ᠦᠷᠭᠦᠯᠵᠢᠯᠡᠨ ᠬᠦᠴᠦᠯᠡᠵᠦ ᠪᠣᠳᠠᠲᠠᠢ ᠶᠢ ᠡᠷᠬᠢᠮᠯᠡᠬᠦ ᠠᠵᠢᠯᠯᠠᠭ᠎ᠠ ᠪᠠ ᠠᠷᠭ᠎ᠠ ᠬᠡᠮᠵᠢᠶ᠎ᠡ ᠪᠠᠷ ᠬᠤᠳᠠ ᠶᠢᠨ ᠠᠮᠢᠳᠤᠷᠠᠯ ᠤᠨ ᠬᠤᠭ ᠨᠣᠪᠰᠢ ᠶᠢ ᠲᠦᠷᠦᠯ ᠬᠤᠪᠢᠶᠠᠬᠤ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ ᠬᠡᠯᠪᠡᠷᠢ ᠬᠤᠪᠢᠷᠠᠭᠤᠯᠬᠤ ᠶᠢ ᠠᠬᠢᠭᠤᠯᠤᠶ᠎ᠠ — ᠪᠦᠬᠦ ᠤᠯᠤᠰ ᠤᠨ ᠬᠤᠳᠠ ᠶᠢᠨ ᠠᠮᠢᠳᠤᠷᠠᠯ ᠤᠨ ᠬᠤᠭ ᠨᠣᠪᠰᠢ ᠶᠢ ᠲᠦᠷᠦᠯ ᠬᠤᠪᠢᠶᠠᠬᠤ ᠠᠵᠢᠯ ᠤᠨ ᠲᠤᠬᠠᠢ ᠶᠢᠨ ᠲᠠᠯᠠᠪᠠᠢ ᠶᠢᠨ ᠬᠤᠷᠠᠯ ᠨᠢᠩ ᠪᠥᠸᠧ ᠳᠤ ᠬᠤᠷᠠᠯᠳᠤᠪᠠ
ᠨᠡᠶᠢᠲᠡᠯᠡᠭᠰᠡᠨ ᠴᠠᠭ᠄
2024/5/27
      5 ᠳ᠋ᠤᠭᠠᠷ ᠰᠠᠷ᠎ᠠ ᠶᠢᠨ 22 ᠤᠨ ᠡᠳᠦᠷ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠨᠢᠩ ᠪᠥᠸᠧ ᠬᠤᠲᠠ ᠳᠤ ᠪᠥᠬᠦ ᠤᠯᠤᠰ ᠤᠨ ᠬᠤᠲᠠ ᠶᠢᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠤᠨ ᠲᠤᠬᠠᠶ ᠶᠢᠨ ᠲᠠᠯᠠᠪᠠᠶ ᠶᠢᠨ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠬᠤᠭ ᠨᠣᠪᠰᠢ ᠶᠢ ᠲᠥᠷᠥᠯ ᠬᠤᠪᠢᠶᠠᠬᠤ ᠲᠤᠬᠠᠶ ᠰᠢᠷᠢᠰ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠵᠢᠯ ᠢᠶᠠᠨ ᠳ᠋ᠦᠩᠨᠡᠨ᠂ ᠲᠤᠷᠰᠢᠯᠭ᠎ᠠ ᠪᠠᠨ ᠰᠣᠯᠢᠯᠴᠠᠵᠤ᠂ ᠠᠰᠠᠭᠤᠳᠠᠯ ᠢ ᠰᠤᠳᠤᠯᠤᠨ᠂ ᠬᠤᠲᠠ ᠶᠢᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠦᠷᠭᠦᠯᠵᠢᠯᠡᠨ ᠭᠦᠨᠵᠡᠭᠡᠶ ᠥᠷᠨᠢᠭᠦᠯᠵᠦ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠬᠡᠯᠪᠡᠷᠢ ᠬᠤᠪᠢᠷᠠᠭᠤᠯᠬᠤ ᠶᠢ ᠠᠬᠢᠭᠤᠯᠪᠠ᠃ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠶᠠᠮᠤᠨ ᠤ ᠰᠠᠶᠢᠳ ᠨᠢ ᠬᠤᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠵᠧᠵᠢᠶᠠᠩ ᠮᠤᠵᠢ ᠶᠢᠨ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠺᠧ ᠵᠢᠢ ᠰᠢᠨ᠂ ᠨᠢᠩ ᠪᠥᠸᠧ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠬᠤᠳᠠ ᠶᠢᠨ ᠳᠠᠷᠤᠭ᠎ᠠ ᠲᠠᠩ ᠹᠸᠢ ᠹᠠᠨ ᠪᠠᠶᠠᠷ ᠤᠨ ᠦᠭᠡ ᠬᠡᠯᠡᠪᠡ᠃ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠳᠡᠳ᠋ ᠰᠠᠶᠢᠳ ᠴᠢᠨ ᠬᠠᠶ ᠰᠢᠶᠠᠩ ᠬᠤᠷᠠᠯ ᠢ ᠡᠷᠭᠢᠯᠡᠪᠡ᠃      ᠬᠤᠷᠠᠯ ᠠᠴᠠ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠬᠤᠭ ᠨᠣᠪᠰᠢ ᠶᠢ ᠲᠦᠷᠦᠯ ᠬᠤᠪᠢᠶᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠨ᠎ᠠ᠃ ᠶᠡᠷᠦᠩᠬᠡᠶ ᠱᠦᠵᠢ ᠰᠢ ᠶᠢᠨ ᠫᠢᠩ ᠬᠤᠭ ᠨᠣᠪᠰᠢ ᠶᠢ ᠲᠥᠷᠥᠯ ᠬᠤᠪᠢᠶᠠᠬᠤ ᠡᠨᠡ ᠬᠦ ︽ᠵᠠᠩᠭᠢᠯᠠᠭ᠎ᠠ ᠶᠢᠨ ᠪᠠᠭ᠎ᠠ ᠶᠠᠪᠤᠳᠠᠯ︾ ᠢ ᠮᠠᠰᠢ ᠴᠢᠬᠤᠯᠠᠴᠢᠯᠠᠵᠤ᠂ ᠣᠯᠠᠨ ᠤᠳᠠᠭ᠎ᠠ ᠴᠢᠬᠤᠯᠠ ᠵᠢᠭᠠᠪᠤᠷᠢ ᠴᠣᠬᠤᠯᠠᠪᠤᠷᠢ ᠥᠭᠴᠦ᠂ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠰᠠᠶᠢᠲᠤᠷ ᠬᠢᠬᠦ ᠳᠤ ᠤᠷᠤᠭᠰᠢᠯᠠᠯᠲᠠ ᠶᠢᠨ ᠴᠢᠭᠯᠡᠯ ᠢ ᠲᠣᠳᠣᠷᠬᠠᠶ ᠵᠢᠭᠠᠨ ᠥᠭᠴᠦ᠂ ᠦᠨᠳᠦᠰᠦᠨ ᠵᠢᠷᠤᠮᠯᠠᠯ ᠬᠠᠩᠭᠠᠭᠰᠠᠨ ᠪᠠᠶᠢᠨ᠎ᠠ᠃ ︽ᠬᠤᠶᠠᠷ ᠢ  ᠲᠤᠭᠳᠠᠭᠠᠭᠰᠠᠨ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠲᠦᠷᠪᠡᠨ ᠤᠬᠠᠮᠰᠠᠷ︾ ᠢᠶᠠᠨ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠦᠷᠢᠶᠡᠯᠡᠬᠦ︾ ᠶᠢ ᠪᠡᠶᠡᠯᠡᠭᠦᠯᠵᠦ᠂ ᠬᠤᠭ ᠨᠣᠪᠰᠢ ᠶᠢ ᠲᠦᠷᠦᠯ ᠬᠤᠪᠢᠶᠠᠬᠤ ᠠᠵᠢᠯ ᠤᠨ ᠴᠢᠬᠤᠯᠠ ᠶᠡᠭᠡ ᠪᠣᠳᠠᠲᠤ ᠠᠴᠢ ᠬᠤᠯᠪᠣᠭᠳᠠᠯ ᠪᠣᠯᠤᠨ ᠠᠯᠤᠰ ᠬᠡᠳᠤ ᠶᠢᠨ ᠲᠡᠦᠬᠡᠲᠦ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠬᠤᠭ ᠨᠣᠪᠰᠢ ᠶᠢ ᠲᠦᠷᠦᠯ ᠬᠤᠪᠢᠶᠠᠬᠤ ᠠᠵᠢᠯ ᠢ ᠭᠦᠨᠵᠡᠭᠡᠢ ᠠᠬᠢᠭᠤᠯᠬᠤ ᠶᠢᠨ ᠬᠠᠮᠳᠤ ᠡᠭᠦᠷᠭᠡᠲᠦ ᠰᠡᠳᠬᠢᠯᠭᠡ᠂ ᠬᠠᠷᠢᠭᠤᠴᠠᠯᠭᠠᠲᠤ ᠰᠡᠳᠬᠢᠯᠭᠡ᠂ ᠲᠤᠯᠭᠠᠮ᠎ᠠ ᠰᠡᠳᠬᠢᠯᠭᠡ ᠪᠠᠨ ᠴᠢᠨᠠᠭᠰᠢᠳᠠ ᠴᠢᠩᠭᠠᠳᠬᠠᠬᠤ ᠬᠡᠷᠡᠭᠲᠡᠢ ᠭᠡᠵᠤ ᠴᠢᠬᠤᠯᠠᠴᠢᠯᠠᠪᠠ᠃      ᠬᠤᠷᠠᠯ ᠠᠴᠠ᠂ ᠪᠦᠬᠦ ᠤᠯᠤᠰ ᠤᠨ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠶᠢᠨ ᠰᠢᠰᠲ᠋ᠧᠮ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠢ᠂ ᠡᠯ᠎ᠡ ᠭᠠᠵᠠᠷ ᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠶᠡᠷᠦᠩᠬᠡᠢ ᠱᠦᠵᠢ ᠰᠢ ᠶᠢᠨ ᠫᠢᠩ ᠤᠨ ᠰᠢᠷᠢᠰ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂  ᠤᠬᠠᠭᠤᠯᠭ᠎ᠠ ᠶᠢ ᠠᠬᠢᠭᠤᠯᠬᠤ᠂ ᠲᠦᠷᠢᠮ ᠤᠨ ᠪᠠᠶᠢᠭᠤᠯᠤᠯᠲᠠ᠂ ᠲᠥᠬᠦᠭᠡᠷᠦᠮᠵᠢ ᠶᠢ ᠢᠵᠢ ᠪᠦᠷᠢᠳᠦᠭᠦᠯᠬᠦ᠂ ᠬᠢᠨᠠᠨ ᠵᠢᠯᠣᠭᠤᠳᠴᠤ ᠦᠨᠡᠯᠡᠨ ᠵᠢᠱᠢᠬᠦ ᠶᠢ ᠴᠢᠩᠭᠠᠳᠬᠠᠵᠤ᠂ ᠬᠤᠭ ᠨᠣᠪᠰᠢ ᠶᠢ ᠲᠦᠷᠦᠯ ᠬᠤᠪᠢᠶᠠᠬᠤ ᠠᠵᠢᠯ ᠤᠨ ᠱᠠᠳᠤᠴᠢ ᠴᠢᠨᠠᠷᠲᠠᠢ ᠠᠬᠢᠴᠠ ᠲᠠᠢ ᠪᠤᠯᠭᠠᠬᠤ ᠶᠢ ᠠᠬᠢᠭᠤᠯᠬᠤ ᠬᠡᠷᠡᠭᠲᠡᠢ ᠭᠡᠵᠤ ᠵᠢᠭᠠᠨ ᠭᠠᠷᠭᠠᠪᠠ᠃ ᠲᠥᠷᠥᠯ ᠬᠤᠪᠢᠶᠠᠬᠤ ᠳᠦᠷᠢᠮ ᠢ ᠠᠯᠬᠤᠮ ᠠᠯᠬᠤᠮ ᠢᠶᠠᠷ ᠲᠡᠭᠦᠯᠳᠡᠷᠵᠢᠭᠦᠯᠪᠡ᠃ ᠪᠥᠬᠦ ᠤᠯᠤᠰ ᠤᠨ 21 ᠮᠤᠵᠢ ︵ᠥᠪᠡᠷᠲᠡᠭᠡᠨ ᠵᠠᠰᠠᠬᠤ ᠣᠷᠣᠨ︶᠂ 173 ᠬᠤᠲᠠ ᠬᠤᠭ ᠨᠣᠪᠰᠢ ᠶᠢ ᠲᠥᠷᠥᠯ ᠬᠤᠪᠢᠶᠠᠬᠤ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ᠂ ᠵᠠᠰᠠᠭ ᠤᠨ ᠣᠷᠳᠣᠨ ᠤ ᠲᠦᠷᠢᠮ ᠲᠣᠭᠲᠠᠭᠠᠯ ᠢ ᠨᠡᠶᠢᠲᠡᠯᠡᠵᠦ᠂ ︽ᠮᠤᠵᠢ ᠶᠢᠨ ᠱᠠᠲᠤ ᠶᠡᠷᠦᠩᠬᠡᠶ ᠬᠠᠷᠢᠭᠤᠴᠠᠯᠭ᠎ᠠ ᠶᠢ ᠡᠭᠦᠷᠭᠡᠯᠡᠵᠦ᠂ ᠬᠤᠲᠠ ᠭᠤᠤᠯ ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠬᠦ︾ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠪᠠ᠃ ᠲᠥᠷᠥᠯ ᠬᠤᠪᠢᠶᠠᠬᠤ ᠰᠢᠰᠲ᠋ᠧᠮ ᠢ ᠠᠩᠬ᠎ᠠ ᠠᠯᠬᠤᠮ ᠪᠠᠶᠢᠭᠤᠯᠪᠠ᠃ 46 ᠭᠤᠣᠯᠳᠠᠯᠭ᠎ᠠ ᠲᠠᠢ ᠬᠤᠲᠠ ᠨᠢ ᠬᠤᠭ ᠨᠣᠪᠰᠢ ᠶᠢ ᠲᠥᠷᠥᠯ ᠬᠤᠪᠢᠶᠠᠨ ᠲᠠᠯᠪᠢᠬᠤ᠂ ᠲᠥᠷᠥᠯ ᠬᠤᠪᠢᠶᠠᠨ ᠴᠤᠭᠯᠠᠭᠤᠯᠬᠤ᠂ ᠲᠥᠷᠥᠯ ᠬᠤᠪᠢᠶᠠᠨ ᠲᠡᠭᠡᠭᠡᠪᠦᠷᠢᠯᠡᠬᠦ᠂ ᠲᠥᠷᠥᠯ ᠬᠤᠪᠢᠶᠠᠨ ᠰᠢᠢᠳᠪᠦᠷᠢᠯᠡᠬᠦ ᠨᠡᠯᠢᠶᠡᠳ ᠪᠦᠷᠢᠨ ᠲᠡᠭᠦᠯᠳᠡᠷ ᠰᠢᠰᠲ᠋ᠧᠮ ᠢ ᠡᠩ ᠲᠡᠷᠢᠭᠦᠨ ᠳᠤ ᠪᠠᠶᠢᠭᠤᠯᠵᠤ᠂ ᠪᠤᠰᠤᠳ ᠲᠤᠰᠬᠠᠢ ᠣᠷᠣᠨ ᠤ ᠳᠡᠰ ᠤᠨ ᠬᠤᠲᠠ ᠶᠢᠨ ᠲᠥᠷᠥᠯ ᠬᠤᠪᠢᠶᠠᠬᠤ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠪᠠ᠃  ᠲᠥᠷᠥᠯ ᠬᠤᠪᠢᠶᠠᠬᠤ ᠳᠠᠳᠬᠠᠯ ᠢ ᠡᠬᠢᠯᠡᠨ ᠪᠤᠢ ᠪᠤᠯᠭᠠᠪᠠ᠃ ᠬᠤᠭ ᠨᠣᠪᠰᠢ ᠶᠢ ᠲᠥᠷᠥᠯ ᠬᠤᠪᠢᠶᠠᠬᠤ ᠨᠢ ᠣᠯᠠᠨ ᠲᠦᠮᠡᠨ ᠤ ᠮᠡᠳᠡᠷᠡᠭᠰᠡᠨ᠂ ᠵᠠᠭᠤᠴᠢᠯᠠᠭᠤᠷ ᠤᠨ ᠬᠠᠯᠠᠮᠰᠢᠯ᠂ ᠨᠡᠶᠢᠭᠡᠮ ᠤᠨ ᠬᠠᠯᠠᠭᠤᠷᠠᠯ ᠪᠠ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠨᠢ ᠠᠮᠢᠳᠤᠷᠠᠯ ᠤᠨ ᠰᠢᠨ᠎ᠡ ᠤᠷᠤᠰᠬᠠᠯ ᠪᠣᠯᠵᠤ᠂ ᠪᠥᠬᠦ ᠤᠯᠤᠰ ᠤᠨ ᠲᠤᠰᠬᠠᠶ ᠣᠷᠣᠨ ᠵᠢᠴᠢ ᠲᠡᠭᠦᠨ ᠠᠴᠠ ᠳᠡᠭᠡᠭᠰᠢᠬᠢ ᠬᠤᠲᠠ ᠶᠢᠨ ᠰᠠᠭᠤᠭᠠᠯᠢ ᠠᠷᠠᠳ ᠤᠨ ᠲᠣᠭᠤᠷᠢᠭ ᠤᠨ ᠬᠤᠭ ᠨᠣᠪᠰᠢ ᠶᠢ ᠲᠥᠷᠥᠯ ᠬᠤᠪᠢᠶᠠᠬᠤ ᠪᠦᠷᠬᠦᠴᠡ ᠶᠢᠨ ᠨᠣᠷᠮ᠎ᠠ 92.6% ᠳᠤ ᠬᠦᠷᠴᠡᠶ᠃        ᠬᠤᠷᠠᠯ ᠠᠴᠠ᠂ ᠴᠢᠨᠠᠷ ᠰᠠᠶᠢᠲᠠᠢ ᠬᠥᠭᠵᠢᠯᠲᠡ ᠪᠣᠯ ᠰᠢᠨ᠎ᠡ ᠴᠠᠭ ᠦᠶ᠎ᠡ ᠶᠢᠨ ᠬᠠᠲᠠᠭᠤ ᠶᠣᠰᠣ ᠮᠥᠨ᠃ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠶᠡᠷᠦᠩᠬᠡᠶ ᠱᠦᠵᠢ ᠰᠢ ᠶᠢᠨ ᠫᠢᠩ ᠤᠨ ᠰᠢᠷᠢᠰ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠲᠠᠢ ᠨᠢᠭᠡᠳᠬᠡᠵᠦ᠂ ᠢᠲᠡᠭᠡᠯ ᠵᠣᠷᠢᠭ ᠢᠶᠠᠨ ᠤᠯᠠᠮ ᠨᠢᠭᠡ ᠠᠯᠬᠤᠮ ᠪᠠᠲᠤᠳᠬᠠᠵᠤ ᠂ ᠲᠠᠨᠢᠯᠲᠠ ᠪᠠᠨ ᠪᠣᠳᠠᠲᠠᠶᠢᠵᠢᠭᠤᠯᠤᠭᠰᠠᠨ ᠦᠭᠡᠢ᠂ ᠦᠵᠡᠯ ᠰᠠᠨᠠᠭᠠᠨ ᠤ ᠲᠠᠯ᠎ᠠ ᠪᠠᠷ ᠮᠢᠨᠴᠦᠬᠦᠷᠡᠬᠦ᠂ ᠦᠢᠯᠡ ᠠᠵᠢᠯᠯᠠᠭ᠎ᠠ ᠶᠢᠨ ᠲᠠᠯ᠎ᠠ ᠪᠠᠷ ᠰᠤᠯᠠᠷᠠᠬᠤ ᠵᠡᠷᠭᠡ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ︽ᠪᠠᠶᠢᠬᠤ ᠡᠰᠡᠬᠦ︾ ᠠᠴᠠ ︽ᠰᠠᠶᠢᠨ ᠡᠰᠡᠬᠦ︾ ᠲᠡᠰᠢ ᠬᠡᠯᠪᠡᠷᠢ ᠬᠤᠪᠢᠷᠠᠭᠤᠯᠬᠤ ᠳᠤ ᠨᠡᠩ ᠶᠡᠭᠡ ᠬᠦᠴᠦ ᠣᠷᠣᠭᠤᠯᠬᠤ ᠬᠡᠷᠡᠭᠲᠡᠢ ᠭᠡᠵᠤ ᠴᠢᠬᠤᠯᠠᠴᠢᠯᠠᠪᠠ᠃      — ᠡᠭᠡᠭᠦᠯᠦᠨ ᠬᠤᠷᠢᠶᠠᠵᠤ ᠠᠰᠢᠭᠯᠠᠬᠤ ᠳᠡᠭᠡᠷ᠎ᠡ ᠬᠦᠴᠦ ᠲᠠᠯᠪᠢᠨ᠎ᠠ᠃ ᠴᠠᠭ ᠪᠠ ᠪᠠᠶᠢᠳᠠᠯ ᠳᠤᠨᠢ ᠲᠤᠬᠢᠷᠠᠭᠤᠯᠤᠨ ᠠᠬᠢᠭᠤᠯᠤᠨ ᠰᠢᠨᠡᠴᠢᠯᠡᠬᠦ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠬᠤ ᠶᠢ ᠪᠠᠷᠢᠮᠲᠠᠯᠠᠵᠤ᠂ ᠡᠯ᠎ᠡ ᠲᠦᠷᠦᠯ ᠤᠨ ᠬᠤᠭ ᠨᠣᠪᠰᠢ ᠶᠢ ᠲᠦᠷᠦᠯ ᠬᠤᠪᠢᠶᠠᠬᠤ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠨ᠎ᠡ᠃ ᠡᠭᠡᠭᠦᠯᠦᠨ ᠬᠤᠷᠢᠶᠠᠵᠤ ᠪᠣᠯᠬᠤ ᠪᠣᠳᠠᠰ ᠢ ᠡᠭᠡᠭᠦᠯᠦᠨ ᠬᠤᠷᠢᠶᠠᠵᠤ ᠠᠰᠢᠭᠯᠠᠬᠤ ᠶᠢ ᠬᠦᠴᠦᠯᠡᠨ ᠰᠠᠶᠢᠲᠤᠷ ᠠᠳᠬᠤᠨ᠎ᠠ᠃ ᠣᠯᠠᠨ ᠲᠦᠮᠡᠨ ᠢ ᠵᠣᠷᠢᠭᠲᠠᠶ ᠪᠠᠷ ᠳᠠᠶᠢᠴᠢᠯᠠᠵᠤ᠂ ︽ᠨᠢᠭᠡ ᠤᠭᠤᠲᠠ ᠮᠠᠶ᠋ᠢᠭ︾ ᠤᠨ ᠬᠡᠷ ᠲᠤᠨᠢ ᠬᠦᠷᠴᠦ ᠬᠤᠷᠢᠶᠠᠨ ᠠᠪᠬᠤ ᠵᠠᠭᠪᠤᠷ ᠢ ᠢᠳᠡᠪᠬᠢᠲᠡᠶ ᠰᠦᠪᠡᠭᠴᠢᠯᠡᠨ᠎ᠡ᠃ ᠡᠭᠡᠭᠦᠯᠦᠨ ᠬᠤᠷᠢᠶᠠᠵᠤ ᠪᠣᠯᠬᠤ ᠪᠣᠳᠠᠰ ᠢ  ᠴᠤᠭᠯᠠᠭᠤᠯᠬᠤ ᠴᠡᠭ᠂ ᠳᠠᠮᠵᠢᠭᠤᠯᠬᠤ ᠥᠷᠲᠡᠭᠡ᠂ ᠳᠠᠬᠢᠯᠲᠠ ᠡᠬᠢ ᠪᠠᠶᠠᠯᠢᠭ ᠢ ᠢᠯᠭᠠᠨ ᠬᠤᠪᠢᠶᠠᠬᠤ ᠲᠥᠪ ᠭᠤᠷᠪᠠᠨ ᠱᠠᠲᠤᠨ ᠤ ᠰᠢᠰᠲ᠋ᠧᠮ ᠢ ᠲᠦᠷᠭᠡᠪᠴᠢᠯᠡᠨ ᠪᠠᠶᠢᠭᠤᠯᠵᠤ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠴᠡᠭ ᠬᠢᠭᠡᠳ ᠬᠠᠶᠠᠭᠳᠠᠮᠠᠯ ᠬᠠᠭᠤᠴᠢᠨ ᠡᠳ᠋ ᠪᠣᠳᠠᠰ ᠢ ᠡᠭᠡᠭᠦᠯᠦᠨ ᠬᠤᠷᠢᠶᠠᠬᠤ ᠴᠡᠭ ᠤᠨ ︽ᠬᠤᠶᠠᠷ ᠴᠡᠭ ᠢ ᠠᠭᠤᠰᠤᠯᠴᠠᠭᠤᠯᠬᠤ︾ ᠶᠢ ᠲᠦᠯᠬᠢᠨ ᠠᠬᠢᠭᠤᠯᠵᠤ᠂ ᠡᠭᠡᠭᠦᠯᠦᠨ ᠬᠤᠷᠢᠶᠠᠵᠤ ᠪᠣᠯᠬᠤ ᠪᠣᠳᠠᠰ ᠢ ᠬᠤᠪᠢᠶᠠᠬᠤ ᠶᠣᠰᠣᠲᠠᠶ ᠶᠢ ᠨᠢ ᠪᠦᠬᠦᠨ ᠢ ᠬᠤᠪᠢᠶᠠᠵᠤ᠂ ᠬᠤᠷᠢᠶᠠᠪᠠᠰᠤ ᠵᠣᠬᠢᠬᠤ ᠶᠢ ᠨᠢ ᠪᠦᠬᠦᠨ ᠢ ᠬᠤᠷᠢᠶᠠᠬᠤ ᠶᠢ ᠠᠬᠢᠭᠤᠯᠤᠨ᠎ᠠ᠃ ᠲᠣᠮᠣ ᠬᠡᠯᠪᠡᠷᠢ ᠶᠢᠨ ᠬᠤᠭ ᠨᠣᠪᠰᠢ ᠶᠢ ᠬᠤᠷᠢᠶᠠᠨ ᠠᠪᠴᠤ ᠠᠰᠢᠭᠯᠠᠬᠤ ᠠᠵᠢᠯ ᠢ ᠰᠠᠶᠢᠲᠤᠷ ᠠᠳᠬᠤᠵᠤ᠂ ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠣᠯᠠᠨ ᠲᠦᠮᠡᠨ ᠤ ᠬᠦᠴᠢᠷ ᠠᠰᠠᠭᠤᠳᠠᠯ ᠢ ᠰᠢᠢᠳᠪᠦᠷᠢᠯᠡᠬᠦ ᠲᠦᠭᠵᠢᠷᠡᠯ ᠤᠨ ᠴᠡᠭ ᠢ ᠨᠡᠪᠲᠡᠷᠡᠭᠦᠯᠦᠨ᠎ᠡ᠃ ᠲᠥᠷᠥᠯ ᠬᠤᠪᠢᠶᠠᠬᠤ ᠠᠷᠭ᠎ᠠ ᠬᠡᠯᠪᠡᠷᠢ ᠶᠢ ᠲᠣᠬᠢᠷᠠᠭᠤᠯᠤᠨ ᠰᠢᠯᠢᠳᠡᠭᠵᠢᠭᠦᠯᠦᠨ᠎ᠡ᠃ ᠣᠯᠠᠨ ᠲᠦᠮᠡᠨ ᠤ ᠭᠥᠯᠢᠶᠡᠨ ᠠᠪᠬᠤ ᠬᠡᠮᠵᠢᠶ᠎ᠡ᠂ ᠲᠥᠬᠦᠮ ᠪᠠᠶᠢᠬᠤ ᠬᠡᠮᠵᠢᠶ᠎ᠡ ᠶᠢ ᠭᠦᠢᠴᠡᠳ ᠪᠣᠳᠣᠯᠬᠢᠯᠠᠵᠤ᠂ ᠲᠥᠷᠥᠯ ᠬᠤᠪᠢᠶᠠᠬᠤ ᠠᠷᠭ᠎ᠠ ᠮᠠᠶ᠋ᠢᠭ᠂ ᠪᠠᠷᠢᠮᠵᠢᠶ᠎ᠠ᠂ ᠱᠠᠭᠠᠷᠳᠠᠯᠭ᠎ᠠ ᠶᠢ ᠰᠢᠯᠢᠳᠡᠭᠵᠢᠭᠦᠯᠦᠨ᠂ ᠣᠯᠠᠨ ᠲᠦᠮᠡᠨ ᠤ ᠬᠤᠭ ᠨᠣᠪᠰᠢ ᠶᠢ ᠲᠥᠷᠥᠯ ᠬᠤᠪᠢᠶᠠᠬᠤ ᠳᠤ ᠣᠷᠣᠯᠴᠠᠬᠤ ᠢᠳᠡᠪᠬᠢᠵᠢᠯ ᠢ ᠳᠡᠭᠡᠭᠰᠢᠯᠡᠭᠦᠯᠦᠨ᠎ᠡ᠃ ᠰᠢᠨᠵᠢᠯᠡᠬᠦ ᠤᠬᠠᠭᠠᠨ ᠮᠡᠷᠭᠡᠵᠢᠯ ᠤᠨ ᠡᠨᠧᠷᠭᠢ ᠣᠯᠭᠤᠬᠤ ᠶᠢ ᠴᠢᠩᠭᠠᠳᠬᠠᠨ᠎ᠠ᠃ ᠰᠢᠲᠠᠭᠠᠵᠤ ᠰᠢᠢᠳᠪᠦᠷᠢᠯᠡᠬᠦ ᠠᠷᠭ᠎ᠠ ᠮᠠᠶ᠋ᠢᠭ ᠢ ᠰᠠᠶᠢᠲᠤᠷ ᠬᠡᠷᠡᠭᠯᠡᠵᠦ᠂ ᠬᠤᠭ ᠨᠣᠪᠰᠢ ᠶᠢ ᠴᠠᠬᠢᠯᠭᠠᠨ ᠡᠨᠧᠷᠭᠢ᠂ ᠢᠯᠴᠢ ᠶᠢᠨ ᠡᠨᠧᠷᠭᠢ ᠪᠣᠯᠭᠠᠨ ᠬᠤᠪᠢᠷᠠᠭᠤᠯᠤᠨ᠎ᠠ᠃ ᠰᠢᠨᠵᠢᠯᠡᠬᠦ ᠣᠬᠠᠭᠠᠨ ᠮᠡᠷᠭᠡᠵᠢᠯ ᠤᠨ ᠪᠤᠭᠤᠮᠳᠡ ᠰᠢᠪᠳᠣᠯᠬᠤ ᠡᠷᠴᠢᠮ ᠢ ᠴᠢᠩᠭᠠᠷᠡᠭᠤᠯᠥᠨ᠂ ᠵᠢᠵᠢᠭ ᠭᠡᠯᠪᠡᠷᠢ ᠶᠢᠨ ᠬᠡᠷᠡᠭᠯᠡᠬᠦ ᠳᠤ ᠲᠣᠬᠢᠷᠡᠬᠤ ᠮᠡᠷᠭᠡᠵᠢᠯ ᠪᠠ ᠳᠥᠬᠦᠭᠡᠷᠦᠮᠵᠢ ᠶᠢ ᠰᠣᠳᠣᠯᠥᠨ ᠨᠡᠭᠡᠭᠡᠵᠦ᠂ ᠬᠤᠭ ᠨᠣᠪᠰᠢ ᠶᠢ ᠲᠣᠬᠠᠢ ᠶᠢᠨ ᠭᠠᠵᠡᠷ ᠤᠨ ᠦᠢᠷ᠎ᠠ ᠬᠠᠪᠢ ᠳᠤᠨᠢ ᠰᠢᠢᠳᠪᠦᠷᠢᠯᠡᠬᠦ ᠶᠢ ᠠᠬᠢᠭᠤᠯᠥᠨ᠎ᠠ᠃    — ᠵᠢᠱᠢᠶ᠎ᠡ ᠦᠵᠡᠭᠦᠯᠵᠦ ᠬᠦᠳᠦᠯᠦᠨ ᠵᠢᠯᠣᠭᠤᠳᠬᠤ ᠳᠤ ᠬᠦᠴᠦ ᠲᠠᠯᠪᠢᠨ᠎ᠠ᠃ ᠨᠡᠶᠢᠲᠡᠯᠢᠭ ᠵᠢᠱᠢᠶ᠎ᠡ ᠪᠠᠷ ᠵᠠᠮᠴᠢᠯᠠᠭᠤᠯᠵᠦ᠂ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠬᠠᠶᠢᠨ ᠰᠦᠪᠡᠭᠴᠢᠯᠡᠵᠦ ᠰᠢᠨ᠎ᠡ ᠶᠢ ᠡᠭᠦᠳᠬᠦ ᠶᠢ ᠶᠡᠬᠡᠪᠡᠷ ᠠᠬᠢᠭᠤᠯᠤᠨ᠎ᠠ᠃ ᠵᠢᠱᠢᠶ᠎ᠡ ᠦᠵᠡᠭᠦᠯᠵᠦ ᠡᠭᠦᠳᠦᠨ ᠪᠠᠶᠢᠭᠤᠯᠬᠤ ᠶᠢ ᠰᠠᠶᠢᠲᠤᠷ ᠠᠳᠬᠤᠨ᠎ᠠ᠃ 15 ᠲᠤᠰᠬᠠᠶ ᠣᠷᠣᠨ ᠤ ᠱᠠᠲᠤ ᠵᠢᠴᠢ ᠲᠡᠭᠦᠨ ᠠᠴᠠ ᠳᠡᠭᠡᠭᠰᠢᠬᠢ ᠬᠤᠲᠠ ᠶᠢ ᠵᠢᠯᠣᠭᠤᠳᠴᠤ᠂ ᠲᠣᠰ ᠲᠤᠰ ᠤᠨ ᠣᠨᠴᠠᠯᠢᠭ ᠲᠠᠢ ᠬᠤᠭ ᠨᠣᠪᠰᠢ ᠶᠢ ᠲᠥᠷᠥᠯ ᠬᠤᠪᠢᠶᠠᠨ ᠵᠢᠱᠢᠶ᠎ᠡ ᠦᠵᠡᠭᠦᠯᠬᠦ ᠵᠠᠭᠪᠤᠷ ᠢ ᠪᠣᠶ ᠪᠣᠯᠭᠠᠵᠤ᠂ ᠳᠡᠯᠭᠡᠷᠡᠭᠦᠯᠵᠦ ᠪᠣᠯᠬᠤ᠂ ᠬᠠᠭᠤᠯᠪᠤᠷᠢᠯᠠᠵᠤ ᠪᠣᠯᠬᠤ ᠨᠡᠶᠢᠲᠡᠯᠢᠭ ᠬᠡᠷᠡᠭ ᠤᠨ ᠵᠢᠱᠢᠶ᠎ᠡ ᠶᠢ ᠲᠦᠷᠭᠡᠬᠡᠨ ᠪᠣᠶ ᠪᠤᠯᠭᠠᠨ᠎ᠠ᠃ ᠰᠢᠶᠠᠨ ᠤ ᠱᠠᠲᠤᠨ ᠤ ᠬᠤᠲᠠ ᠶᠢᠨ ᠲᠤᠷᠰᠢᠯᠲᠠ ᠶᠢᠨ ᠴᠡᠭ ᠤᠨ ᠠᠵᠢᠯ ᠢ ᠰᠠᠶᠢᠲᠤᠷ ᠠᠳᠬᠤᠨ᠎ᠠ᠃ ᠠᠳᠠᠯᠢ ᠪᠤᠰᠤ ᠭᠠᠵᠠᠷ ᠣᠷᠣᠨ ᠤ ᠳᠥᠭᠦᠮ ᠬᠢᠯᠪᠠᠷ ᠬᠡᠷᠡᠭᠵᠢᠭᠦᠯᠬᠦ ᠲᠥᠷᠥᠯ ᠬᠤᠪᠢᠶᠠᠬᠤ ᠵᠠᠭᠪᠤᠷ ᠢ ᠬᠠᠶᠢᠨ ᠰᠦᠪᠡᠭᠴᠢᠯᠡᠵᠦ᠂ ᠰᠢᠶᠠᠨ ᠤ ᠱᠠᠲᠤᠨ ᠤ ᠬᠤᠲᠠ ᠶᠢᠨ ᠬᠤᠭ ᠨᠣᠪᠰᠢ ᠶᠢ ᠲᠥᠷᠥᠯ ᠬᠤᠪᠢᠶᠠᠬᠤ ᠶᠢ ᠲᠦᠯᠬᠢᠨ ᠠᠬᠢᠭᠤᠯᠵᠤ᠂ ᠬᠤᠭ ᠨᠣᠪᠰᠢ ᠶᠢ ᠲᠥᠷᠥᠯ ᠬᠤᠪᠢᠶᠠᠬᠤ ᠳᠦᠷᠢᠮ ᠤᠨ ᠬᠠᠮᠤᠷᠬᠤ ᠬᠡᠪᠴᠢᠶ᠎ᠡ ᠶᠢ ᠦᠷᠭᠦᠯᠵᠢᠯᠡᠨ ᠥᠷᠭᠡᠳᠬᠡᠨ᠎ᠡ᠃    — ᠰᠤᠷᠭᠠᠨ ᠬᠥᠮᠦᠵᠢᠯ ᠤᠬᠠᠭᠤᠯᠭ᠎ᠠ ᠶᠢᠨ ᠠᠵᠢᠯ ᠳᠤ ᠬᠦᠴᠦ ᠲᠠᠯᠪᠢᠨ᠎ᠠ᠃ ︽ᠬᠤᠭ ᠨᠣᠪᠰᠢ ᠶᠢ ᠲᠥᠷᠥᠯ ᠬᠤᠪᠢᠶᠠᠬᠤ ᠪᠣᠯ ᠳᠠᠷᠤᠶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠮᠢᠳᠤᠷᠠᠯ ᠤᠨ ᠰᠢᠨ᠎ᠡ ᠤᠷᠤᠰᠬᠠᠯ ᠮᠥᠨ︾ ᠭᠡᠬᠦ ᠬᠠᠮᠤᠭ ᠤᠨ ᠴᠢᠩᠭ᠎ᠠ ᠠᠶᠠᠰ ᠢ ᠪᠠᠷᠢᠮᠲᠠᠯᠠᠵᠤ᠂ ᠰᠤᠷᠭᠠᠨ ᠬᠥᠮᠦᠵᠢᠭᠦᠯᠵᠦ ᠬᠥᠲᠥᠯᠥᠨ ᠵᠢᠯᠣᠭᠤᠳᠬᠤ ᠶᠢ ᠴᠢᠩᠭᠠᠳᠬᠠᠨ᠂ ᠪᠥᠬᠦ ᠨᠡᠶᠢᠭᠡᠮ ᠤᠨ ᠬᠤᠭ ᠨᠣᠪᠰᠢ ᠶᠢ ᠲᠥᠷᠥᠯ ᠬᠤᠪᠢᠶᠠᠬᠤ ᠳᠤ ᠣᠷᠣᠯᠴᠠᠬᠤ ᠬᠠᠯᠠᠭᠤᠨ ᠰᠡᠳᠬᠢᠯᠭᠡ ᠶᠢ ᠦᠷᠭᠦᠯᠵᠢᠯᠡᠨ ᠪᠠᠳᠤᠯᠠᠨ᠎ᠠ᠃ ᠰᠠᠶᠢᠨ ᠳᠤᠷ᠎ᠠ ᠶᠢᠨ ᠦᠢᠯᠡᠴᠢᠯᠡᠭᠡ ᠶᠢ ᠴᠢᠩᠭᠠᠳᠬᠠᠨ᠎ᠠ᠃ ᠰᠠᠶᠢᠨ ᠳᠤᠷ᠎ᠠ ᠶᠢᠨ ᠠᠵᠢᠯᠯᠠᠭᠴᠢ ᠶᠢᠨ ᠡᠩᠨᠡᠭᠡ ᠶᠢ ᠤᠯᠠᠮ ᠨᠢᠭᠡ ᠠᠯᠬᠤᠮ ᠬᠥᠭᠵᠢᠭᠦᠯᠦᠨ ᠪᠤᠵᠠᠭᠠᠶᠢᠷᠠᠭᠤᠯᠵᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠲᠣᠭᠲᠠᠴᠠ ᠶᠢ ᠲᠡᠭᠦᠯᠳᠡᠷᠵᠢᠭᠦᠯᠦᠨ᠂ ᠰᠠᠶᠢᠨ ᠳᠤᠷ᠎ᠠ ᠶᠢᠨ ᠦᠢᠯᠡᠴᠢᠯᠡᠭᠡᠨ ᠤ ᠰᠢᠰᠲ᠋ᠧᠮ ᠢ ᠪᠦᠷᠢᠨᠰᠢᠭᠦᠯᠵᠦ᠂ ᠨᠠᠩ ᠣᠯᠠᠨ ᠰᠠᠭᠤᠭᠠᠯᠢ ᠠᠷᠠᠳ ᠤᠨ ᠬᠤᠭ ᠨᠣᠪᠰᠢ ᠶᠢ ᠲᠥᠷᠥᠯ ᠬᠤᠪᠢᠶᠠᠬᠤ ᠰᠠᠶᠢᠨ ᠳᠠᠳᠬᠠᠯ ᠲᠠᠢ ᠪᠣᠯᠬᠤ ᠶᠢ ᠬᠥᠲᠥᠯᠦᠨ ᠵᠢᠯᠣᠭᠤᠳᠴᠤ ᠳᠠᠶᠢᠴᠢᠯᠠᠨ᠎ᠠ᠃ ᠭᠦᠨ ᠵᠤᠵᠠᠭᠠᠨ ᠠᠭᠤᠷ ᠠᠮᠢᠰᠬᠤᠯ ᠢ ᠪᠤᠢ ᠪᠤᠯᠭᠠᠨ᠎ᠠ᠃ ᠬᠤᠶᠠᠳᠤᠭᠠᠷ ᠬᠤᠭᠤᠴᠠᠭᠠᠨ ᠤ ᠪᠥᠬᠦ ᠤᠯᠤᠰ ᠤᠨ ᠬᠤᠭ ᠨᠣᠪᠰᠢ ᠶᠢ ᠲᠥᠷᠥᠯ ᠬᠤᠪᠢᠶᠠᠬᠤ ᠤᠬᠠᠭᠤᠯᠭ᠎ᠠ ᠶᠢᠨ ᠭᠠᠷᠠᠭ ᠵᠡᠷᠭᠡ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠬᠤᠭ ᠨᠣᠪᠰᠢ ᠶᠢ ᠲᠥᠷᠥᠯ ᠬᠤᠪᠢᠶᠠᠨ ᠨᠡᠶᠢᠭᠡᠮ ᠲᠣᠭᠤᠷᠢᠭ᠂ ᠬᠡᠷ ᠪᠦᠯᠢ᠂ ᠰᠤᠷᠭᠠᠭᠤᠯᠢ᠂ ᠠᠵᠤ ᠠᠬᠤᠶᠢᠯᠠᠯ᠂ ᠠᠯᠪᠠᠨ ᠪᠠᠶᠢᠭᠤᠯᠭ᠎ᠠ᠂ ᠬᠤᠳᠠᠯᠳᠤᠭ᠎ᠠ ᠬᠡᠲᠦ ᠳᠡᠯᠭᠡᠭᠦᠷ᠂ ᠵᠣᠴᠢᠳ ᠤᠨ ᠪᠠᠭᠤᠳᠠᠯ᠂ ᠴᠤᠩᠬᠤᠪᠴᠢ ᠂ ᠴᠡᠷᠢᠭ ᠤᠨ ᠬᠤᠸᠠᠷᠠᠨ ᠳᠤ ᠣᠷᠣᠭᠤᠯᠬᠤ ᠶᠢ ᠠᠬᠢᠭᠤᠯᠵᠤ᠂ ᠬᠤᠭ ᠨᠣᠪᠰᠢ ᠶᠢ ᠲᠥᠷᠥᠯ ᠬᠤᠪᠢᠶᠠᠬᠤ ᠣᠶᠢᠯᠠᠭᠠᠭᠳᠠᠬᠤᠨ ᠢ ᠬᠥᠮᠦᠰ ᠤᠨ ᠰᠡᠳᠬᠢᠯ ᠳᠤ ᠬᠠᠳᠠᠩᠰᠢᠭᠤᠯᠤᠨ᠎ᠠ᠃ ᠤᠬᠠᠭᠤᠯᠭ᠎ᠠ ᠶᠢᠨ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠨ᠎ᠠ᠃ ︽ᠨᠢᠭᠡ ᠳᠤ ᠨᠢᠭᠡ᠂ ᠨᠢᠭᠤᠷᠳᠠᠨ︾ ᠤᠬᠠᠭᠤᠯᠵᠤ ᠬᠥᠲᠥᠯᠥᠨ ᠵᠢᠯᠣᠭᠤᠳᠬᠤ ᠶᠢ ᠴᠢᠩᠭᠠᠳᠬᠠᠵᠤ᠂ ᠰᠠᠭᠤᠭᠠᠯᠢ ᠠᠷᠠᠳ ᠲᠤ ᠣᠶᠢᠯᠠᠭᠠᠭᠤᠯᠵᠤ᠂ ᠴᠡᠭᠡᠵᠢᠯᠡᠭᠦᠯᠵᠦ᠂ ᠮᠡᠳᠡᠷᠡᠭᠦᠯᠦᠨ᠎ᠡ᠃ ᠰᠤᠷᠭᠠᠭᠤᠯᠢ ᠶᠢᠨ ᠬᠦᠷᠢᠶᠡᠨ ᠤ ᠤᠬᠠᠭᠤᠯᠭ᠎ᠠ ᠶᠢ ᠥᠷᠨᠢᠭᠦᠯᠵᠦ᠂ ᠠᠮᠢᠳᠤ ᠴᠣᠪᠣᠭᠤᠯᠢᠭ ᠠᠷᠭ᠎ᠠ ᠮᠠᠶ᠋ᠢᠭ ᠢᠶᠠᠷ ᠵᠠᠯᠠᠭᠤᠴᠤᠳ ᠪᠠᠭᠠᠴᠤᠳ ᠢ ᠬᠥᠲᠥᠯᠥᠨ ᠵᠢᠯᠣᠭᠤᠳᠴᠤ ᠪᠠᠶᠢᠭᠠᠳ ᠬᠤᠭ ᠨᠣᠪᠰᠢ ᠶᠢ ᠲᠥᠷᠥᠯ ᠬᠤᠪᠢᠶᠠᠬᠤ ᠬᠥᠮᠦᠵᠢᠯ ᠦᠢᠯᠡᠳᠦᠯᠭᠡ ᠳᠤ  ᠤᠷᠤᠯᠴᠠᠭᠤᠯᠤᠨ᠎ᠠ᠃      — ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠳᠤ ᠬᠦᠴᠦ ᠲᠠᠯᠪᠢᠨ᠎ᠠ᠃ ᠳᠡᠭᠡᠳᠦ ᠲᠤᠤᠷᠠᠳᠤ ᠱᠠᠳᠤ ᠪᠠᠷ ᠢᠶᠠᠨ ᠨᠡᠪᠲᠡᠷᠡᠯᠴᠡᠬᠦ᠂ ᠬᠠᠮᠵᠢᠯᠴᠠᠨ ᠬᠤᠯᠪᠣᠭᠠᠯᠠᠨ ᠬᠥᠳᠡᠯᠦᠯᠴᠡᠬᠦ ᠶᠢ ᠪᠠᠷᠢᠮᠲᠠᠯᠠᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠪᠠᠶᠢᠭᠠᠳ ᠬᠤᠭ ᠨᠣᠪᠰᠢ ᠶᠢ ᠲᠦᠷᠦᠯ ᠬᠤᠪᠢᠶᠠᠬᠤ ᠠᠵᠢᠯ ᠢ ᠭᠦᠨᠵᠡᠭᠡᠶᠢᠷᠡᠭᠦᠯᠦᠨ᠎ᠡ᠃ ᠮᠤᠵᠢ ᠶᠢᠨ ᠱᠠᠲᠤᠨ ᠤ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠦᠢᠯᠡᠳᠦᠯ ᠢ ᠴᠢᠩᠭᠠᠳᠬᠠᠵᠤ᠂ ᠬᠤᠳᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠬᠥᠮᠦᠨ ᠪᠦᠬᠦᠨ ᠣᠷᠣᠯᠴᠠᠬᠤ᠂ ᠬᠥᠮᠦᠨ ᠪᠦᠬᠦᠨ ᠬᠠᠷᠢᠭᠤᠴᠠᠬᠤ᠂ ᠬᠥᠮᠦᠨ ᠪᠦᠬᠦᠨ ᠬᠤᠪᠢ ᠨᠡᠮᠡᠷᠢ ᠦᠵᠡᠭᠦᠯᠬᠦ᠂ ᠬᠥᠮᠦᠨ ᠪᠦᠬᠦᠨ ᠬᠠᠮᠲᠤᠪᠠᠷ ᠡᠳ᠋ᠯᠡᠬᠦ ᠬᠤᠭ ᠨᠣᠪᠰᠢ ᠶᠢ ᠲᠦᠷᠦᠯ ᠬᠤᠪᠢᠶᠠᠬᠤ ᠠᠮᠢᠳᠤᠯᠢᠭ ᠪᠠᠶᠢᠳᠠᠯ ᠢ ᠪᠤᠢ ᠪᠤᠯᠭᠠᠨ᠎ᠠ᠃ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠵᠤ᠂ ᠣᠷᠣᠨ ᠨᠤᠲᠤᠭ ᠤᠨ ᠬᠠᠤᠯᠢ ᠲᠣᠭᠲᠠᠭᠠᠯᠲᠠ ᠶᠢ ᠲᠦᠷᠭᠡᠳᠬᠡᠨ᠂ ᠡᠭᠡᠭᠦᠯᠦᠨ ᠬᠤᠷᠢᠶᠠᠵᠤ ᠪᠣᠯᠬᠤ ᠪᠣᠳᠠᠰ ᠢ ᠡᠭᠡᠭᠦᠯᠦᠨ ᠬᠤᠷᠢᠶᠠᠵᠤ ᠠᠰᠢᠭᠯᠠᠬᠤ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠠᠬᠢᠭᠤᠯᠤᠨ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠬᠤᠭ ᠨᠣᠪᠰᠢ ᠶᠢ ᠲᠥᠷᠥᠯ ᠬᠤᠪᠢᠶᠠᠬᠤ ᠲᠤᠰᠬᠠᠶ ᠲᠥᠯᠥᠪᠵᠢᠭᠦᠯᠭᠡ ᠶᠢ ᠰᠤᠳᠤᠯᠤᠨ ᠰᠦᠪᠡᠭᠴᠢᠯᠡᠨ᠎ᠡ᠃      ᠬᠤᠷᠠᠯ ᠠᠴᠠ᠂ ᠪᠠᠷᠢᠯᠭ᠎ᠠ ᠶᠢᠨ ᠬᠤᠭ ᠨᠣᠪᠰᠢ ᠶᠢᠨ ᠵᠠᠰᠠᠯᠳᠠ ᠶᠢᠨ ᠠᠵᠢᠯ ᠢ ᠴᠢᠩᠭᠠᠳᠬᠠᠵᠤ᠂ ᠦᠩᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠬᠤ ᠶᠢ ᠪᠠᠷᠢᠮᠲᠠᠯᠠᠵᠤ᠂ ᠪᠠᠷᠢᠯᠭ᠎ᠠ ᠶᠢᠨ ᠬᠤᠭ ᠨᠣᠪᠰᠢ ᠶᠢᠨ ᠵᠠᠰᠠᠯᠳᠠ ᠶᠢᠨ ᠲᠤᠪᠤᠶᠢᠮ᠎ᠠ ᠵᠥᠷᠢᠴᠡᠯ ᠢ ᠱᠠᠯᠠᠪᠳᠠᠨ ᠰᠢᠢᠳᠪᠦᠷᠢᠯᠡᠵᠦ᠂ ᠬᠠᠤᠯᠢ ᠪᠤᠰᠤ ᠪᠠᠷ ᠬᠤᠭ ᠨᠣᠪᠰᠢ ᠲᠠᠯᠪᠢᠬᠤ ᠠᠵᠢᠯᠯᠠᠭ᠎ᠠ ᠶᠢ ᠡᠷᠡᠰ ᠬᠤᠷᠢᠭᠯᠠᠨ᠎ᠠ᠃ ᠣᠯᠠᠨ ᠲᠦᠮᠡᠨ ᠳᠤ ᠲᠥᠬᠦᠮ ᠦᠵᠡᠭᠦᠯᠬᠦ ᠪᠠᠷ ᠵᠣᠷᠢᠯᠲᠠ ᠪᠣᠯᠭᠠᠵᠤ᠂ ᠣᠷᠣᠨ ᠰᠠᠭᠤᠴᠠ ᠶᠢᠨ ᠵᠠᠰᠠᠯ ᠴᠢᠮᠡᠭᠯᠡᠯ ᠤᠨ ᠬᠤᠭ ᠨᠣᠪᠰᠢ ᠲᠠᠯᠪᠢᠬᠤ ᠭᠠᠵᠠᠷ ᠢ ᠳᠣᠭᠢᠷᠠᠭᠤᠯᠤᠨ᠂ ᠵᠠᠰᠠᠯ ᠴᠢᠮᠡᠭᠯᠡᠯ ᠤᠨ ᠬᠤᠭ ᠨᠣᠪᠰᠢ ᠲᠠᠯᠪᠢᠬᠤ ᠭᠠᠵᠠᠷ ᠢ ᠰᠠᠶᠢᠲᠤᠷ ᠲᠣᠬᠢᠷᠠᠭᠤᠯᠬᠤ ᠬᠡᠷᠡᠭᠲᠡᠶ ᠭᠡᠵᠤ ᠱᠠᠭᠠᠷᠳᠠᠪᠠ᠃      ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠨᠢᠩ ᠪᠦᠸᠧ ᠬᠤᠲᠠ ᠶᠢᠨ ᠶᠢᠨᠵᠸᠤ ᠲᠣᠭᠤᠷᠢᠭ ᠤᠨ ᠬᠠᠢ ᠴᠤᠸᠠᠩ ᠨᠡᠶᠢᠭᠡᠮ ᠲᠣᠭᠤᠷᠢᠭ᠂ ᠬᠠᠢ ᠱᠤ᠋ ᠲᠣᠭᠤᠷᠢᠭ ᠤᠨ ᠬᠤᠷᠢᠶᠠᠨ ᠠᠪᠴᠤ ᠪᠣᠯᠬᠤ ᠪᠣᠳᠠᠰ ᠢ ᠢᠯᠭᠠᠨ ᠬᠤᠪᠢᠶᠠᠬᠤ ᠲᠥᠪ ᠵᠡᠷᠭᠡ ᠠᠮᠢᠳᠤᠷᠠᠯ ᠤᠨ ᠬᠤᠭ ᠨᠣᠪᠰᠢ ᠶᠢ ᠲᠦᠷᠦᠯ ᠬᠤᠪᠢᠶᠠᠬᠤ ᠵᠢᠱᠢᠶ᠎ᠡ ᠦᠵᠡᠭᠦᠯᠬᠦ ᠴᠡᠭ ᠢ ᠲᠤᠬᠠᠢ ᠶᠢᠨ ᠲᠠᠯᠠᠪᠠᠢ ᠳᠤ ᠲᠣᠭᠤᠷᠢᠨ ᠦᠵᠡᠪᠡ᠃ ᠵᠧᠵᠢᠶᠠᠩ ᠮᠤᠵᠢ᠂ ᠭᠤᠸᠠᠩᠰᠢ ᠶᠢᠨ ᠵᠤᠸᠠᠩ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ᠂ ᠨᠢᠩ ᠪᠦᠸᠧ ᠬᠤᠲᠠ᠂ ᠳ᠋ᠠᠯᠢᠶᠠᠨ ᠬᠤᠲᠠ᠂ ᠴᠠᠩ ᠱᠦ ᠬᠤᠲᠠ ᠵᠡᠷᠭᠡ ᠲᠤᠷᠰᠢᠯᠭ᠎ᠠ ᠪᠠ ᠠᠷᠭ᠎ᠠ ᠬᠢᠳᠡᠯ ᠢᠶᠠᠨ ᠰᠣᠯᠢᠯᠴᠠᠭᠰᠠᠨ ᠪᠠᠶᠢᠨ᠎ᠠ᠃ ᠲᠦᠩ ᠵᠢᠶ ᠶᠡᠭᠡ ᠰᠤᠷᠭᠠᠭᠤᠯᠢ ᠶᠢᠨ ᠾᠧ ᠫᠢᠨ ᠵᠢᠩ ᠫᠷᠤᠹᠧᠰᠰᠤᠷ ᠲᠤᠰᠬᠠᠶ ᠰᠡᠳᠦᠪᠲᠦ ᠲᠠᠶᠢᠯᠤᠮᠵᠢ ᠬᠢᠪᠠ᠃ ᠲᠥᠪ ᠤᠨ ᠨᠡᠶᠢᠭᠡᠮ ᠤᠨ ᠠᠵᠢᠯ ᠤᠨ ᠶᠠᠮᠤᠨ᠂ ᠠᠮᠢ ᠠᠬᠤᠢ ᠣᠷᠴᠢᠨ ᠲᠣᠭᠤᠷᠢᠨ ᠤ ᠶᠠᠮᠤᠨ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ᠂ ᠬᠤᠳᠠᠯᠳᠤᠭᠠᠨ ᠤ ᠶᠠᠪᠤᠳᠠᠯ ᠤᠨ ᠶᠠᠮᠤᠨ᠂ ᠲᠦᠷᠦ ᠶᠢᠨ ᠪᠠᠶᠢᠭᠤᠯᠭ᠎ᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠡᠪ ᠬᠠᠮᠲᠤ ᠵᠠᠯᠠᠭᠤᠴᠤᠳ ᠤᠨ ᠡᠪᠯᠡᠯ ᠤᠨ ᠲᠥᠪ ᠬᠤᠷᠢᠶ᠎ᠠ᠂ ᠳᠤᠮᠳᠠᠳᠤ ᠶᠢᠨ ᠪᠦᠬᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ᠂ ᠳᠤᠮᠳᠠᠳᠤ ᠶᠢᠨ ᠪᠦᠬᠦ ᠤᠯᠤᠰ ᠤᠨ ᠬᠠᠩᠭᠠᠨ ᠪᠣᠷᠣᠯᠠᠭᠤᠯᠬᠤ ᠶᠡᠷᠦᠩᠬᠡᠢ ᠬᠤᠷᠰᠢᠶ᠎ᠠ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠬᠡᠯᠳᠡᠰ ᠵᠢᠴᠢ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠶᠢᠨ ᠶᠠᠮᠤᠨ ᠤ ᠬᠤᠯᠪᠣᠭᠳᠠᠯ ᠪᠦᠬᠦᠢ ᠵᠤᠷᠭᠠᠨ ᠲᠣᠪᠴᠢᠶᠠᠨ ᠤ ᠬᠠᠷᠢᠭᠤᠴᠠᠯᠭᠠᠲᠠᠨ ᠨᠥᠬᠦᠳ᠂ ᠡᠯ᠎ᠡ ᠮᠤᠵᠢ ︵ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠳᠠ︶ ᠶᠢᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯ ᠲᠦᠷᠦᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ᠂ ᠬᠡᠰᠡᠭ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠢ᠃    ᠢᠷᠡᠯᠲᠡ᠄ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠣᠨᠢᠨ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1