ᠮᠠᠨ ᠤ ᠰᠢᠶᠠᠨ 2024 ᠣᠨ ᠤ ᠪᠥᠬᠦ ᠰᠢᠶᠠᠨ ᠤ ᠨᠡᠶᠢᠭᠡᠮ ᠲᠣᠭᠤᠷᠢᠭ ᠤᠨ ᠠᠵᠢᠯᠲᠠᠨ ᠤ ᠪᠣᠯᠪᠠᠰᠤᠷᠠᠯ ᠤᠨ ᠠᠩᠭᠢ ᠵᠢᠴᠢ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ ᠬᠥᠲᠥᠯᠦᠨ ᠳᠠᠭᠠᠭᠤᠯᠬᠤ ᠰᠤᠷᠤᠯᠴᠠᠯᠭ᠎ᠠ ᠶᠢᠨ ᠠᠩᠭᠢ ᠡᠷᠭᠢᠯᠡᠪᠡ
ᠨᠡᠶᠢᠲᠡᠯᠡᠭᠰᠡᠨ ᠴᠠᠭ᠄
2024/5/29
      ᠭᠡᠷ ᠪᠠᠷᠢᠬᠤ ᠬᠦᠮᠦᠨ ᠤᠷᠢᠳᠠᠪᠠᠷ ᠰᠠᠭᠤᠷᠢ ᠶᠢ ᠨᠢ ᠵᠠᠰᠠᠨ᠎ᠠ᠃ ᠨᠡᠶᠢᠭᠡᠮ ᠲᠣᠭᠤᠷᠢᠭ ᠤᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠤᠯᠠᠮ ᠨᠢᠭᠡ ᠠᠯᠬᠤᠮ ᠠᠬᠢᠭᠤᠯᠵᠦ᠂ ᠴᠢᠨᠠᠷ ᠰᠠᠶᠢᠲᠠᠶ ᠨᠠᠮ ᠤᠨ ᠪᠠᠶᠢᠭᠤᠯᠤᠯᠲᠠ ᠪᠠᠷ ᠨᠡᠶᠢᠭᠡᠮ ᠲᠣᠭᠤᠷᠢᠭ ᠤᠨ ᠬᠥᠭᠵᠢᠯᠲᠡ ᠶᠢ ᠬᠥᠲᠥᠯᠥᠨ ᠳᠠᠭᠠᠭᠤᠯᠵᠤ᠂ ᠨᠡᠶᠢᠭᠡᠮ ᠲᠣᠭᠤᠷᠢᠭ ᠤᠨ ᠠᠵᠢᠯᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠮᠠᠨ ᠤ ᠰᠢᠶᠠᠨ ᠤ ᠦᠨᠳᠦᠰᠦᠨ ᠱᠠᠲᠤᠨ ᠤ ᠵᠠᠰᠠᠯᠲᠠ ᠶᠢᠨ ᠬᠢᠷᠢ ᠲᠦᠪᠰᠢᠨ ᠢ ᠪᠥᠬᠦ ᠲᠠᠯ᠎ᠠ ᠪᠠᠷ  ᠲᠡᠭᠡᠭᠰᠢᠯᠡᠭᠦᠯᠬᠦ ᠶᠢᠨ ᠲᠦᠯᠦᠭᠡ᠂ 5 ᠳ᠋ᠤᠭᠠᠷ ᠰᠠᠷ᠎ᠠ ᠶᠢᠨ 20 ᠤ ᠡᠳᠦᠷ ᠠᠴᠠ 24 ᠤ ᠡᠳᠦᠷ ᠪᠣᠯᠲᠠᠯ᠎ᠠ᠂ ᠰᠢᠶᠠᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ ᠰᠢᠶᠠᠨ ᠤ ᠨᠠᠮ ᠤᠨ ᠬᠤᠷᠢᠶ᠎ᠠ ᠶᠢᠨ ᠨᠠᠮ ᠤᠨ ᠰᠤᠷᠭᠠᠭᠤᠯᠢ ᠬᠠᠮᠲᠤᠷᠠᠨ 2024 ᠣᠨ ᠤ ᠪᠥᠬᠦ ᠰᠢᠶᠠᠨ ᠤ ᠨᠡᠶᠢᠭᠡᠮ ᠲᠣᠭᠤᠷᠢᠭ ᠤᠨ ᠠᠵᠢᠯᠲᠠᠨ ᠤ ᠪᠣᠯᠪᠠᠰᠤᠷᠠᠯ ᠤᠨ ᠠᠩᠭᠢ ᠵᠢᠴᠢ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ ᠬᠥᠲᠥᠯᠦᠨ ᠳᠠᠭᠠᠭᠤᠯᠬᠤ ᠰᠤᠷᠤᠯᠴᠠᠬᠤ ᠠᠩᠭᠢ ᠶᠢ ᠡᠷᠭᠢᠯᠡᠵᠦ᠂ ᠪᠥᠬᠦ ᠰᠢᠶᠠᠨ ᠤ ᠡᠯ᠎ᠡ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠪᠦᠷᠢᠯᠳᠦᠬᠦᠨ 91 ᠬᠥᠮᠦᠨ᠂ ᠨᠢᠭᠡᠳᠦᠭᠡᠷ ᠱᠦᠵᠢ 17 ᠬᠥᠮᠦᠨ᠂ ᠬᠤᠲᠠ ᠶᠢᠨ ᠣᠶᠤᠲᠠᠨ ᠡᠯᠰᠡᠬᠦ 50 ᠬᠥᠮᠦᠨ᠂ ᠲᠤᠰᠬᠠᠶ ᠲᠤᠰᠢᠶᠠᠯᠲᠤ ᠰᠦᠯᠵᠢᠶᠡᠨ ᠤ ᠠᠵᠢᠯᠲᠠᠨ 121 ᠬᠥᠮᠦᠨ ᠲᠣᠰ ᠤᠳᠠᠭᠠᠨ ᠤ ᠪᠣᠯᠪᠠᠰᠤᠷᠠᠯ ᠳᠤ ᠣᠷᠣᠯᠴᠠᠪᠠ᠃      ᠪᠣᠯᠪᠠᠰᠤᠷᠠᠯ ᠤᠨ ᠠᠩᠭᠢ ᠶᠢᠨ ᠬᠢᠴᠢᠶᠡᠯ ᠨᠢ ᠭᠤᠤᠯᠳᠠᠭᠤ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠨ ᠱᠠᠲᠤᠨ ᠤ ᠵᠠᠰᠠᠯᠲᠠ ᠶᠢᠨ ᠲᠤᠬᠠᠶ ᠴᠢᠬᠤᠯᠠ ᠥᠭᠦᠯᠡᠯᠲᠡ᠂ ᠴᠢᠨᠠᠷ ᠰᠠᠶᠢᠲᠠᠶ ᠬᠥᠭᠵᠢᠯᠲᠡ᠂ ᠨᠠᠮ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ ᠦᠨᠳᠦᠰᠦᠨ ᠱᠠᠲᠤᠨ ᠤ ᠵᠠᠰᠠᠯᠲᠠ ᠶᠢ ᠬᠥᠲᠥᠯᠥᠨ ᠳᠠᠭᠠᠭᠤᠯᠬᠤ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠡᠭᠦᠷᠭᠡ ᠬᠠᠷᠢᠭᠤᠴᠠᠯᠭ᠎ᠠ ᠶᠢᠨ ᠵᠦᠢᠯᠡᠰ ᠤᠨ ᠨᠠᠷᠢᠨ ᠬᠠᠭᠤᠳᠠᠰᠤ ᠵᠡᠷᠭᠡ ᠭᠤᠤᠯᠳᠠᠯᠭ᠎ᠠ ᠲᠠᠢ ᠠᠭᠤᠯᠭ᠎ᠠ ᠶᠢᠨ ᠲᠣᠭᠤᠷᠢᠨ ᠳᠤ᠂ ᠲᠥᠪᠯᠡᠷᠡᠭᠦᠯᠦᠨ ᠬᠢᠴᠢᠶᠡᠯ ᠣᠷᠣᠬᠤ᠂ ᠳᠤᠭᠤᠶᠢᠯᠠᠩ ᠬᠤᠪᠢᠶᠠᠨ ᠰᠤᠳᠤᠯᠤᠨ ᠶᠠᠷᠢᠯᠴᠠᠬᠤ᠂ ᠣᠨᠣᠯ ᠤᠨ ᠰᠢᠯᠭᠠᠯᠲᠠ ᠬᠢᠬᠦ ᠵᠡᠷᠭᠡ ᠠᠷᠭ᠎ᠠ ᠮᠠᠶ᠋ᠢᠭ ᠢᠶᠠᠷ ᠥᠷᠨᠢᠭᠦᠯᠪᠡ᠃      ᠲᠣᠰ ᠤᠳᠠᠭᠠᠨ ᠤ ᠪᠣᠯᠪᠠᠰᠤᠷᠠᠯ ᠳᠤ ᠣᠷᠣᠯᠴᠠᠭᠰᠠᠳ ᠤᠨ ᠬᠠᠷᠠᠭᠠᠨ ᠤ ᠰᠡᠳᠬᠢᠴᠡ ᠶᠢ ᠥᠷᠭᠡᠳᠬᠡᠵᠦ᠂ ᠣᠨᠣᠯ ᠤᠨ ᠬᠢᠷᠢ ᠲᠦᠪᠰᠢᠨ ᠪᠠ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠪᠡ᠃ ᠪᠣᠯᠪᠠᠰᠤᠷᠠᠯ ᠳᠤ ᠣᠷᠣᠯᠴᠠᠭᠰᠠᠨ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠨᠠᠷ ᠢᠯᠡᠷᠬᠡᠶᠢᠯᠡᠬᠦ ᠳᠡᠭᠡᠨ ᠂ ᠡᠨᠡ ᠤᠳᠠᠭ᠎ᠠ ᠶᠢᠨ ᠪᠣᠯᠪᠠᠰᠤᠷᠠᠯ ᠰᠤᠷᠤᠯᠴᠠᠯᠭ᠎ᠠ ᠶᠢᠨ ᠲᠡᠷᠢᠭᠦᠨ ᠤ ᠲᠤᠷᠰᠢᠯᠭ᠎ᠠ ᠠᠷᠭ᠎ᠠ ᠬᠢᠳᠡᠯ ᠢ ᠠᠵᠢᠯ ᠤᠨ ᠪᠠᠶᠢᠷᠢ ᠳᠠᠭᠠᠨ ᠠᠪᠴᠢᠷᠠᠵᠤ᠂ ᠦᠵᠡᠵᠦ ᠪᠠᠶᠢᠭ᠎ᠠ᠂ ᠰᠣᠨᠣᠰᠴᠤ ᠪᠠᠶᠢᠭ᠎ᠠ ᠵᠦᠢᠯ ᠢᠶᠠᠨ ᠲᠠᠰᠤᠷᠠᠯᠲᠠ ᠥᠬᠡᠶ ᠬᠤᠲᠠ ᠶᠢᠨ ᠦᠨᠳᠦᠰᠦᠨ ᠱᠠᠲᠤᠨ ᠤ ᠵᠠᠰᠠᠯᠲᠠ ᠶᠢ ᠳᠥᠯᠭᠢᠨ ᠠᠬᠢᠭᠤᠯᠬᠤ ︽ᠡᠬᠢ ᠬᠥᠳᠡᠯᠭᠡᠬᠦ ᠬᠦᠴᠦᠨ︾ ᠪᠣᠯᠭᠠᠨ ᠬᠤᠪᠢᠷᠠᠭᠤᠯᠬᠤ ᠬᠡᠷᠡᠭᠲᠡᠶ᠃ ᠦᠨᠳᠦᠰᠦᠨ ᠱᠠᠲᠤᠨ ᠤ ᠠᠵᠢᠯᠲᠠᠳ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠪᠠ ᠨᠢᠭᠲᠠᠷᠠᠯ ᠤᠨ ᠬᠦᠴᠦᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠠᠵᠢᠯ ᠤᠨ ᠬᠠᠯᠠᠭᠤᠨ ᠰᠡᠳᠬᠢᠯᠭᠡ ᠶᠢ ᠬᠥᠭᠵᠢᠭᠡᠵᠦ᠂ ᠴᠢᠨᠠᠷ ᠰᠠᠶᠢᠲᠠᠢ ᠤᠯᠠᠨ ᠲᠦᠮᠡᠨ ᠤ ᠦᠢᠯᠡᠴᠢᠯᠡᠭᠡ ᠪᠠᠷ ᠨᠠᠮ ᠤᠨ ᠪᠠᠶᠢᠭᠤᠯᠤᠯᠲᠠ ᠶᠢᠨ ᠦᠨᠳᠦᠰᠦᠨ ᠱᠠᠲᠤᠨ ᠤ ᠵᠠᠰᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠬᠦᠳᠦᠯᠦᠨ ᠳᠠᠭᠠᠭᠤᠯᠬᠤ ᠶᠢ ᠠᠬᠢᠭᠤᠯᠬᠤ ᠬᠡᠷᠡᠭᠲᠡᠢ ᠭᠡᠵᠤ ᠴᠢᠬᠤᠯᠠᠴᠢᠯᠠᠪᠠ᠃ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠤᠨ ᠶᠦᠨ ᠵᠥᠩ ᠬᠠᠮ ᠵᠠᠭᠤᠴᠢᠯᠠᠭᠤᠷ    
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1