ᠶᠡᠷᠦᠩᠬᠡᠶ ᠱᠦᠵᠢ ᠰᠢ ᠶᠢᠨ ᠫᠢᠩ ᠤᠨ ᠭᠡᠷ ᠪᠦᠯᠢ ᠶᠢᠨ ᠭᠡᠷ ᠤᠨ ᠰᠤᠷᠭᠠᠯ ᠭᠡᠷ ᠤᠨ ᠰᠤᠷᠲᠠᠯ ᠤᠨ | ᠪᠠᠶᠢᠭᠤᠯᠤᠯᠲᠠ ᠶᠢ ᠴᠢᠬᠤᠯᠠᠴᠢᠯᠠᠬᠤ ᠲᠤᠬᠠᠶ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ | ᠲᠤᠭᠤᠰᠢᠯᠠᠭᠤᠯᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠷ ᠪᠦᠯᠢ ᠶᠢᠨ ᠬᠥᠮᠦᠵᠢᠯ ᠢ | ᠠᠬᠢᠭᠤᠯᠬᠤ ᠬᠠᠤᠯᠢ︾ ᠶᠢ ᠪᠦᠬᠦ ᠲᠠᠯ᠎ᠠ ᠪᠠᠷ ᠣᠶᠢᠯᠠᠭᠠᠬᠤ ᠪᠠ ᠪᠦᠲᠦᠮᠵᠢᠲᠡᠶ ᠪᠠᠷ ᠨᠠᠶᠢᠳᠠᠪᠤᠷᠢᠵᠢᠭᠤᠯᠵᠤ᠂ ᠰᠢᠨ᠎ᠡ | ᠴᠠᠭ ᠦᠶ᠎ᠡ ᠶᠢᠨ ᠭᠡᠷ ᠪᠦᠯᠢ ᠶᠢᠨ ᠦᠵᠡᠯᠲᠡ ᠶᠢ ᠤᠯᠠᠮ ᠨᠢᠭᠡ ᠠᠯᠬᠤᠮ ᠪᠠᠳᠠᠷᠠᠭᠤᠯᠬᠤ ᠶᠢᠨ ᠲᠥᠯᠥᠭᠡ᠂ | ᠣᠶᠢᠷ᠎ᠠ ᠳᠤ᠂ ᠪᠦᠬᠦ ᠤᠯᠤᠰ ᠤᠨ ᠭᠤᠷᠪᠠᠳᠤᠭᠠᠷ ᠭᠡᠷ ᠪᠦᠯᠢ ᠶᠢᠨ ᠰᠤᠷᠭᠠᠨ ᠬᠥᠮᠦᠵᠢᠯ ᠤᠨ ᠤᠬᠠᠭᠤᠯᠭ᠎ᠠ ᠶᠢᠨ | ᠭᠠᠷᠠᠭ ᠤᠨ ᠲᠠᠰᠢᠷᠠᠮ ᠳᠤ᠂ ᠲᠣᠭᠲᠠᠬᠤ ᠰᠢᠶᠠᠨ ᠤ ᠭᠡᠷ ᠤᠨ ᠠᠬᠠᠮᠠᠳ ᠤᠨ ᠰᠤᠷᠭᠠᠭᠤᠯᠢ ᠶᠢᠨ ᠭᠤᠣᠯ ᠰᠤᠷᠭᠠᠭᠤᠯᠢ | ᠲᠣᠭᠲᠠᠬᠤ ᠰᠢᠶᠠᠨ ᠤ ᠭᠤᠷᠪᠠᠳᠤᠭᠠᠷ ᠳᠤᠮᠳᠠᠳᠤ ᠰᠤᠷᠭᠠᠭᠤᠯᠢ ᠳᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠭᠡᠷ ᠪᠦᠯᠢ ᠶᠢᠨ ᠬᠥᠮᠦᠵᠢᠯ ᠢ ᠠᠬᠢᠭᠤᠯᠬᠤ ᠬᠠᠤᠯᠢ︾ - ︽ᠬᠠᠤᠯᠢ ᠶᠣᠰᠣᠭᠠᠷ ᠡᠨᠧᠷᠭᠢ ᠣᠯᠭᠤᠵᠤ᠂ | ᠬᠠᠶᠢᠷ᠎ᠠ ᠰᠡᠳᠬᠢᠯᠭᠡ ᠪᠠᠷ ᠬᠦᠴᠦᠨ ᠨᠡᠮᠡᠷᠢᠯᠡᠶ᠎ᠡ︾ ᠲᠤᠰᠬᠠᠢ ᠰᠡᠳᠦᠪᠲᠦ ᠲᠠᠶᠢᠯᠤᠮᠵᠢ ᠶᠢ ᠡᠷᠬᠢᠯᠡᠪᠡ᠃ ᠰᠢᠶᠠᠨ ᠤ | ᠡᠮᠡᠭᠲᠡᠶᠢᠴᠦᠳ ᠤᠨ ᠬᠤᠯᠪᠣᠭ᠎ᠠ᠂ ᠰᠢᠶᠠᠨ ᠤ ᠬᠤᠶᠢᠴᠢ ᠦᠶ᠎ᠡ ᠪᠠᠨ ᠬᠠᠯᠠᠮᠵᠢᠯᠠᠬᠤ ᠠᠵᠢᠯ ᠤᠨ ᠵᠥᠪᠯᠡᠯ᠂ ᠰᠢᠶᠠᠨ ᠤ | ᠭᠡᠷ ᠤᠨ ᠠᠬᠠᠮᠠᠳ ᠤᠨ ᠰᠤᠷᠭᠠᠭᠤᠯᠢ ᠶᠢᠨ ᠭᠤᠣᠯ ᠰᠤᠷᠭᠠᠭᠤᠯᠢ᠂ ᠰᠢᠶᠠᠨ ᠤ ᠭᠤᠷᠪᠠᠳᠤᠭᠠᠷ ᠳᠤᠮᠳᠠᠳᠤ | ᠰᠤᠷᠭᠠᠭᠤᠯᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠵᠢᠴᠢ 1000 ᠭᠠᠷᠤᠢ ᠠᠩᠬ᠎ᠠ ᠳᠤᠮᠳᠠᠳᠤ ᠶᠢᠨ ᠨᠢᠭᠡᠳᠦᠭᠡᠷ᠂ | ᠠᠩᠬ᠎ᠠ ᠳᠤᠮᠳᠠᠳᠤ ᠶᠢᠨ ᠬᠤᠶᠠᠳᠤᠭᠠᠷ ᠣᠨ ᠤ ᠰᠤᠷᠤᠭᠴᠢ ᠶᠢᠨ ᠭᠡᠷ ᠤᠨ ᠠᠬᠠᠮᠠᠳ ᠲᠠᠶᠢᠯᠤᠮᠵᠢ ᠳᠤ ᠣᠷᠣᠯᠴᠠᠪᠠ᠃ | ᠲᠠᠶᠢᠯᠤᠮᠵᠢ ᠳᠤ᠂ ᠵᠧᠦ ᠮᠧᠢ ᠰᠢᠶᠠ ᠪᠠᠭᠰᠢ ᠡᠯᠪᠡᠭ ᠪᠠᠶᠠᠯᠢᠭ ᠬᠡᠷᠡᠭ ᠤᠨ ᠵᠢᠱᠢᠶ᠎ᠡ ᠪᠠᠷ ᠳᠠᠮᠵᠢᠨ ᠲᠤᠬᠠᠢ ᠶᠢᠨ | ᠲᠠᠯᠠᠪᠠᠢ ᠳᠤ ᠪᠠᠶᠢᠭ᠎ᠠ ᠭᠡᠷ ᠤᠨ ᠠᠬᠠᠮᠠᠳ ᠲᠤ ᠭᠡᠷ ᠪᠦᠯᠢ ᠶᠢᠨ ᠬᠥᠮᠦᠵᠢᠯ ᠢ ᠠᠬᠢᠭᠤᠯᠬᠤ ᠬᠠᠤᠯᠢ ᠶᠢᠨ ᠬᠠᠤᠯᠢ | ᠲᠣᠭᠲᠠᠭᠠᠭᠰᠠᠨ ᠠᠬᠤᠢ ᠪᠠᠶᠢᠳᠠᠯ ᠢ ᠲᠣᠳᠣᠷᠬᠠᠶᠢᠯᠠᠨ ᠥᠭᠦᠯᠡᠵᠦ᠂ ᠭᠡᠷ ᠤᠨ ᠠᠬᠠᠮᠠᠳ ᠤᠨ ᠭᠡᠷ ᠪᠦᠯᠢ ᠶᠢᠨ | ᠬᠥᠮᠦᠵᠢᠯ ᠳᠤ ᠡᠭᠦᠷᠭᠡᠯᠡᠪᠡᠰᠦ ᠵᠣᠬᠢᠬᠤ ᠬᠠᠷᠢᠭᠤᠴᠠᠯᠭ᠎ᠠ᠂ ᠭᠡᠷ ᠪᠦᠯᠢ ᠶᠢᠨ ᠬᠥᠮᠦᠵᠢᠯ ᠤᠨ ᠵᠢᠷᠭᠤᠭᠠᠨ ᠶᠡᠭᠡ | ᠠᠭᠤᠯᠭ᠎ᠠ᠂ ᠶᠢᠰᠦᠨ ᠵᠦᠢᠯ ᠤᠨ ᠠᠷᠭ᠎ᠠ ᠵᠢᠴᠢ ᠰᠠᠶᠢᠨ ᠭᠡᠷ ᠤᠨ ᠠᠬᠠᠮᠠᠳ ᠪᠣᠯᠬᠤ ᠲᠤᠬᠠᠢ ᠲᠣᠳᠣᠷᠬᠠᠶᠢᠯᠠᠨ | ᠥᠭᠦᠯᠡᠪᠡ᠃ ᠬᠡᠷ ᠤᠨ ᠠᠬᠠᠮᠠᠳ ᠢ ᠢᠳᠡᠪᠬᠢᠲᠡᠶ ᠬᠥᠲᠥᠯᠥᠨ ᠵᠢᠯᠣᠭᠤᠳᠴᠤ ᠪᠠᠶᠢᠭᠠᠳ ᠵᠥᠪ ᠣᠨᠣᠪᠴᠢᠲᠠᠶ | ᠰᠤᠷᠭᠠᠨ ᠬᠥᠮᠦᠵᠢᠯ ᠤᠨ ᠦᠵᠡᠯᠲᠡ ᠪᠠ ᠰᠤᠷᠭᠠᠨ ᠬᠥᠮᠦᠵᠢᠯ ᠤᠨ ᠦᠵᠡᠯ ᠰᠠᠨᠠᠭ᠎ᠠ ᠶᠢ ᠪᠣᠶ ᠪᠣᠯᠭᠠᠬᠤ ᠶᠢᠨ ᠬᠠᠮᠲᠤ | ᠪᠣᠳᠠᠲᠤ ᠠᠵᠢᠯᠯᠠᠭ᠎ᠠ ᠳᠠᠭᠠᠨ ᠬᠠᠤᠯᠢ ᠴᠠᠭᠠᠵᠠ ᠶᠢᠨ ᠲᠣᠭᠲᠠᠭᠠᠯ ᠢ ᠤᠬᠠᠮᠰᠠᠷᠲᠤ ᠠᠵᠢᠯᠯᠠᠭ᠎ᠠ ᠪᠣᠯᠭᠠᠨ | ᠬᠤᠪᠢᠷᠠᠭᠤᠯᠵᠤ᠂ ᠬᠡᠤᠬᠡᠳ ᠢ ᠬᠠᠪᠰᠤᠷᠤᠨ ᠬᠥᠮᠦᠨ ᠤ ᠠᠮᠢᠳᠤᠷᠠᠯ ᠤᠨ ᠠᠩᠬᠠᠨ ᠤ ᠲᠣᠪᠴᠢ ᠶᠢ ᠰᠠᠶᠢᠲᠤᠷ | ᠲᠣᠪᠴᠢᠯᠠᠪᠠ᠃ ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ ᠪᠠᠰᠠ ᠬᠤᠷᠠᠯ ᠳᠤ ᠣᠷᠣᠯᠴᠠᠭᠰᠠᠨ ᠬᠡᠷ ᠤᠨ | ᠠᠬᠠᠮᠠᠳ ᠲᠤ ︽ᠬᠡᠷ ᠪᠦᠯᠢ ᠶᠢᠨ ᠬᠥᠮᠦᠵᠢᠯ ᠢ ᠠᠬᠢᠭᠤᠯᠬᠤ ᠬᠠᠤᠯᠢ︾ ᠶᠢᠨ ᠤᠬᠠᠭᠤᠯᠭ᠎ᠠ ᠶᠢᠨ ᠮᠠᠲ᠋ᠧᠷᠢᠶᠠᠯ | ᠲᠠᠷᠬᠠᠭᠠᠵᠤ᠂ ︽ᠬᠡᠷ ᠪᠦᠯᠢ ᠶᠢ ᠴᠢᠬᠤᠯᠠᠴᠢᠯᠠᠬᠤ᠂ ᠬᠡᠷ ᠤᠨ ᠰᠤᠷᠭᠠᠯ ᠢ ᠴᠢᠬᠤᠯᠠᠴᠢᠯᠠᠬᠤ᠂ ᠬᠡᠷ ᠤᠨ ᠰᠤᠷᠲᠠᠯ ᠢ | ᠴᠢᠬᠤᠯᠠᠴᠢᠯᠠᠬᠤ︾ ᠭᠦᠨ ᠵᠤᠵᠠᠭᠠᠨ ᠠᠭᠤᠷ ᠠᠮᠢᠰᠬᠤᠯ ᠢ ᠴᠢᠷᠮᠠᠶᠢᠨ ᠪᠣᠶ ᠪᠣᠯᠭᠠᠵᠤ᠂ ︽ᠬᠡᠷ ᠪᠦᠯᠢ ᠶᠢᠨ | ᠬᠥᠮᠦᠵᠢᠯ ᠢ ᠠᠬᠢᠭᠤᠯᠬᠤ ᠬᠠᠤᠯᠢ︾ ᠶᠢ ᠲᠦᠭ ᠲᠦᠮᠡᠨ ᠠᠶᠢᠯ ᠡᠷᠦᠬᠡ ᠳᠤ ᠣᠷᠣᠭᠤᠯᠬᠤ ᠶᠢ ᠠᠬᠢᠭᠤᠯᠪᠠ᠃ | ᠲᠣᠰ ᠤᠳᠠᠭᠠᠨ ᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠷ ᠪᠦᠯᠢ ᠶᠢᠨ ᠬᠥᠮᠦᠵᠢᠯ ᠢ | ᠠᠬᠢᠭᠤᠯᠬᠤ ᠬᠠᠤᠯᠢ︾ ᠶᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠨᠢ ᠨᠠᠮ ᠤᠨ ᠰᠤᠷᠭᠠᠨ ᠬᠥᠮᠦᠵᠢᠯ ᠤᠨ | ᠴᠢᠭᠯᠡᠯᠲᠡ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠪᠠᠲᠤ ᠴᠡᠭᠡᠵᠢᠯᠡᠵᠦ᠂ ᠳᠤᠮᠳᠠᠳᠤ ᠶᠢᠨ ᠦᠨᠳᠦᠰᠦᠲᠡᠨ ᠤ ᠰᠢᠯᠢᠳᠡᠭ ᠤᠯᠠᠮᠵᠢᠯᠠᠯᠲᠤ ᠰᠣᠶᠣᠯ ᠪᠠ ᠰᠠᠶᠢᠬᠠᠨ ᠰᠤᠷᠲᠠᠯ ᠢ | ᠪᠠᠳᠠᠷᠠᠭᠤᠯᠵᠤ᠂ ︽ᠬᠠᠤᠯᠢ ᠶᠣᠰᠣᠭᠠᠷ ᠬᠡᠦᠬᠡᠳ ᠢᠶᠠᠨ ᠳᠠᠭᠠᠭᠤᠯᠬᠤ︾ ᠰᠤᠷᠭᠠᠨ ᠬᠥᠮᠦᠵᠢᠯ ᠤᠨ | ᠣᠶᠢᠯᠠᠭᠠᠭᠳᠠᠬᠤᠨ ᠢ ᠭᠡᠷ ᠪᠦᠯᠢ ᠨᠢᠭᠡᠪᠦᠷᠢ ᠳᠤ ᠨᠡᠪᠴᠢᠭᠦᠯᠵᠦ᠂ ᠭᠡᠷ ᠪᠦᠯᠢ ᠪᠠ ᠰᠤᠷᠭᠠᠭᠤᠯᠢ ᠶᠢᠨ ᠨᠡᠪᠲᠡᠷᠡᠯᠴᠡᠬᠦ | ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠵᠦ᠂ ᠭᠡᠷ ᠪᠦᠯᠢ ᠪᠠ ᠰᠤᠷᠭᠠᠭᠤᠯᠢ ᠶᠢᠨ ᠬᠠᠮᠲᠤ ᠪᠠᠷ ᠪᠤᠶᠢᠵᠢᠭᠤᠯᠬᠤ | ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠶᠢᠨ ᠲᠥᠯᠥᠭᠡ ᠶᠤᠮ᠃ | ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ |