ᠢᠷᠡᠯᠲᠡ᠄ ᠲᠤᠭ᠎ᠠ ᠪᠦᠷᠢᠳᠬᠡᠯ ᠤᠨ ᠲᠣᠪᠴᠢᠶ᠎ᠠ | 4 ᠳ᠋ᠤᠭᠡᠷ ᠰᠠᠷ᠎ᠠ ᠶᠢᠨ ᠰᠡᠭᠦᠯᠴᠢ ᠪᠣᠯᠲᠠᠯ᠎ᠠ᠂ ᠲᠤᠭᠳᠠᠬᠤ ᠰᠢᠶᠠᠨ ᠤ ᠬᠡᠪᠴᠢᠶᠡᠵᠢᠯ ᠠᠴᠠ ᠳᠡᠭᠡᠭᠰᠢᠬᠢ | ᠦᠢᠯᠡᠴᠢᠯᠡᠭᠡᠨ ᠤ ᠦᠢᠯᠡᠰ ᠨᠡᠶᠢᠲᠡ 8 ᠡᠷᠦᠬᠡ ᠪᠠᠶᠢᠵᠤ᠂ 1- 4 ᠳ᠋ᠤᠭᠡᠷ ᠰᠠᠷ᠎ᠠ ᠳᠤ ᠨᠡᠶᠢᠲᠡ 6742.9 ᠲᠦᠮᠡᠨ | ᠲᠥᠭᠦᠷᠢᠭ ᠤᠨ ᠡᠵᠡᠩᠨᠡᠯᠲᠡ ᠶᠢᠨ ᠣᠷᠣᠯᠭ᠎ᠠ ᠶᠢ ᠪᠡᠶᠡᠯᠡᠭᠦᠯᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠲᠠᠢ | ᠬᠠᠷᠢᠴᠠᠭᠤᠯᠪᠠᠯ ᠨᠡᠮᠡᠭᠳᠡᠯ ᠤᠨ ᠬᠤᠷᠳᠤᠴᠠ ᠨᠢ -11.58% ᠪᠣᠯᠵᠠᠢ᠃ | ᠠᠵᠢᠯ ᠲᠥᠷᠥᠯ ᠢᠶᠠᠷ ᠨᠢ 4 ᠶᠡᠭᠡ ᠲᠥᠷᠥᠯ ᠳᠤ ᠬᠤᠪᠢᠶᠠᠨ᠎ᠠ᠄ | ᠨᠢᠭᠡ᠂ ᠵᠠᠮ ᠲᠡᠭᠡᠭᠡᠪᠦᠷᠢ᠂ ᠬᠥᠮᠥᠷᠭᠡᠯᠡᠨ ᠬᠠᠳᠠᠭᠠᠯᠠᠬᠤ ᠪᠠ ᠰᠢᠤᠳᠠᠨ ᠤ ᠦᠢᠯᠡᠰ︔ | ᠬᠤᠶᠠᠷ᠂ ᠭᠡᠷ ᠪᠠᠶᠢᠰᠢᠩ ᠭᠠᠵᠠᠷ ᠬᠥᠷᠥᠩᠭᠡ ᠶᠢᠨ ᠦᠢᠯᠡᠰ︔ | ᠭᠤᠷᠪᠠ᠂ ᠲᠦᠷᠢᠶᠡᠰᠦᠯᠡᠯ ᠪᠠ ᠬᠤᠳᠠᠯᠳᠤᠭᠠᠨ ᠤ ᠶᠠᠪᠤᠳᠠᠯ ᠶᠢᠨ ᠦᠢᠯᠡᠴᠢᠯᠡᠭᠡᠨ ᠤ ᠦᠢᠯᠡᠰ︔ | ᠳᠥᠷᠪᠡ᠂ ᠰᠣᠶᠣᠯ᠂ ᠪᠡᠶ᠎ᠡ ᠶᠢᠨ ᠲᠠᠮᠢᠷ ᠪᠠ ᠵᠤᠭ᠎ᠠ ᠴᠡᠩᠭᠡᠯ ᠤᠨ ᠦᠢᠯᠡᠰ︔ | ᠡᠭᠦᠨ ᠳᠤ ᠵᠠᠮ ᠲᠡᠭᠡᠭᠡᠪᠦᠷᠢ᠂ ᠬᠥᠮᠥᠷᠭᠡᠯᠡᠯᠲᠡ ᠪᠠ ᠰᠢᠤᠳᠠᠨ ᠤ ᠦᠢᠯᠡᠰ ᠤᠨ 4 ᠡᠷᠦᠬᠡ ᠪᠠᠶᠢᠵᠤ᠂ | ᠡᠵᠡᠩᠨᠡᠯᠲᠡ ᠶᠢᠨ ᠣᠷᠣᠯᠭ᠎ᠠ ᠶᠢ ᠨᠡᠶᠢᠲᠡ 3963.1 ᠲᠦᠮᠡᠨ ᠲᠥᠭᠦᠷᠢᠭ ᠢ ᠪᠡᠶᠡᠯᠡᠭᠦᠯᠵᠦ᠂ ᠨᠢᠳᠤᠨᠤᠨ ᠤ ᠠᠳᠠᠯᠢ | ᠬᠤᠭᠤᠴᠠᠭᠠᠨ ᠤ ᠬᠢ ᠲᠠᠢ ᠬᠠᠷᠢᠴᠠᠭᠤᠯᠪᠠᠯ ᠨᠡᠮᠡᠭᠳᠡᠯ ᠤᠨ ᠬᠤᠷᠳᠤᠴᠠ ᠨᠢ -33.81% ᠪᠣᠯᠪᠠ︔ ᠭᠡᠷ ᠪᠠᠶᠢᠰᠢᠩ | ᠭᠠᠵᠠᠷ ᠬᠥᠷᠥᠩᠭᠡ ᠶᠢᠨ ᠦᠢᠯᠡᠰ 2 ᠡᠷᠦᠬᠡ ᠪᠠᠶᠢᠵᠤ᠂ ᠡᠵᠡᠩᠨᠡᠯᠲᠡ ᠶᠢᠨ ᠣᠷᠣᠯᠭ᠎ᠠ ᠶᠢ ᠨᠡᠶᠢᠲᠡ 1356.4 | ᠲᠦᠮᠡᠨ ᠲᠥᠭᠦᠷᠢᠭ ᠢ ᠪᠡᠶᠡᠯᠡᠭᠦᠯᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠲᠠᠢ ᠬᠠᠷᠢᠴᠠᠭᠤᠯᠪᠠᠯ | ᠨᠡᠮᠡᠭᠳᠡᠯ ᠤᠨ ᠬᠤᠷᠳᠤᠴᠠ ᠨᠢ 151.05% ᠬᠦᠷᠴᠡᠢ︔ ᠲᠦᠷᠢᠶᠡᠰᠦᠯᠡᠯ ᠪᠠ ᠬᠤᠳᠠᠯᠳᠤᠭᠠᠨ ᠤ ᠶᠠᠪᠤᠳᠠᠯ ᠤᠨ | ᠦᠢᠯᠡᠴᠢᠯᠡᠭᠡᠨ ᠤ ᠦᠢᠯᠡᠰ 1 ᠡᠷᠦᠬᠡ ᠪᠠᠶᠢᠵᠤ᠂ ᠡᠵᠡᠩᠨᠡᠯᠲᠡ ᠶᠢᠨ ᠣᠷᠣᠯᠭ᠎ᠠ ᠶᠢ ᠨᠡᠶᠢᠲᠡ 1261.8 ᠲᠦᠮᠡᠨ | ᠲᠥᠭᠦᠷᠢᠭ ᠢ ᠪᠡᠶᠡᠯᠡᠭᠦᠯᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠲᠠᠢ ᠬᠠᠷᠢᠴᠠᠭᠤᠯᠪᠠᠯ ᠨᠡᠮᠡᠭᠳᠡᠯᠦᠨ | ᠬᠤᠷᠳᠤᠴᠠ ᠨᠢ 22.74% ᠬᠦᠷᠴᠡᠢ︔ ᠰᠣᠶᠣᠯ᠂ ᠪᠡᠶ᠎ᠡ ᠶᠢᠨ ᠲᠠᠮᠢᠷ ᠪᠠ ᠵᠤᠭ᠎ᠠ ᠴᠡᠩᠭᠡᠯ ᠤᠨ ᠦᠢᠯᠡᠰ 1 | ᠡᠷᠦᠬᠡ ᠪᠠᠶᠢᠵᠤ᠂ ᠡᠵᠡᠩᠨᠡᠯᠲᠡ ᠶᠢᠨ ᠣᠷᠣᠯᠭ᠎ᠠ ᠶᠢ ᠨᠡᠶᠢᠲᠡ 1616 ᠲᠦᠮᠡᠨ ᠲᠥᠭᠦᠷᠢᠭ ᠢ ᠪᠡᠶᠡᠯᠡᠭᠦᠯᠵᠦ᠂ | ᠨᠢᠳᠤᠨᠤᠨ ᠤ ᠠᠳᠠᠯᠢ ᠬᠤᠭᠤᠴᠠᠭᠠᠨ ᠤ ᠬᠢ ᠲᠠᠢ ᠬᠠᠷᠢᠴᠠᠭᠤᠯᠪᠠᠯ ᠨᠡᠮᠡᠭᠳᠡᠯ ᠤᠨ ᠬᠤᠷᠳᠤᠴᠠ ᠨᠢ 130.20% ᠳᠤ | ᠬᠦᠷᠴᠡᠢ᠃ | |