ᠰᠦᠨᠢ ᠪᠠᠷ ᠪᠠᠶᠢᠴᠠᠭᠠᠨ᠎ᠠ
ᠨᠡᠶᠢᠲᠡᠯᠡᠭᠰᠡᠨ ᠴᠠᠭ᠄
2024/5/27
      ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠮᠤᠷ ᠲᠦᠪᠰᠢᠨ ᠤ ᠳᠠᠯᠳᠠ ᠭᠡᠮ ᠤᠨ ᠲᠦᠪᠯᠡᠷᠡᠭᠦᠯᠦᠨ ᠪᠠᠶᠢᠴᠠᠭᠠᠬᠤ ᠠᠵᠢᠯᠯᠠᠭ᠎ᠠ ᠶᠢᠨ ᠲᠤᠬᠠᠶ ᠠᠯᠪᠠᠨ ᠵᠠᠷ      ᠪᠥᠬᠦ ᠣᠷᠣᠨ ᠤ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠮᠤᠷ ᠲᠦᠪᠰᠢᠨ ᠤ ᠬᠡᠮ ᠰᠣᠭᠤᠭ ᠢ ᠪᠥᠬᠦ ᠬᠡᠯᠬᠢᠶ᠎ᠡ ᠪᠠᠷ ᠴᠡᠭᠴᠡᠯᠡᠨ ᠵᠠᠰᠠᠬᠤ ᠠᠵᠢᠯᠯᠠᠭ᠎ᠠ ᠶᠢ ᠭᠦᠨᠵᠡᠭᠡᠶ ᠳᠥᠯᠭᠢᠨ ᠠᠬᠢᠭᠤᠯᠵᠤ᠂ ᠲᠣᠭᠲᠠᠭᠠᠯ ᠠᠴᠠ ᠵᠥᠷᠢᠴᠡᠨ ᠵᠣᠭᠰᠣᠭᠠᠬᠤ᠂ ᠴᠠᠬᠢᠯᠭᠠᠨ ᠴᠡᠨᠡᠭᠯᠡᠬᠦ᠂ ᠬᠠᠤᠯᠢ ᠪᠤᠰᠤ ᠪᠠᠷ ᠥᠭᠡᠷᠡᠴᠢᠯᠡᠨ ᠤᠭᠰᠠᠷᠠᠬᠤ ᠵᠡᠷᠭᠡ ᠠᠰᠠᠭᠤᠳᠠᠯ ᠢ ᠴᠢᠩᠭ᠎ᠠ ᠴᠡᠭᠴᠡᠯᠡᠨ ᠵᠠᠰᠠᠵᠤ᠂ ᠪᠥᠬᠦ ᠣᠷᠣᠨ ᠳᠤ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠮᠤᠷ ᠲᠦᠪᠰᠢᠨ ᠤ ᠬᠡᠮ ᠰᠣᠭᠤᠭ ᠢ ᠲᠥᠪᠯᠡᠷᠡᠭᠦᠯᠦᠨ ᠪᠠᠶᠢᠴᠠᠭᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠬᠦ ᠪᠠᠷ ᠲᠣᠭᠲᠠᠪᠠ᠂ ᠣᠲᠣ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠵᠠᠷᠯᠠᠶ᠎ᠠ᠄      ᠪᠠᠶᠢᠴᠠᠭᠠᠬᠤ ᠴᠠᠭ᠄ᠡᠨᠡ ᠡᠳᠦᠷ ᠠᠴᠠ 6 ᠳ᠋ᠤᠭᠠᠷ ᠰᠠᠷ᠎ᠠ ᠶᠢᠨ 26 ᠤ ᠡᠳᠦᠷ ᠪᠣᠯᠲᠠᠯ᠎ᠠ᠃ ᠡᠭᠦᠨ ᠳᠤ 5 ᠳ᠋ᠤᠭᠠᠷ ᠰᠠᠷ᠎ᠠ ᠶᠢᠨ 23 ᠤ ᠡᠳᠦᠷ ᠤᠨ ᠰᠦᠨᠢ᠂ 5 ᠳ᠋ᠤᠭᠠᠷ ᠰᠠᠷ᠎ᠠ ᠶᠢᠨ 29 ᠤ ᠡᠳᠦᠷ ᠤᠨ ᠰᠦᠨᠢ᠂ 6 ᠳ᠋ᠤᠭᠠᠷ ᠰᠠᠷ᠎ᠠ ᠶᠢᠨ 5 ᠤ ᠡᠳᠦᠷ ᠤᠨ ᠰᠦᠨᠢ᠂ 6 ᠳ᠋ᠤᠭᠠᠷ ᠰᠠᠷ᠎ᠠ ᠶᠢᠨ 12 ᠤᠨ ᠡᠳᠦᠷ ᠤᠨ ᠰᠦᠨᠢ ᠪᠣᠯ ᠪᠥᠬᠦ ᠤᠯᠤᠰ ᠤᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠮᠤᠷ ᠲᠦᠪᠰᠢᠨ ᠤ ᠳᠠᠯᠳᠠ ᠬᠡᠮ ᠢ ᠲᠥᠪᠯᠡᠷᠡᠭᠦᠯᠦᠨ ᠰᠥᠨᠢ ᠪᠠᠷ ᠪᠠᠶᠢᠴᠠᠭᠠᠬᠤ ᠠᠵᠢᠯᠯᠠᠭ᠎ᠠ ᠶᠢᠨ ᠴᠠᠭ ᠪᠣᠯᠤᠨ᠎ᠠ᠃      ᠪᠠᠶᠢᠴᠠᠭᠠᠬᠤ ᠭᠤᠤᠯᠳᠠᠯᠭ᠎ᠠ᠄    ᠨᠢᠭᠡ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠨᠦᠭᠦᠳ ᠠᠷᠠᠳ ᠤᠨ ᠬᠡᠷᠡᠭᠯᠡᠭᠡᠨ ᠤ ᠪᠠᠷᠢᠯᠭ᠎ᠠ ᠶᠢᠨ ᠣᠯᠠᠨ ᠨᠡᠶᠢᠲᠡ ᠶᠢᠨ ᠡᠭᠦᠳᠡᠨ ᠲᠢᠩᠬᠢᠮ᠂ ᠲᠠᠷᠬᠠᠭᠠᠬᠤ ᠵᠠᠮ᠂ ᠠᠰᠠᠷ ᠤᠨ ᠱᠠᠲᠤ ᠶᠢᠨ ᠬᠤᠭᠤᠷᠣᠨᠳᠣ᠂ ᠠᠶᠦᠯᠭᠦᠢ ᠶᠢᠨ ᠭᠠᠷᠤᠴᠠ ᠵᠡᠷᠭᠡ ᠭᠠᠵᠠᠷ ᠲᠤ ᠲᠣᠭᠲᠠᠭᠠᠯ ᠠᠴᠠ ᠵᠥᠷᠢᠴᠡᠨ ᠲᠡᠷᠭᠡ ᠵᠣᠭᠰᠣᠭᠠᠵᠤ᠂ ᠴᠠᠬᠢᠯᠭᠠᠨ ᠴᠡᠨᠡᠭᠯᠡᠬᠦ ᠦᠢᠯᠡ ᠠᠵᠢᠯᠯᠠᠭ᠎ᠠ᠃     ᠬᠤᠶᠠᠷ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠵᠣᠭᠰᠣᠭᠠᠬᠤ᠂ ᠴᠠᠬᠢᠯᠭᠠᠨ ᠴᠡᠨᠡᠭᠯᠡᠬᠦ᠂ ᠲᠠᠷᠬᠠᠭᠠᠬᠤ ᠵᠠᠮ ᠪᠠ ᠠᠶᠦᠯᠭᠦᠢ ᠶᠢᠨ ᠭᠠᠷᠤᠴᠠ ᠶᠢ ᠡᠵᠡᠯᠡᠨ ᠬᠡᠷᠡᠭᠯᠡᠬᠦ᠂ ᠪᠥᠭᠯᠡᠬᠦ᠂ ᠲᠣᠭᠲᠠᠭᠠᠯ ᠠᠴᠠ ᠵᠥᠷᠢᠴᠡᠨ ︽ᠠᠰᠠᠷ ᠲᠤ ᠤᠷᠤᠭᠤᠯᠬᠤ︾ ︽ᠴᠠᠬᠢᠯᠭᠠᠨ ᠴᠡᠨᠡᠭᠯᠡᠬᠦ︾ ᠦᠢᠯᠡ ᠠᠵᠢᠯᠯᠠᠭ᠎ᠠ᠃     ᠭᠤᠷᠪᠠ᠂ ᠥᠪᠡᠰᠦᠪᠡᠨ ᠪᠠᠷᠢᠭᠰᠠᠨ ᠬᠡᠷ᠂ ︽ᠭᠤᠷᠪᠠ ᠶᠢ ᠨᠢᠭᠡᠳᠭᠡᠭᠰᠡᠨ︾᠂ ᠵᠡᠭᠡᠯᠢ ᠳᠠᠭᠠᠤ ᠶᠢᠨ ᠳᠡᠯᠭᠡᠭᠦᠷ᠂ ᠰᠥᠨᠢ ᠪᠠᠷ ᠡᠵᠡᠩᠨᠡᠵᠦ ᠬᠡᠷᠡᠭᠯᠡᠬᠦ ᠵᠡᠷᠭᠡ ᠲᠠᠯᠠᠪᠤᠷ ᠲᠤ ᠲᠣᠭᠲᠠᠭᠠᠯ ᠠᠴᠠ ᠵᠥᠷᠢᠴᠡᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠵᠣᠭᠰᠣᠭᠠᠬᠤ᠂ ᠴᠠᠬᠢᠯᠭᠠᠨ ᠴᠡᠨᠡᠭᠯᠡᠬᠦ ᠦᠢᠯᠡ ᠠᠵᠢᠯᠯᠠᠭ᠎ᠠ᠃ᠲᠦᠷᠪᠡ᠂ ᠤᠤᠯ ᠦᠢᠯᠡᠳᠪᠦᠷᠢ ᠶᠢᠨ ᠰᠡᠯᠪᠢᠭ ᠲᠣᠨᠤᠭ ᠢ ᠳᠤᠷ᠎ᠠ ᠪᠠᠷ ᠢᠶᠠᠨ ᠥᠭᠡᠷᠡᠴᠢᠯᠡᠨ ᠤᠭᠰᠠᠷᠠᠬᠤ᠂ ᠬᠤᠷᠳᠤᠴᠠ ᠶᠢ ᠬᠢᠵᠠᠭᠠᠷᠯᠠᠬᠤ ︵ᠺᠣᠳ᠋ ᠲᠠᠶᠢᠯᠬᠤ ᠬᠤᠷᠳᠤᠴᠠ ᠶᠢ ᠲᠦᠷᠭᠡᠳᠭᠡᠬᠦ ᠪᠠᠭᠲᠠᠭᠠᠨ᠎ᠠ︶᠂ ᠴᠠᠬᠢᠯᠭᠠᠨ ᠬᠤᠷᠢᠶᠠᠭᠤᠷ ᠲᠠᠭᠠᠷᠠᠭᠤᠯᠬᠤ᠂ ᠴᠠᠬᠢᠯᠭᠠᠨ ᠬᠤᠷᠢᠶᠠᠭᠤᠷ ᠤᠨ ᠬᠤᠩᠭᠢᠯ ᠤᠨ ᠬᠠᠶᠢᠷᠴᠠᠭ ᠢ ᠥᠭᠡᠷᠡᠴᠢᠯᠡᠬᠦ᠂ ᠶᠡᠭᠡ ᠪᠠᠭᠲᠠᠭᠠᠮᠵᠢᠲᠤ ᠴᠠᠬᠢᠯᠭᠠᠨ ᠬᠤᠷᠢᠶᠠᠭᠤᠷ ᠢ ᠰᠣᠯᠢᠬᠤ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠃      ᠡᠯ᠎ᠡ ᠨᠡᠶᠢᠭᠡᠮ ᠤᠨ ᠨᠢᠭᠡᠴᠢ᠂ ᠣᠷᠣᠨ ᠰᠠᠭᠤᠴᠠ ᠶᠢᠨ ᠠᠳᠠᠯ ᠠᠬᠤᠶ ᠶᠢᠨ ᠦᠢᠯᠡᠴᠢᠯᠡᠭᠡᠨ ᠤ ᠠᠵᠤ ᠠᠬᠤᠶᠢᠯᠠᠯ ᠵᠢᠴᠢ ᠥᠷᠭᠡᠨ ᠣᠯᠠᠨ ᠲᠦᠮᠡᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠢᠨᠠᠮᠠᠭᠠᠶ ᠥᠪᠡᠰᠦᠪᠡᠨ ᠪᠠᠶᠢᠴᠠᠭᠠᠵᠤ ᠥᠪᠡᠰᠦᠪᠡᠨ ᠵᠠᠯᠠᠷᠠᠭᠤᠯᠵᠤ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠮᠤᠷ ᠲᠦᠪᠰᠢᠨ ᠤ ᠳᠠᠯᠳᠠ ᠭᠡᠮ ᠢ ᠰᠠᠨᠠᠭᠠᠴᠢᠯᠠᠭ᠎ᠠ ᠠᠴᠠ ᠪᠠᠨ ᠠᠷᠢᠯᠭᠠᠨ᠂ ᠪᠠᠶᠢᠴᠠᠭᠠᠬᠤ ᠠᠵᠢᠯᠯᠠᠭ᠎ᠠ ᠳᠤ ᠢᠳᠡᠪᠬᠢᠲᠡᠶ ᠬᠠᠮᠵᠢᠯᠴᠠᠬᠤ ᠬᠡᠷᠡᠭᠲᠡᠶ᠃ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢᠨ ︽ᠠᠰᠠᠷ ᠲᠤ ᠤᠷᠤᠭᠤᠯᠬᠤ︾᠂ ︽ᠴᠠᠬᠢᠯᠭᠠᠨ ᠴᠡᠨᠡᠭᠯᠡᠬᠦ︾ ᠦᠢᠯᠡ ᠠᠵᠢᠯᠯᠠᠭ᠎ᠠ ᠶᠢ ᠣᠯᠠᠨᠲᠠ ᠢᠳᠬᠠᠭᠠᠳ ᠵᠠᠯᠠᠷᠠᠭᠤᠯᠬᠤ ᠥᠬᠡᠶ᠂ ᠣᠯᠠᠨᠲᠠ ᠥᠭᠡᠷᠡᠴᠢᠯᠡᠵᠦ ᠣᠯᠠᠨᠲᠠ ᠵᠦᠷᠢᠴᠡᠭᠰᠡᠨ ᠬᠤᠯᠪᠣᠭᠳᠠᠯ ᠪᠥᠬᠦᠶ ᠬᠤᠪᠢ ᠬᠥᠮᠦᠨ ᠪᠠ ᠬᠠᠤᠯᠢ ᠪᠤᠰᠤ ᠪᠠᠷ ᠥᠭᠡᠷᠡᠴᠢᠯᠡᠨ ᠤᠭᠰᠠᠷᠠᠬᠤ ᠵᠡᠷᠭᠡ ᠠᠰᠠᠭᠤᠳᠠᠯ ᠢ ᠬᠠᠤᠯᠢ ᠶᠣᠰᠣᠭᠠᠷ ᠴᠢᠩᠭ᠎ᠠ ᠪᠠᠶᠢᠴᠠᠭᠠᠨ ᠰᠢᠢᠳᠪᠦᠷᠢᠯᠡᠬᠦ ᠶᠢᠨ ᠬᠠᠮᠲᠤ ᠬᠤᠯᠪᠣᠭᠳᠠᠯ ᠪᠥᠬᠦᠶ ᠵᠠᠭᠤᠴᠢᠯᠠᠭᠤᠷ ᠲᠤ ᠢᠯᠡᠴᠢᠯᠡᠬᠦ ᠪᠤᠯᠤᠨ᠎ᠠ᠃      ᠥᠪᠥᠷ ᠣᠩᠭᠤᠯ ᠤᠨ ᠥᠪᠡᠷᠲᠡᠭᠡᠨ ᠵᠠᠰᠠᠬᠤ ᠣᠷᠣᠨ ᠶᠢᠨ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡᠨ ᠤ ᠠᠮᠤᠷ ᠲᠦᠪᠰᠢᠨ ᠤ ᠳᠠᠯᠳᠠ ᠭᠡᠮ ᠢ ᠪᠥᠬᠦ ᠬᠡᠯᠬᠢᠶ᠎ᠡ ᠶᠢ ᠴᠡᠭᠴᠡᠯᠡᠨ ᠵᠠᠰᠠᠬᠤ ᠠᠵᠢᠯ ᠤᠨ ᠲᠤᠰᠬᠠᠶ ᠠᠩᠭᠢ         2024 ᠣᠨ ᠤ 5 ᠳ᠋ᠤᠭᠠᠷ ᠰᠠᠷ᠎ᠠ ᠶᠢᠨ 23 ᠤ ᠡᠳᠦᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1