢᠶᠡᠨ ᠳᠠᠬᠢ ᠬᠠᠮᠲᠤᠷᠠᠯᠴᠠᠭᠠᠨ ᠤ ᠠᠯᠬᠤᠴᠠ ᠶᠢ ᠤᠯᠠᠮ ᠨᠢᠭᠡ ᠠᠯᠬᠤᠮ ᠲᠦᠷᠭᠡᠳᠬᠡᠵᠦ᠂ ᠡᠭᠦᠨ ᠤ ᠤᠯᠠᠮ ᠠᠴᠠ ᠬᠤᠶᠠᠷ ᠲᠠᠯ᠎ᠠ ᠶᠢᠨ ᠬᠤᠶᠢᠰᠢᠳᠠ ᠶᠢᠨ ᠬᠠᠮᠲᠤᠷᠠᠯᠴᠠᠭᠠᠨ ᠤ ᠬᠥᠭᠵᠢᠯᠲᠡ ᠶᠢᠨ ᠵᠠᠮ ᠳᠡᠭᠡᠷ᠎ᠡ ᠬᠠᠮᠲᠤ ᠪᠠᠷ ᠠᠰᠢᠭ ᠭᠥᠷᠳᠡᠬᠦ ᠶᠢ ᠪᠡᠶᠡᠯᠡᠭᠦᠯᠵᠦ᠂ ᠵᠣᠷᠢᠭ ᠲᠡᠭᠦᠯᠳᠡᠷ ᠴᠢᠳᠠᠪᠤᠷᠢᠲᠠᠨ ᠪᠤᠯᠬᠤ ᠬᠡᠤᠬᠡᠳ ᠤᠨ ᠰᠠᠶᠢᠨ ᠰᠠᠶᠢᠬᠠᠨ ᠬᠥᠮᠦᠨ ᠤ ᠠᠮᠢᠳᠤᠷᠠᠯ ᠢ ᠴᠣᠭᠴᠠᠯᠠᠬᠤ ᠳᠤ ᠬᠦᠴᠦᠨ ᠨᠡᠮᠡᠷᠢᠯᠡᠵᠦ᠂ ᠣᠲᠣ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠦᠢᠯᠡᠰ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠲᠠᠰᠤᠷᠠᠯᠲᠠ ᠥᠬᠡᠶ ᠠᠬᠢᠭᠤᠯᠪᠠ᠃ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠤᠨ ᠶᠦᠨ ᠵᠥᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1