ᠬᠥᠬᠡᠬᠤᠲᠠ ᠶᠢᠨ ᠤᠷᠭᠤᠮᠠᠯ ᠤᠨ ᠬᠦᠷᠢᠶᠡᠯᠡᠩ ︽ᠥᠪᠥᠷ ᠮᠣᠩᠭᠤᠯ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠬᠥᠮᠦᠵᠢᠯ ᠤᠨ ᠰᠠᠭᠤᠷᠢᠨ ᠭᠠᠵᠠᠷ︾ ᠤᠨ ᠴᠣᠯᠠ ᠭᠥᠷᠳᠡᠪᠡ
ᠨᠡᠶᠢᠲᠡᠯᠡᠭᠰᠡᠨ ᠴᠠᠭ᠄
2024/5/30
      ︵ᠰᠤᠷᠪᠤᠯᠵᠢᠯᠠᠭᠴᠢ ᠰᠦᠩ ᠰᠢᠶᠠᠩ ᠬᠤᠸᠠ︶ 5 ᠳ᠋ᠤᠭᠠᠷ ᠰᠠᠷ᠎ᠠ ᠶᠢᠨ 22 ᠤᠨ ᠡᠳᠦᠷ᠂ ᠥᠪᠡᠷᠲᠡᠭᠡᠨ ᠵᠠᠰᠠᠬᠤ ᠣᠷᠣᠨ ᠤ 2024 ᠣᠨ ᠤ ᠣᠯᠠᠨ ᠤᠯᠤᠰ ᠤᠨ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠤᠨ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠬᠢᠭᠡᠳ ᠬᠥᠬᠡᠬᠤᠲᠠ ᠶᠢᠨ ᠠᠩᠬᠠᠳᠤᠭᠠᠷ ᠬᠤᠭᠤᠴᠠᠭᠠᠨ ᠤ ᠴᠡᠴᠡᠷᠯᠢᠭ ᠤᠨ ᠤᠷᠭᠤᠮᠠᠯ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠪᠠᠶᠠᠷ ᠤᠨ ᠡᠬᠢᠯᠡᠯᠲᠡ ᠶᠢᠨ ᠶᠣᠰᠣᠯᠠᠯ ᠳᠡᠭᠡᠷ᠎ᠡ᠂ ᠬᠥᠬᠡᠬᠤᠲᠠ ᠶᠢᠨ ᠤᠷᠭᠤᠮᠠᠯ ᠤᠨ ᠬᠦᠷᠢᠶᠡᠯᠡᠩ ᠳᠤ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠠᠴᠠ ︽ᠥᠪᠥᠷ ᠮᠣᠩᠭᠤᠯ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠬᠥᠮᠦᠵᠢᠯ ᠤᠨ ᠰᠠᠭᠤᠷᠢᠨ ᠭᠠᠵᠠᠷ︾ ᠤᠨ ᠴᠣᠯᠠ ᠣᠯᠭᠤᠵᠤ᠂ ᠮᠠᠨ ᠤ ᠬᠤᠲᠠ ᠶᠢᠨ ᠴᠡᠴᠡᠷᠯᠢᠭ ᠤᠨ ᠰᠢᠰᠲ᠋ᠧᠮ ᠤᠨ ᠥᠪᠡᠷᠲᠡᠭᠡᠨ ᠵᠠᠰᠠᠬᠤ ᠣᠷᠣᠨ ᠤ ᠲᠠᠰ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠩᠬᠠᠳᠠᠭᠴᠢ ᠰᠠᠭᠤᠷᠢᠨ ᠭᠠᠵᠠᠷ ᠪᠣᠯᠭᠠᠪᠠ᠃      ᠬᠥᠬᠡᠬᠤᠲᠠ ᠶᠢᠨ ᠤᠷᠭᠤᠮᠠᠯ ᠤᠨ ᠬᠦᠷᠢᠶᠡᠯᠡᠩ ᠨᠢ ᠬᠥᠬᠡᠬᠤᠲᠠ ᠶᠢᠨ ᠴᠡᠴᠡᠷᠯᠢᠭ ᠤᠨ ᠪᠦᠲᠦᠭᠡᠨ ᠪᠠᠢᠭᠤᠯᠤᠯᠲᠠ ᠶᠢᠨ ᠦᠢᠯᠡᠴᠢᠯᠡᠭᠡᠨ ᠤ ᠲᠥᠪ ᠲᠤ ᠬᠠᠷᠢᠶᠠᠯᠠᠭᠳᠠᠨ᠎ᠠ᠃ ᠣᠯᠠᠨ ᠵᠢᠯ ᠤᠨ ᠲᠤᠷᠰᠢ᠂ ᠬᠥᠬᠡᠬᠤᠲᠠ ᠶᠢᠨ ᠤᠷᠭᠤᠮᠠᠯ ᠤᠨ ᠬᠦᠷᠢᠶᠡᠯᠡᠩ ᠨᠢ ᠮᠠᠨ ᠤ ᠤᠯᠤᠰ ᠤᠨ ᠭᠠᠩ ᠬᠠᠭᠤᠷᠠᠢ ᠬᠠᠭᠠᠰ ᠭᠠᠩ ᠬᠠᠭᠤᠷᠠᠢ ᠭᠠᠵᠠᠷ ᠣᠷᠣᠨ ᠤ ᠤᠷᠭᠤᠮᠠᠯ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ ᠪᠠ ᠦᠷᠭᠦᠯᠵᠢᠯᠡᠨ ᠠᠰᠢᠭᠯᠠᠬᠤ ᠣᠷᠣᠨ ᠪᠦᠰᠡ ᠶᠢᠨ ᠴᠢᠨᠠᠷᠲᠠᠢ ᠲᠥᠪ ᠪᠣᠯᠬᠤ ᠪᠠᠷ ᠴᠢᠷᠮᠠᠢᠵᠤ᠂ ᠲᠤᠰ ᠣᠷᠣᠨ ᠪᠦᠰᠡ ᠳᠤ ᠲᠣᠬᠢᠷᠠᠬᠤ ᠡᠯ᠎ᠡ ᠲᠥᠷᠥᠯ ᠤᠨ ᠤᠷᠭᠤᠮᠠᠯ ᠢ ᠥᠷᠭᠡᠨ ᠢᠶᠠᠷ ᠴᠤᠭᠯᠠᠭᠤᠯᠬᠤ ᠶᠢᠨ ᠬᠠᠮᠲᠤ ᠬᠠᠮᠢᠶ᠎ᠠ ᠪᠦᠬᠦᠢ ᠰᠤᠳᠤᠯᠭᠠᠨ ᠥᠷᠨᠢᠭᠦᠯᠵᠦ᠂ ᠨᠤᠲᠤᠭ ᠤᠨ ᠤᠷᠭᠤᠮᠠᠯ ᠢ ᠬᠠᠮᠠᠭᠠᠯᠠᠬᠤ ᠪᠠ ᠠᠰᠢᠭᠯᠠᠬᠤ ᠶᠢ ᠴᠢᠬᠤᠯᠠᠴᠢᠯᠠᠵᠤ᠂ ᠰᠢᠨᠵᠢᠯᠡᠬᠦ ᠤᠬᠠᠭᠠᠨ ᠤ ᠰᠤᠳᠤᠯᠤᠯ ᠪᠣᠯᠤᠨ ᠦᠢᠯᠡᠳᠦᠯᠭᠡ ᠶᠢ ᠤᠶᠠᠯᠳᠤᠭᠤᠯᠬᠤ ᠶᠢ ᠴᠢᠬᠤᠯᠠᠴᠢᠯᠠᠪᠠ᠃ ᠲᠣᠰ ᠴᠡᠴᠡᠷᠯᠢᠭ ᠨᠢ ︽ᠲᠤᠬᠠᠶ ᠶᠢᠨ ᠭᠠᠵᠠᠷ ᠣᠷᠣᠨ ᠤ ᠪᠠᠶᠢᠳᠠᠯ ᠳᠠᠭᠠᠨ ᠳᠣᠭᠢᠷᠠᠭᠤᠯᠤᠨ᠂ ᠤᠷᠭᠤᠮᠠᠯ ᠢᠶᠠᠷ ᠥᠩᠭᠡ ᠦᠵᠡᠮᠵᠢ ᠶᠢ ᠪᠣᠶ ᠪᠣᠯᠭᠠᠵᠤ᠂ ᠣᠨᠴᠠᠯᠢᠭ ᠢ ᠳᠣᠪᠤᠶᠢᠯᠭᠠᠬᠤ︾ ᠵᠠᠷᠴᠢᠮ ᠢ ᠵᠢᠷᠤᠮᠯᠠᠨ᠂ ᠬᠦᠷᠢᠶᠡᠯᠡᠩ ᠲᠤᠭᠤᠷᠢᠭ ᠨᠢ ︽ᠲᠤᠰᠬᠠᠶ ᠲᠥᠷᠥᠯ ᠤᠨ ᠬᠦᠷᠢᠶᠡᠯᠡᠩ︾ ᠢᠶᠠᠷ ᠭᠤᠤᠯ ᠪᠣᠯᠭᠠᠵᠤ᠂ ︽ᠵᠢᠵᠢᠭ ᠮᠥᠷᠲᠡᠭᠡᠨ ᠨᠠᠷᠢᠯᠢᠭ︾ ᠬᠦᠷᠢᠶᠡᠯᠡᠩ ᠪᠠᠶᠢᠭᠤᠯᠬᠤ ᠠᠷᠭ᠎ᠠ ᠪᠣᠳᠣᠯᠭ᠎ᠠ ᠶᠢ ᠬᠡᠷᠡᠭᠯᠡᠨ᠂ ᠭᠤᠤᠯᠲᠤ ᠪᠤᠷᠤ ᠶᠢᠨ ᠬᠦᠷᠢᠶᠡᠯᠡᠩ᠂ ᠴᠠᠩᠬᠤᠶ ᠴᠡᠴᠡᠭ ᠤᠨ ᠬᠦᠷᠢᠶᠡᠯᠡᠩ᠂ ᠲᠠᠯ᠎ᠠ ᠨᠤᠲᠤᠭ ᠤᠨ ᠥᠩᠭᠡ ᠦᠵᠡᠮᠵᠢ ᠶᠢᠨ ᠬᠦᠷᠢᠶᠡᠯᠡᠩ᠂ ᠳᠠᠯᠠᠨ ᠬᠠᠯᠢᠰᠤ ᠶᠢᠨ ᠬᠦᠷᠢᠶᠡᠯᠡᠩ᠂ ᠤᠰᠤᠨ ᠤ ᠤᠷᠭᠤᠮᠠᠯ ᠤᠨ ᠬᠦᠷᠢᠶᠡᠯᠡᠩ᠂ ᠮᠠᠨᠳᠠᠷᠠᠸ᠎ᠠ ᠴᠠᠨ᠎ᠠ ᠶᠢᠨ ᠬᠦᠷᠢᠶᠡᠯᠡᠩ ᠵᠡᠷᠭᠡ 13 ᠲᠤᠰᠬᠠᠶ ᠲᠥᠷᠥᠯ ᠤᠨ ᠬᠦᠷᠢᠶᠡᠯᠡᠩ ᠢ ᠪᠥᠲᠥᠭᠡᠨ ᠪᠠᠶᠢᠭᠤᠯᠪᠠ᠃ ᠡᠳᠦᠭᠡ ᠠᠮᠢᠳᠤ ᠤᠷᠭᠤᠮᠠᠯ 70 ᠢᠵᠠᠭᠤᠷ 161 ᠲᠥᠷᠥᠯ 400 ᠭᠠᠷᠤᠶ ᠳᠦᠷᠰᠦ ᠴᠤᠭᠯᠠᠭᠤᠯᠪᠠ᠂ ᠡᠭᠦᠨ ᠳᠤ ᠮᠠᠰᠢ ᠣᠯᠠᠨ ᠬᠤᠪᠣᠷ ᠴᠤᠬᠠᠭ ᠮᠥᠬᠦᠬᠦ ᠰᠢᠬᠠᠭᠰᠠᠨ ᠬᠠᠮᠠᠭᠠᠯᠠᠯᠲᠠ ᠶᠢᠨ ᠤᠷᠭᠤᠮᠠᠯ ᠪᠠᠭᠲᠠᠨ᠎ᠠ᠃ ᠣᠳᠣᠬᠠᠨ ᠳᠤ᠂ ᠲᠣᠰ ᠬᠦᠷᠢᠶᠡᠯᠡᠩ ᠤᠨ ᠡᠭᠦᠯᠳᠡᠷ ᠤᠷᠤᠭᠤᠯᠤᠨ ᠳᠠᠰᠬᠠᠬᠤ ᠶᠢᠨ ᠬᠠᠮᠲᠤ ᠵᠠᠬ᠎ᠠ ᠳᠡᠯᠭᠡᠭᠦᠷ ᠲᠤ ᠭᠠᠷᠭᠠᠭᠰᠠᠨ ᠤᠷᠤᠨ ᠨᠤᠲᠤᠭ ᠤᠨ ᠤᠷᠭᠤᠮᠠᠯ ᠬᠡᠳᠦᠨ ᠠᠷᠪᠠᠨ ᠵᠦᠢᠯ ᠪᠠᠶᠢᠨ᠎ᠠ᠃ ᠪᠠᠶᠢᠭᠤᠯᠤᠭᠳᠠᠭᠰᠠᠨ ᠠᠴᠠ ᠨᠠᠭᠠᠰᠢ᠂ ᠲᠣᠰ ᠬᠦᠷᠢᠶᠡᠯᠡᠩ ᠤᠷᠢᠳ ᠬᠤᠵᠢᠳ ᠬᠡᠳᠦᠨ ᠠᠷᠪᠠᠨ ᠵᠦᠢᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠰᠡᠳᠦᠪ ᠢ ᠪᠡᠶᠡᠯᠡᠭᠦᠯᠬᠦ ᠶᠢᠨ ᠬᠠᠮᠲᠤ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠬᠥᠮᠦᠵᠢᠯ ᠤᠨ ᠴᠢᠳᠠᠮᠵᠢ ᠶᠢ ᠢᠳᠡᠪᠬᠢᠲᠡᠶ ᠪᠠᠳᠠᠷᠠᠭᠤᠯᠵᠤ᠂ ᠠᠯᠢ ᠣᠯᠠᠨ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠠᠵᠢᠯᠯᠠᠭ᠎ᠠ ᠶᠢ ᠥᠷᠨᠢᠭᠦᠯᠪᠡ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1