ᠨᠠᠰᠤᠲᠠᠶᠢᠴᠤᠳ ᠤᠨ ᠬᠥᠮᠦᠨ ᠠᠮᠠ ᠶᠢᠨ ᠲᠤᠭ᠎ᠠ ᠲᠦᠷᠭᠡᠨ ᠨᠡᠮᠡᠭᠳᠡᠵᠦ᠂ ᠨᠠᠰᠤᠵᠢᠯ ᠤᠨ ᠦᠢᠯᠡᠴᠢᠯᠡᠭᠡᠨ ᠤ | ᠬᠡᠷᠡᠭᠴᠡᠭᠡ ᠱᠠᠭᠠᠷᠳᠠᠯᠭ᠎ᠠ ᠲᠦᠷᠭᠡᠨ ᠨᠡᠮᠡᠭᠳᠡᠬᠦ ᠶᠢ ᠲᠠᠭᠠᠯᠳᠤᠨ᠂ ᠡᠯ᠎ᠡ ᠭᠠᠵᠠᠷ ᠤᠨ ᠬᠢᠨ ᠨᠠᠰᠤᠵᠢᠯ ᠤᠨ ᠠᠵᠤ | ᠠᠬᠤᠢ ᠶᠢᠨ ᠲᠦᠷᠦ ᠶᠢᠨ ᠪᠤᠳᠤᠯᠭ᠎ᠠ ᠶᠢᠨ ᠠᠪᠴᠢᠷᠠᠭᠰᠠᠨ ᠰᠢᠨ᠎ᠡ ᠠᠵᠠ ᠲᠣᠬᠢᠶᠠᠯ ᠢ ᠡᠵᠡᠮᠳᠡᠵᠦ᠂ ᠭᠠᠵᠠᠷ | ᠣᠷᠣᠨ ᠤ ᠠᠮᠢ ᠠᠬᠤᠢ᠂ ᠲᠡᠦᠬᠡ ᠰᠣᠶᠣᠯ ᠵᠡᠷᠭᠡ ᠡᠬᠢ ᠪᠠᠶᠠᠯᠢᠭ ᠤᠨ ᠳᠠᠪᠠᠭᠤᠯᠢᠭ ᠲᠤ ᠲᠦᠰᠢᠭᠯᠡᠨ᠂ | ᠨᠠᠰᠤᠵᠢᠯ ᠤᠨ ᠠᠵᠤ ᠠᠬᠤᠢ ᠶᠢᠨ ᠰᠢᠨ᠎ᠡ ᠡᠵᠡᠩᠨᠡᠯᠲᠡ ᠶᠢᠨ ᠬᠡᠯᠪᠡᠷᠢ ᠶᠢ ᠢᠳᠡᠪᠬᠢᠲᠡᠢ ᠪᠤᠶᠢᠵᠢᠭᠤᠯᠵᠤ᠂ | ᠨᠠᠰᠤᠵᠢᠯ ᠤᠨ ᠠᠵᠤ ᠦᠢᠯᠡᠰ ᠤᠨ ᠬᠥᠭᠵᠢᠯᠲᠡ ᠶᠢᠨ ᠶᠠᠰᠤ ᠴᠢᠨᠠᠷ ᠦᠷ᠎ᠡ ᠠᠰᠢᠭ ᠢ ᠲᠡᠭᠡᠭᠰᠢᠯᠡᠭᠦᠯᠬᠦ ᠴᠢᠬᠤᠯᠠᠳᠠᠢ | ᠪᠠᠶᠢᠨ᠎ᠠ᠃ | ᠬᠦᠭᠵᠢᠯᠳᠡ ᠶᠢᠨ ᠤᠷᠴᠢᠨ ᠨᠦᠬᠦᠴᠡᠯ ᠢ ᠰᠢᠯᠢᠳᠡᠭᠵᠢᠬᠦᠯᠦᠨ᠎ᠡ | ᠡᠯ᠎ᠡ ᠭᠠᠵᠠᠷ ᠤᠨ ᠬᠢᠨ ᠭᠠᠵᠠᠷ ᠰᠢᠷᠣᠶ᠂ ᠪᠡᠯᠡᠳᠬᠡᠮᠵᠢ ᠶᠢᠨ ᠲᠠᠯᠠᠪᠤᠷ᠂ ᠡᠳ᠋ ᠤᠨ ᠵᠠᠰᠠᠭ᠂ ᠭᠠᠶᠢᠯᠢ | ᠲᠠᠲᠠᠪᠤᠷᠢ᠂ ᠮᠥᠩᠭᠦᠨ ᠭᠦᠢᠯᠭᠡᠭᠡ᠂ ᠳᠠᠭᠠᠳᠬᠠᠯ᠂ ᠴᠢᠳᠠᠪᠤᠷᠢᠲᠠᠨ ᠤ ᠡᠩᠨᠡᠭᠡ ᠵᠢᠴᠢ ᠲᠡᠳᠬᠦᠨ ᠲᠤᠰᠠᠯᠠᠵᠤ | ᠱᠠᠩᠨᠠᠵᠤ ᠨᠥᠬᠦᠪᠥᠷᠢᠯᠡᠬᠦ ᠵᠡᠷᠭᠡ ᠡᠯ᠎ᠡ ᠲᠥᠷᠥᠯ ᠤᠨ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠰᠢᠯᠢᠳᠡᠭᠵᠢᠭᠦᠯᠦᠨ | ᠲᠡᠭᠦᠯᠳᠡᠷᠵᠢᠭᠦᠯᠵᠦ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠣᠷᠴᠢᠨ | ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠎ᠡ᠃ | ᠦᠳᠡ ᠶᠢᠨ ᠬᠤᠭᠤᠯᠠᠨ ᠤ ᠦᠶ᠎ᠡ ᠪᠠᠷ᠂ ᠵᠢᠶᠠᠩᠰᠢ ᠮᠣᠵᠢ ᠶᠢᠨ ᠨᠠᠨᠴᠠᠩ ᠬᠤᠲᠠ ᠶᠢᠨ ᠴᠢᠩ ᠶᠦᠨ ᠫᠦ᠋ | ᠲᠣᠭᠤᠷᠢᠭ ᠤᠨ ᠬᠤᠩ ᠳ᠋ᠦ᠋ ᠵᠡᠭᠡᠯᠢ ᠭᠤᠳᠤᠮᠵᠢ ᠶᠢᠨ ᠬᠤᠩ ᠫᠧᠩ ᠨᠡᠶᠢᠭᠡᠮ ᠲᠣᠭᠤᠷᠢᠭ ᠤᠨ ᠵᠢᠷᠭᠠᠯᠠᠩᠳᠦ | ᠬᠤᠭᠤᠯᠠᠨ ᠭᠡᠷ ᠲᠤ᠂ 10 ᠭᠠᠷᠤᠢ ᠨᠤᠭᠤᠭ᠎ᠠ ᠵᠢᠭᠳᠡᠷᠡᠯᠴᠡᠨ ᠠᠩᠬᠢᠯᠦᠮ᠎ᠠ ᠦᠨᠦᠷ ᠬᠠᠩᠬᠤᠯᠤᠨ᠎ᠠ᠃ ︽ᠠᠳᠡ | ᠬᠤᠭᠤᠯᠠ ᠢᠳᠡᠬᠦ ᠨᠢ ᠭᠡᠷ ᠲᠡᠭᠡᠨ ᠢᠳᠡᠬᠦ ᠠᠴᠠ ᠳᠥᠭᠦᠮ᠂ ᠬᠤᠭᠤᠯᠠ ᠵᠠᠭᠤᠰᠢ ᠴᠦ ᠠᠮᠲᠠᠲᠠᠢ︾ ᠭᠡᠵᠤ 85 | ᠨᠠᠰᠤᠲᠠᠶ ᠵᠧᠦ ᡁᠢ ᠰᠢᠶᠦ᠋ᠩ ᠨᠠᠰᠤᠲᠠᠨ ᠬᠤᠭᠤᠯᠠᠨ ᠭᠡᠷ ᠤᠨ ᠨᠣᠭᠤᠭ᠎ᠠ ᠪᠠ ᠣᠷᠴᠢᠨ ᠲᠣᠭᠤᠷᠢᠨ ᠢ ᠮᠠᠭᠲᠠᠨ | ᠰᠠᠶᠢᠰᠢᠶᠠᠪᠠ᠃ | ᠣᠶᠢᠯᠠᠭᠠᠭᠰᠠᠨ ᠢᠶᠠᠷ᠂ ᠣᠳᠣᠬᠠᠨ ᠳᠤ᠂ ᠴᠢᠩ ᠶᠦᠨ ᠫᠦ᠋ ᠲᠤᠭᠤᠷᠢᠭ ᠤᠨ ᠬᠤᠭᠤᠯᠠᠨ ᠬᠡᠷ ᠢ ᠨᠢᠭᠡᠨᠲᠡ | ᠨᠠᠰᠤᠲᠠᠶᠢᠴᠤᠳ ᠤᠨ ᠬᠤᠭᠤᠯᠠᠨ ᠤ ᠦᠢᠯᠡᠴᠢᠯᠡᠭᠡᠨ ᠤ ᠰᠢᠰᠲ᠋ᠧᠮ ᠳᠤ ᠣᠷᠣᠭᠤᠯᠵᠤ᠂ ᠬᠤᠭᠤᠯᠠᠨ ᠬᠡᠷ ᠤᠨ ᠬᠡᠷᠡᠭᠯᠡᠬᠦ | ᠤᠰᠤ᠂ ᠴᠠᠬᠢᠯᠭᠠᠨ᠂ ᠬᠡᠶ ᠶᠢ ᠴᠥᠮ ᠠᠷᠠᠳ ᠤᠨ ᠬᠡᠷᠡᠭᠯᠡᠭᠡᠨ ᠤ ᠦᠨ᠎ᠡ ᠬᠠᠩᠰᠢ ᠪᠠᠷ ᠪᠤᠳᠤᠵᠤ᠂ ᠠᠵᠤ | ᠠᠬᠤᠶᠢᠯᠠᠯ ᠢ ᠨᠢ ᠬᠠᠪᠰᠤᠷᠤᠨ ᠡᠵᠡᠩᠨᠡᠯᠲᠡ ᠶᠢᠨ ᠥᠪᠡᠷ ᠤᠨ ᠥᠷᠲᠡᠭ ᠢ ᠨᠢ ᠪᠠᠭᠤᠷᠠᠭᠤᠯᠪᠠ᠃ | ᠬᠠᠷᠠᠮᠥ᠋ᠷᠡᠨ ᠮᠤᠵᠢ ᠶᠢᠨ ᠾᠸᠢ ᠾᠧ ᠬᠤᠲᠠ ᠶᠢᠨ ᠠᠶ ᠾᠦᠢ ᠲᠣᠭᠤᠷᠢᠭ ᠤᠨ ᠬᠢᠨ᠂ ᠬᠡᠷ ᠲᠡᠭᠡᠨ ᠰᠠᠭᠤᠬᠤ | ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠠᠩᠭᠠᠯᠭ᠎ᠠ ᠶᠢᠨ ᠴᠢᠳᠠᠪᠤᠷᠢ ᠶᠢ | ᠲᠠᠰᠤᠷᠠᠯᠲᠠ ᠥᠬᠡᠶ ᠴᠢᠩᠭᠠᠷᠠᠭᠤᠯᠵᠤ᠂ ᠣᠷᠣᠨ ᠤ ᠲᠠᠰ ᠤᠨ ᠰᠤᠯᠠ ᠪᠠᠶᠢᠬᠤ ᠠᠯᠪᠠᠨ ᠤ ᠬᠥᠷᠥᠩᠭᠡ ᠶᠢᠨ ᠬᠡᠷ | ᠪᠠᠶᠢᠰᠢᠩ ᠢ ᠠᠰᠢᠭᠯᠠᠨ᠂ ᠡᠵᠡᠩᠨᠡᠯᠲᠡ ᠶᠢᠨ ᠭᠤᠤᠯ ᠴᠣᠭᠴᠠ ᠳᠤ ᠣᠷᠣᠭᠤᠯᠤᠨ᠂ ᠨᠠᠰᠤᠲᠠᠨ ᠳᠤ ᠲᠤᠰᠠᠯᠠᠬᠤ | ᠬᠤᠭᠤᠯᠠᠨ ᠬᠡᠷ ᠨᠡᠭᠡᠭᠡᠨ ᠡᠷᠭᠢᠯᠡᠪᠡ᠃ ᠾᠧ ᠭᠠᠩ ᠬᠤᠲᠠ ᠶᠢᠨ ᠬᠢᠩᠭᠠᠨ ᠲᠣᠭᠤᠷᠢᠭ ᠡᠳᠦᠷ ᠲᠤᠲᠤᠮ ᠤᠨ | ᠬᠠᠷᠠᠭᠠᠯᠵᠠᠬᠤ ᠲᠠᠰᠤᠭ᠂ ᠨᠡᠶᠢᠭᠡᠮ ᠲᠣᠭᠤᠷᠢᠭ ᠤᠨ ᠺᠢᠨᠣ᠋ ᠶᠢᠨ ᠣᠷᠳᠣᠨ ᠵᠡᠷᠭᠡ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠲᠥᠬᠦᠭᠡᠷᠦᠮᠵᠢ ᠶᠢ ᠦᠷᠭᠦᠯᠵᠢᠯᠡᠨ ᠰᠢᠯᠢᠳᠡᠭᠵᠢᠭᠦᠯᠵᠦ᠂ ︽ᠴᠠᠭ ᠢᠮᠠᠭᠳᠠ ᠨᠠᠰᠤᠲᠠᠨ ᠳᠤ | ᠲᠤᠰᠠᠯᠠᠬᠤ ᠦᠢᠯᠡᠴᠢᠯᠡᠭᠡᠨ ᠤ ᠲᠤᠭᠤᠷᠢᠭ︾ ᠤᠨ ᠪᠥᠲᠥᠭᠡᠨ ᠪᠠᠶᠢᠭᠤᠯᠤᠯᠲᠠ ᠶᠢ ᠢᠳᠡᠪᠬᠢᠲᠡᠶ ᠠᠬᠢᠭᠤᠯᠵᠤ᠂ | ᠣᠳᠣᠬᠠᠨ ᠳᠤ ᠨᠢᠭᠡᠨᠲᠡ ᠬᠠᠷᠢᠶ᠎ᠠ ᠣᠷᠣᠨ ᠤ 4000 ᠭᠠᠷᠤᠶ ᠨᠠᠰᠤᠲᠠᠶᠢᠴᠤᠳ ᠲᠤ ᠦᠢᠯᠡᠴᠢᠯᠡᠵᠦ ᠪᠠᠶᠢᠨ᠎ᠠ᠃ | ᠨᠠᠰᠤᠲᠠᠨ ᠳᠤ ᠲᠣᠬᠢᠷᠠᠬᠤ ᠣᠯᠠᠨ ᠡᠰᠢᠳᠦ ᠦᠢᠯᠡᠴᠢᠯᠡᠭᠡᠨ ᠤ ᠡᠵᠡᠩᠨᠡᠯᠲᠡ ᠶᠢᠨ ᠪᠠᠶᠢᠳᠠᠯ ᠢ ᠪᠦᠵᠢᠭᠤᠯᠤᠨ | ᠬᠥᠭᠵᠢᠭᠦᠯᠬᠦ ᠶᠢᠨ ᠲᠥᠯᠥᠭᠡ᠂ ᠲᠢᠶᠠᠨᠵᠢᠨ ᠬᠤᠲᠠ ᠲᠥᠷᠥ ᠶᠢᠨ ᠪᠣᠳᠣᠯᠭ᠎ᠠ᠂ ᠮᠥᠩᠭᠦᠨ ᠭᠦᠢᠯᠭᠡᠭᠡ ᠵᠡᠷᠭᠡ | ᠭᠤᠣᠯᠯᠠᠭᠴᠢ ᠬᠦᠴᠦᠨ ᠵᠦᠢᠯ ᠤᠨ ᠳᠡᠮᠵᠢᠯᠭᠡ ᠦᠵᠡᠭᠦᠯᠬᠦ ᠡᠷᠴᠢᠮ ᠢᠶᠠᠨ ᠴᠢᠩᠭᠠᠷᠠᠭᠤᠯᠵᠤ᠂ ᠨᠡᠩ ᠣᠯᠠᠨ ᠨᠡᠶᠢᠭᠡᠮ | ᠤᠨ ᠬᠦᠴᠦᠨ ᠢ ᠬᠥᠲᠥᠯᠦᠨ ᠵᠢᠯᠣᠭᠤᠳᠴᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠳᠤ ᠢᠳᠡᠪᠬᠢᠲᠡᠢ | ᠤᠷᠤᠯᠴᠠᠭᠤᠯᠪᠠ᠃ ᠲᠠᠷᠢᠶᠠᠯᠠᠩ ᠤᠨ ᠪᠠᠩᠬᠢ ᠶᠢᠨ ᠲᠢᠶᠠᠨᠵᠢᠨ ᠤ ᠪᠸᠢ ᠴᠧᠨ ᠰᠠᠯᠪᠤᠷᠢ ᠪᠠᠩᠬᠢ ᠶᠢᠨ ᠳᠡᠳ᠋ ᠳᠠᠷᠤᠭ᠎ᠠ | ᠯᠢ ᠬᠤᠩ ᠶᠦᠩ ᠲᠠᠨᠢᠯᠴᠠᠭᠤᠯᠤᠭᠰᠠᠨ ᠨᠢ᠂ ᠮᠥᠩᠭᠦᠨ ᠭᠦᠢᠯᠭᠡᠭᠡᠨ ᠤ ᠳᠠᠪᠠᠭᠤᠯᠢᠭ ᠢ ᠪᠠᠳᠠᠷᠠᠭᠤᠯᠤᠨ ᠲᠢᠶᠠᠨᠵᠢᠨ | ᠬᠤᠲᠠ ᠶᠢᠨ ᠨᠠᠰᠤᠵᠢᠯ ᠤᠨ ᠠᠵᠤ ᠠᠬᠤᠢ ᠶᠢᠨ ᠬᠥᠭᠵᠢᠯᠲᠡ ᠶᠢ ᠳᠡᠮᠵᠢᠬᠦ ᠶᠢᠨ ᠲᠥᠯᠥᠭᠡ᠂ ᠲᠠᠷᠢᠶᠠᠯᠠᠩ ᠤᠨ | ᠪᠠᠩᠬᠢ ᠶᠢᠨ ᠲᠢᠶᠠᠨᠵᠢᠨ ᠬᠤᠲᠠ ᠶᠢᠨ ᠬᠤᠪᠢᠶᠠᠷᠢ ᠪᠠᠩᠬᠢ ᠣᠳᠣᠬᠠᠨ ᠳᠤ ᠬᠢᠨᠠᠨ ᠵᠥᠪᠰᠢᠶᠡᠷᠡᠬᠦ ᠶᠠᠪᠤᠴᠠ ᠶᠢ | ᠰᠢᠯᠢᠳᠡᠭᠵᠢᠭᠦᠯᠬᠦ᠂ ᠭᠠᠷ ᠭᠦᠢᠴᠡᠳᠬᠡᠯ ᠢ ᠳᠥᠭᠦᠮᠴᠢᠯᠡᠬᠦ ᠵᠡᠷᠭᠡ ᠲᠠᠯ᠎ᠠ ᠠᠴᠠ ᠭᠠᠷᠳᠠᠵᠤ᠂ ᠨᠠᠰᠤᠵᠢᠯ ᠤᠨ | ᠠᠰᠠᠷᠠᠮᠵᠢ ᠶᠢᠨ ᠠᠵᠤ ᠦᠢᠯᠡᠰ ᠤᠨ ᠡᠷᠭᠢᠯᠲᠡ ᠶᠢᠨ ᠪᠡᠯᠡ ᠮᠥᠩᠭᠦ ᠶᠢᠨ ᠵᠢᠭᠡᠯᠡᠯᠭᠡ᠂ ᠦᠨᠳᠦᠰᠦᠨ ᠪᠦᠲᠦᠭᠡᠨ | ᠪᠠᠶᠢᠭᠤᠯᠤᠯᠲᠠ ᠶᠢᠨ ᠵᠢᠭᠡᠯᠡᠯᠭᠡ ᠵᠡᠷᠭᠡ ᠢᠲᠡᠭᠡᠮᠵᠢᠲᠦ ᠵᠢᠭᠡᠯᠡᠯᠭᠡ ᠲᠠᠯᠪᠢᠬᠤ ᠡᠷᠴᠢᠮ ᠢᠶᠠᠨ ᠴᠢᠩᠭᠠᠷᠠᠭᠤᠯᠵᠤ᠂ | ᠨᠠᠰᠤᠵᠢᠯ ᠤᠨ ᠠᠰᠠᠷᠠᠮᠵᠢ᠂ ᠨᠠᠰᠤᠲᠠᠶᠢᠴᠤᠳ ᠤᠨ ᠡᠮᠴᠢᠯᠡᠭᠡ᠂ ᠡᠷᠡᠭᠦᠯ ᠮᠡᠨᠳᠦ ᠶᠢᠨ ᠦᠢᠯᠡᠴᠢᠯᠡᠭᠡ ᠵᠡᠷᠭᠡ ᠡᠯ᠎ᠡ | ᠲᠦᠷᠦᠯ ᠤᠨ ᠨᠠᠰᠤᠵᠢᠯ ᠤᠨ ᠠᠵᠤ ᠦᠢᠯᠡᠰ ᠤᠨ ᠺᠣᠮᠫᠠᠨᠢ ᠶᠢᠨ ᠪᠡᠯᠡ ᠲᠣᠬᠢᠷᠠᠭᠤᠯᠭ᠎ᠠ ᠶᠢᠨ ᠬᠡᠷᠡᠭᠴᠡᠭᠡ ᠶᠢ ᠬᠠᠩᠭᠠᠪᠠ | ᠃ | ᠵᠢᠶᠠᠩᠰᠢ ᠮᠤᠵᠢ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ ᠲᠠᠰ | ᠳᠡᠪᠰᠢᠭᠦᠯᠬᠦ᠂ ᠨᠠᠰᠤᠵᠢᠯ ᠤᠨ ᠠᠵᠤ ᠠᠬᠤᠶ ᠶᠢᠨ ᠰᠢᠨ᠎ᠡ ᠶᠢ ᠡᠭᠦᠳᠦᠨ ᠬᠦᠭᠵᠢᠭᠦᠯᠬᠦ᠂ ᠨᠠᠰᠤᠲᠠᠶᠢᠴᠤᠳ ᠤᠨ | ᠨᠡᠶᠢᠭᠡᠮ ᠳᠤ ᠣᠷᠣᠯᠴᠠᠬᠤ ᠬᠡᠪᠴᠢᠶ᠎ᠡ ᠶᠢ ᠥᠷᠭᠡᠳᠬᠡᠬᠦ ︽ᠭᠤᠷᠪᠠᠨ ᠶᠡᠭᠡ ᠠᠵᠢᠯᠯᠠᠭ᠎ᠠ︾ ᠶᠢ ᠥᠷᠨᠢᠭᠦᠯᠵᠦ᠂ | ᠰᠢᠶᠠᠩ ᠪᠠᠯᠭᠠᠰᠤᠨ ᠤ ᠨᠠᠰᠤᠵᠢᠯ ᠤᠨ ᠠᠰᠠᠷᠠᠮᠵᠢ ᠶᠢᠨ ᠡᠬᠢ ᠪᠠᠶᠠᠯᠢᠭ ᠢ ᠰᠢᠯᠢᠳᠡᠭᠵᠢᠭᠦᠯᠦᠨ ᠲᠣᠬᠢᠷᠠᠭᠤᠯᠬᠤ ᠶᠢ | ᠦᠷᠭᠦᠯᠵᠢᠯᠡᠨ ᠭᠦᠨᠵᠡᠭᠡᠶᠢᠷᠡᠭᠦᠯᠵᠦ᠂ ᠣᠷᠣᠨ ᠪᠦᠰᠡ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ | ᠲᠥᠪ ᠢ ᠪᠣᠶ ᠪᠣᠯᠭᠠᠵᠤ᠂ ︽ᠨᠠᠰᠤᠳᠠᠶᠢᠴᠤᠳ ᠤᠨ ᠵᠣᠯ ᠵᠢᠷᠭᠠᠯᠳᠦ ᠬᠦᠷᠢᠶᠡᠯᠡᠩ︾ ᠤᠨ ᠪᠥᠲᠥᠭᠡᠨ | ᠪᠠᠶᠢᠭᠤᠯᠤᠯᠲᠠ ᠶᠢ ᠠᠬᠢᠭᠤᠯᠵᠤ᠂ ᠨᠠᠰᠤᠳᠠᠶᠢᠴᠤᠳ ᠤᠨ ᠦᠳᠡᠯᠦᠭᠡ ᠨᠠᠰᠤᠨ ᠳᠠᠭᠠᠨ ᠬᠢᠳᠡᠯ ᠲᠠᠢ᠂ | ᠰᠤᠷᠤᠯᠴᠠᠬᠤ ᠠᠴᠠ ᠰᠤᠷᠭᠠᠭᠤᠯᠢ ᠲᠠᠢ᠂ ᠪᠠᠶᠠᠷ ᠴᠡᠩᠭᠡᠯ ᠲᠠᠢ ᠪᠠᠶᠢᠬᠤ ᠶᠢ ᠢᠳᠡᠪᠬᠢᠲᠡᠶ ᠠᠬᠢᠭᠤᠯᠵᠤ᠂ ᠨᠠᠰᠤᠵᠢᠯ ᠤᠨ | ᠠᠵᠤ ᠠᠬᠤᠶ ᠶᠢᠨ ᠬᠥᠭᠵᠢᠯᠲᠡ ᠳᠤ ᠨᠠᠩ ᠰᠠᠶᠢᠨ ᠨᠥᠬᠦᠴᠡᠯ ᠪᠦᠷᠢᠯᠳᠦᠭᠦᠯᠵᠦ ᠥᠭᠭᠦᠨ᠎ᠡ᠃ | ᠠᠵᠤ ᠦᠢᠯᠡᠰ ᠤᠨ ᠪᠠᠶᠢᠷᠢᠯᠠᠭᠤᠯᠤᠯᠲᠠ ᠶᠢ ᠲᠦᠷᠭᠡᠳᠭᠡᠨ᠎ᠡ | ᠡᠯ᠎ᠡ ᠭᠠᠵᠠᠷ ᠵᠠᠬ᠎ᠠ ᠳᠡᠯᠭᠡᠭᠦᠷ ᠤᠨ ᠡᠬᠢ ᠪᠠᠶᠠᠯᠢᠭ ᠢ ᠲᠣᠬᠢᠷᠠᠭᠤᠯᠬᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠬᠠᠩᠭᠠᠬᠤ ᠭᠤᠤᠯ ᠴᠣᠭᠴᠠ ᠶᠢᠨ ᠣᠯᠠᠨ ᠡᠰᠢᠵᠢᠬᠦ᠂ | ᠦᠢᠯᠡᠴᠢᠯᠡᠭᠡᠨ ᠤ ᠠᠷᠭ᠎ᠠ ᠮᠠᠶ᠋ᠢᠭ ᠢ ᠣᠯᠠᠨ ᠶᠠᠩᠵᠤᠴᠢᠯᠠᠬᠤ ᠶᠠᠪᠤᠳᠠᠯ ᠢ ᠲᠦᠯᠬᠢᠨ ᠠᠬᠢᠭᠤᠯᠵᠤ᠂ ᠨᠠᠰᠤᠵᠢᠯ ᠤᠨ | ᠠᠰᠠᠷᠠᠮᠵᠢ ᠶᠢᠨ ᠠᠵᠤ ᠦᠢᠯᠡᠰ ᠢ ᠶᠡᠬᠡᠪᠡᠷ ᠪᠤᠶᠢᠵᠢᠭᠤᠯᠤᠨ ᠬᠥᠭᠵᠢᠭᠦᠯᠦᠨ᠎ᠡ᠃ | ᠲᠢᠶᠠᠨᠵᠢᠨ ᠬᠤᠲᠠ ᠶᠢᠨ ᠾᠧ ᠳ᠋ᠦᠩ ᠲᠣᠭᠤᠷᠢᠭ ᠲᠤ᠂ ᠨᠠᠰᠤᠵᠢᠯ ᠤᠨ ᠠᠵᠤ ᠠᠬᠤᠶ ᠶᠢᠨ ᠠᠵᠤ | ᠦᠢᠯᠡᠰ ᠤᠨ ᠬᠦᠷᠢᠶᠡᠯᠡᠩ ᠨᠢ ᠨᠢᠳᠤᠨᠤᠨ ᠵᠢᠯ ᠤᠨ ᠡᠴᠦᠰ ᠲᠤ ᠵᠢᠩᠬᠢᠨᠢ ᠪᠠᠷ ᠠᠩᠬ᠎ᠠ ᠪᠠᠶᠢᠭᠤᠯᠤᠭᠳᠠᠵᠠᠢ᠂ ᠡᠨᠡ ᠪᠣᠯ | ᠲᠢᠶᠠᠨᠵᠢᠨ ᠤ ᠬᠥᠮᠦᠨ ᠠᠮᠠ ᠶᠢᠨ ᠨᠠᠰᠤᠵᠢᠯ ᠢ ᠢᠳᠡᠪᠬᠢᠲᠡᠶ ᠠᠷᠭᠠᠴᠠᠭᠠᠬᠤ᠂ ᠨᠠᠰᠤᠵᠢᠯ ᠤᠨ ᠠᠵᠤ ᠠᠬᠤᠶ ᠶᠢ | ᠪᠤᠶᠢᠵᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠾᠧ ᠳ᠋ᠦᠩ ᠲᠣᠭᠤᠷᠢᠭ ᠤᠨ ᠠᠷᠠᠳ ᠤᠨ ᠶᠠᠪᠤᠳᠠᠯ ᠤᠨ | ᠲᠣᠪᠴᠢᠶ᠎ᠠ ᠶᠢᠨ ᠳᠠᠷᠤᠭ᠎ᠠ ᠵᠢᠤᠢ ᠱᠢ ᠶᠤᠸᠠᠨ ᠤ ᠲᠠᠨᠢᠯᠴᠠᠭᠤᠯᠤᠭᠰᠠᠨ ᠢᠶᠠᠷ᠂ ᠬᠦᠷᠢᠶᠡᠯᠡᠩ ᠨᠢ ᠨᠠᠰᠤᠳᠠᠶᠢᠴᠤᠳ ᠤᠨ | ᠰᠤᠪᠢᠯᠠᠯᠲᠠ ᠂ ᠡᠷᠡᠭᠦᠯᠵᠢᠯ ᠂ ᠬᠠᠤᠯᠢ ᠴᠠᠭᠠᠵᠠ ᠶᠢᠨ ᠦᠢᠯᠡᠴᠢᠯᠡᠭᠡ ᠵᠡᠷᠭᠡ ᠣᠯᠠᠨ ᠡᠵᠡᠩᠨᠡᠯᠲᠡ ᠶᠢᠨ ᠪᠠᠶᠢᠳᠠᠯ ᠢ | ᠬᠠᠮᠤᠷᠤᠭᠰᠠᠨ ᠢᠶᠠᠷ ᠪᠠᠷᠠᠬᠤ ᠥᠬᠡᠶ᠂ ᠪᠠᠰᠠ ᠬᠠᠮᠢᠶ᠎ᠠ ᠪᠥᠬᠦᠶ ᠡᠷᠡᠭᠦᠯᠵᠢᠯ ᠰᠤᠪᠢᠯᠠᠯᠲᠠ ᠶᠢᠨ ᠲᠤᠰᠬᠠᠶ ᠮᠡᠷᠭᠡᠵᠢᠯ ᠤᠨ | ᠳᠡᠭᠡᠳᠦ ᠰᠤᠷᠭᠠᠭᠤᠯᠢ ᠬᠢᠭᠡᠳ ᠡᠷᠳᠡᠮ ᠰᠢᠨᠵᠢᠯᠡᠭᠡᠨ ᠤ ᠪᠠᠶᠢᠭᠤᠯᠤᠮᠵᠢ ᠲᠠᠢ ᠬᠠᠮᠲᠤᠷᠠᠨ᠂ ᠨᠠᠰᠤᠵᠢᠯ ᠤᠨ ᠠᠵᠤ | ᠠᠬᠤᠶ ᠶᠢᠨ ᠠᠵᠤ ᠦᠢᠯᠡᠰ ᠤᠨ ᠰᠤᠳᠤᠯᠭᠠᠨ ᠤ ᠬᠦᠷᠢᠶᠡᠯᠡᠩ ᠢ ᠪᠠᠶᠢᠭᠤᠯᠵᠤ᠂ ᠨᠠᠰᠤᠵᠢᠯ ᠤᠨ ᠠᠵᠤ ᠦᠢᠯᠡᠰ ᠤᠨ | ᠲᠣᠮᠣ ᠳ᠋ᠠᠶᠢᠲ᠋ᠠ ᠶᠢᠨ ᠬᠡᠷᠡᠭᠯᠡᠯᠲᠡ᠂ ᠲᠥᠷᠥᠯ ᠵᠦᠢᠯ ᠤᠨ ᠵᠥᠪᠯᠡᠯᠭᠡ᠂ ᠡᠭᠦᠯᠡᠨ ᠡᠬᠢ ᠪᠠᠶᠠᠯᠢᠭ ᠢ ᠬᠠᠮᠲᠤ ᠪᠠᠷ | ᠡᠳ᠋ᠯᠡᠬᠦ ᠵᠡᠷᠭᠡ ᠶᠢ ᠥᠷᠨᠢᠭᠦᠯᠵᠦ᠂ ᠢᠷᠡᠭᠡᠳᠦᠶ ᠳᠤ ᠨᠡᠶᠢᠭᠡᠮ ᠳᠤ ᠬᠠᠨᠳᠤᠭᠤᠯᠤᠨ ᠲᠣᠮᠣ ᠳ᠋ᠠᠶᠢᠲ᠋ᠠ ᠶᠢᠨ ᠬᠡᠷᠡᠭᠯᠡᠭᠡᠨ ᠤ | ᠲᠠᠯᠠᠪᠤᠷ ᠤᠨ ᠦᠢᠯᠡᠴᠢᠯᠡᠭᠡ ᠬᠠᠩᠭᠠᠨ᠎ᠠ᠃ | ᠤᠢᠢᠷ᠎ᠠ ᠶᠢᠨ ᠵᠢᠯ ᠠᠴᠠ᠂ ᠵᠢᠶᠠᠩᠰᠢ ᠮᠤᠵᠢ ᠨᠠᠰᠤᠵᠢᠯ ᠤᠨ ᠠᠵᠤ ᠠᠬᠤᠢ ᠶᠢᠨ ᠰᠢᠨ᠎ᠡ ᠶᠢ ᠡᠭᠦᠳᠬᠦ | ᠠᠵᠢᠯᠯᠠᠭ᠎ᠠ ᠶᠢ ᠪᠦᠬᠦ ᠲᠠᠯ᠎ᠠ ᠪᠠᠷ ᠥᠷᠨᠢᠭᠦᠯᠵᠦ᠂ ᠨᠢᠭᠡ ᠪᠦᠯᠦᠭ ᠨᠠᠰᠤᠵᠢᠯ ᠤᠨ ᠠᠵᠤ ᠠᠬᠤᠢ ᠶᠢᠨ ᠵᠢᠱᠢᠶ᠎ᠡ | ᠦᠵᠡᠭᠦᠯᠬᠦ ᠬᠦᠷᠢᠶᠡᠯᠡᠩ ᠲᠣᠭᠤᠷᠢᠭ ᠢ ᠪᠠᠶᠢᠷᠢᠰᠢᠭᠤᠯᠤᠨ ᠲᠥᠯᠥᠪᠵᠢᠭᠦᠯᠵᠦ᠂ ᠦᠢᠯᠡᠴᠢᠯᠡᠭᠡᠨ ᠤ ᠦᠢᠯᠡᠰ ᠤᠨ | ᠨᠡᠭᠡᠭᠡᠯᠲᠡᠲᠦ ᠶᠡᠷᠦᠩᠬᠡᠶᠢᠯᠡᠭᠰᠡᠨ ᠲᠤᠷᠰᠢᠯᠲᠠ ᠶᠢᠨ ᠴᠡᠭ ᠢ ᠥᠷᠭᠡᠳᠬᠡᠬᠦ ᠶᠢ ᠳᠡᠮᠵᠢᠪᠡ︔ ᠨᠢᠭᠡ ᠪᠦᠯᠦᠭ | ᠬᠠᠮᠲᠤᠷᠠᠯᠴᠠᠭᠠᠨ ᠤ ᠵᠢᠱᠢᠶ᠎ᠡ ᠦᠵᠡᠭᠦᠯᠬᠦ ᠬᠤᠳᠠ ᠪᠣᠯᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠢ | ᠪᠠᠶᠢᠭᠤᠯᠵᠤ᠂ ᠦᠢᠯᠡᠴᠢᠯᠡᠭᠡᠨ ᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ᠂ ᠠᠵᠤ ᠦᠢᠯᠡᠰ ᠤᠨ ᠬᠡᠯᠪᠡᠷᠢ ᠶᠢ | ᠬᠤᠪᠢᠷᠠᠭᠤᠯᠤᠨ ᠲᠡᠰ ᠳᠡᠪᠰᠢᠭᠦᠯᠬᠦ᠂ ᠰᠢᠨ᠎ᠡ ᠮᠡᠷᠭᠡᠵᠢᠯ ᠰᠢᠨ᠎ᠡ ᠡᠵᠡᠩᠨᠡᠯᠲᠡ ᠶᠢᠨ ᠬᠡᠯᠪᠡᠷᠢ ᠶᠢ ᠪᠤᠶᠢᠵᠢᠭᠤᠯᠬᠤ | ᠲᠠᠯ᠎ᠠ ᠪᠠᠷ ᠬᠠᠶᠢᠨ ᠰᠦᠪᠡᠭᠴᠢᠯᠡᠵᠦ ᠰᠢᠨ᠎ᠡ ᠶᠢ ᠡᠭᠦᠳᠬᠦ ᠶᠢ ᠠᠬᠢᠭᠤᠯᠪᠠ︔ ᠨᠢᠭᠡ ᠪᠦᠯᠦᠭ ᠡᠷᠡᠭᠦᠯ ᠮᠡᠨᠳᠦ ᠶᠢᠨ | ᠦᠢᠯᠡᠴᠢᠯᠡᠭᠡᠨ ᠤ ᠠᠵᠤ ᠦᠢᠯᠡᠰ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠢ ᠪᠠᠶᠢᠭᠤᠯᠵᠤ᠂ ᠨᠢᠭᠡ ᠪᠦᠯᠦᠭ | ᠶᠡᠷᠦᠩᠬᠡᠶᠢᠯᠡᠭᠰᠡᠨ ᠬᠡᠯᠪᠡᠷᠢ ᠶᠢᠨ ᠨᠠᠰᠤᠵᠢᠯ ᠤᠨ ᠰᠠᠭᠤᠷᠢᠨ ᠭᠠᠵᠠᠷ ᠢ ᠪᠤᠶᠢᠵᠢᠭᠤᠯᠤᠨ ᠪᠦᠷᠢᠯᠳᠦᠭᠦᠯᠪᠡ᠃ | ᠵᠢᠶᠠᠩᠰᠢ ᠮᠤᠵᠢ ᠶᠢᠨ ᠫᠢᠩ ᠰᠢᠶᠠᠩ ᠬᠤᠲᠠ ᠰᠢᠯᠢᠳᠡᠭ ᠰᠠᠶᠢᠬᠠᠨ ᠠᠭᠤᠯᠠ ᠤᠰᠤ ᠰᠣᠶᠣᠯ ᠢᠷᠭᠡᠨᠰᠢᠯ᠂ | ᠬᠤᠪᠢᠰᠬᠠᠯ ᠤᠨ ᠰᠣᠶᠣᠯ ᠤᠨ ᠡᠬᠢ ᠪᠠᠶᠠᠯᠢᠭ ᠪᠣᠯᠤᠨ ᠬᠢᠲᠠᠳ ᠡᠮ ᠡᠮᠨᠡᠯᠭᠡ ᠶᠢᠨ ᠳᠠᠪᠠᠭᠤᠯᠢᠭ ᠲᠤ ᠲᠦᠰᠢᠭᠯᠡᠨ᠂ | ᠨᠠᠰᠤᠲᠠᠶᠢᠴᠤᠳ ᠲᠤ ᠬᠠᠨᠳᠤᠭᠤᠯᠤᠭᠰᠠᠨ ᠡᠷᠡᠭᠦᠯ ᠮᠡᠨᠳᠦ ᠶᠢᠨ ᠬᠠᠮᠢᠶᠠᠷᠤᠯᠲᠠ᠂ ᠪᠡᠶ᠎ᠡ ᠰᠤᠪᠢᠯᠠᠯᠲᠠ ᠡᠷᠡᠭᠦᠯᠵᠢᠯ᠂ | ᠰᠤᠷᠭᠠᠨ ᠬᠥᠮᠦᠵᠢᠯ ᠤᠨ ᠦᠢᠯᠡᠴᠢᠯᠡᠭᠡ᠂ ᠵᠢᠭᠤᠯᠴᠢᠯᠠᠯ ᠰᠡᠯᠡᠭᠦᠴᠡᠯ ᠵᠡᠷᠭᠡ ᠡᠵᠡᠩᠨᠡᠯᠲᠡ ᠶᠢᠨ ᠬᠡᠯᠪᠡᠷᠢ ᠪᠠᠶᠢᠳᠠᠯ ᠤᠨ | ᠭᠦᠨᠵᠡᠭᠡᠶ ᠠᠭᠤᠰᠤᠯᠴᠠᠯ ᠢ ᠠᠬᠢᠭᠤᠯᠪᠠ᠃ ᠫᠢᠩ ᠰᠢᠶᠠᠩ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶᠠᠨ ᠤ | ᠳᠡᠳ᠋ ᠳᠠᠷᠤᠭ᠎ᠠ ᠭᠦᠸᠧ ᠱᠦ ᠫᠢᠩ ᠲᠠᠨᠢᠯᠴᠠᠭᠤᠯᠤᠭᠰᠠᠨ ᠨᠢ᠂ ︽ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠪᠠ | ᠠᠵᠢᠯ ᠲᠥᠷᠥᠯ︾ ᠤᠨ ᠠᠵᠢᠯᠯᠠᠭ᠎ᠠ ᠶᠢ ᠬᠡᠷᠡᠭᠵᠢᠭᠦᠯᠬᠦ ᠪᠠᠷ ᠳᠠᠮᠵᠢᠭᠤᠯᠤᠨ᠂ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠠᠵᠤ ᠦᠢᠯᠡᠰ ᠤᠨ ᠰᠢᠨ᠎ᠡ ᠵᠠᠭᠪᠤᠷ ᠬᠢᠭᠡᠳ ᠰᠢᠨ᠎ᠡ ᠡᠵᠡᠩᠨᠡᠯᠲᠡ ᠶᠢᠨ ᠪᠠᠶᠢᠳᠠᠯ ᠢ ᠰᠢᠨ᠎ᠡ ᠪᠠᠷ | ᠡᠭᠦᠳᠦᠨ ᠪᠠᠶᠠᠯᠢᠭᠵᠢᠭᠤᠯᠵᠤ᠂ ᠨᠠᠰᠤᠵᠢᠯ ᠤᠨ ᠠᠰᠠᠷᠠᠮᠵᠢ᠂ ᠰᠣᠶᠣᠯ ᠤᠨ ᠠᠰᠠᠷᠠᠮᠵᠢ᠂ ᠡᠷᠡᠭᠦᠯ ᠮᠡᠨᠳᠦ ᠶᠢᠨ | ᠠᠰᠠᠷᠠᠮᠵᠢ᠂ ᠪᠡᠶ᠎ᠡ ᠰᠤᠪᠢᠯᠠᠯᠲᠠ ᠶᠢᠨ ᠠᠰᠠᠷᠠᠮᠵᠢ ᠵᠡᠷᠭᠡ ᠰᠢᠨ᠎ᠡ ᠬᠡᠯᠪᠡᠷᠢ ᠶᠢᠨ ᠬᠡᠷᠡᠭᠯᠡᠭᠡᠨ ᠤ ᠬᠦᠷᠢᠶ᠎ᠡ ᠶᠢ | ᠥᠷᠭᠡᠳᠬᠡᠪᠡ᠃ | ᠬᠠᠷᠠᠮᠥ᠋ᠷᠡᠨ ᠮᠤᠵᠢ ᠶᠢᠨ ᠬᠢᠨ ︽ᠠᠷᠠᠳ ᠠᠴᠠ ᠡᠷᠭᠢᠯᠡᠭᠰᠡᠨ ᠨᠠᠰᠤᠵᠢᠯ ᠤᠨ ᠠᠰᠠᠷᠠᠮᠵᠢ ᠶᠢᠨ ᠠᠵᠤ | ᠦᠢᠯᠡᠰ ᠤᠨ ᠬᠥᠭᠵᠢᠯᠲᠡ ᠶᠢ ᠳᠡᠮᠵᠢᠬᠦ ᠲᠤᠬᠠᠶ ᠰᠠᠨᠠᠯ︾᠂ ︽ᠬᠠᠷᠠᠮᠥ᠋ᠷᠡᠨ ᠮᠤᠵᠢ ᠶᠢᠨ ︿ᠠᠷᠪᠠᠨ ᠳᠥᠷᠪᠡᠳᠦᠭᠡᠷ | ᠲᠠᠪᠤᠨ ᠵᠢᠯ﹀ ᠤᠨ ᠲᠥᠯᠥᠪᠵᠢᠭᠦᠯᠭᠡ ᠶᠢᠨ ᠬᠤᠭᠤᠴᠠᠭᠠᠨ ᠤ ᠨᠠᠰᠤᠲᠠᠨ ᠢ ᠠᠰᠠᠷᠠᠵᠤ ᠬᠡᠦᠬᠡᠳ ᠬᠦᠮᠦᠵᠢᠭᠦᠯᠬᠦ | ᠦᠢᠯᠡᠴᠢᠯᠡᠭᠡᠨ ᠤ ᠡᠷᠡᠭᠦᠯ ᠢᠶᠠᠷ ᠬᠥᠭᠵᠢᠬᠦ ᠶᠢ ᠠᠬᠢᠭᠤᠯᠬᠤ ᠲᠤᠬᠠᠶ ᠬᠡᠷᠡᠭᠵᠢᠭᠦᠯᠬᠦ ᠲᠥᠰᠦᠯ︾ ᠵᠡᠷᠭᠡ ᠲᠥᠷᠥ ᠶᠢᠨ | ᠪᠣᠳᠣᠯᠭ᠎ᠠ ᠶᠢᠨ ᠲᠥᠯᠥᠪᠵᠢᠭᠦᠯᠭᠡ ᠶᠢ ᠵᠠᠯᠭᠠᠭ᠎ᠠ ᠪᠠᠷ ᠨᠡᠶᠢᠲᠡᠯᠡᠵᠦ᠂ ᠡᠮᠴᠢᠯᠡᠭᠡ ᠰᠤᠪᠢᠯᠠᠯᠲᠠ᠂ ᠡᠷᠡᠭᠦᠯᠵᠢᠯ | ᠰᠤᠪᠢᠯᠠᠯᠲᠠ ᠶᠢᠨ ᠠᠵᠤ ᠦᠢᠯᠡᠰ᠂ ᠨᠠᠰᠤᠲᠠᠶᠢᠴᠤᠳ ᠲᠤ ᠳᠣᠭᠢᠷᠠᠬᠤ ᠡᠷᠡᠭᠦᠯᠵᠢᠯ ᠤᠨ ᠲᠤᠰᠠᠯᠠᠬᠤ ᠪᠠᠭᠠᠵᠢ ᠶᠢᠨ | ᠠᠵᠤ ᠦᠢᠯᠡᠰ᠂ ᠨᠠᠰᠤᠲᠠᠶᠢᠴᠤᠳ ᠤᠨ ᠰᠤᠷᠭᠠᠨ ᠬᠥᠮᠦᠵᠢᠯ ᠤᠷᠠᠨ ᠰᠠᠶᠢᠬᠠᠨ ᠤ ᠠᠵᠤ ᠦᠢᠯᠡᠰ᠂ | ᠨᠠᠰᠤᠲᠠᠶᠢᠴᠤᠳ ᠤᠨ ᠡᠷᠡᠭᠦᠯ ᠮᠡᠨᠳᠦ ᠳᠤ ᠳᠣᠭᠢᠷᠠᠬᠤ ᠢᠳᠡᠭᠡᠨ ᠤ ᠠᠵᠤ ᠦᠢᠯᠡᠰ᠂ ᠨᠠᠰᠤᠵᠢᠯ ᠤᠨ ᠠᠰᠠᠷᠠᠮᠵᠢ ᠶᠢᠨ | ᠪᠠᠲᠤᠯᠠᠭ᠎ᠠ ᠶᠢᠨ ᠠᠵᠤ ᠦᠢᠯᠡᠰ ᠵᠡᠷᠭᠡ ᠲᠠᠪᠤᠨ ᠶᠡᠭᠡ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ | ᠨᠥᠬᠦᠪᠥᠷᠢᠯᠡᠵᠦ ᠂ ᠴᠢᠩᠭᠠᠳᠬᠠᠬᠤ ᠶᠢ ᠬᠥᠲᠥᠯᠦᠨ ᠵᠢᠯᠣᠭᠤᠳᠪᠠ᠃ | ᠡᠯᠪᠡᠭ ᠲᠡᠯᠪᠡᠭ ᠦᠢᠯᠡᠳᠬᠦᠨ ᠬᠠᠩᠭᠠᠨ᠎ᠠ | ᠡᠯ᠎ᠡ ᠭᠠᠵᠠᠷ ᠤᠨ ᠬᠢᠨ ᠨᠠᠰᠤᠲᠠᠶᠢᠴᠤᠳ ᠤᠨ ᠦᠢᠯᠡᠳᠬᠦᠨ ᠤ ᠬᠡᠷᠡᠭᠰᠡᠯ ᠤᠨ ᠬᠠᠩᠭᠠᠯᠭ᠎ᠠ ᠶᠢ ᠢᠳᠡᠪᠬᠢᠲᠡᠢ | ᠪᠠᠶᠠᠯᠢᠭᠵᠢᠭᠤᠯᠵᠤ᠂ ᠨᠠᠰᠤᠲᠠᠶᠢᠴᠤᠳ ᠤᠨ ᠬᠡᠷᠡᠭᠰᠡᠯ ᠤᠨ ᠦᠢᠯᠡᠳᠬᠦᠨ ᠤ ᠬᠦᠳᠦᠯᠪᠦᠷᠢ ᠶᠢ ᠪᠠᠶᠢᠭᠤᠯᠤᠨ | ᠲᠡᠭᠦᠯᠳᠡᠷᠵᠢᠭᠦᠯᠬᠦ ᠶᠢ ᠠᠬᠢᠭᠤᠯᠵᠤ᠂ ᠨᠠᠰᠤᠲᠠᠶᠢᠴᠤᠳ ᠤᠨ ᠠᠮᠢᠳᠤᠷᠠᠯ ᠤᠨ ᠬᠡᠷᠡᠭᠰᠡᠯ ᠢ ᠥᠷᠭᠡᠨ ᠢᠶᠠᠷ ᠨᠡᠭᠡᠭᠡᠨ | ᠬᠥᠭᠵᠢᠭᠦᠯᠵᠦ᠂ ᠨᠠᠰᠤᠲᠠᠶᠢᠴᠤᠳ ᠤᠨ ᠢᠳᠡᠵᠦ ᠡᠮᠦᠰᠬᠦ ᠶᠠᠪᠤᠵᠤ ᠰᠠᠭᠤᠬᠤ ᠵᠡᠷᠭᠡ ᠡᠳᠦᠷ ᠲᠤᠳᠤᠮ ᠤᠨ | ᠬᠡᠷᠡᠭᠴᠡᠭᠡ ᠶᠢ ᠨᠡᠩ ᠰᠠᠶᠢᠨ ᠬᠠᠩᠭᠠᠵᠤ ᠪᠠᠶᠢᠨ᠎ᠠ᠃ | ᠬᠠᠷᠠᠮᠥ᠋ᠷᠡᠨ ᠮᠤᠵᠢ ᠶᠢᠨ ᠠᠷᠠᠳ ᠤᠨ ᠶᠠᠪᠤᠳᠠᠯ ᠤᠨ ᠲᠢᠩᠬᠢᠮ ᠨᠡᠶᠢᠭᠡᠮ ᠤᠨ ᠡᠷᠡᠭᠦᠯᠵᠢᠯ ᠤᠨ ᠡᠮᠨᠡᠯᠭᠡ ᠶᠢᠨ | ᠬᠤᠷᠢᠶ᠎ᠠ ᠳᠤ ᠲᠦᠰᠢᠭᠯᠡᠨ᠂ ᠨᠠᠰᠤᠵᠢᠯ ᠤᠨ ᠠᠰᠠᠷᠠᠮᠵᠢ ᠶᠢᠨ ᠦᠢᠯᠡᠳᠬᠦᠨ ᠤ ᠳᠡᠯᠭᠡᠨ ᠦᠵᠡᠭᠦᠯᠵᠦ ᠪᠡᠶᠡᠴᠢᠯᠡᠨ | ᠣᠶᠢᠯᠠᠭᠠᠬᠤ ᠲᠥᠪ᠂ ᠠᠵᠤ ᠦᠢᠯᠡᠰ ᠤᠨ ᠬᠥᠭᠵᠢᠯᠲᠡ ᠶᠢᠨ ᠲᠥᠪ᠂ ᠠᠵᠤ ᠠᠬᠤᠶᠢᠯᠠᠯ ᠤᠨ ᠬᠤᠳᠠᠯᠳᠤᠭᠠᠴᠢᠨ | ᠤᠷᠢᠬᠤ ᠲᠥᠪ᠂ ᠬᠤᠳᠠᠯᠳᠤᠭᠠᠨ ᠤ ᠶᠠᠪᠤᠳᠠᠯ ᠤᠨ ᠵᠥᠪᠳᠡᠯᠴᠡᠬᠦ ᠲᠥᠪ ᠵᠡᠷᠭᠡ 4 ᠲᠥᠪ ᠢ ᠪᠠᠶᠢᠭᠤᠯᠵᠤ᠂ ᠪᠥᠬᠦ | ᠤᠯᠤᠰ ᠲᠤ ᠬᠠᠮᠤᠭ ᠤᠷᠢᠳᠠᠪᠠᠷ ︽ᠡᠮᠴᠢᠯᠡᠭᠡ᠂ ᠨᠠᠰᠤᠵᠢᠯ᠂ ᠡᠷᠡᠭᠦᠯᠵᠢᠯ᠂ ᠰᠤᠪᠢᠯᠠᠯᠲᠠ᠂ ᠵᠤᠭᠠᠴᠠᠯ᠂ | ᠪᠤᠯᠪᠠᠰᠤᠷᠠᠯ᠂ ᠰᠤᠳᠤᠯᠭᠠᠨ᠂ ᠦᠢᠯᠡᠳᠪᠤᠷᠢᠯᠡᠯ︾ ᠵᠡᠷᠭᠡ ᠣᠯᠠᠨ ᠡᠵᠡᠩᠨᠡᠯᠲᠡ ᠶᠢᠨ ︽14N︾ ᠬᠡᠯᠪᠡᠷᠢ ᠶᠢᠨ | ᠣᠲᠣ ᠦᠶ᠎ᠡ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠵᠢᠱᠢᠶ᠎ᠡ ᠦᠵᠡᠭᠦᠯᠬᠦ ᠶᠡᠷᠦᠩᠬᠡᠶᠢᠯᠡᠭᠰᠡᠨ | ᠴᠣᠭᠴᠠ ᠶᠢ ᠪᠠᠶᠢᠭᠤᠯᠪᠠ᠃ | ᠣᠶᠢᠯᠠᠭᠠᠭᠰᠠᠨ ᠢᠶᠠᠷ᠂ ︽ᠯᠦᠩ ᠮᠢᠨ ᠺᠠᠩ︾ ᠨᠠᠰᠤᠵᠢᠯ ᠤᠨ ᠠᠰᠠᠷᠠᠮᠵᠢ ᠶᠢᠨ ᠠᠵᠢᠯ ᠲᠥᠷᠥᠯ ᠤᠨ | ᠨᠠᠷᠠᠲᠤ ᠲᠡᠮᠳᠡᠭᠲᠦ ᠶᠢ ᠳᠠᠩᠰᠠᠯᠠᠭᠤᠯᠬᠤ ᠪᠠᠷ ᠳᠠᠮᠵᠢᠭᠤᠯᠤᠨ᠂ ᠥᠨᠳᠥᠷ ᠪᠠᠷᠢᠮᠵᠢᠶᠠᠲᠤ ᠡᠵᠡᠩᠨᠡᠯᠲᠡ | ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠪᠠ᠃ ᠣᠳᠣᠬᠠᠨ ᠳᠤ᠂ ᠦᠢᠯᠡᠴᠢᠯᠡᠭᠡᠨ ᠤ ᠬᠤᠳᠠᠯᠳᠤᠭᠠᠨ ᠤ ᠬᠤᠲᠠ᠂ | ᠬᠡᠷ ᠲᠡᠭᠡᠨ ᠰᠠᠭᠤᠵᠤ ᠪᠠᠶᠢᠭ᠎ᠠ ᠨᠠᠰᠤᠲᠠᠶᠢᠴᠤᠳ ᠢ ᠠᠰᠠᠷᠠᠬᠤ APP᠂ ᠵᠠᠰᠠᠭ ᠤᠨ ᠣᠷᠳᠣᠨ ᠤ ᠬᠤᠳᠠᠯᠳᠤᠨ | ᠠᠪᠬᠤ ᠡᠯᠧᠺᠲᠷᠣᠨ ᠬᠤᠳᠠᠯᠳᠤᠭᠠᠨ ᠤ ᠲᠠᠯᠠᠪᠠᠶ᠂ ᠡᠷᠡᠭᠦᠯᠵᠢᠯ ᠤᠨ ᠲᠤᠰᠠᠯᠠᠬᠤ ᠪᠠᠭᠠᠵᠢ ᠤᠷᠢᠳᠴᠢᠯᠠᠨ | ᠲᠦᠷᠢᠶᠡᠰᠦᠯᠡᠬᠦ ᠬᠤᠳᠠᠯᠳᠤᠬᠤ ᠦᠢᠯᠡᠴᠢᠯᠡᠭᠡ ᠂ ᠵᠢᠴᠢ 38 ᠠᠵᠤ ᠠᠬᠤᠶᠢᠯᠠᠯ ᠢ ᠤᠷᠢᠨ ᠤᠷᠤᠯᠴᠠᠭᠤᠯᠵᠤ᠂ | ᠨᠠᠰᠤᠲᠠᠶᠢᠴᠤᠳ ᠲᠤ ᠳᠣᠭᠢᠷᠠᠬᠤ 800 ᠭᠠᠷᠤᠶ ᠵᠦᠢᠯ ᠤᠨ ᠦᠢᠯᠡᠳᠭᠦᠨ ᠪᠠ ᠦᠢᠯᠡᠴᠢᠯᠡᠭᠡ ᠶᠢ ᠨᠢᠭᠡᠨᠲᠡ | ᠬᠠᠩᠭᠠᠪᠠ᠃ | ᠵᠢᠶᠠᠩᠰᠢ ᠮᠤᠵᠢ ᠶᠢᠨ ᠶᠢᠩ ᠲᠠᠨ ᠬᠤᠲᠠ ᠶᠢᠨ ᠢᠦᠶ ᠵᠢᠶᠠᠩ ᠲᠣᠭᠤᠷᠢᠭ ᠤᠨ ᠴᠧᠩ ᠳ᠋ᠦᠩ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠲᠥᠪ ᠲᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠨᠡᠭᠡᠭᠡᠭᠰᠡᠨ | ᠨᠠᠰᠤᠲᠠᠶᠢᠴᠤᠳ ᠤᠨ ᠬᠡᠷᠡᠭᠯᠡᠭᠡᠨ ᠤ ᠬᠡᠲᠦ ᠳᠡᠯᠭᠡᠭᠦᠷ ᠲᠤ᠂ ᠨᠠᠰᠤᠲᠠᠶᠢᠴᠤᠳ ᠤᠨ ᠡᠳᠦᠷ ᠲᠤᠲᠤᠮ ᠤᠨ ᠬᠡᠷᠡᠭᠰᠡᠯ᠂ | ᠰᠤᠪᠢᠯᠠᠯᠲᠠ ᠶᠢᠨ ᠬᠡᠷᠡᠭᠰᠡᠯ ᠪᠠ ᠡᠷᠡᠭᠦᠯᠵᠢᠯ ᠤᠨ ᠲᠤᠰᠠᠯᠠᠬᠤ ᠪᠠᠭᠠᠵᠢ ᠬᠠᠩᠭᠠᠵᠤ᠂ ᠡᠷᠬᠢᠨ ᠲᠣᠭᠤᠷᠢᠨ ᠤ | ᠨᠠᠰᠤᠲᠠᠶᠢᠴᠤᠳ ᠤᠨ ᠬᠡᠷᠡᠭᠴᠡᠭᠡ ᠶᠢ ᠪᠦᠲᠦᠮᠵᠢᠲᠡᠶ ᠬᠠᠩᠭᠠᠪᠠ᠃ ᠲᠣᠰ ᠺᠣᠮᠫᠠᠨᠢ ᠶᠢᠨ ᠬᠠᠷᠢᠭᠤᠴᠠᠯᠭᠠᠲᠠᠨ | ᠲᠠᠨᠢᠯᠴᠠᠭᠤᠯᠬᠤ ᠳᠠᠭᠠᠨ᠂ ᠺᠣᠮᠫᠠᠨᠢ ᠪᠠᠰᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠬᠤᠭᠤᠯᠠᠨ | ᠬᠡᠷ ᠲᠤ ᠨᠠᠰᠤᠵᠢᠯ ᠤᠨ ᠠᠰᠠᠷᠠᠮᠵᠢ ᠶᠢᠨ ᠲᠤᠰᠠᠯᠠᠬᠤ ᠪᠠᠭᠠᠵᠢ ᠬᠡᠷᠡᠭᠰᠡᠯ ᠤᠨ ᠦᠵᠡᠭᠦᠯᠭᠡ ᠶᠢᠨ ᠲᠣᠭᠤᠷᠢᠭ ᠭᠠᠷᠭᠠᠵᠤ | ᠂ ᠨᠠᠰᠤᠲᠠᠶᠢᠴᠤᠳ ᠲᠤ ᠳᠣᠭᠢᠷᠠᠬᠤ ᠨᠠᠰᠤᠵᠢᠯ ᠤᠨ ᠠᠰᠠᠷᠠᠮᠵᠢ ᠶᠢᠨ ᠦᠢᠯᠡᠳᠬᠦᠨ ᠢ ᠪᠡᠶᠡᠴᠢᠯᠡᠨ ᠣᠶᠢᠯᠠᠭᠠᠭᠤᠯᠵᠤ᠂ | ᠨᠠᠰᠤᠳᠠᠶᠢᠴᠤᠳ ᠤᠨ ᠠᠵᠤ ᠠᠬᠤᠶ ᠶᠢᠨ ᠵᠠᠬ᠎ᠠ ᠳᠡᠯᠭᠡᠭᠦᠷ ᠤᠨᠰᠢᠨ᠎ᠡ ᠬᠤᠪᠢᠷᠠᠯᠲᠠ ᠶᠢᠨ ᠲᠤᠬᠠᠢ ᠪᠡᠶᠡᠴᠢᠯᠡᠨ | ᠤᠶᠢᠯᠠᠭᠠᠭᠤᠯᠪᠠ᠃ | ᠬᠠᠷᠠᠮᠦ᠋ᠷᠡᠨ ᠮᠣᠵᠢ ᠶᠢᠨ ᠳ᠋ᠠ ᠴᠢᠩ ᠬᠤᠲᠠ ᠲᠠᠷᠢᠶᠠᠯᠠᠩ ᠤᠨ ᠡᠬᠢ ᠪᠠᠶᠠᠯᠢᠭ ᠤᠨ ᠳᠠᠪᠠᠭᠤᠯᠢᠭ ᠢ ᠠᠰᠢᠭᠯᠠᠨ᠂ | ᠨᠠᠰᠤᠲᠠᠶᠢᠴᠤᠳ ᠲᠤ ᠲᠣᠬᠢᠷᠠᠬᠤ ᠢᠳᠡᠭᠡᠨ ᠤ ᠠᠵᠤ ᠦᠢᠯᠡᠰ ᠤᠨ ︽1357︾ ᠶᠢ ᠪᠦᠬᠦ ᠬᠤᠲᠠ ᠵᠢᠨᠣᠳᠣ | ᠦᠶ᠎ᠡ ᠶᠢᠨ ᠬᠥᠭᠵᠢᠯᠲᠡ ᠶᠢᠨ ᠠᠵᠤ ᠦᠢᠯᠡᠰ ᠤᠨ ᠰᠢᠰᠲ᠋ᠧᠮ ᠳᠤ ᠣᠷᠣᠭᠤᠯᠵᠤ᠂ ᠣᠳᠣᠬᠠᠨ ᠳᠤ ᠭᠤᠣᠯ ᠢᠳᠡᠭᠡᠨ | ᠪᠤᠯᠬᠤ ᠬᠤᠯᠢᠮᠠᠭ ᠠᠮᠤ᠂ ᠴᠠᠭᠠᠨ ᠢᠳᠡᠭᠡ᠂ ᠪᠣᠬᠢᠷᠲᠤᠯ ᠦᠭᠡᠢ ᠵᠢᠮᠢᠰ ᠵᠢᠴᠢ ᠢᠳᠡᠰᠢᠨ ᠨᠣᠭᠤᠭ᠎ᠠ | ᠪᠣᠯᠪᠠᠰᠤᠷᠠᠭᠤᠯᠬᠤ ᠦᠢᠯᠡᠳᠬᠦᠨ ᠵᠡᠷᠭᠡ ᠵᠠᠭᠤ ᠭᠠᠷᠤᠢ ᠵᠦᠢᠯ ᠤᠨ ᠨᠠᠰᠤᠲᠠᠶᠢᠴᠤᠳ ᠲᠤ ᠲᠣᠬᠢᠷᠠᠬᠤ ᠦᠢᠯᠡᠳᠬᠦᠨ ᠢ | ᠨᠡᠭᠡᠭᠡᠨ ᠬᠥᠭᠵᠢᠭᠦᠯᠵᠦ ᠪᠠᠶᠢᠨ᠎ᠠ᠃ ᠳ᠋ᠠᠴᠢᠩ ᠬᠤᠲᠠ ᠨᠠᠰᠤᠵᠢᠯᠲᠠ ᠳᠤ ᠵᠣᠬᠢᠴᠠᠭᠰᠠᠨ ᠢᠳᠡᠭᠡᠨ ᠤ ᠠᠵᠤ | ᠦᠢᠯᠡᠰ ᠤᠨ ᠬᠡᠯᠬᠢᠶ᠎ᠡ ᠶᠢᠨ ᠲᠡᠰ ᠳᠡᠪᠰᠢᠬᠦ ᠶᠢ ᠢᠳᠡᠪᠬᠢᠲᠡᠢ ᠠᠬᠢᠭᠤᠯᠵᠤ᠂ ᠡᠷᠡᠭᠦᠯᠵᠢᠯ ᠰᠤᠪᠢᠯᠠᠯᠲᠠ ᠵᠤᠭᠠᠴᠠᠯ ᠤᠨ | ᠬᠥᠭᠵᠢᠯᠲᠡ ᠶᠢ ᠠᠬᠢᠭᠤᠯᠵᠤ᠂ ᠦᠷᠭᠦᠯᠵᠢᠯᠡᠨ ︽ᠵᠠᠭᠤᠨ ᠨᠠᠭᠤᠷ ᠠᠮᠢ ᠠᠬᠤᠢ ᠶᠢᠨ ᠬᠤᠳᠠ᠂ ᠣᠷᠣᠰᠢᠨ | ᠰᠠᠭᠤᠬᠤ ᠳᠤ ᠲᠣᠬᠢᠷᠠᠮᠵᠢᠲᠠᠢ ᠡᠷᠡᠭᠦᠯᠵᠢᠯ ᠤᠨ ᠭᠠᠵᠠᠷ︾ ᠭᠡᠬᠦ ᠬᠤᠳᠠ ᠶᠢᠨ ᠲᠦᠷᠦᠯ ᠲᠡᠮᠳᠡᠭ ᠢ ᠤᠬᠠᠭᠤᠯᠵᠤ | ᠪᠠᠶᠢᠨ᠎ᠠ᠃ | | ᠢᠷᠡᠯᠲᠡ᠄ ᠠᠵᠤ ᠠᠬᠤᠢ ᠶᠢᠨ ᠡᠳᠦᠷ ᠤᠨ ᠰᠣᠨᠢᠨ |