ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠵᠡᠷᠭᠡ 5 ᠰᠠᠯᠠᠭ᠎ᠠ ᠮᠥᠴᠢᠷ ︽ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠰᠠᠶᠢᠨ ᠳᠤᠷ᠎ᠠ ᠶᠢᠨ ᠦᠢᠯᠡᠴᠢᠯᠡᠭᠡ ᠶᠢᠨ ᠬᠥᠭᠵᠢᠯᠲᠡ ᠶᠢ ᠠᠬᠢᠭᠤᠯᠬᠤ ᠲᠤᠬᠠᠶ ᠰᠠᠨᠠᠯ︾ ᠢ ᠳᠠᠷᠤᠮᠠᠯᠯᠠᠨ ᠲᠠᠷᠬᠠᠭᠠᠪᠠ᠃
ᠨᠡᠶᠢᠲᠡᠯᠡᠭᠰᠡᠨ ᠴᠠᠭ᠄
2024/5/29
      ᠶᠡᠷᠦᠩᠬᠡᠶ ᠱᠦᠵᠢ ᠰᠢ ᠶᠢᠨ ᠫᠢᠩ ᠤᠨ ᠬᠤᠭ ᠨᠣᠪᠰᠢ ᠶᠢ ᠲᠥᠷᠥᠯ ᠬᠤᠪᠢᠶᠠᠬᠤ ᠰᠠᠶᠢᠨ ᠳᠤᠷ᠎ᠠ ᠶᠢᠨ ᠦᠢᠯᠡᠴᠢᠯᠡᠭᠴᠢᠳ ᠲᠤ ᠥᠭᠭᠦᠭᠰᠡᠨ ᠴᠢᠬᠤᠯᠠ ᠬᠠᠷᠢᠭᠤ ᠵᠠᠬᠢᠳᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠢ ᠤᠯᠠᠮ ᠨᠢᠭᠡ ᠠᠯᠬᠤᠮ ᠠᠬᠢᠭᠤᠯᠬᠤ ᠶᠢᠨ ᠲᠥᠯᠥᠭᠡ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ᠂ ᠲᠥᠪ ᠤᠨ ᠨᠡᠶᠢᠭᠡᠮ ᠤᠨ ᠠᠵᠢᠯ ᠤᠨ ᠶᠠᠮᠤᠨ᠂ ᠲᠦᠪ ᠤᠨ ᠪᠠᠶᠢᠭᠤᠯᠭ᠎ᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠡᠪ ᠬᠠᠮᠲᠤ ᠵᠠᠯᠠᠭᠤᠴᠤᠳ ᠤᠨ ᠡᠪᠯᠡᠯ ᠤᠨ ᠲᠥᠪ ᠬᠤᠷᠢᠶ᠎ᠠ᠂ ᠪᠥᠬᠦ ᠤᠯᠤᠰ ᠤᠨ ᠡᠮᠡᠭᠲᠡᠶᠢᠴᠦᠳ ᠤᠨ ᠬᠤᠯᠪᠤᠭ᠎ᠠ ᠲᠠᠢ ᠬᠠᠮᠲᠤᠷᠠᠨ᠂ ᠣᠶᠢᠷ᠎ᠠ ᠳᠤ ︽ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠬᠥᠭᠵᠢᠯᠲᠡ ᠶᠢ ᠠᠬᠢᠭᠤᠯᠬᠤ ᠲᠤᠬᠠᠶ ᠰᠠᠨᠠᠯ︾ ︵ᠳᠣᠷᠣᠭᠰᠢ ︽ᠰᠠᠨᠠᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠵᠤ᠂ ᠬᠤᠭ ᠨᠣᠪᠰᠢ ᠶᠢ ᠲᠥᠷᠥᠯ ᠬᠤᠪᠢᠶᠠᠬᠤ ᠰᠠᠶᠢᠨ ᠳᠤᠷ᠎ᠠ ᠶᠢᠨ ᠦᠢᠯᠡᠴᠢᠯᠡᠭᠡ ᠶᠢ ᠳᠦᠷᠢᠮᠵᠢᠭᠦᠯᠬᠦ᠂ ᠵᠢᠷᠤᠮᠵᠢᠭᠤᠯᠬᠤ᠂ ᠪᠠᠶᠢᠩᠭᠤᠵᠢᠭᠤᠯᠬᠤ ᠶᠢ ᠠᠬᠢᠭᠤᠯᠵᠤ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠥᠲᠥᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠨ᠎ᠡ᠃      ︽ᠰᠠᠨᠠᠯ︾ ᠳᠤ᠂ ᠰᠠᠶᠢᠨ ᠳᠤᠷ᠎ᠠ ᠶᠢᠨ ᠦᠢᠯᠡᠴᠢᠯᠡᠭᠡ ᠪᠣᠯ ᠰᠢᠨ᠎ᠡ ᠪᠠᠶᠢᠳᠠᠯ  ᠲᠤᠤᠷᠠᠬᠢ ᠬᠤᠭ ᠨᠣᠪᠰᠢ ᠶᠢ ᠲᠥᠷᠥᠯ ᠬᠤᠪᠢᠶᠠᠬᠤ ᠶᠢ ᠠᠬᠢᠭᠤᠯᠬᠤ ᠴᠢᠬᠤᠯᠠ ᠭᠠᠷᠳᠠᠴᠠ ᠪᠠ ᠪᠦᠲᠦᠮᠵᠢᠲᠡᠶ ᠠᠷᠭ᠎ᠠ ᠵᠠᠮ ᠮᠥᠨ᠂ ᠨᠠᠮ ᠤᠨ ᠪᠠᠶᠢᠭᠤᠯᠤᠯᠲᠠ ᠪᠠᠷ ᠬᠥᠲᠥᠯᠦᠨ ᠳᠠᠭᠠᠭᠤᠯᠬᠤ᠂ ᠨᠢᠭᠡᠳᠦᠯᠲᠡᠶ ᠲᠥᠯᠥᠪᠯᠡᠨ ᠠᠬᠢᠭᠤᠯᠬᠤ᠂ ᠨᠡᠶᠢᠭᠡᠮ ᠢᠶᠠᠷ ᠢᠶᠠᠨ ᠣᠷᠣᠯᠴᠠᠬᠤ᠂ ᠠᠷᠠᠳ ᠲᠦᠮᠡᠨ ᠳᠤ ᠦᠢᠯᠡᠴᠢᠯᠡᠬᠦ ᠶᠢ ᠪᠠᠷᠢᠮᠲᠠᠯᠠᠵᠤ᠂ ᠨᠡᠶᠢᠭᠡᠮ ᠳᠠᠶᠠᠭᠠᠷ ᠲᠤ ᠪᠣᠯᠪᠠᠰᠤᠨ ᠬᠡᠪ ᠰᠤᠷᠲᠠᠯ ᠢ ᠪᠣᠶ ᠪᠣᠯᠭᠠᠬᠤ ᠪᠠᠷ ᠭᠤᠤᠯ ᠪᠣᠯᠭᠠᠵᠤ᠂ ᠠᠷᠠᠳ ᠣᠯᠠᠨ ᠤ ᠬᠤᠭ ᠨᠣᠪᠰᠢ ᠶᠢ ᠲᠥᠷᠥᠯ ᠬᠤᠪᠢᠶᠠᠬᠤ ᠪᠣᠯᠪᠠᠰᠤᠨ ᠵᠠᠩ ᠳᠠᠳᠬᠠᠯ ᠢ ᠬᠥᠮᠦᠵᠢᠭᠦᠯᠬᠦ ᠪᠠᠷ ᠤᠳᠤᠷᠢᠳᠤᠮᠵᠢ ᠪᠣᠯᠭᠠᠵᠤ᠂ ᠬᠤᠭ ᠨᠣᠪᠰᠢ ᠶᠢ ᠲᠥᠷᠥᠯ ᠬᠤᠪᠢᠶᠠᠬᠤ ᠰᠠᠶᠢᠨ ᠳᠤᠷ᠎ᠠ ᠶᠢᠨ ᠦᠢᠯᠡᠴᠢᠯᠡᠭᠡ ᠶᠢ ᠶᠡᠬᠡᠪᠡᠷ ᠬᠥᠭᠵᠢᠭᠦᠯᠵᠦ᠂ ᠬᠤᠭ ᠨᠣᠪᠰᠢ ᠶᠢ ᠲᠥᠷᠥᠯ ᠬᠤᠪᠢᠶᠠᠬᠤ ᠰᠠᠶᠢᠨ ᠳᠤᠷ᠎ᠠ ᠶᠢᠨ ᠦᠢᠯᠡᠴᠢᠯᠡᠭᠴᠢ ᠶᠢᠨ ᠡᠩᠨᠡᠭᠡ ᠶᠢ ᠪᠤᠵᠠᠭᠠᠶᠢᠷᠠᠭᠤᠯᠤᠨ᠂ ᠬᠤᠭ ᠨᠣᠪᠰᠢ ᠶᠢ ᠲᠥᠷᠥᠯ ᠬᠤᠪᠢᠶᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠲᠣᠭᠲᠠᠴᠠ ᠶᠢ ᠲᠡᠭᠦᠯᠳᠡᠷᠵᠢᠭᠦᠯᠵᠦ᠂ ᠬᠤᠭ ᠨᠣᠪᠰᠢ ᠶᠢ ᠲᠥᠷᠥᠯ ᠬᠤᠪᠢᠶᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠰᠢᠰᠲ᠋ᠧᠮ ᠢ ᠪᠦᠷᠢᠨᠰᠢᠬᠦᠯᠦᠨ᠂ ᠪᠥᠬᠦ ᠠᠷᠠᠳ ᠢᠶᠠᠷ ᠢᠶᠠᠨ ᠬᠤᠭ ᠨᠣᠪᠰᠢ ᠶᠢ ᠲᠥᠷᠥᠯ ᠬᠤᠪᠢᠶᠠᠬᠤ ᠳᠤ ᠣᠷᠣᠯᠴᠠᠬᠤ ᠠᠵᠢᠯ ᠤᠨ ᠪᠠᠶᠢᠳᠠᠯ ᠢ ᠪᠣᠶ ᠪᠣᠯᠭᠠᠬᠤ ᠶᠢ ᠠᠬᠢᠭᠤᠯᠬᠤ ᠬᠡᠷᠡᠭᠲᠡᠶ ᠭᠡᠵᠦ ᠵᠢᠭᠠᠵᠤ ᠭᠠᠷᠭᠠᠪᠠ᠃     ︽ᠰᠠᠨᠠᠯ︾ ᠳᠤ᠂ ᠡᠩᠨᠡᠭᠡ ᠶᠢᠨ ᠬᠦᠴᠦᠨ ᠢ ᠪᠤᠵᠠᠭᠠᠶᠢᠷᠠᠭᠤᠯᠵᠤ᠂ ᠲᠤᠰᠬᠠᠶ ᠮᠡᠷᠭᠡᠵᠢᠯ ᠤᠨ ᠡᠩᠨᠡᠭᠡ ᠶᠢ ᠵᠣᠬᠢᠶᠠᠨ ᠪᠠᠶᠢᠭᠤᠯᠵᠤ᠂ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢ ᠪᠤᠶᠢᠵᠢᠭᠤᠯᠵᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠡᠩᠨᠡᠭᠡ ᠶᠢᠨ ᠪᠠᠶᠢᠭᠤᠯᠤᠯᠲᠠ ᠶᠢ ᠲᠠᠰᠤᠷᠠᠯᠲᠠ ᠥᠬᠡᠶ ᠠᠬᠢᠭᠤᠯᠤᠨ᠎ᠠ᠃ ᠦᠢᠯᠡᠴᠢᠯᠡᠭᠡᠨ ᠤ ᠵᠢᠭᠰᠠᠭᠠᠯ ᠤᠨ ᠭᠠᠵᠠᠷ ᠢ ᠪᠠᠶᠢᠭᠤᠯᠵᠤ᠂ ᠪᠤᠯᠪᠠᠰᠤᠷᠠᠯ ᠤᠨ ᠰᠢᠰᠲ᠋ᠧᠮ ᠢ ᠪᠦᠷᠢᠨᠰᠢᠬᠦᠯᠤᠨ᠂ ᠡᠳᠦᠷ ᠲᠤᠲᠤᠮ ᠤᠨ ᠬᠠᠮᠢᠶᠠᠷᠤᠯᠲᠠ ᠶᠢ ᠴᠢᠩᠭᠠᠳᠬᠠᠵᠤ᠂  ᠦᠨᠡᠯᠡᠯᠳᠡ ᠶᠢᠨ ᠲᠣᠭᠲᠠᠴᠠ ᠶᠢ ᠪᠦᠷᠢᠨᠰᠢᠬᠦᠯᠤᠨ᠂ ᠰᠠᠶᠢᠨ ᠳᠤᠷ᠎ᠠ ᠶᠢᠨ ᠠᠵᠢᠯᠯᠠᠭᠴᠢ ᠶᠢ ᠪᠣᠯᠪᠠᠰᠤᠷᠠᠭᠤᠯᠬᠤ ᠬᠠᠮᠢᠶᠠᠷᠤᠯᠲᠠ ᠶᠢ ᠲᠠᠰᠤᠷᠠᠯᠲᠠ ᠥᠬᠡᠶ ᠴᠢᠩᠭᠠᠳᠬᠠᠨ᠎ᠠ᠃ ᠠᠵᠢᠯᠯᠠᠭ᠎ᠠ ᠶᠢ ᠨᠢᠭᠡᠳᠦᠯᠲᠡᠶ ᠲᠥᠯᠥᠪᠵᠢᠭᠦᠯᠬᠦ ᠶᠢ ᠴᠢᠩᠭᠠᠳᠬᠠᠵᠤ᠂ ᠤᠬᠠᠭᠤᠯᠤᠨ ᠲᠠᠶᠢᠯᠪᠤᠷᠢᠯᠠᠬᠤ ᠶᠢ ᠥᠷᠭᠡᠨ ᠢᠶᠠᠷ ᠥᠷᠨᠢᠭᠦᠯᠵᠦ᠂ ᠰᠢᠮᠳᠠᠭᠤᠯᠤᠨ ᠵᠢᠯᠣᠭᠤᠳᠴᠤ᠂ ᠢᠳᠬᠠᠨ ᠰᠠᠨᠠᠭᠤᠯᠵᠦ᠂ ᠠᠷᠠᠳ ᠲᠦᠮᠡᠨ ᠳᠤ ᠦᠢᠯᠡᠴᠢᠯᠡᠬᠦ ᠶᠢ ᠴᠢᠩᠭᠠᠳᠬᠠᠵᠤ᠂ ᠣᠯᠠᠨ ᠲᠦᠮᠡᠨ ᠢ ᠬᠥᠲᠥᠯᠥᠨ ᠵᠢᠯᠤᠭᠤᠳᠤᠨ ᠳᠠᠶᠢᠴᠢᠯᠠᠨ᠂ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠲᠠᠰᠤᠷᠠᠯᠲᠠ ᠥᠬᠡᠶ ᠭᠦᠨᠵᠡᠭᠡᠶᠢᠷᠡᠭᠦᠯᠦᠨ᠎ᠡ᠃ ᠨᠡᠶᠢᠲᠡᠯᠢᠭ ᠵᠢᠱᠢᠶ᠎ᠡ ᠪᠠᠷ ᠬᠥᠲᠥᠯᠥᠨ ᠳᠠᠭᠠᠭᠤᠯᠬᠤ ᠶᠢ ᠴᠢᠩᠭᠠᠳᠬᠠᠵᠤ ᠂ ᠦᠷ᠎ᠡ ᠪᠦᠲᠦᠮᠵᠢ ᠶᠢ ᠳᠡᠯᠭᠡᠷᠡᠭᠦᠯᠬᠦ ᠶᠢ ᠴᠢᠩᠭᠠᠳᠬᠠᠵᠤ᠂ ᠰᠠᠶᠢᠨ ᠳᠤᠷ᠎ᠠ ᠶᠢᠨ ᠨᠠᠷᠠᠲᠤ ᠲᠡᠮᠳᠡᠭᠲᠦ ᠶᠢ ᠪᠣᠶ ᠪᠣᠯᠭᠠᠵᠤ᠂ ᠤᠬᠠᠭᠤᠯᠭ᠎ᠠ ᠶᠢᠨ ᠨᠥᠯᠥᠭᠡᠯᠡᠬᠦ  ᠬᠦᠴᠦᠨ ᠢ ᠲᠠᠰᠤᠷᠠᠯᠲᠠ ᠥᠬᠡᠶ ᠴᠢᠩᠭᠠᠳᠬᠠᠬᠤ ᠬᠡᠷᠡᠭᠳᠡᠢ ᠭᠡᠵᠦ ᠳᠤᠷᠠᠳᠪᠠ᠃      ︽ᠰᠠᠨᠠᠯ︾ ᠳᠤ᠂ ᠡᠯ᠎ᠡ ᠭᠠᠵᠠᠷ ᠤᠨ ᠬᠢᠨ ᠲᠠᠨᠢᠯᠲᠠ ᠪᠠᠨ ᠭᠦᠨᠵᠡᠭᠡᠶᠢᠷᠡᠭᠦᠯᠦᠨ᠂ ᠵᠣᠭᠰᠣᠴᠠ ᠪᠠᠨ ᠳᠡᠭᠡᠭᠰᠢᠯᠡᠭᠦᠯᠵᠦ᠂ ᠬᠤᠭ ᠨᠣᠪᠰᠢ ᠶᠢ ᠲᠥᠷᠥᠯ ᠬᠤᠪᠢᠶᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠢ ᠣᠯᠠᠨ ᠲᠦᠮᠡᠨ ᠲᠠᠢ ᠥᠷᠭᠡᠨ ᠢᠶᠠᠷ ᠬᠠᠷᠢᠯᠴᠠᠬᠤ ᠪᠦᠲᠦᠮᠵᠢᠲᠡᠶ ᠭᠠᠷᠳᠠᠴᠠ ᠪᠣᠯᠭᠠᠵᠤ᠂ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠲᠠᠢ ︽ᠬᠠᠮᠲᠤ ᠳᠤᠨᠢ ᠪᠠᠶᠢᠷᠢᠯᠠᠭᠤᠯᠵᠤ᠂ ᠬᠠᠮᠲᠤ ᠳᠤᠨᠢ ᠨᠠᠶᠢᠳᠠᠪᠤᠷᠢᠵᠢᠭᠤᠯᠵᠤ᠂ ᠬᠠᠮᠲᠤ ᠳᠤᠨᠢ ᠠᠬᠢᠭᠤᠯᠬᠤ︾ ᠬᠡᠷᠡᠭᠲᠡᠶ᠃ ᠡᠭᠦᠨ ᠤ ᠬᠠᠮᠲᠤ᠂ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠶᠢ ᠴᠢᠩᠭᠠᠳᠬᠠᠵᠤ᠂ ᠵᠢᠯᠣᠭᠤᠳᠬᠤ᠂ ᠦᠢᠯᠡᠴᠢᠯᠡᠬᠦ᠂ ᠬᠠᠷᠢᠯᠴᠠᠬᠤ ᠪᠠ ᠬᠠᠮᠢᠶᠠᠷᠬᠤ ᠠᠵᠢᠯ ᠢ ᠰᠠᠶᠢᠲᠤᠷ ᠬᠢᠵᠦ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ ᠢ ᠦᠨᠡᠨ ᠬᠦ ᠨᠡᠮᠡᠭᠳᠡᠭᠦᠯᠬᠦ ᠬᠡᠷᠡᠭᠲᠡᠢ ᠭᠡᠵᠤ ᠱᠠᠭᠠᠷᠳᠠᠪᠠ    ᠢᠷᠡᠯᠲᠡ᠄ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠣᠨᠢᠨ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1