ᠳᠤᠮᠳᠠᠳᠤ ᠤᠯᠤᠰ ᠤᠨ ᠴᠠᠭ ᠠᠭᠤᠷ ᠤᠨ ᠲᠣᠪᠴᠢᠶ᠎ᠠ ᠶᠢᠨ ᠴᠠᠭ ᠠᠭᠤᠷ ᠤᠨ ᠬᠡᠲᠦ ᠪᠣᠳᠣᠯᠭ᠎ᠠ ᠶᠢᠨ ᠲᠥᠪ ︵ᠬᠤᠷᠢᠨᠭᠡᠷ︶ ᠫᠠᠶᠢᠰᠠ ᠰᠡᠬᠦᠪᠡ
ᠨᠡᠶᠢᠲᠡᠯᠡᠭᠰᠡᠨ ᠴᠠᠭ᠄
2024/5/30
       5 ᠳ᠋ᠤᠭᠠᠷ ᠰᠠᠷ᠎ᠠ ᠶᠢᠨ 20 ᠤ ᠡᠳᠦᠷ ᠤᠨ ᠦᠳᠡ ᠶᠢᠨ ᠬᠤᠶᠢᠨ᠎ᠠ᠂ ᠳᠤᠮᠳᠠᠳᠤ ᠤᠯᠤᠰ ᠤᠨ ᠴᠠᠭ ᠠᠭᠤᠷ ᠤᠨ ᠲᠣᠪᠴᠢᠶ᠎ᠠ ᠶᠢᠨ ᠴᠠᠭ ᠠᠭᠤᠷ ᠤᠨ ᠬᠡᠲᠦ ᠪᠣᠳᠣᠯᠭ᠎ᠠ ᠶᠢᠨ ᠲᠥᠪ ︵ᠬᠤᠷᠢᠨᠭᠡᠷ︶ ᠫᠠᠶᠢᠰᠠ ᠰᠡᠬᠦᠬᠦ ᠶᠣᠰᠣᠯᠠᠯ ᠶᠠᠪᠤᠭᠤᠯᠪᠠ᠃ ᠳᠤᠮᠳᠠᠳᠤ ᠤᠯᠤᠰ ᠤᠨ ᠴᠠᠭ ᠠᠭᠤᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠴᠧᠨ ᠵᠧᠨ ᠯᠢᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ ᠬᠠᠮᠲᠤ ᠪᠠᠷ ᠬᠡᠳᠦ ᠪᠣᠳᠣᠯᠭ᠎ᠠ ᠶᠢᠨ ᠲᠥᠪ ᠤᠨ ᠫᠠᠶᠢᠰᠠ ᠶᠢ ᠰᠡᠬᠦᠪᠡ᠃      ᠳᠤᠮᠳᠠᠳᠤ ᠤᠯᠤᠰ ᠤᠨ ᠴᠠᠭ ᠠᠭᠤᠷ ᠤᠨ ᠲᠣᠪᠴᠢᠶ᠎ᠠ ᠶᠢᠨ ᠶᠡᠷᠦᠩᠬᠡᠶ ᠢᠨᠵᠧᠨᠧᠷ ᠰᠥᠩ ᠱᠠᠨ ᠶᠦᠨ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠳᠠᠶᠢᠴᠢᠨ ᠨᠠᠷ ᠣᠷᠣᠯᠴᠠᠵᠤ᠂ ᠤᠯᠤᠰ ᠤᠨ ᠴᠠᠭ ᠠᠭᠤᠷ ᠤᠨ ᠮᠡᠳᠡᠭᠡ ᠵᠠᠩᠭᠢ ᠶᠢᠨ ᠲᠥᠪ ᠤᠨ ᠡᠷᠬᠢᠯᠡᠭᠴᠢ ᠰᠢᠶᠤᠤ ᠸᠧᠨ ᠮᠢᠩ ᠫᠠᠶᠢᠰᠠ ᠰᠡᠬᠦᠬᠦ ᠶᠣᠰᠣᠯᠠᠯ ᠢ ᠡᠷᠭᠢᠯᠡᠪᠡ᠃      ᠳᠤᠮᠳᠠᠳᠤ ᠤᠯᠤᠰ ᠤᠨ ᠴᠠᠭ ᠠᠭᠤᠷ ᠤᠨ ᠲᠣᠪᠴᠢᠶ᠎ᠠ ᠶᠢᠨ ᠴᠠᠭ ᠠᠭᠤᠷ ᠤᠨ ᠬᠡᠲᠦ ᠪᠣᠳᠣᠯᠭ᠎ᠠ ᠶᠢᠨ ᠲᠥᠪ ︵ᠬᠤᠷᠢᠨᠭᠡᠷ︶ ᠨᠢ ᠬᠤᠷᠢᠨᠭᠡᠷ ᠰᠢᠨ᠎ᠡ ᠲᠣᠭᠤᠷᠢᠭ ᠤᠨ ᠣᠶᠤᠨᠴᠢ ᠦᠢᠯᠡᠳᠬᠦ ᠠᠵᠤ ᠦᠢᠯᠡᠰ ᠤᠨ ᠬᠦᠷᠢᠶᠡᠯᠡᠩ ᠳᠤ ᠪᠠᠶᠢᠷᠢᠯᠠᠵᠤ᠂ ︽ᠵᠡᠭᠦᠨ ᠪᠡᠶ᠎ᠡ ᠶᠢᠨ ᠲᠤᠭ᠎ᠠ ᠶᠢ ᠪᠠᠷᠠᠭᠤᠨ ᠪᠡᠶ᠎ᠡ ᠳᠤ ᠪᠣᠳᠣᠬᠤ︾ ᠥᠪᠥᠷ ᠮᠣᠩᠭᠤᠯ ᠤᠨ ᠬᠦᠢᠰᠦ ᠬᠤᠷᠢᠨᠭᠡᠷ ᠤᠨ ᠲᠤᠭ᠎ᠠ ᠪᠠᠷᠢᠮᠲᠠ ᠶᠢᠨ ᠲᠥᠪ ᠤᠨ ᠪᠥᠭᠡᠮᠨᠡᠷᠡᠯ ᠳᠤ ᠣᠷᠣᠰᠢᠵᠤ᠂ ᠶᠡᠷᠦᠩᠬᠡᠢ ᠪᠡᠯᠡ ᠣᠷᠣᠭᠤᠯᠤᠯᠲᠠ ᠨᠢ ᠪᠠᠷᠤᠭ 3 ᠳ᠋ᠦᠩᠰᠢᠭᠤᠷ ᠲᠥᠭᠦᠷᠢᠭ ᠬᠦᠷᠴᠡᠢ᠃ ᠬᠡᠳᠦ ᠪᠣᠳᠣᠯᠭ᠎ᠠ ᠶᠢᠨ ᠲᠥᠪ ᠨᠢ ᠲᠦᠷᠦᠯ ᠵᠦᠢᠯ ᠲᠣᠭᠲᠠᠭᠠᠬᠤ ᠠᠴᠠ ᠠᠪᠤᠭᠠᠳ ᠪᠦᠲᠦᠭᠡᠨ ᠪᠠᠶᠢᠭᠤᠯᠵᠤ ᠳᠠᠭᠤᠰᠲᠠᠯ᠎ᠠ ᠵᠥᠪᠬᠡᠨ 18 ᠰᠠᠷ᠎ᠠ ᠬᠡᠷᠡᠭᠰᠡᠵᠦ᠂ ᠲᠡᠭᠦᠨ ᠤ ᠳᠣᠲᠣᠷ᠎ᠠ ᠬᠡᠳᠦ ᠪᠣᠳᠣᠯᠭ᠎ᠠ ᠶᠢᠨ ᠲᠣᠮᠣ ᠠᠰᠠᠷ ᠨᠢ ᠠᠵᠢᠯ ᠡᠬᠢᠯᠡᠭᠰᠡᠨ ᠠᠴᠠ ᠠᠰᠢᠭᠯᠠᠯᠲᠠ ᠳᠤ ᠤᠷᠤᠲᠠᠯ᠎ᠠ ᠵᠥᠪᠬᠡᠨ 183 ᠡᠳᠦᠷ ᠬᠡᠷᠡᠭᠯᠡᠪᠡ᠃      ᠣᠶᠢᠯᠠᠭᠠᠭᠰᠠᠨ ᠢᠶᠠᠷ᠂ ᠳᠤᠮᠳᠠᠳᠤ ᠤᠯᠤᠰ ᠤᠨ ᠴᠠᠭ ᠠᠭᠤᠷ ᠤᠨ ᠲᠣᠪᠴᠢᠶ᠎ᠠ ᠶᠢᠨ ᠴᠠᠭ ᠠᠭᠤᠷ ᠤᠨ ᠬᠡᠲᠦ ᠪᠣᠳᠣᠯᠭ᠎ᠠ ᠶᠢᠨ ᠲᠥᠪ ︵ᠬᠤᠷᠢᠨᠭᠡᠷ︶ ᠨᠤᠭᠤᠭᠠᠨ ᠴᠠᠬᠢᠯᠭᠠᠨ ᠤ ᠬᠡᠷᠡᠭᠯᠡᠯᠲᠡ ᠶᠢᠨ ᠬᠠᠷᠢᠴᠠᠯ ᠢ ᠬᠠᠮᠤᠭ ᠤᠨ ᠥᠨᠳᠥᠷ ᠲᠡᠭᠡᠨ 70% ᠬᠦᠷᠦᠭᠦᠯᠵᠦ᠂ ᠵᠢᠯ ᠪᠦᠷᠢ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ 3000 ᠲᠣᠨ ᠪᠠᠭᠠᠰᠬᠠᠬᠤ ᠪᠣᠯᠤᠨ᠎ᠠ᠃ ᠲᠥᠷᠥᠯ ᠵᠦᠢᠯ ᠤᠨ ᠪᠠᠶᠢᠭᠤᠯᠤᠭᠰᠠᠨ ᠪᠣᠳᠣᠯᠭ᠎ᠠ ᠶᠢᠨ ᠰᠢᠰᠲ᠋ᠧᠮ ᠤᠨ ᠣᠷᠭᠢᠯ ᠬᠡᠮᠵᠢᠭᠳᠡᠯ ᠤᠨ ᠪᠤᠳᠤᠬᠤ ᠴᠢᠳᠠᠪᠤᠷᠢ ᠨᠢ 20PFlops ᠬᠦᠷᠴᠦ᠂ ᠭᠡᠷᠡᠯᠯᠢᠭ ᠰᠢᠷᠬᠡᠭ ᠢᠶᠠᠷ ᠳᠤᠮᠳᠠᠳᠤ ᠤᠯᠤᠰ ᠤᠨ ᠴᠠᠭ ᠠᠭᠤᠷ ᠤᠨ ᠲᠣᠪᠴᠢᠶ᠎ᠠ ᠶᠢᠨ ᠠᠯᠪᠠᠨ ᠠᠵᠢᠯ ᠤᠨ ᠬᠦᠷᠢᠶᠡᠯᠡᠩ ᠲᠣᠭᠤᠷᠢᠭ ᠤᠨ ᠰᠦᠯᠵᠢᠶ᠎ᠡ ᠲᠠᠢ ᠳᠡᠭᠡᠳᠦ ᠬᠤᠷᠳᠤᠴᠠ ᠪᠠᠷ ᠬᠤᠯᠪᠣᠯᠳᠤᠪᠠ᠃ ᠬᠡᠲᠦ ᠪᠣᠳᠣᠯᠭ᠎ᠠ ᠶᠢᠨ ᠲᠥᠪ ᠢ ᠪᠦᠲᠦᠭᠡᠨ ᠪᠠᠶᠢᠭᠤᠯᠬᠤ ᠶᠢᠨ ᠳᠠᠭᠠᠤ ᠬᠡᠷᠡᠭᠯᠡᠵᠦ᠂ ᠥᠪᠡᠷᠲᠡᠭᠡᠨ ᠵᠠᠰᠠᠬᠤ ᠣᠷᠣᠨ ᠠᠴᠠ ᠳᠠᠭᠠᠭᠠᠨ ᠡᠷᠬᠢᠯᠡᠭᠰᠡᠨ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠳᠤ ᠲᠤᠭ᠎ᠠ ᠬᠡᠮᠵᠢᠭᠳᠡᠯ ᠤᠨ ᠤᠷᠢᠳᠴᠢᠯᠠᠨ ᠮᠡᠳᠡᠭᠡᠯᠡᠬᠦ ᠵᠠᠭᠪᠤᠷ ᠤᠨ ᠠᠵᠢᠯᠯᠠᠭᠠᠨ ᠵᠡᠷᠭᠡ ᠴᠠᠭ ᠠᠭᠤᠷ ᠤᠨ ᠦᠢᠯᠡᠴᠢᠯᠡᠭᠡᠨ ᠤ ᠪᠠᠲᠤᠯᠠᠭ᠎ᠠ ᠬᠠᠩᠭᠠᠵᠤ᠂ ᠳᠤᠮᠳᠠᠳᠤ ᠤᠯᠤᠰ ᠤᠨ ᠴᠠᠭ ᠠᠭᠤᠷ ᠤᠨ ᠲᠣᠪᠴᠢᠶ᠎ᠠ ᠶᠢᠨ ᠪᠦᠬᠦ ᠪᠥᠮᠪᠥᠷᠴᠡᠭ ᠤᠨ ᠲᠤᠭ᠎ᠠ ᠬᠡᠮᠵᠢᠭᠳᠡᠯ ᠤᠨ ᠤᠷᠢᠳᠴᠢᠯᠠᠨ ᠮᠡᠳᠡᠭᠡᠯᠡᠬᠦ ᠵᠠᠭᠪᠤᠷ ᠵᠡᠷᠭᠡ ᠭᠤᠣᠯ ᠲᠤᠬᠠᠶᠢᠯᠠᠭᠰᠠᠨ ᠠᠵᠢᠯ ᠤᠨ ᠰᠢᠰᠲ᠋ᠧᠮ ᠶᠠᠭ ᠲᠤᠷᠰᠢᠨ ᠠᠵᠢᠯᠯᠠᠵᠤ ᠪᠠᠶᠢᠨ᠎ᠠ᠃      ᠳᠤᠮᠳᠠᠳᠤ ᠤᠯᠤᠰ ᠤᠨ ᠴᠠᠭ ᠠᠭᠤᠷ ᠤᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠵᠢᠴᠢ ᠮᠠᠨ ᠤ ᠬᠤᠲᠠ ᠶᠢᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠫᠠᠶᠢᠰᠠ ᠰᠡᠬᠦᠬᠦ ᠶᠣᠰᠣᠯᠠᠯ ᠳᠤ ᠣᠷᠣᠯᠴᠠᠭᠰᠠᠨ ᠪᠥᠭᠡᠳ ᠬᠡᠳᠦ ᠪᠣᠳᠣᠯᠭ᠎ᠠ ᠶᠢᠨ ᠮᠠᠰᠢᠨ ᠤ ᠭᠡᠷ ᠢ ᠲᠣᠭᠤᠷᠢᠨ ᠦᠵᠡᠵᠦ᠂ ᠬᠡᠳᠦ ᠪᠣᠳᠣᠯᠭ᠎ᠠ ᠶᠢᠨ ᠰᠢᠰᠲ᠋ᠧᠮ ᠤᠨ ᠬᠡᠪᠴᠢᠶ᠎ᠡ ᠪᠠ ᠬᠡᠷᠡᠭᠯᠡᠯᠲᠡ ᠶᠢᠨ ᠪᠠᠶᠢᠳᠠᠯ ᠢ ᠣᠶᠢᠯᠠᠭᠠᠪᠠ᠃ ︵ᠯᠢ ᠬᠠᠢ ᠵᠧᠨ︶
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1