ᠰᠣᠶᠣᠯ ᠵᠢᠭᠤᠯᠴᠢᠯᠠᠯ ᠤᠨ ᠬᠦᠷᠢᠶᠡᠨ ᠳᠠᠬᠢ ᠲᠥᠬᠦᠭᠡᠷᠦᠮᠵᠢ ᠶᠢ ᠰᠢᠨᠡᠴᠢᠯᠡᠨ ᠬᠡᠷᠡᠭᠵᠢᠭᠦᠯᠬᠦ  ᠲᠥᠰᠦᠯ 
ᠨᠡᠶᠢᠲᠡᠯᠡᠭᠰᠡᠨ ᠴᠠᠭ᠄
2024/5/30
      ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠦᠨ᠂ ᠰᠤᠶᠤᠯ ᠪᠠ ᠵᠢᠭᠤᠯᠴᠢᠯᠠᠯ ᠤᠨ ᠶᠠᠮᠦᠨ᠂ ᠤᠯᠤᠰ ᠤᠨ ᠺᠢᠨᠤ᠋ ᠶᠢᠨ ᠲᠣᠪᠴᠢᠶ᠎ᠠ᠂ ᠷᠠᠳᠢᠣ᠋ ᠲᠧᠯᠧᠢᠰ ᠤᠨ ᠶᠡᠷᠦᠩᠬᠡᠢ ᠲᠣᠪᠴᠢᠶ᠎ᠠ᠂ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯ ᠤᠨ ᠲᠣᠪᠴᠢᠶ᠎ᠠ ᠬᠠᠮᠳᠤᠷᠠᠨ  ︽ᠰᠣᠶᠣᠯ ᠪᠠ ᠵᠢᠭᠤᠯᠴᠢᠯᠠᠯ ᠤᠨ ᠬᠦᠷᠢᠶᠡᠨ ᠳᠠᠬᠢ ᠲᠥᠬᠦᠭᠡᠷᠦᠮᠵᠢ ᠶᠢ ᠰᠢᠨᠡᠴᠢᠯᠡᠬᠦ ᠶᠢ ᠠᠬᠢᠭᠤᠯᠤᠨ ᠬᠡᠷᠡᠭᠵᠢᠭᠦᠯᠬᠦ ᠲᠥᠰᠦᠯ︾ ᠢ ᠨᠡᠶᠢᠳᠡᠯᠡᠵᠦ᠂ 2027 ᠤᠨ ᠪᠤᠯᠳᠠᠯ᠎ᠠ᠂ ᠪᠥᠬᠦ ᠤᠯᠤᠰ ᠤᠨ ᠰᠣᠶᠣᠯ ᠪᠠ ᠵᠢᠭᠤᠯᠴᠢᠯᠠᠯ ᠤᠨ ᠬᠦᠷᠢᠶᠡᠨ  ᠳᠠᠬᠢ ᠨᠢᠭᠡ ᠪᠦᠯᠦᠭ ᠲᠥᠬᠦᠭᠡᠷᠦᠮᠵᠢ ᠶᠢ ᠰᠢᠨᠡᠴᠢᠯᠡᠬᠦ ᠶᠢ ᠬᠥᠲᠥᠯᠦᠨ ᠵᠢᠯᠣᠭᠤᠳᠴᠤ ᠠᠬᠢᠭᠤᠯᠤᠨ᠂ ᠬᠠᠮᠢᠶ᠎ᠠ ᠪᠥᠬᠦᠶ ᠪᠠᠯᠠ ᠣᠷᠣᠭᠤᠯᠤᠯᠲᠠ ᠶᠢᠨ ᠬᠡᠪᠴᠢᠶ᠎ᠡ ᠶᠢ ᠦᠷᠭᠦᠯᠵᠢᠯᠡᠨ ᠲᠣᠭᠲᠠᠭᠤᠨ ᠢᠶᠠᠷ ᠨᠡᠮᠡᠭᠳᠡᠭᠦᠯᠬᠦ ᠶᠢ ᠪᠠᠲᠤᠯᠠᠵᠤ᠂ ᠦᠢᠯᠡᠴᠢᠯᠡᠭᠡᠨ ᠤ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠰᠣᠶᠣᠯ ᠪᠠ ᠵᠢᠭᠤᠯᠴᠢᠯᠠᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ ᠭᠡᠵᠦ ᠲᠤᠷᠠᠳᠪᠠ     ᠲᠥᠰᠦᠯ ᠳᠤ 8 ᠲᠠᠯ᠎ᠠ ᠶᠢᠨ ᠠᠵᠢᠯᠯᠠᠭ᠎ᠠ ᠶᠢ ᠪᠠᠶᠢᠷᠢᠯᠠᠭᠤᠯᠪᠠ᠃    ᠨᠢᠭᠡ ᠳᠤ᠂ ᠲᠣᠭᠤᠷᠢᠨ ᠵᠤᠭᠠᠴᠠᠬᠤ ᠲᠥᠬᠦᠭᠡᠷᠦᠮᠵᠢ ᠶᠢ ᠰᠢᠨᠡᠴᠢᠯᠡᠵᠦ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠵᠦ ᠂ ᠵᠤᠭᠠᠴᠠᠭᠰᠠᠳ ᠢ ᠵᠥᠭᠡᠭᠡᠪᠦᠷᠢᠯᠡᠬᠦ ᠲᠥᠬᠦᠭᠡᠷᠦᠮᠵᠢ᠂ ᠵᠤᠭᠠᠴᠠᠨ ᠲᠣᠭᠤᠷᠢᠬᠤ ᠲᠥᠬᠦᠭᠡᠷᠦᠮᠵᠢ ᠶᠢ ᠰᠢᠨᠡᠴᠢᠯᠡᠵᠦ ᠳᠡᠰ ᠳᠡᠪᠰᠢᠭᠦᠯᠦᠨ᠎ᠡ᠃ ᠬᠤᠶᠠᠷ ᠲᠤ᠂ ᠵᠤᠭ᠎ᠠ ᠴᠡᠩᠭᠡᠯ ᠤᠨ ᠲᠥᠬᠦᠭᠡᠷᠦᠮᠵᠢ ᠶᠢ ᠰᠢᠨᠡᠴᠢᠯᠡᠵᠦ  ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠦᠨ᠎ᠡ᠃ ᠭᠤᠷᠪᠠ ᠳᠤ᠂ ᠤᠷᠠᠨ ᠰᠠᠶᠢᠬᠠᠨ ᠤ ᠲᠤᠭᠯᠠᠯᠳᠠ ᠶᠢᠨ ᠲᠥᠬᠦᠭᠡᠷᠦᠮᠵᠢ ᠶᠢ ᠰᠢᠨᠡᠴᠢᠯᠡᠵᠦ  ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠦᠨ᠎ᠡ᠃ ᠳᠥᠷᠪᠡ ᠳᠤ᠂ ᠣᠶᠤᠨᠴᠢ ᠰᠣᠶᠣᠯ ᠵᠢᠭᠤᠯᠴᠢᠯᠠᠯ ᠢ ᠥᠭᠡᠷᠡᠴᠢᠯᠡᠨ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ᠣᠶᠤᠨᠴᠢ ᠬᠠᠮᠢᠶᠠᠷᠤᠯᠲᠠ ᠶᠢᠨ ᠦᠢᠯᠡᠴᠢᠯᠡᠭᠡᠨ ᠤ ᠲᠥᠬᠦᠭᠡᠷᠦᠮᠵᠢ᠂ ᠪᠡᠶᠡᠴᠢᠯᠡᠨ ᠣᠶᠢᠯᠠᠭᠠᠬᠤ ᠲᠥᠬᠦᠭᠡᠷᠦᠮᠵᠢ ᠶᠢ ᠰᠢᠨᠡᠳᠬᠡᠨ ᠲᠠᠰ ᠳᠡᠪᠰᠢᠭᠦᠯᠦᠨ᠎ᠡ᠃ ᠲᠠᠪᠤ ᠳᠤ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠵᠤ ᠠᠰᠢᠭᠯᠠᠬᠤ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ᠮᠦᠽᠧᠶ ᠶᠢᠨ ᠬᠠᠭᠤᠴᠢᠨ ᠲᠥᠬᠦᠭᠡᠷᠦᠮᠵᠢ ᠶᠢ ᠰᠣᠯᠢᠬᠤ ᠶᠢ ᠲᠦᠷᠭᠡᠳᠬᠡᠵᠦ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠶᠢᠨ ᠪᠠᠶᠢᠴᠠᠭᠠᠬᠤ᠂ ᠰᠢᠨᠵᠢᠯᠡᠬᠦ ᠤᠬᠠᠭᠠᠨ ᠤ ᠰᠤᠳᠤᠯᠭᠠᠨ ᠪᠠ ᠳᠡᠯᠭᠡᠨ ᠦᠵᠡᠭᠦᠯᠬᠦ ᠲᠥᠬᠦᠭᠡᠷᠦᠮᠵᠢ ᠶᠢ ᠰᠢᠨᠡᠳᠬᠡᠨ ᠳᠡᠰ ᠳᠡᠪᠰᠢᠭᠦᠯᠦᠨ᠎ᠡ᠃ ᠵᠢᠷᠭᠤᠭ᠎ᠠ ᠳᠤ᠂ ᠺᠢᠨᠣ᠋ ᠶᠢᠨ ᠠᠵᠤ ᠦᠢᠯᠡᠰ ᠢ ᠠᠬᠢᠭᠤᠯᠬᠤ ᠳᠡᠭᠡᠳᠦ ᠰᠢᠨ᠎ᠡ ᠠᠵᠢᠯᠯᠠᠭ᠎ᠠ ᠶᠢ ᠬᠡᠷᠡᠭᠵᠢᠭᠦᠯᠵᠦ᠂ ᠺᠢᠨᠣ᠋ ᠶᠢᠨ ᠰᠡᠭᠦᠳᠡᠷᠯᠡᠬᠦ ᠬᠢᠷᠢ ᠲᠦᠪᠰᠢᠨ ᠤ ᠶᠠᠰᠤ ᠴᠢᠨᠠᠷ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠶᠢ ᠠᠬᠢᠭᠤᠯᠵᠤ᠂ ᠺᠢᠨᠣ᠋ ᠦᠢᠯᠡᠳᠬᠦ ᠪᠦᠬᠦᠯᠢ ᠴᠣᠭᠴᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠂ ᠺᠢᠨᠣ᠋ ᠭᠠᠷᠭᠠᠬᠤ ᠮᠡᠷᠭᠡᠵᠢᠯ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠶᠢ ᠠᠬᠢᠭᠤᠯᠤᠨ᠎ᠠ᠃ ᠳᠣᠯᠤᠭ᠎ᠠ ᠳᠤ᠂ ᠥᠨᠳᠥᠷ ᠲᠣᠳᠣ᠂ ᠬᠡᠲᠦ ᠥᠨᠳᠥᠷ ᠲᠣᠳᠣ ᠲᠥᠬᠦᠭᠡᠷᠦᠮᠵᠢ ᠶᠢ ᠰᠢᠨᠡᠳᠬᠡᠨ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ᠬᠡᠲᠦ ᠥᠨᠳᠥᠷ ᠲᠣᠳᠣ ᠰᠤᠪᠠᠭ ᠢᠶᠠᠷ ᠦᠢᠯᠡᠳᠴᠦ ᠨᠡᠪᠲᠡᠷᠡᠭᠦᠯᠬᠦ ᠪᠠ ᠳᠠᠮᠵᠢᠭᠤᠯᠤᠨ ᠨᠡᠪᠲᠡᠷᠡᠭᠦᠯᠬᠦ ᠴᠢᠳᠠᠪᠤᠷᠢ ᠶᠢ ᠳᠡᠭᠡᠭᠰᠢᠯᠡᠭᠦᠯᠵᠦ᠂ ᠠᠭᠤᠯᠭ᠎ᠠ ᠶᠢᠨ ᠨᠡᠪᠲᠡᠷᠡᠭᠦᠯᠭᠡ ᠰᠠᠴᠤᠷᠠᠭᠤᠯᠭ᠎ᠠ ᠶᠢᠨ ᠲᠥᠬᠦᠭᠡᠷᠦᠮᠵᠢ ᠶᠢᠨ ᠲᠠᠰ ᠳᠡᠪᠰᠢᠬᠦ ᠶᠢ ᠲᠦᠷᠭᠡᠳᠬᠡᠨ᠎ᠡ᠃ ᠨᠠᠢᠮᠠ ᠳᠤ᠂ ᠲᠡᠦᠬᠡ ᠰᠣᠶᠣᠯ ᠤᠨ ᠨᠡᠷᠡᠲᠦ ᠬᠤᠲᠠ ᠪᠠ ᠵᠡᠭᠡᠯᠢ ᠲᠣᠭᠤᠷᠢᠭ ᠢ ᠬᠠᠮᠠᠭᠠᠯᠠᠬᠤ ᠠᠵᠢᠯᠯᠠᠭ᠎ᠠ ᠶᠢ ᠬᠡᠷᠡᠭᠵᠢᠭᠦᠯᠵᠦ᠂ ᠬᠠᠮᠠᠭᠠᠯᠠᠯᠳᠠ ᠬᠠᠮᠢᠶᠠᠷᠤᠯᠳᠠ ᠪᠠ ᠬᠢᠨᠠᠨ ᠬᠡᠮᠵᠢᠬᠦ ᠲᠥᠬᠦᠭᠡᠷᠦᠮᠵᠢ ᠶᠢ ᠰᠢᠨᠡᠳᠬᠡᠨ ᠳᠡᠰ ᠳᠡᠪᠰᠢᠭᠦᠯᠦᠨ᠎ᠡ᠃      ᠲᠥᠰᠦᠯ ᠳᠤ᠂ ᠡᠯ᠎ᠡ ᠭᠠᠵᠠᠷ ᠤᠨ ᠬᠢᠨ ᠤᠯᠠᠨ ᠠᠷᠭ᠎ᠠ ᠵᠠᠮ ᠢᠶᠠᠷ ᠪᠡᠯᠡ ᠮᠥᠩᠭᠦ ᠶᠢ ᠨᠢᠭᠡᠳᠦᠯᠲᠡᠢ ᠲᠥᠯᠥᠪᠵᠢᠭᠦᠯᠵᠦ᠂ ᠢᠳᠡᠪᠬᠢᠲᠡᠢ ᠳᠡᠮᠵᠢᠯᠭᠡ ᠦᠵᠡᠭᠦᠯᠬᠦ ᠬᠡᠷᠡᠭᠲᠡᠢ᠃ ᠰᠣᠶᠣᠯ ᠪᠠ ᠵᠢᠭᠤᠯᠴᠢᠯᠠᠯ ᠤᠨ ᠬᠦᠷᠢᠶ᠎ᠡ ᠴᠠᠷᠠᠭ᠎ᠠ ᠳᠠᠬᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠥᠪᠡᠷ ᠤᠨ ᠪᠡᠯᠡ ᠮᠥᠩᠭᠦ ᠢᠶᠠᠨ ᠲᠥᠬᠦᠭᠡᠷᠦᠮᠵᠢ  ᠪᠠᠨ ᠰᠢᠨᠡᠳᠭᠡᠬᠦ ᠳᠤ ᠢᠳᠡᠪᠬᠢᠲᠡᠶ ᠬᠡᠷᠡᠭᠯᠡᠵᠦ᠂ ᠦᠢᠯᠡᠴᠢᠯᠡᠭᠡᠨ ᠤ ᠶᠠᠰᠤ ᠴᠢᠨᠠᠷ ᠢᠶᠠᠨ ᠳᠡᠭᠡᠭᠰᠢᠯᠡᠭᠦᠯᠬᠦ ᠶᠢ ᠵᠣᠷᠢᠭᠵᠢᠭᠤᠯᠤᠨ᠎ᠠ᠃ ᠨᠥᠬᠦᠴᠡᠯ ᠳᠤ ᠨᠡᠶᠢᠴᠡᠬᠦ ᠭᠤᠤᠯᠳᠠᠯᠭ᠎ᠠ ᠲᠠᠢ ᠲᠥᠷᠥᠯ ᠵᠦᠢᠯ ᠢ ᠤᠷᠲᠤ ᠬᠤᠭᠤᠴᠠᠭᠠᠨ ᠤ ᠤᠨᠴᠠᠭᠠᠢ ᠤᠯᠤᠰ ᠤᠨ ᠵᠢᠭᠡᠯᠡᠯᠭᠡ ᠵᠡᠷᠭᠡ ᠪᠡᠯᠡ ᠮᠥᠩᠭᠦ ᠶᠢᠨ ᠳᠡᠮᠵᠢᠬᠦ ᠬᠡᠪᠴᠢᠶᠡᠨ ᠳᠤ ᠤᠷᠤᠭᠤᠯᠤᠨ᠎ᠠ᠃ ᠲᠥᠷᠥ ᠶᠢᠨ ᠪᠣᠳᠣᠯᠭ᠎ᠠ ᠶᠢᠨ ᠴᠢᠨᠠᠷᠲᠠᠶ᠂ ᠬᠤᠳᠠᠯᠳᠤᠭᠠᠨ ᠤ ᠴᠢᠨᠠᠷᠲᠠᠶ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠣᠭᠤᠳᠴᠤ ᠪᠠᠶᠢᠭᠠᠳ ᠰᠣᠶᠣᠯ ᠪᠠ ᠵᠢᠭᠤᠯᠴᠢᠯᠠᠯ ᠤᠨ ᠬᠦᠷᠢᠶᠡᠨ ᠤ ᠲᠥᠬᠦᠭᠡᠷᠦᠮᠵᠢ ᠶᠢ ᠰᠢᠨᠡᠳᠬᠡᠬᠦ ᠳᠤ ᠳᠡᠮᠵᠢᠯᠭᠡ ᠦᠵᠡᠭᠦᠯᠬᠦ ᠶᠢ ᠴᠢᠩᠭᠠᠳᠬᠠᠨ᠎ᠠ ᠭᠡᠵᠤ ᠲᠤᠳᠤᠷᠬᠠᠶᠢᠯᠠᠵᠠᠢ᠃ᠪᠣᠳᠠᠲᠠᠶ ᠠᠭᠤᠯᠭ᠎ᠠ ᠨᠢ ᠳᠣᠤᠷᠠᠬᠢ ᠮᠡᠲᠦ᠄
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1