ᠲᠣᠭᠲᠠᠬᠤ ᠰᠢᠶᠠᠨ ᠤ ︽ᠬᠤᠶᠠᠷ ᠢ ᠬᠦᠷᠢᠶᠡᠯᠡᠬᠦ ᠨᠡᠭᠦᠳᠡᠯ ᠨᠣᠮ ᠤᠨ ᠦᠷᠦᠭᠡ︾ ᠪᠠᠶᠢᠭᠤᠯᠤᠭᠳᠠᠵᠠᠢ
ᠨᠡᠶᠢᠲᠡᠯᠡᠭᠰᠡᠨ ᠴᠠᠭ᠄
2024/5/20
       ᠴᠡᠷᠢᠭ ᠢᠶᠠᠨ ᠬᠦᠷᠢᠶᠡᠯᠡᠨ ᠭᠡᠷ ᠪᠦᠯᠢ ᠶᠢ ᠨᠢ ᠬᠠᠷᠠᠭᠠᠯᠵᠠᠬᠤ᠂ ᠵᠠᠰᠠᠭ ᠢᠶᠠᠨ ᠬᠦᠷᠢᠶᠡᠯᠡᠨ ᠠᠷᠠᠳ ᠢᠶᠠᠨ ᠬᠠᠶᠢᠷᠠᠯᠠᠬᠤ ᠢᠷᠠᠭᠤ ᠠᠯᠳᠠᠷᠲᠤ ᠤᠯᠠᠮᠵᠢᠯᠠᠯ ᠢ ᠤᠯᠠᠮ ᠨᠢᠭᠡ ᠠᠯᠬᠤᠮ ᠪᠠᠳᠠᠷᠠᠭᠤᠯᠵᠤ᠂ ᠵᠡᠪᠰᠡᠭᠲᠦ ᠴᠠᠭᠳᠠᠭ᠎ᠠ ᠶᠢᠨ ᠳᠠᠷᠤᠭ᠎ᠠ ᠪᠠᠶᠢᠯᠳᠤᠭᠴᠢᠳ ᠤᠨ ᠤᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠪᠦᠬᠦ ᠠᠷᠠᠳ ᠢᠶᠠᠷ ᠢᠶᠠᠨ ᠨᠣᠮ ᠤᠩᠰᠢᠬᠤ ᠶᠢ ᠥᠷᠭᠡᠳᠬᠡᠬᠦ ᠶᠢᠨ ᠲᠥᠯᠥᠭᠡ᠂ ᠣᠶᠢᠷ᠎ᠠ ᠳᠤ᠂ ᠲᠣᠭᠲᠠᠬᠤ ᠰᠢᠶᠠᠨ ᠤ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠰᠢᠶᠠᠨ ᠤ ᠨᠣᠮ ᠤᠨ ᠰᠠᠩ ᠲᠠᠢ ᠬᠠᠮᠲᠤᠷᠠᠨ ᠰᠢᠶᠠᠨ ᠤ ᠵᠡᠪᠰᠡᠭᠲᠦ ᠴᠠᠭᠳᠠᠭ᠎ᠠ ᠶᠢᠨ ᠳᠤᠮᠳᠠ ᠠᠩᠭᠢ ᠳᠤ ᠣᠷᠣᠵᠤ᠂ ︽ᠬᠤᠶᠠᠷ ᠢ ᠬᠦᠷᠢᠶᠡᠯᠡᠬᠦ ᠨᠡᠭᠦᠳᠡᠯ ᠨᠣᠮ ᠤᠨ ᠦᠷᠦᠭᠡ︾ ᠢ ᠬᠠᠮᠲᠤ ᠪᠠᠷ ᠪᠠᠶᠢᠭᠤᠯᠤᠭᠰᠠᠨ ᠵᠤᠷᠢᠯᠭ᠎ᠠ ᠨᠢ ᠳᠠᠷᠤᠭ᠎ᠠ ᠪᠠᠶᠢᠯᠳᠤᠭᠴᠢᠳ ᠤᠨ ᠰᠤᠷᠤᠯᠴᠠᠬᠤ ᠬᠠᠯᠠᠭᠤᠨ ᠰᠡᠳᠬᠢᠯᠭᠡ ᠶᠢ ᠬᠥᠭᠵᠢᠭᠡᠵᠦ᠂ ᠰᠢᠨ᠎ᠡ ᠪᠠᠶᠢᠳᠠᠯ ᠤᠨ ᠳᠣᠣᠷ᠎ᠠ ᠰᠤᠷᠤᠯᠴᠠᠬᠤ ᠬᠡᠯᠪᠡᠷᠢ ᠶᠢᠨ ᠴᠢᠳᠠᠪᠤᠷᠢᠲᠠᠨ ᠢ ᠲᠠᠰᠤᠷᠠᠯᠲᠠ ᠦᠭᠡᠢ ᠬᠥᠮᠦᠵᠢᠭᠦᠯᠬᠦ ᠶᠢᠨ ᠲᠥᠯᠥᠭᠡ ᠶᠤᠮ᠃
     ᠲᠤᠭᠳᠠᠬᠤ ᠰᠢᠶᠠᠨ ᠤ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠪᠣᠯᠤᠨ ᠰᠢᠶᠠᠨ ᠤ ᠨᠣᠮ ᠤᠨ ᠰᠠᠩ ᠴᠡᠷᠢᠭ ᠠᠩᠭᠢ ᠶᠢᠨ ᠬᠡᠷᠡᠭᠴᠡᠭᠡ ᠶᠢ ᠦᠨᠳᠦᠰᠦᠯᠡᠨ᠂ ᠰᠢᠨ᠎ᠡ ᠪᠠᠶᠢᠳᠠᠯ ᠳᠣᠤᠷᠠᠬᠢ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠤᠨ ᠣᠶᠤᠨ ᠰᠠᠨᠠᠭ᠎ᠠ ᠰᠣᠶᠣᠯ ᠤᠨ ᠬᠡᠷᠡᠭᠴᠡᠭᠡ ᠶᠢ  ᠭᠦᠢᠴᠡᠳ ᠪᠣᠳᠣᠯᠬᠢᠯᠠᠵᠤ᠂ ᠮᠡᠳᠡᠯᠭᠡ ᠶᠢᠨ ᠴᠢᠨᠠᠷ᠂ ᠬᠡᠷᠡᠭᠯᠡᠭᠡᠨ ᠤ ᠴᠢᠨᠠᠷ ᠪᠣᠯᠤᠨ ᠲᠦᠭᠡᠮᠡᠯᠵᠢᠭᠦᠯᠬᠦ ᠴᠢᠨᠠᠷ ᠢ ᠴᠢᠬᠤᠯᠠᠴᠢᠯᠠᠬᠤ ᠪᠠᠷ ᠦᠨᠳᠦᠰᠦᠨ ᠵᠠᠷᠴᠢᠮ ᠪᠣᠯᠭᠠᠵᠤ᠂ ᠠᠭᠤᠯᠭ᠎ᠠ ᠨᠢ ᠨᠠᠮ ᠤᠨ ᠶᠠᠪᠤᠳᠠᠯ ᠤᠨ ᠲᠥᠷᠥ ᠶᠢᠨ ᠪᠣᠳᠣᠯᠭ᠎ᠠ᠂ ᠨᠡᠶᠢᠭᠡᠮ ᠤᠨ ᠰᠢᠨᠵᠢᠯᠡᠬᠦ ᠤᠬᠠᠭᠠᠨ᠂ ᠰᠣᠶᠣᠯ ᠢᠷᠭᠡᠨᠰᠢᠯ᠂ ᠠᠵᠤ ᠠᠬᠤᠶ᠂ ᠰᠡᠳᠬᠢᠴᠡ ᠶᠢᠨ ᠡᠷᠡᠭᠦᠯ ᠮᠡᠨᠳᠦ᠂ ᠠᠮᠢᠳᠤᠷᠠᠯ ᠤᠨ ᠣᠯᠠᠨ ᠰᠠᠯᠠᠭ᠎ᠠ᠂ ᠺᠣᠮᠫᠢᠦ᠋ᠲ᠋ᠧᠷ᠂ ᠴᠡᠷᠢᠭ ᠤᠨ ᠶᠠᠪᠤᠳᠠᠯ᠂ ᠤᠳᠬ᠎ᠠ ᠵᠣᠬᠢᠶᠠᠯ᠂ ᠤᠯᠤᠰ ᠲᠥᠷᠥ᠂ ᠲᠡᠤᠬᠡ ᠵᠡᠷᠭᠡ 2000 ᠭᠠᠷᠤᠶ ᠨᠣᠮ ᠪᠢᠴᠢᠭ ᠢ ᠬᠠᠮᠤᠷᠴᠠᠶ᠃
     ᠲᠣᠰ ᠤᠳᠠᠭᠠᠨ ᠤ ᠠᠵᠢᠯᠯᠠᠭ᠎ᠠ ᠶᠢᠨ ᠵᠣᠷᠢᠯᠭ᠎ᠠ ᠨᠢ ᠪᠥᠬᠦ ᠠᠷᠠᠳ ᠤᠨ ᠤᠩᠰᠢᠯᠭ᠎ᠠ ᠶᠢᠨ ᠬᠦᠷᠢᠶ᠎ᠡ ᠶᠢ ᠠᠬᠢᠭᠤᠯᠵᠤ᠂ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠤᠨ ᠰᠣᠶᠣᠯ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠶᠢᠨ ᠲᠥᠯᠥᠭᠡ ᠶᠤᠮ᠂ ᠨᠠᠩ ᠴᠤ ᠰᠣᠶᠣᠯ ᠢᠶᠠᠷ ᠴᠡᠷᠢᠭ ᠢᠶᠠᠨ ᠬᠦᠷᠢᠶᠡᠯᠡᠬᠦ ᠠᠷᠭ᠎ᠠ ᠮᠠᠶ᠋ᠢᠭ ᠢᠶᠠᠷ ︽ᠬᠠᠮᠤᠭ ᠤᠨ ᠬᠠᠶᠢᠷᠠᠲᠠᠶ ᠬᠥᠮᠦᠰ︾ ᠲᠤ ᠲᠠᠯᠠᠷᠬᠠᠯ ᠪᠠ ᠬᠦᠨᠳᠦᠳᠬᠡᠯ ᠢᠶᠠᠨ ᠳᠡᠪᠰᠢᠭᠦᠯᠵᠦ᠂ ᠴᠡᠷᠢᠭ ᠠᠷᠠᠳ ᠤᠨ ᠵᠢᠭᠠᠰᠤ ᠤᠰᠤᠨ ᠤ ᠨᠥᠬᠦᠷᠯᠡᠯ ᠢ ᠵᠤᠵᠠᠭᠠᠳᠬᠠᠬᠤ ᠶᠢᠨ ᠲᠥᠯᠥᠭᠡ ᠶᠤᠮ᠃ ᠨᠡᠭᠦᠳᠡᠯ ᠨᠣᠮ ᠤᠨ ᠦᠷᠦᠭᠡ ᠶᠢ ᠴᠡᠷᠢᠭ ᠤᠨ ᠬᠤᠸᠠᠷᠠᠨ ᠳᠤ ᠣᠷᠣᠭᠤᠯᠬᠤ ᠠᠵᠢᠯᠯᠠᠭ᠎ᠠ ᠪᠠᠷ ᠳᠠᠮᠵᠢᠭᠤᠯᠤᠨ᠂ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠤᠨ ᠣᠶᠤᠨ ᠤ ᠪᠣᠯᠪᠠᠰᠤᠨ ᠤ ᠪᠠᠶᠢᠭᠤᠯᠤᠯᠲᠠ ᠶᠢ ᠬᠦᠴᠦᠲᠡᠶ ᠪᠥᠭᠡᠳ ᠪᠦᠲᠦᠮᠵᠢᠲᠡᠶ ᠠᠬᠢᠭᠤᠯᠵᠤ᠂ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠤᠨ ᠬᠠᠷᠠᠭ᠎ᠠ ᠪᠠᠨ ᠥᠷᠭᠡᠳᠬᠡᠨ᠂ ᠮᠡᠳᠡᠯᠭᠡ ᠪᠠᠨ ᠨᠡᠮᠡᠭᠳᠡᠭᠦᠯᠵᠦ᠂ ᠰᠣᠶᠣᠯ ᠤᠨ ᠬᠢᠷᠢ ᠲᠦᠪᠰᠢᠨ ᠢ ᠳᠡᠭᠡᠭᠰᠢᠯᠡᠭᠦᠯᠬᠦ ᠳᠤ ᠲᠦᠢᠯ ᠤᠨ ᠠᠰᠢᠭ ᠲᠠᠢ ᠶᠤᠮ᠃
     ᠳᠠᠷᠠᠭᠠᠴᠢ ᠶᠢᠨ ᠠᠯᠬᠤᠮ ᠳᠤ᠂ ᠲᠤᠭᠳᠠᠬᠤ ᠰᠢᠶᠠᠨ ᠤ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠪᠠᠰᠠ ᠴᠡᠷᠢᠭ ᠤᠨ ᠬᠤᠸᠠᠷᠠᠨ ᠤ ᠠᠵᠢᠯ ᠤᠨ ᠴᠢᠯᠥᠭᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠶᠢ ᠠᠩᠬᠠᠷᠴᠤ᠂ ᠠᠯᠢ ᠣᠯᠠᠨ ᠬᠤᠶᠠᠷ ᠢ ᠬᠦᠷᠢᠶᠡᠯᠡᠬᠦ ᠤᠷᠠᠨ ᠰᠠᠶᠢᠬᠠᠨ ᠤ ᠦᠳᠡᠰᠢᠯᠡᠭᠡ᠂ ᠴᠡᠷᠢᠭ ᠠᠩᠭᠢ ᠪᠠ ᠣᠷᠣᠨ ᠨᠤᠲᠤᠭ ᠤᠨ ᠵᠠᠯᠠᠭᠤᠴᠤᠳ ᠤᠨ ᠨᠥᠬᠦᠷᠯᠡᠯ ᠵᠡᠷᠭᠡ ᠴᠡᠷᠢᠭ ᠢᠶᠠᠨ ᠬᠦᠷᠢᠶᠡᠯᠡᠨ ᠴᠡᠷᠢᠭ ᠢᠶᠠᠨ ᠬᠠᠶᠢᠷᠠᠯᠠᠬᠤ ᠠᠵᠢᠯᠯᠠᠭ᠎ᠠ ᠶᠢ ᠥᠷᠨᠢᠭᠦᠯᠵᠦ᠂ ᠴᠡᠷᠢᠭ ᠠᠷᠠᠳ ᠬᠤᠶᠠᠷ ᠲᠠᠯ᠎ᠠ ᠶᠢᠨ ᠬᠠᠷᠢᠯᠴᠠᠭ᠎ᠠ ᠬᠠᠶᠢᠷ᠎ᠠ ᠰᠡᠳᠬᠢᠯᠭᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠠᠮᠢᠰᠬᠤᠭ᠎ᠠ ᠪᠠᠨ ᠨᠢᠭᠡᠳᠬᠡᠬᠦ᠂ ᠬᠤᠪᠢ ᠵᠠᠶᠠᠭ᠎ᠠ ᠪᠠᠨ ᠬᠠᠮᠲᠤᠳᠬᠠᠬᠤ᠂ ᠰᠡᠳᠬᠢᠯ ᠵᠢᠷᠦᠬᠡ ᠪᠠᠨ ᠬᠤᠯᠪᠣᠬᠤ ᠵᠢᠭᠠᠰᠤ ᠤᠰᠤᠨ ᠤ ᠬᠠᠷᠢᠴᠠᠭ᠎ᠠ ᠶᠢ ᠪᠠᠬᠢᠵᠢᠭᠦᠯᠦᠨ ᠬᠥᠭᠵᠢᠭᠦᠯᠵᠦ᠂ ᠬᠤᠶᠠᠷ ᠢ ᠬᠦᠷᠢᠶᠡᠯᠡᠵᠦ ᠬᠠᠮᠲᠤ ᠪᠠᠷ ᠪᠠᠶᠢᠭᠤᠯᠬᠤ ᠭᠦᠨᠵᠡᠭᠡᠶᠢᠷᠡᠨ ᠬᠥᠭᠵᠢᠬᠦ ᠶᠢ ᠠᠬᠢᠭᠤᠯᠬᠤ ᠪᠣᠯᠤᠨ᠎ᠠ᠃  ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠤᠨ ᠶᠦᠨ ᠵᠥᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1