ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠮᠠᠨ ᠤ ᠤᠯᠤᠰ ᠤᠨ ᠬᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ | ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠶᠢᠨ ᠬᠠᠷᠢᠴᠠᠭ᠎ᠠ ᠶᠢᠨ ᠰᠢᠨ᠎ᠡ ᠬᠤᠪᠢᠷᠠᠯᠲᠠ᠂ ᠠᠷᠠᠳ ᠣᠯᠠᠨ ᠤ ᠴᠢᠨᠠᠷ | ᠰᠠᠶᠢᠲᠠᠶ ᠣᠷᠣᠨ ᠰᠠᠭᠤᠴᠠ ᠶᠢᠨ ᠲᠤᠬᠠᠶ ᠰᠢᠨ᠎ᠡ ᠬᠦᠰᠡᠯ ᠡᠷᠡᠮᠡᠯᠵᠡᠯ ᠳᠤ ᠵᠤᠬᠢᠴᠠᠭᠤᠯᠵᠤ᠂ ᠬᠡᠷ ᠪᠠᠶᠢᠰᠢᠩ ᠭᠠᠵᠠᠷ | ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠬᠤ ᠶᠢᠨ ᠲᠦᠯᠦᠭᠡ | ᠂ ᠳᠤᠮᠳᠠᠳᠤ ᠤᠯᠤᠰ ᠤᠨ ᠠᠷᠠᠳ ᠤᠨ ᠪᠠᠩᠬᠢ᠂ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ | ᠶᠡᠷᠦᠩᠬᠡᠶ ᠲᠣᠪᠴᠢᠶ᠎ᠠ ᠥᠨᠥᠳᠦᠷ ︵17 ᠤ ᠡᠳᠦᠷ︶ ᠮᠡᠳᠡᠭᠳᠡᠯ ᠨᠡᠶᠢᠳᠡᠯᠡᠪᠡ᠃ | ᠮᠡᠳᠡᠭᠳᠡᠯ ᠤᠨ ᠭᠤᠣᠯ ᠠᠭᠤᠯᠭ᠎ᠠ ᠨᠢ ᠳᠣᠣᠷᠠᠬᠢ ᠮᠡᠲᠦ᠄ | ᠵᠢᠭᠡᠯᠡᠯᠭᠡ ᠪᠠᠷ ᠲᠠᠸᠠᠷ ᠤᠨ ᠣᠷᠣᠨ ᠰᠠᠭᠤᠴᠠ ᠬᠤᠳᠠᠯᠳᠤᠨ ᠠᠪᠬᠤ ᠰᠠᠭᠤᠭᠠᠯᠢ ᠠᠷᠠᠳ ᠤᠨ ᠭᠡᠷ ᠪᠦᠯᠢ ᠳᠤ | ᠠᠩᠬᠠᠨ ᠤ ᠣᠷᠣᠨ ᠰᠠᠭᠤᠴᠠ ᠶᠢᠨ ᠬᠤᠳᠠᠯᠳᠤᠭᠠᠨ ᠤ ᠴᠢᠨᠠᠷᠲᠠᠶ ᠬᠤᠪᠢ ᠬᠥᠮᠦᠨ ᠤ ᠣᠷᠣᠨ ᠰᠠᠭᠤᠴᠠ ᠶᠢᠨ | ᠵᠢᠭᠡᠯᠡᠯᠭᠡ ᠶᠢᠨ ᠬᠠᠮᠤᠭ ᠤᠨ ᠳᠣᠤᠷ᠎ᠠ ᠠᠩᠬ᠎ᠠ ᠲᠤᠰᠢᠶᠠᠬᠤ ᠵᠣᠭᠤᠰ ᠤᠨ ᠬᠠᠷᠢᠴᠠᠯ ᠢ 15% ᠠᠴᠠ ᠳᠣᠤᠷ᠎ᠠ | ᠪᠠᠶᠢᠯᠭᠠᠵᠤ ᠪᠣᠯᠬᠤ ᠦᠭᠡᠶ᠂ ᠬᠤᠶᠠᠳᠤᠭᠠᠷ ᠢᠴᠢ ᠣᠷᠣᠨ ᠰᠠᠭᠤᠴᠠ ᠶᠢᠨ ᠬᠤᠳᠠᠯᠳᠤᠭᠠᠨ ᠤ ᠴᠢᠨᠠᠷᠲᠠᠶ ᠬᠤᠪᠢ | ᠬᠥᠮᠦᠨ ᠤ ᠣᠷᠣᠨ ᠰᠠᠭᠤᠴᠠ ᠶᠢᠨ ᠵᠢᠭᠡᠯᠡᠯᠭᠡ ᠶᠢᠨ ᠬᠠᠮᠤᠭ ᠤᠨ ᠳᠣᠤᠷ᠎ᠠ ᠠᠩᠬ᠎ᠠ ᠲᠤᠰᠢᠶᠠᠬᠤ ᠵᠣᠭᠤᠰ ᠤᠨ | ᠬᠠᠷᠢᠴᠠᠯ ᠢ 25% ᠠᠴᠠ ᠳᠣᠤᠷ᠎ᠠ ᠪᠠᠶᠢᠯᠭᠠᠵᠤ ᠪᠣᠯᠬᠤ ᠦᠭᠡᠶ ᠭᠡᠵᠦ ᠲᠣᠬᠢᠷᠠᠭᠤᠯᠵᠠᠶ᠃ | ᠡᠨᠡᠬᠦ ᠰᠠᠭᠤᠷᠢᠨ ᠳᠡᠭᠡᠷ᠎ᠡ᠂ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠡᠯ᠎ᠡ ᠮᠤᠵᠢ ᠶᠢᠨ ᠱᠠᠲᠤᠨ ᠤ | ᠬᠤᠪᠢᠶᠠᠷᠢ ᠪᠠᠩᠬᠢ᠂ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ | ᠲᠣᠪᠴᠢᠶ᠎ᠠ ᠶᠢᠨ ᠡᠯ᠎ᠡ ᠲᠣᠮᠢᠯᠠᠭᠰᠠᠨ ᠪᠠᠶᠢᠭᠤᠯᠤᠮᠵᠢ ᠨᠢ ᠬᠤᠲᠠ ᠶᠢᠨ ᠵᠠᠰᠠᠭ ᠤᠨ ᠣᠷᠳᠣᠨ ᠤ ᠲᠤᠬᠢᠷᠠᠭᠤᠯᠤᠯᠳᠠ | ᠡᠵᠡᠮᠳᠡᠯ ᠤᠨ ᠱᠠᠭᠠᠷᠳᠠᠯᠭ᠎ᠠ ᠶᠢ ᠦᠨᠳᠦᠰᠦᠯᠡᠨ᠂ ᠬᠤᠲᠠ ᠶᠢᠨ ᠪᠠᠶᠢᠳᠠᠯ ᠳᠤᠨᠢ ᠲᠣᠬᠢᠷᠠᠭᠤᠯᠤᠨ ᠠᠷᠭ᠎ᠠ ᠪᠣᠳᠣᠯᠭ᠎ᠠ | ᠬᠡᠷᠡᠭᠵᠢᠭᠦᠯᠬᠦ ᠵᠠᠷᠴᠢᠮ ᠶᠣᠰᠣᠭᠠᠷ᠂ ᠬᠠᠷᠢᠶ᠎ᠠ ᠣᠷᠣᠨ ᠤ ᠡᠯ᠎ᠡ ᠬᠤᠲᠠ ᠶᠢᠨ ᠠᠩᠬᠠᠳᠠᠭᠴᠢ ᠪᠠ ᠬᠤᠶᠠᠳᠤᠭᠠᠷ ᠢᠵᠢ | ᠣᠷᠣᠨ ᠰᠠᠭᠤᠴᠠ ᠶᠢᠨ ᠬᠤᠳᠠᠯᠳᠤᠭᠠᠨ ᠤ ᠴᠢᠨᠠᠷᠲᠠᠶ ᠬᠤᠪᠢ ᠬᠥᠮᠦᠨ ᠤ ᠣᠷᠣᠨ ᠰᠠᠭᠤᠴᠠ ᠶᠢᠨ ᠵᠢᠭᠡᠯᠡᠯᠭᠡ ᠶᠢᠨ | ᠬᠠᠮᠤᠭ ᠤᠨ ᠳᠣᠤᠷ᠎ᠠ ᠠᠩᠬ᠎ᠠ ᠲᠤᠰᠢᠶᠠᠬᠤ ᠬᠠᠷᠢᠴᠠᠯ ᠤᠨ ᠳᠣᠣᠷᠠᠳᠤ ᠬᠢᠵᠠᠭᠠᠷ ᠢ ᠪᠡᠶ᠎ᠡ ᠪᠠᠨ ᠳᠠᠭᠠᠭᠠᠨ ᠲᠣᠭᠲᠠᠭᠠᠨ᠎ᠠ | ᠃ | | ᠢᠷᠡᠯᠳᠡ᠄ ᠳᠤᠮᠳᠠᠳᠤ ᠤᠯᠤᠰ ᠤᠨ ᠠᠷᠠᠳ ᠤᠨ ᠪᠠᠩᠭᠢ ᠶᠢᠨ ᠠᠯᠪᠠᠨ ᠤ ᠰᠦᠯᠵᠢᠶ᠎ᠡ | | |