ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠦᠨ᠄ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠤᠪᠢ ᠬᠥᠮᠥᠨ ᠤ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢ ᠪᠠᠭᠤᠷᠠᠭᠤᠯᠬᠤ ᠬᠠᠮᠢᠶ᠎ᠠ ᠪᠦᠬᠦᠢ ᠠᠵᠢᠯ ᠢ ᠰᠠᠶᠢᠲᠤᠷ ᠬᠢᠨ᠎ᠡ
ᠨᠡᠶᠢᠲᠡᠯᠡᠭᠰᠡᠨ ᠴᠠᠭ᠄
2024/5/22
      ᠣᠶᠢᠷ᠎ᠠ ᠳᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠤᠪᠢ ᠬᠥᠮᠦᠨ ᠤ ᠣᠷᠣᠨ ᠰᠠᠭᠤᠴᠠ ᠶᠢᠨ ᠵᠢᠭᠡᠯᠡᠯᠭᠡ ᠶᠢᠨ ᠬᠦᠤ ᠮᠥᠩᠭᠦ ᠶᠢᠨ ᠨᠣᠷᠮ᠎ᠠ ᠶᠢ ᠪᠠᠭᠤᠷᠠᠭᠤᠯᠬᠤ ᠬᠠᠮᠢᠶ᠎ᠠ ᠪᠥᠬᠦᠶ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ ᠨᠡᠶᠢᠲᠡᠯᠡᠪᠡ᠃      ᠮᠡᠳᠡᠭᠳᠡᠯ ᠤᠨ ᠭᠤᠣᠯ ᠠᠭᠤᠯᠭ᠎ᠠ ᠨᠢ ᠳᠣᠣᠷᠠᠬᠢ ᠮᠡᠲᠦ᠄      ᠤᠷᠤᠨ ᠰᠠᠭᠤᠴᠠ ᠶᠢᠨ ᠨᠡᠶᠢᠲᠡ ᠶᠢᠨ ᠬᠤᠷᠠᠮᠳᠤᠯᠭ᠎ᠠ ᠶᠢᠨ ᠮᠦᠩᠭᠦ ᠶᠢᠨ ᠬᠤᠪᠢ ᠬᠦᠮᠦᠨ ᠤ ᠤᠷᠤᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠤᠷᠮ᠎ᠠ ᠶᠢ ᠴᠠᠭ ᠲᠤᠬᠠᠢ ᠳᠤᠨᠢ ᠳᠤᠬᠢᠷᠠᠭᠤᠯᠤᠨ᠎ᠠᠬᠤᠲᠠ ᠶᠢᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠠᠮᠢᠶᠠᠷᠤᠯᠲᠠ ᠶᠢᠨ ᠲᠥᠪ ᠢ ᠵᠢᠯᠣᠭᠤᠳᠴᠤ ᠪᠠᠶᠢᠭᠠᠳ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠤᠪᠢ ᠬᠥᠮᠦᠨ ᠤ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢ ᠴᠠᠭ ᠲᠤᠬᠠᠶ ᠳᠤᠨᠢ ᠲᠣᠬᠢᠷᠠᠭᠤᠯᠤᠨ᠎ᠠ᠃ ︽ᠬᠤᠪᠢ ᠬᠥᠮᠦᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠶᠢᠨ ᠬᠦᠤ ᠮᠥᠩᠭᠦ ᠶᠢᠨ ᠨᠣᠷᠮ᠎ᠠ ᠶᠢ ᠪᠠᠭᠤᠷᠠᠭᠤᠯᠬᠤ ᠲᠤᠬᠠᠶ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ᠂ 2024 ᠣᠨ ᠤ 5 ᠳ᠋ᠤᠭᠠᠷ ᠰᠠᠷ᠎ᠠ ᠶᠢᠨ 18 ᠤ ᠡᠳᠦᠷ ᠠᠴᠠ ᠡᠬᠢᠯᠡᠨ᠂ ᠬᠤᠪᠢ ᠬᠥᠮᠦᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠶᠢᠨ ᠬᠦᠤ ᠮᠥᠩᠭᠦ ᠶᠢᠨ ᠨᠣᠷᠮ᠎ᠠ ᠶᠢ 0.25 % ᠪᠠᠭᠤᠷᠠᠭᠤᠯᠤᠨ᠎ᠠ᠂ 5 ᠵᠢᠯ ᠠᠴᠠ ᠲᠤᠷᠤᠭᠰᠢ ︵5 ᠵᠢᠯ ᠪᠠᠭᠲᠠᠨ᠎ᠠ︶ ᠪᠠ 5 ᠵᠢᠯ ᠠᠴᠠ ᠳᠡᠭᠡᠭᠰᠢᠬᠢ ᠠᠩᠬᠠᠳᠠᠭᠴᠢ ᠬᠤᠪᠢ ᠬᠥᠮᠦᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠶᠢᠨ ᠬᠦᠤ ᠮᠥᠩᠭᠦ ᠶᠢᠨ ᠨᠣᠷᠮ᠎ᠠ ᠶᠢ ᠲᠣᠰ ᠪᠦᠷᠢ 2.35% ᠪᠠ 2.85% ᠪᠣᠯᠭᠠᠨ ᠲᠣᠬᠢᠷᠠᠭᠤᠯᠵᠤ᠂ 5 ᠵᠢᠯ ᠠᠴᠠ ᠲᠤᠷᠤᠭᠰᠢ ︵5 ᠵᠢᠯ ᠪᠠᠭᠲᠠᠨ᠎ᠠ ︶ ᠪᠠ 5 ᠵᠢᠯ ᠠᠴᠠ ᠳᠡᠭᠡᠭᠰᠢᠬᠢ ᠬᠤᠶᠠᠳᠤᠭᠠᠷ ᠢᠵᠢ ᠬᠤᠪᠢ ᠬᠥᠮᠦᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠶᠢᠨ ᠬᠦᠤ ᠮᠥᠩᠭᠦ ᠶᠢᠨ ᠨᠣᠷᠮ᠎ᠠ ᠶᠢ ᠲᠣᠰ ᠪᠦᠷᠢ 2.775% ᠪᠠ 3.325 % ᠠᠴᠠ ᠳᠣᠤᠷ᠎ᠠ ᠪᠠᠶᠢᠯᠭᠠᠬᠤ ᠥᠬᠡᠶ ᠪᠣᠯᠭᠠᠨ ᠲᠣᠬᠢᠷᠠᠭᠤᠯᠪᠠ᠃      ᠦᠯᠡᠳᠡᠭᠡᠯ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠭᠦ ᠶᠢᠨ ᠬᠤᠪᠢ ᠬᠦᠮᠦᠨ ᠤ ᠣᠷᠣᠨ ᠰᠠᠭᠤᠴᠠ ᠶᠢᠨ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢᠨ ᠵᠤᠯᠭᠠᠭᠤᠯᠤᠯᠲᠠ ᠶᠢ ᠰᠠᠶᠢᠲᠤᠷ ᠬᠢᠨ᠎ᠡᠬᠤᠲᠠ ᠶᠢᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠠᠮᠢᠶᠠᠷᠤᠯᠲᠠ ᠶᠢᠨ ᠲᠥᠪ ᠢ ᠵᠢᠯᠣᠭᠤᠳᠴᠤ ᠪᠠᠶᠢᠭᠠᠳ ︽ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠤᠪᠢ ᠬᠥᠮᠦᠨ ᠤ ᠣᠷᠣᠨ ᠰᠠᠭᠤᠴᠠ ᠶᠢᠨ ᠵᠢᠭᠡᠯᠡᠯᠭᠡ ᠶᠢᠨ ᠲᠤᠬᠠᠶᠢᠯᠠᠭᠰᠠᠨ ᠠᠵᠢᠯ ᠤᠨ ᠵᠢᠷᠤᠮᠵᠢᠯ︾ ︵GB/T 51267 - 2017︶ ᠶᠣᠰᠣᠭᠠᠷ᠂ ᠦᠯᠡᠳᠡᠭᠡᠯ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠤᠪᠢ ᠬᠥᠮᠦᠨ ᠤ ᠣᠷᠣᠨ ᠰᠠᠭᠤᠴᠠ ᠶᠢᠨ ᠵᠢᠭᠡᠯᠡᠯᠭᠡ ᠶᠢᠨ ᠬᠦᠤ ᠮᠥᠩᠭᠦ ᠶᠢᠨ ᠨᠣᠷᠮ᠎ᠠ ᠳᠤ ᠲᠣᠬᠢᠷᠠᠭᠤᠯᠤᠯᠲᠠ ᠬᠢᠬᠦ ᠲᠥᠷᠥ ᠶᠢᠨ ᠪᠣᠳᠣᠯᠭ᠎ᠠ ᠶᠢᠨ ᠵᠣᠯᠭᠠᠯᠴᠠᠭ᠎ᠠ ᠶᠢ ᠰᠠᠶᠢᠲᠤᠷ ᠬᠢᠵᠦ᠂ ᠵᠢᠭᠡᠯᠡᠯᠭᠡ ᠶᠢᠨ ᠬᠤᠭᠤᠴᠠᠭ᠎ᠠ ᠨᠢ 1 ᠵᠢᠯ ᠵᠢᠴᠢ 1 ᠵᠢᠯ ᠤᠨ ᠳᠣᠲᠣᠷ᠎ᠠ ᠪᠠᠶᠢᠪᠠᠯ᠂ ᠭᠡᠷ᠎ᠡ ᠶᠢᠨ ᠬᠦᠤ ᠮᠥᠩᠭᠦ ᠶᠢᠨ ᠨᠣᠷᠮ᠎ᠠ ᠶᠢ ᠬᠡᠷᠡᠭᠵᠢᠭᠦᠯᠬᠦ ᠬᠡᠷᠡᠭᠲᠡᠶ᠂ ᠬᠤᠭᠤᠴᠠᠭ᠎ᠠ ᠬᠤᠪᠢᠶᠠᠨ ᠬᠦᠤ ᠮᠥᠩᠭᠦ ᠶᠢ ᠪᠤᠳᠤᠬᠤ ᠥᠬᠡᠶ︔ ᠵᠢᠭᠡᠯᠡᠯᠭᠡ ᠶᠢᠨ ᠬᠤᠭᠤᠴᠠᠭ᠎ᠠ ᠨᠢ 1 ᠵᠢᠯ ᠠᠴᠠ ᠳᠡᠭᠡᠭᠰᠢ ᠪᠠᠶᠢᠪᠠᠯ᠂ ᠲᠠᠷᠠᠭᠠᠴᠢ ᠶᠢᠨ ᠵᠢᠯ ᠤᠨ 1 ᠳ᠋ᠤᠭᠡᠷ ᠰᠠᠷ᠎ᠠ ᠶᠢᠨ 1 ᠤ ᠡᠳᠦᠷ ᠠᠴᠠ ᠡᠬᠢᠯᠡᠨ᠂ ᠵᠣᠬᠢᠴᠠᠩᠭᠤᠶ ᠬᠦᠤ ᠮᠥᠩᠭᠦ ᠶᠢᠨ ᠨᠣᠷᠮ᠎ᠠ ᠶᠢᠨ ᠲᠠᠰ ᠤᠨ ᠶᠣᠰᠣᠭᠠᠷ ᠰᠢᠨ᠎ᠡ ᠬᠦᠤ ᠮᠥᠩᠭᠦ ᠶᠢᠨ ᠨᠣᠷᠮ᠎ᠠ ᠶᠢᠨ ᠲᠣᠭᠲᠠᠭᠠᠯ ᠢ ᠬᠡᠷᠡᠭᠵᠢᠭᠦᠯᠦᠨ᠎ᠡ᠂ ᠤᠯᠤᠰ ᠠᠴᠠ ᠠᠰᠲᠠᠭᠠᠨ ᠲᠣᠭᠲᠠᠭᠠᠯ ᠲᠠᠢ ᠨᠢ ᠡᠭᠦᠨ ᠳᠤ ᠪᠠᠭᠲᠠᠬᠤ ᠥᠬᠡᠶ᠃   ᠢᠷᠡᠯᠲᠡ᠄ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠤ ᠰᠦᠯᠵᠢᠶ᠎ᠡ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1