︽ᠬᠥᠳᠡᠯᠮᠦᠷᠢ ᠶᠢᠨ ᠭᠡᠷ᠎ᠡ︾ ᠪᠤᠯᠤᠨ ︽ᠬᠥᠳᠡᠯᠮᠦᠷᠢ ᠦᠢᠯᠡᠴᠢᠯᠡᠭᠡᠨ ᠤ ᠭᠡᠷ᠎ᠡ︾ ᠶᠢᠨ ᠢᠯᠭᠠᠭ᠎ᠠ ᠨᠢ ᠶᠠᠭᠤ ᠪᠤᠢ︖
ᠨᠡᠶᠢᠲᠡᠯᠡᠭᠰᠡᠨ ᠴᠠᠭ᠄
2024/5/30
      ᠵᠠᠷᠢᠮ ᠠᠵᠤ ᠠᠬᠤᠶᠢᠯᠠᠯ ︽ᠬᠥᠳᠡᠯᠮᠦᠷᠢ ᠦᠢᠯᠡᠴᠢᠯᠡᠭᠡᠨ ᠤ ᠭᠡᠷ᠎ᠡ︾ ᠪᠠᠷ ︽ᠬᠥᠳᠡᠯᠮᠦᠷᠢ ᠶᠢᠨ ᠭᠡᠷ᠎ᠡ︾ ᠶᠢ ᠣᠷᠣᠯᠠᠭᠤᠯᠵᠤ ᠬᠠᠷᠢᠭᠤᠴᠠᠯᠭ᠎ᠠ ᠠᠴᠠ ᠵᠠᠶᠢᠯᠠᠬᠤ ᠶᠢ ᠭᠤᠷᠢᠳᠠᠵᠤ ᠪᠠᠶᠢᠨ᠎ᠠ᠂ ᠬᠠᠤᠯᠢᠴᠢ ᠠᠴᠠ᠂ ᠡᠨᠡ ᠨᠢ ᠠᠵᠢᠯᠴᠢᠨ ᠬᠡᠷᠡᠭᠯᠡᠬᠦ ᠥᠪᠡᠷ ᠤᠨ ᠥᠷᠲᠡᠭ ᠢ ᠪᠠᠭᠤᠷᠠᠭᠤᠯᠬᠤ ᠦᠭᠡᠢ ᠮᠥᠷᠲᠡᠭᠡᠨ ᠪᠠᠰᠠ ᠬᠥᠳᠡᠯᠮᠦᠷᠢᠴᠢᠳ ᠤᠨ ᠬᠠᠤᠯᠢ ᠶᠣᠰᠣᠨ ᠤ ᠡᠷᠬᠡ ᠠᠰᠢᠭ ᠲᠤ ᠬᠠᠯᠳᠠᠭᠰᠠᠨ ᠶᠠᠪᠤᠳᠠᠯ ᠪᠤᠯᠤᠨ᠎ᠠ ᠭᠡᠵᠦ ᠵᠢᠭᠠᠵᠤ ᠭᠠᠷᠭᠠᠪᠠ᠃     ︽ᠬᠦᠮᠦᠨ ᠬᠡᠷᠡᠭᠯᠡᠭᠴᠢ ᠠᠵᠢᠯᠲᠠᠨ ᠠᠵᠢᠯᠴᠢᠨ ᠲᠠᠢ ᠬᠥᠳᠡᠯᠮᠦᠷᠢ ᠶᠢᠨ ᠭᠡᠷ᠎ᠡ ᠲᠣᠭᠲᠠᠬᠤ ᠦᠭᠡᠢ ᠪᠠᠶᠢᠵᠤ ᠪᠣᠯᠣᠨ᠎ᠠ᠂ ᠭᠡᠪᠡᠴᠦ ᠵᠠᠪᠠᠯ ᠬᠥᠳᠡᠯᠮᠦᠷᠢ ᠦᠢᠯᠡᠴᠢᠯᠡᠭᠡᠨ ᠤ ᠭᠡᠷ᠎ᠡ ᠲᠣᠭᠲᠠᠬᠤ ᠬᠡᠷᠡᠭᠲᠡᠢ᠂ ᠨᠡᠶᠢᠭᠡᠮ ᠤᠨ ᠳᠠᠭᠠᠳᠬᠠᠯ ᠲᠤᠰᠢᠶᠠᠬᠤ ᠦᠭᠡᠢ᠂ ᠴᠠᠭ ᠨᠡᠮᠡᠵᠦ ᠠᠵᠢᠯᠯᠠᠭᠰᠠᠨ ᠴᠦ ᠴᠠᠯᠢᠩ ᠥᠭᠬᠦ ᠴᠢᠬᠤᠯᠠ ᠦᠭᠡᠢ᠂ ᠬᠡᠷᠪᠡ ᠴᠢ ᠪᠠᠰᠠ ᠠᠶᠤᠯ ᠲᠦᠭᠰᠢᠭᠦᠷᠢ ᠶᠢ ᠪᠠᠭᠤᠷᠠᠭᠤᠯᠵᠤ᠂ ᠥᠪᠡᠷ ᠤᠨ ᠥᠷᠲᠡᠭ ᠢ ᠬᠢᠵᠠᠭᠠᠷᠯᠠᠬᠤ ᠶᠢ ᠪᠣᠳᠣᠪᠠᠯ᠂ ᠡᠨᠡ ᠬᠦ ᠬᠥᠳᠡᠯᠮᠦᠷᠢ ᠦᠢᠯᠡᠴᠢᠯᠡᠭᠡᠨ ᠤ ᠭᠡᠷ᠎ᠡ ᠶᠢ ᠦᠵᠡᠭᠡᠷᠡᠢ ᠁︾     ᠬᠥᠳᠡᠯᠮᠦᠷᠢ ᠦᠢᠯᠡᠴᠢᠯᠡᠭᠡᠨ ᠤ ᠭᠡᠷ᠎ᠡ ᠲᠣᠭᠲᠠᠭᠠᠬᠤ ᠳᠤ ᠠᠵᠢᠯᠴᠢᠨ ᠬᠡᠷᠡᠭᠯᠡᠬᠦ ᠥᠪᠡᠷ ᠤᠨ ᠥᠷᠲᠡᠭ ᠢ ᠪᠠᠭᠤᠷᠠᠭᠤᠯᠵᠤ ᠴᠢᠳᠠᠨ᠎ᠠ ᠤᠤ︖ ᠡᠭᠦᠨ ᠤ ᠲᠤᠬᠠᠢ ᠬᠠᠤᠯᠢᠴᠢ ᠠᠴᠠ᠂ ᠤᠳᠤ ᠵᠠᠷᠢᠮ ᠠᠵᠤ ᠠᠬᠤᠶᠢᠯᠠᠯ ᠬᠥᠳᠡᠯᠮᠦᠷᠢ ᠦᠢᠯᠡᠴᠢᠯᠡᠭᠡᠨ ᠤ ᠭᠡᠷ᠎ᠡ ᠪᠠᠷ ᠬᠥᠳᠡᠯᠮᠦᠷᠢ ᠶᠢᠨ ᠭᠡᠷ᠎ᠡ ᠶᠢ ᠣᠷᠣᠯᠠᠭᠤᠯᠵᠤ ᠬᠠᠷᠢᠭᠤᠴᠠᠯᠭ᠎ᠠ ᠠᠴᠠ ᠵᠠᠶᠢᠯᠠᠬᠤ ᠶᠢ ᠭᠤᠷᠢᠳᠠᠵᠤ ᠪᠠᠶᠢᠨ᠎ᠠ᠃ ᠡᠨᠡ ᠨᠢ ᠬᠥᠳᠡᠯᠮᠦᠷᠢᠴᠢᠳ ᠤᠨ ᠬᠠᠤᠯᠢ ᠶᠣᠰᠣᠨ ᠤ ᠡᠷᠬᠡ ᠠᠰᠢᠭ ᠲᠤ ᠬᠠᠯᠳᠠᠭᠰᠠᠨ ᠢᠶᠠᠷ ᠪᠠᠷᠠᠬᠤ ᠦᠭᠡᠶ ᠠᠵᠤ ᠠᠬᠤᠶᠢᠯᠠᠯ ᠴᠤ ᠡᠭᠦᠨ ᠠᠴᠠ ᠪᠣᠯᠵᠤ ᠨᠡᠩ ᠶᠡᠭᠡ ᠬᠠᠷᠢᠭᠤᠴᠠᠯᠭ᠎ᠠ ᠡᠭᠦᠷᠭᠡᠯᠡᠬᠦ ᠪᠣᠯᠤᠨ᠎ᠠ᠃     ᠬᠥᠳᠡᠯᠮᠦᠷᠢ ᠦᠢᠯᠡᠴᠢᠯᠡᠭᠡᠨ ᠤ ᠭᠡᠷ᠎ᠡ ᠲᠤᠭᠳᠠᠪᠠᠯ ᠬᠠᠷᠢᠭᠤᠴᠠᠯᠭ᠎ᠠ ᠠᠴᠠ  ᠬᠡᠯᠳᠦᠷᠡᠵᠦ ᠴᠢᠳᠠᠨ᠎ᠠ ᠤᠤ︖    2021 ᠣᠨ ᠤ 4 ᠳ᠋ᠤᠭᠡᠷ ᠰᠠᠷ᠎ᠠ ᠳᠤ᠂ ᠯᠢᠦ ᠠᠪᠤᠭᠠᠢ ᠯᠠᠨᠵᠧᠦ ᠬᠤᠳᠠ ᠶᠢᠨ ᠰᠢ ᠭᠦ᠋ ᠲᠣᠭᠤᠷᠢᠭ ᠤᠨ ᠨᠢᠭᠡ ᠠᠵᠤ ᠠᠬᠤᠶᠢᠯᠠᠯ ᠤᠨ ᠭᠠᠩᠨᠠᠭᠤᠷᠴᠢᠨ ᠤ ᠠᠵᠢᠯ ᠤᠨ ᠪᠠᠶᠢᠷᠢ ᠳᠤ ᠠᠵᠢᠯᠯᠠᠵᠠᠢ᠃ ᠬᠤᠶᠠᠷ ᠲᠠᠯ᠎ᠠ ᠪᠠᠷ ᠢᠶᠠᠨ ᠲᠤᠷᠰᠢᠨ ᠬᠡᠷᠡᠭᠯᠡᠬᠦ ᠬᠤᠭᠤᠴᠠᠭᠠᠨ ᠤ ᠡᠳᠦᠷ ᠤᠨ ᠴᠠᠯᠢᠩ ᠢ ᠠᠮᠠ ᠪᠠᠷ ᠪᠣᠯᠵᠣᠨ ᠲᠣᠭᠲᠠᠵᠤ᠂ ᠪᠣᠳᠠᠲᠠᠢ ᠬᠡᠷᠡᠭᠯᠡᠬᠦ ᠡᠳᠦᠷ ᠤᠨ ᠲᠤᠭ᠎ᠠ ᠪᠠᠷ ᠴᠠᠯᠢᠩ ᠢ ᠨᠢ ᠪᠤᠳᠤᠪᠠ᠃ ᠬᠠᠭᠠᠰ ᠰᠠᠷ᠎ᠠ ᠶᠢᠨ ᠳᠠᠷᠠᠭ᠎ᠠ᠂ ᠠᠵᠤ ᠠᠬᠤᠶᠢᠯᠠᠯ ᠪᠣᠯᠤᠨ ᠯᠢᠦ ᠠᠪᠤᠭᠠᠢ ︽ᠬᠥᠳᠡᠯᠮᠦᠷᠢ ᠦᠢᠯᠡᠴᠢᠯᠡᠭᠡᠨ ᠤ ᠭᠡᠷ᠎ᠡ ︾ ᠨᠥᠬᠦᠨ ᠲᠣᠭᠲᠠᠵᠤ᠂ ᠠᠵᠢᠯ ᠤᠨ ᠠᠭᠤᠯᠭ᠎ᠠ᠂ ᠭᠡᠷ᠎ᠡ ᠶᠢᠨ ᠬᠤᠭᠤᠴᠠᠭ᠎ᠠ᠂ ᠴᠠᠯᠢᠩ ᠣᠯᠭᠤᠮᠵᠢ᠂ ᠠᠰᠠᠷᠠᠮᠵᠢ ᠵᠢᠴᠢ ᠭᠡᠷ᠎ᠡ ᠶᠢ ᠵᠥᠷᠢᠴᠡᠭᠰᠡᠨ ᠵᠦᠢᠯ ᠵᠤᠷᠪᠤᠰ ᠢ ᠪᠣᠯᠵᠣᠨ ᠲᠣᠭᠲᠠᠵᠠᠢ᠃      ᠲᠤᠰ ᠵᠢᠯ ᠤᠨ 12 ᠳ᠋ᠤᠭᠠᠷ ᠰᠠᠷ᠎ᠠ ᠳᠤ ᠯᠢᠤ ᠠᠪᠤᠭᠠᠢ ᠠᠵᠢᠯ ᠤᠨ ᠳᠤᠮᠳᠠ ᠪᠠᠨ ᠰᠠᠨᠠᠮᠰᠠᠷ ᠦᠭᠡᠢ ᠰᠢᠷᠬᠠᠳᠤᠵᠦ᠂ ᠨᠢᠭᠡ ᠰᠠᠷ᠎ᠠ ᠡᠮᠨᠡᠯᠭᠡ ᠳᠤ ᠰᠠᠭᠤᠵᠤ ᠡᠮᠨᠡᠭᠦᠯᠪᠡ᠃ ᠠᠵᠢᠯ ᠤᠨ ᠳᠤᠮᠳᠠ ᠰᠢᠷᠬᠠᠳᠤᠭᠰᠠᠨ ᠤᠴᠢᠷ ᠠᠴᠠ ᠭᠡᠮᠲᠦᠯ ᠤᠨ ᠳᠠᠭᠠᠳᠭᠠᠯ ᠤᠨ ᠬᠠᠷᠠᠭᠠᠯᠵᠠᠯ ᠢ ᠬᠦᠷᠲᠡᠬᠦ ᠶᠤᠰᠤᠳᠠᠢ᠃ ᠭᠡᠪᠡᠴᠦ ᠡᠨᠡᠬᠦ ᠠᠵᠤ ᠠᠬᠤᠶᠢᠯᠠᠯ ᠬᠠᠷᠢᠨ ᠬᠥᠳᠡᠯᠮᠦᠷᠢ ᠦᠢᠯᠡᠴᠢᠯᠡᠭᠡᠨ ᠤ ᠭᠡᠷ᠎ᠡ ᠶᠢᠨ ᠬᠠᠷᠢᠴᠠᠭ᠎ᠠ ᠲᠠᠢ ᠭᠡᠬᠦ ᠰᠢᠯᠳᠠᠭᠠᠨ ᠢᠶᠠᠷ ᠲᠦᠯᠦᠪᠦᠷᠢ ᠦᠭᠬᠦ ᠦᠭᠡᠢ᠃ ᠠᠵᠤ ᠠᠬᠤᠶᠢᠯᠠᠯ ᠤᠨ ᠦᠵᠡᠬᠦ ᠪᠠᠷ᠂ ︽ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠳᠦᠷᠢᠮ︾ ᠢ ᠦᠨᠳᠦᠰᠦᠯᠡᠪᠡᠯ᠂ ᠬᠥᠳᠡᠯᠮᠦᠷᠢ ᠶᠢᠨ ᠬᠠᠷᠢᠴᠠᠭ᠎ᠠ ᠣᠷᠣᠰᠢᠵᠤ ᠪᠠᠶᠢᠬᠤ ᠪᠣᠯ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠲᠦᠯᠦᠪᠦᠷᠢ ᠶᠢ ᠡᠳ᠋ᠯᠡᠬᠦ ᠴᠢᠬᠤᠯᠠ ᠪᠦᠬᠦᠢ ᠨᠥᠬᠦᠴᠡᠯ ᠪᠣᠯᠤᠨ᠎ᠠ᠂ ᠵᠥᠪᠬᠡᠨ ᠯᠢᠦ ᠠᠪᠤᠭᠠᠢ ᠪᠣᠯᠤᠨ ᠺᠣᠮᠫᠠᠨᠢ ᠶᠢᠨ ᠬᠤᠭᠤᠷᠣᠨᠳᠣ ᠬᠠᠤᠯᠢ ᠶᠣᠰᠣᠨ ᠤ ᠬᠥᠳᠡᠯᠮᠦᠷᠢ ᠶᠢᠨ ᠬᠠᠷᠢᠴᠠᠭ᠎ᠠ ᠣᠷᠣᠰᠢᠵᠤ ᠪᠠᠶᠢᠬᠤ ᠶᠢ ᠨᠤᠲᠠᠯᠠᠪᠠᠯ ᠰᠠᠶ᠋ᠢ ᠬᠥᠳᠡᠯᠮᠦᠷᠢ ᠶᠢᠨ ᠡᠷᠬᠡ ᠪᠠᠨ ᠬᠠᠮᠠᠭᠠᠯᠠᠵᠤ ᠳᠡᠶᠢᠯᠦᠨ᠎ᠡ᠃     2022 ᠣᠨ ᠤ 1 ᠳ᠋ᠤᠭᠡᠷ ᠰᠠᠷ᠎ᠠ ᠳᠤ ᠯᠢᠦ ᠠᠪᠤᠭᠠᠢ ᠬᠥᠳᠡᠯᠮᠦᠷᠢ ᠶᠢᠨ ᠬᠥᠨᠳᠡᠯᠡᠨ ᠠᠴᠠ ᠲᠠᠰᠤᠯᠬᠤ ᠪᠠᠷ ᠭᠤᠶᠤᠴᠢᠯᠠᠪᠠ᠃ ᠲᠤᠰ ᠵᠢᠯ ᠤᠨ 2 ᠳ᠋ᠤᠭᠠᠷ ᠰᠠᠷ᠎ᠠ ᠳᠤ ᠰᠢ ᠭᠦ᠋ ᠲᠤᠭᠤᠷᠢᠭ ᠤᠨ ᠬᠥᠨᠳᠡᠯᠡᠨ ᠠᠴᠠ ᠲᠠᠰᠤᠯᠬᠤ ᠵᠥᠪᠯᠡᠯ ᠠᠴᠠ ᠯᠢᠦ ᠠᠪᠤᠭᠠᠢ ᠪᠣᠯᠤᠨ ᠠᠵᠤ ᠠᠬᠤᠶᠢᠯᠠᠯ ᠳᠤ ᠬᠥᠳᠡᠯᠮᠦᠷᠢ ᠶᠢᠨ ᠬᠠᠷᠢᠴᠠᠭ᠎ᠠ ᠣᠷᠣᠰᠢᠵᠤ ᠪᠠᠶᠢᠬᠤ ᠶᠢ ᠨᠤᠲᠠᠯᠠᠵᠤ᠂ ᠠᠵᠤ ᠠᠬᠤᠶᠢᠯᠠᠯ ᠲᠦᠯᠦᠪᠦᠷᠢ ᠶᠢᠨ ᠬᠠᠷᠢᠭᠤᠴᠠᠯᠭ᠎ᠠ ᠡᠭᠦᠷᠭᠡᠯᠡᠨ᠎ᠡ ᠭᠡᠵᠤ ᠰᠢᠢᠳᠪᠦᠷᠢᠯᠡᠪᠡ᠃     ᠠᠵᠤ ᠠᠬᠤᠶᠢᠯᠠᠯ ᠨᠢ ᠬᠥᠨᠳᠡᠯᠡᠨ ᠠᠴᠠ ᠲᠠᠰᠤᠯᠤᠭᠰᠠᠨ ᠦᠷ᠎ᠡ ᠳ᠋ᠦᠩ ᠢ ᠵᠥᠪᠰᠢᠶᠡᠷᠡᠬᠦ ᠥᠬᠡᠶ᠂ ᠰᠢ ᠭᠦ᠋ ᠲᠣᠭᠤᠷᠢᠭ ᠤᠨ ᠠᠷᠠᠳ ᠤᠨ ᠰᠢᠭᠦᠬᠦ ᠬᠤᠷᠢᠶ᠎ᠠ ᠳᠤ ᠵᠠᠭᠠᠯᠳᠤᠯᠭ᠎ᠠ ᠭᠠᠷᠭᠠᠭᠰᠠᠨ ᠪᠥᠭᠡᠳ ᠯᠢᠦ ᠠᠪᠤᠭᠠᠢ ᠶᠢᠨ ᠭᠠᠷ ᠤᠨ ᠥᠰᠥᠭ ᠵᠢᠷᠤᠭᠰᠠᠨ ︽ᠬᠥᠳᠡᠯᠮᠦᠷᠢ ᠦᠢᠯᠡᠴᠢᠯᠡᠭᠡᠨ ᠤ ᠭᠡᠷ᠎ᠡ︾ ᠶᠢ ᠲᠤᠰᠢᠶᠠᠵᠤ᠂ ᠵᠠᠭᠠᠯᠳᠤᠭᠴᠢ ᠪᠠ ᠵᠠᠭᠠᠯᠳᠤᠭᠳᠠᠭᠴᠢ ᠶᠢᠨ ᠬᠤᠭᠤᠷᠤᠨᠳᠦ ᠬᠥᠳᠡᠯᠮᠦᠷᠢ ᠶᠢᠨ ᠬᠠᠷᠢᠴᠠᠭ᠎ᠠ ᠪᠠᠶᠢᠬᠤ ᠦᠭᠡᠢ ᠶᠢ ᠨᠤᠲᠠᠯᠠᠬᠤ ᠪᠠᠷ ᠭᠤᠶᠤᠴᠢᠯᠠᠪᠠ᠃      ᠬᠡᠳᠦᠶᠢᠪᠡᠷ ᠬᠦᠳᠡᠯᠮᠦᠷᠢ ᠦᠢᠯᠡᠴᠢᠯᠡᠭᠡ ᠭᠡᠳᠡᠭ ᠪᠤᠯᠪᠠᠴᠤ ᠬᠦᠳᠡᠯᠮᠦᠷᠢ ᠶᠢᠨ ᠬᠠᠷᠢᠴᠠᠭᠠᠨ ᠤ ᠮᠦᠨ ᠴᠢᠨᠠᠷ ᠨᠢ ᠬᠤᠪᠢᠷᠠᠭᠰᠠᠨ ᠦᠭᠡᠢ      ︽ᠬᠥᠳᠡᠯᠮᠦᠷᠢ︾ ᠪᠠ ︽ᠬᠥᠳᠡᠯᠮᠦᠷᠢ ᠦᠢᠯᠡᠴᠢᠯᠡᠭᠡ︾ ᠨᠢ ᠬᠡᠳᠦᠶᠢᠪᠡᠷ ᠨᠢᠭᠡᠯᠡ ᠦᠭᠡ ᠶᠢᠨ ᠵᠦᠷᠢᠶ᠎ᠡ ᠲᠠᠢ ᠪᠤᠯᠪᠠᠴᠦ᠂ ᠠᠵᠢᠯᠲᠠᠨ ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠲᠤ ᠬᠤᠯᠪᠣᠭᠳᠠᠨ᠎ᠠ᠃ ᠬᠥᠳᠡᠯᠮᠦᠷᠢ ᠶᠢᠨ ᠬᠠᠷᠢᠴᠠᠭᠠᠨ ᠳᠠᠬᠢ ᠬᠥᠳᠡᠯᠮᠦᠷᠢᠴᠢᠳ ᠤᠨ ᠬᠠᠷᠠᠭᠠᠯᠵᠠᠯ ᠳᠤ ᠬᠥᠳᠡᠯᠮᠦᠷᠢ ᠶᠢᠨ ᠬᠥᠯᠥᠰᠥ ᠣᠯᠭᠤᠮᠵᠢ ᠠᠴᠠ ᠭᠠᠳᠠᠨ᠎ᠠ ᠪᠠᠰᠠ ᠨᠡᠶᠢᠭᠡᠮ ᠤᠨ ᠳᠠᠭᠠᠳᠬᠠᠯ᠂ ᠠᠰᠠᠷᠠᠮᠵᠢ ᠵᠡᠷᠭᠡ ᠣᠯᠭᠤᠮᠵᠢ ᠪᠠᠭᠲᠠᠨ᠎ᠠ᠃ ᠬᠠᠷᠢᠨ ᠬᠥᠳᠡᠯᠮᠦᠷᠢ ᠦᠢᠯᠡᠴᠢᠯᠡᠭᠡᠨ ᠤ ᠬᠠᠷᠢᠴᠠᠭᠠᠨ ᠳᠠᠬᠢ ᠬᠥᠳᠡᠯᠮᠦᠷᠢᠯᠡᠭᠴᠢᠳ ᠡᠩ ᠤᠨ ᠪᠠᠶᠢᠳᠠᠯ ᠳᠣᠣᠷ᠎ᠠ ᠵᠥᠪᠬᠡᠨ ᠬᠥᠳᠡᠯᠮᠦᠷᠢ ᠶᠢᠨ ᠬᠥᠯᠥᠰᠥ ᠣᠯᠭᠤᠮᠵᠢ ᠤᠯᠤᠨ᠎ᠠ᠃     ᠰᠢᠭᠦᠬᠦ ᠬᠤᠷᠢᠶᠠᠨ ᠤ ᠦᠵᠡᠬᠦ ᠪᠠᠷ᠂ ᠯᠢᠦ ᠠᠪᠤᠭᠠᠢ ᠶᠢᠨ ᠠᠵᠤ ᠠᠬᠤᠶᠢᠯᠠᠯ ᠯᠤᠭ᠎ᠠ ᠲᠣᠭᠲᠠᠭᠰᠠᠨ ᠭᠡᠷ᠎ᠡ ᠪᠣᠯ ᠬᠡᠳᠦ᠋ᠢᠪᠡᠷ ︽ᠬᠥᠳᠡᠯᠮᠦᠷᠢ ᠦᠢᠯᠡᠴᠢᠯᠡᠭᠡᠨ ᠤ ᠭᠡᠷ᠎ᠡ ᠶᠢᠨ ᠪᠢᠴᠢᠭ︾ ᠭᠡᠳᠡᠭ ᠪᠣᠯᠪᠠᠴᠤ ᠭᠡᠷ᠎ᠡ ᠶᠢᠨ ᠠᠭᠤᠯᠭ᠎ᠠ ᠳᠤ ᠬᠥᠮᠦᠨ ᠬᠡᠷᠡᠭᠯᠡᠬᠦ ᠨᠢᠭᠡᠴᠢ ᠶᠢᠨ ᠨᠡᠷᠡᠶᠢᠳᠦᠯ᠂ ᠰᠠᠭᠤᠭ᠎ᠠ ᠭᠠᠵᠠᠷ ᠪᠠ ᠬᠠᠤᠯᠢ  ᠶᠢᠨ ᠡᠷᠬᠡᠳᠡᠨ ᠵᠢᠴᠢ ᠬᠥᠳᠡᠯᠮᠦᠷᠢᠯᠡᠭᠴᠢ ᠶᠢᠨ ᠣᠪᠣᠭ ᠨᠡᠷ᠎ᠡ᠂ ᠭᠡᠷ᠎ᠡ ᠶᠢᠨ ᠬᠤᠭᠤᠴᠠᠭ᠎ᠠ᠂ ᠠᠵᠢᠯ ᠤᠨ ᠠᠭᠤᠯᠭ᠎ᠠ ᠪᠠ ᠠᠵᠢᠯᠯᠠᠬᠤ ᠴᠠᠭ᠂ ᠲᠤᠷᠰᠢᠨ ᠬᠡᠷᠡᠭᠯᠡᠬᠦ ᠬᠤᠭᠤᠴᠠᠭ᠎ᠠ᠂ ᠪᠤᠯᠪᠠᠰᠤᠷᠠᠯ᠂ ᠠᠵᠢᠯ ᠲᠥᠷᠥᠯ ᠤᠨ ᠦᠷᠢᠰᠦᠯᠳᠦᠭᠡᠨ ᠤ ᠴᠠᠭᠠᠵᠠᠯᠠᠬᠤ ᠵᠦᠢᠯ ᠵᠤᠷᠪᠤᠰ ᠢ ᠬᠠᠮᠤᠷᠬᠤ ᠶᠢᠨ ᠬᠠᠮᠲᠤ ᠵᠢᠭᠤᠷᠠᠯᠳᠤᠭᠠᠨ ᠪᠣᠢ ᠪᠣᠯᠭᠠᠭᠰᠠᠨ ᠤ ᠳᠠᠷᠠᠭ᠎ᠠ ᠬᠥᠳᠡᠯᠮᠦᠷᠢ ᠶᠢᠨ ᠬᠥᠨᠳᠡᠯᠡᠨ ᠠᠴᠠ ᠲᠠᠰᠤᠯᠬᠤ ᠪᠠᠶᠢᠭᠤᠯᠤᠮᠵᠢ ᠠᠴᠠ ᠲᠠᠰᠤᠯᠤᠨ ᠲᠣᠭᠲᠠᠭᠠᠵᠤ᠂ ᠬᠥᠳᠡᠯᠮᠦᠷᠢ ᠶᠢᠨ ᠭᠡᠷ᠎ᠡ ᠳᠤ ᠨᠡᠶᠢᠴᠡᠬᠦ ᠬᠡᠯᠪᠡᠷᠢ ᠶᠢᠨ ᠴᠢᠬᠤᠯᠠ ᠨᠥᠬᠦᠴᠡᠯ ᠢ ᠬᠠᠮᠦᠷᠠᠵᠠᠢ᠃     ᠡᠭᠦᠨ ᠠᠴᠠ ᠭᠠᠳᠠᠨ᠎ᠠ᠂ ᠯᠢᠦ ᠠᠪᠤᠭᠠᠢ ᠶᠢᠨ ᠡᠷᠬᠢᠯᠡᠵᠦ ᠪᠠᠶᠢᠭ᠎ᠠ ᠭᠠᠩᠨᠠᠭᠤᠷᠴᠢᠨ ᠤ ᠠᠵᠢᠯ ᠨᠢ ᠲᠤᠰ ᠠᠵᠤ ᠠᠬᠤᠶᠢᠯᠠᠯ ᠤᠨ ᠲᠤᠬᠠᠶᠢᠯᠠᠭᠰᠠᠨ ᠠᠵᠢᠯ ᠤᠨ ᠪᠦᠷᠢᠯᠳᠦᠬᠦᠨ ᠬᠡᠰᠡᠭ ᠪᠠᠶᠢᠵᠤ᠂ ᠰᠠᠷ᠎ᠠ ᠪᠠᠷ ᠬᠥᠳᠡᠯᠮᠦᠷᠢ ᠶᠢᠨ ᠬᠥᠯᠥᠰᠥ ᠣᠯᠭᠤᠮᠵᠢ ᠠᠪᠴᠤ᠂ ᠠᠵᠤ ᠠᠬᠤᠶᠢᠯᠠᠯ ᠤᠨ ᠠᠵᠢᠯ ᠤᠨ ᠬᠤᠪᠢᠶᠠᠷᠢᠯᠠᠯᠲᠠ ᠶᠢ ᠳᠠᠭᠠᠵᠤ᠂ ᠠᠵᠢᠯ ᠤᠨ ᠳᠦᠷᠢᠮ ᠢ ᠵᠢᠷᠤᠮᠯᠠᠵᠤ᠂ ᠬᠤᠶᠠᠷ ᠲᠠᠯ᠎ᠠ ᠪᠠᠷ ᠢᠶᠠᠨ ᠬᠠᠮᠢᠶᠠᠷᠤᠯᠲᠠ ᠲᠠᠯ᠎ᠠ᠂ ᠠᠵᠤ ᠠᠬᠤᠢ ᠶᠢᠨ ᠲᠠᠯ᠎ᠠ ᠪᠠᠷ ᠬᠠᠷᠢᠶᠠᠲᠤ ᠴᠢᠨᠠᠷ ᠲᠠᠢ ᠪᠠᠶᠢᠵᠤ᠂ ᠪᠣᠳᠠᠲᠤ ᠬᠡᠷᠡᠭ ᠳᠡᠭᠡᠷᠡᠬᠢ ᠬᠥᠳᠡᠯᠮᠦᠷᠢ ᠶᠢᠨ ᠬᠠᠷᠢᠴᠠᠭ᠎ᠠ ᠶᠢ ᠪᠤᠢ ᠪᠣᠯᠭᠠᠭᠰᠠᠨ ᠪᠠᠶᠢᠨ᠎ᠠ᠃   ᠡᠴᠦᠰ ᠲᠤ᠂ ᠰᠢ ᠭᠦ᠋ ᠲᠣᠭᠤᠷᠢᠭ ᠤᠨ ᠠᠷᠠᠳ ᠤᠨ ᠰᠢᠭᠦᠬᠦ ᠬᠤᠷᠢᠶ᠎ᠠ ᠠᠴᠠ ᠯᠢᠦ ᠠᠪᠤᠭᠠᠢ ᠪᠣᠯᠤᠨ ᠠᠵᠤ ᠠᠬᠤᠶᠢᠯᠠᠯ ᠤᠨ ᠬᠥᠳᠡᠯᠮᠦᠷᠢ ᠶᠢᠨ ᠬᠠᠷᠢᠴᠠᠭ᠎ᠠ ᠲᠠᠢ ᠭᠡᠵᠤ ᠨᠤᠲᠠᠯᠠᠵᠠᠢ᠃ ᠠᠵᠤ ᠠᠬᠤᠢᠯᠠᠯ ᠨᠢ ᠨᠢᠭᠡᠳᠦᠭᠡᠷ ᠰᠢᠭᠦᠯᠲᠡ ᠶᠢᠨ ᠰᠢᠭᠦᠨ ᠲᠠᠰᠤᠯᠤᠯᠲᠠ ᠶᠢ ᠵᠥᠪᠰᠢᠶᠡᠷᠡᠬᠦ ᠦᠭᠡᠢ᠂ ᠲᠡᠭᠡᠭᠡᠰᠢ ᠵᠠᠭᠠᠯᠲᠤᠬᠤ ᠪᠠᠷ ᠳᠤᠷᠠᠳᠴᠤ᠂ ᠬᠤᠶᠠᠳᠤᠭᠠᠷ ᠰᠢᠭᠦᠯᠲᠡ ᠶᠢᠨ ᠰᠢᠭᠦᠬᠦ ᠬᠤᠷᠢᠶ᠎ᠠ ᠨᠢ ᠤᠭ ᠤᠨ ᠰᠢᠭᠦᠨ ᠲᠠᠰᠤᠯᠤᠯᠲᠠ ᠶᠢ ᠪᠠᠲᠤᠯᠠᠪᠠ᠃ ᠡᠨᠡ ᠵᠢᠯ ᠤᠨ 5 ᠳ᠋ᠤᠭᠠᠷ ᠰᠠᠷ᠎ᠠ ᠶᠢᠨ 6 ᠤ ᠡᠳᠦᠷ᠂ ᠰᠢᠭᠦᠨ ᠲᠠᠰᠤᠯᠤᠯᠲᠠ ᠨᠢᠭᠡᠨᠲᠡ ᠬᠠᠤᠯᠢ ᠶᠢᠨ ᠬᠦᠴᠦᠨ ᠲᠠᠢ ᠪᠣᠯᠪᠠ ᠃ ᠠᠵᠤ ᠠᠬᠤᠶᠢᠯᠠᠯ ᠨᠢ ᠡᠭᠦᠷᠭᠡᠯᠡᠪᠡᠰᠦ ᠵᠣᠬᠢᠬᠤ ᠲᠥᠯᠥᠪᠦᠷᠢ ᠶᠢᠨ ᠬᠠᠷᠢᠭᠤᠴᠠᠯᠭ᠎ᠠ ᠪᠠᠨ ᠡᠭᠦᠷᠭᠡᠯᠡᠪᠡ᠃     ᠬᠥᠳᠡᠯᠮᠦᠷᠢᠯᠡᠭᠴᠢ ᠪᠣᠯᠤᠨ ᠬᠥᠮᠦᠨ ᠬᠡᠷᠡᠭᠯᠡᠬᠦ ᠨᠢᠭᠡᠴᠢ ᠶᠢᠨ ᠬᠤᠭᠤᠷᠣᠨᠳᠣ ᠬᠥᠳᠡᠯᠮᠦᠷᠢ ᠶᠢᠨ ᠬᠠᠷᠢᠴᠠᠭ᠎ᠠ ᠪᠠᠶᠢᠬᠤ ᠡᠰᠡᠬᠦ ᠶᠢ ᠮᠠᠭᠠᠳᠯᠠᠬᠤ ᠳᠤ᠂ ᠬᠥᠮᠦᠨ ᠬᠡᠷᠡᠭᠯᠡᠬᠦ ᠨᠢᠭᠡᠴᠢ ᠪᠣᠯᠤᠨ ᠬᠥᠳᠡᠯᠮᠦᠷᠢᠯᠡᠭᠴᠢ ᠠᠴᠠ ᠬᠠᠤᠯᠢ ᠴᠠᠭᠠᠵᠠ ᠬᠠᠤᠯᠢ ᠲᠣᠭᠲᠠᠭᠠᠯ ᠳᠤ ᠨᠡᠶᠢᠴᠡᠭᠰᠡᠨ ᠭᠤᠤᠯ ᠴᠣᠭᠴᠠ ᠶᠢᠨ ᠬᠢᠷᠢ ᠬᠡᠮ ᠪᠠᠶᠢᠬᠤ ᠡᠰᠡᠬᠦ᠂ ᠬᠥᠳᠡᠯᠮᠦᠷᠢᠯᠡᠭᠴᠢ ᠶᠢᠨ ᠬᠠᠩᠭᠠᠭᠰᠠᠨ ᠬᠥᠳᠡᠯᠮᠦᠷᠢ ᠨᠢ ᠬᠥᠮᠦᠨ ᠬᠡᠷᠡᠭᠯᠡᠬᠦ ᠨᠢᠭᠡᠴᠢ ᠶᠢᠨ ᠲᠤᠬᠠᠶᠢᠯᠠᠭᠰᠠᠨ ᠠᠵᠢᠯ ᠤᠨ ᠪᠦᠷᠢᠯᠳᠦᠬᠦᠨ ᠬᠡᠰᠡᠭ ᠮᠦᠨ ᠡᠰᠡᠬᠦ᠂ ᠬᠥᠳᠡᠯᠮᠦᠷᠢᠯᠡᠭᠴᠢ ᠬᠥᠮᠦᠨ ᠬᠡᠷᠡᠭᠯᠡᠬᠦ ᠨᠢᠭᠡᠴᠢ ᠶᠢᠨ ᠨᠢᠭᠡᠳᠦᠯᠲᠡᠶ ᠬᠠᠮᠢᠶᠠᠷᠤᠯᠲᠠ ᠶᠢ ᠬᠦᠯᠢᠶᠡᠬᠦ ᠡᠰᠡᠬᠦ ᠵᠡᠷᠭᠡ ᠲᠠᠯ᠎ᠠ ᠪᠠᠷ ᠶᠡᠷᠦᠩᠬᠡᠶᠢᠯᠡᠭᠰᠡᠨ ᠮᠠᠭᠠᠳᠯᠠᠯᠲᠠ ᠬᠢᠨ᠎ᠡ ᠭᠡᠵᠦ ᠬᠡᠷᠡᠭ ᠰᠢᠢᠳᠪᠦᠷᠢᠯᠡᠭᠰᠡᠨ ᠬᠠᠤᠯᠢᠴᠢ  ᠬᠡᠯᠡᠪᠡ᠃     ᠬᠦᠳᠡᠯᠮᠦᠷᠢ ᠶᠢᠨ ᠬᠠᠷᠢᠴᠠᠭᠠᠨ ᠤ ᠬᠠᠷᠢᠭᠤᠴᠠᠯᠭ᠎ᠠ ᠠᠴᠠ ᠵᠠᠶᠢᠯᠠᠬᠤ ᠪᠠᠶᠢᠳᠠᠯ  ᠴᠥᠭᠡᠨ ᠪᠤᠰᠤ ᠪᠠᠶᠢᠨ᠎ᠠᠣᠶᠢᠷ᠎ᠠ ᠶᠢᠨ ᠬᠤᠭᠤᠴᠠᠭᠠᠨ ᠳᠤ ᠣᠯᠠᠨ ᠭᠠᠵᠠᠷ ᠤᠨ ᠨᠡᠶᠢᠲᠡᠯᠡᠭᠰᠡᠨ ᠬᠥᠳᠡᠯᠮᠦᠷᠢ ᠶᠢᠨ ᠮᠠᠷᠭᠤᠯᠳᠤᠭᠠᠨ ᠤ ᠨᠡᠶᠢᠲᠡᠯᠢᠭ ᠬᠡᠷᠡᠭ ᠤᠨ ᠳᠤᠮᠳᠠ᠂ ᠬᠥᠳᠡᠯᠮᠦᠷᠢ ᠦᠢᠯᠡᠴᠢᠯᠡᠭᠡᠨ ᠤ ᠬᠠᠷᠢᠴᠠᠭ᠎ᠠ ᠪᠠᠷ ᠬᠥᠳᠡᠯᠮᠦᠷᠢ ᠶᠢᠨ ᠬᠠᠷᠢᠴᠠᠭᠠᠨ ᠤ ᠬᠠᠷᠢᠭᠤᠴᠠᠯᠭ᠎ᠠ ᠠᠴᠠ ᠵᠠᠶᠢᠯᠠᠬᠤ ᠪᠠᠶᠢᠳᠠᠯ ᠴᠥᠭᠡᠨ ᠪᠤᠰᠤ ᠪᠠᠶᠢᠨ᠎ᠠ᠃     ᠱᠠᠨᠰᠢ ᠮᠤᠵᠢ ᠶᠢᠨ ᠨᠡᠶᠢᠲᠡᠯᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠪᠠᠷ ᠵᠢᠱᠢᠶᠡᠯᠡᠪᠡᠯ 2023 ᠣᠨ ᠤ 3 ᠳ᠋ᠤᠭᠠᠷ ᠰᠠᠷ᠎ᠠ ᠳᠤ ᠯᠢ ᠣᠪᠣᠭᠲᠤ ᠨᠢᠭᠡᠨ ᠨᠡᠭᠦᠷᠡᠰᠦᠨ ᠺᠣᠮᠫᠠᠨᠢ ᠳᠤ ᠬᠦᠷᠴᠦ ᠠᠵᠢᠯᠯᠠᠵᠠᠢ᠂ ᠺᠣᠮᠫᠠᠨᠢ ᠲᠡᠭᠦᠨ ᠲᠠᠢ ᠬᠥᠳᠡᠯᠮᠦᠷᠢ ᠦᠢᠯᠡᠴᠢᠯᠡᠭᠡᠨ ᠤ ᠭᠡᠷ᠎ᠡ ᠲᠤᠭᠳᠠᠵᠠᠢ᠂ ᠲᠣᠰ ᠵᠢᠯ ᠤᠨ 5 ᠳ᠋ᠤᠭᠠᠷ ᠰᠠᠷ᠎ᠠ ᠶᠢᠨ 14 ᠤ ᠡᠳᠦᠷ᠂ ᠯᠢ ᠣᠪᠣᠭᠲᠤ ᠠᠵᠢᠯ ᠠᠴᠠ ᠪᠠᠨ ᠪᠠᠭᠤᠬᠤ ᠵᠠᠮ ᠳᠠᠭᠠᠨ ᠵᠠᠮ ᠬᠠᠷᠢᠯᠴᠠᠭᠠᠨ ᠤ ᠠᠳᠡᠯ ᠭᠠᠷᠤᠭᠰᠠᠨ ᠠᠴᠠ ᠪᠣᠯᠵᠤ ᠣᠯᠠᠨ ᠭᠠᠵᠠᠷ ᠰᠢᠷᠬᠠᠲᠤᠪᠠ᠃ ᠬᠥᠨᠳᠡᠯᠡᠨ ᠠᠴᠠ ᠲᠠᠰᠤᠯᠬᠤ ᠵᠦᠪᠯᠡᠯ ᠠᠴᠠ ᠬᠤᠶᠠᠷ ᠡᠲᠡᠭᠡᠳ ᠢᠶᠠᠷ ᠢᠶᠠᠨ ᠬᠡᠳᠦᠶᠢᠪᠡᠷ ︽ᠬᠥᠳᠡᠯᠮᠦᠷᠢ ᠦᠢᠯᠡᠴᠢᠯᠡᠭᠡᠨ ᠤ ᠭᠡᠷ︾ ᠲᠣᠭᠲᠠᠭᠠᠭᠰᠠᠨ ᠪᠤᠯᠪᠠᠴᠦ ᠬᠤᠶᠠᠷ ᠲᠠᠯ᠎ᠠ ᠶᠢᠨ ᠪᠣᠳᠠᠲᠠᠢ ᠪᠠᠶᠢᠭᠤᠯᠤᠭᠰᠠᠨ ᠬᠥᠳᠡᠯᠮᠦᠷᠢ ᠶᠢᠨ ᠬᠠᠷᠢᠴᠠᠭ᠎ᠠ ᠶᠢ ᠨᠦᠯᠦᠭᠡᠯᠡᠵᠦ ᠴᠢᠳᠠᠬᠤ ᠦᠭᠡᠢ᠂ ᠠᠵᠤ ᠠᠬᠤᠶᠢᠯᠠᠯ ᠨᠢ ᠵᠠᠪᠠᠯ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ᠃      ᠪᠡᠭᠡᠵᠢᠩ ᠤᠨ ᠳ᠋ᠧ ᠾᠧᠩ ︵ᠯᠠᠨᠵᠧᠦ︶ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠤᠨ ᠬᠠᠤᠯᠢᠴᠢ ᠵᠢᠤᠢ ᠲᠢᠶᠠᠨ ᠯᠢᠨ᠄ ︽ᠬᠥᠳᠡᠯᠮᠦᠷᠢ ᠦᠢᠯᠡᠴᠢᠯᠡᠭᠡᠨ ᠤ ᠭᠡᠷ᠎ᠡ ᠲᠣᠭᠲᠠᠭᠠᠬᠤ ᠨᠢ ᠬᠤᠶᠠᠷ ᠲᠠᠯ᠎ᠠ ᠪᠠᠷ ᠢᠶᠠᠨ ᠬᠥᠳᠡᠯᠮᠦᠷᠢ ᠦᠢᠯᠡᠴᠢᠯᠡᠭᠡᠨ ᠤ ᠬᠠᠷᠢᠴᠠᠭ᠎ᠠ  ᠪᠢᠰᠢ᠃ ᠤᠯᠠᠩᠬᠢ ᠳᠠᠭᠠᠨ ︿ᠬᠥᠳᠡᠯᠮᠦᠷᠢ﹀ ᠪᠠ ︿ᠬᠥᠳᠡᠯᠮᠦᠷᠢ ᠦᠢᠯᠡᠴᠢᠯᠡᠭᠡᠨ﹀  ᠨᠢ ᠬᠥᠳᠡᠯᠮᠦᠷᠢ ᠶᠢᠨ ᠮᠠᠷᠭᠤᠯᠳᠤᠭᠠᠨ ᠤ ᠬᠡᠷᠡᠭ ᠤᠨ ᠲᠥᠪᠯᠡᠷᠡᠯ ᠤᠨ ᠴᠡᠭ ᠪᠤᠯᠤᠭᠰᠠᠭᠠᠷ ᠢᠷᠡᠵᠡᠢ᠂ ᠦᠨᠡᠨ ᠳᠡᠭᠡᠨ ᠵᠠᠷᠢᠮ ᠠᠵᠤ ᠠᠬᠤᠶᠢᠯᠠᠯ ᠨᠢ ᠬᠠᠤᠯᠢ ᠴᠠᠭᠠᠵᠠ ᠶᠢᠨ ᠬᠠᠷᠢᠭᠤᠴᠠᠯᠭ᠎ᠠ ᠠᠴᠠ ᠵᠠᠶᠢᠯᠠᠬᠤ ᠪᠠᠷ ᠭᠤᠷᠢᠳᠠᠵᠤ ᠪᠠᠶᠢᠭ᠎ᠠ ᠬᠡᠷᠡᠭ᠃ ᠡᠶᠢᠮᠦᠷᠬᠦ ᠪᠠᠶᠢᠳᠠᠯ ᠳᠣᠣᠷ᠎ᠠ᠂ ᠠᠵᠤ ᠠᠬᠤᠶᠢᠯᠠᠯ ᠡᠴᠦᠰ ᠲᠡᠭᠡᠨ ᠠᠵᠢᠯᠴᠢᠨ ᠬᠡᠷᠡᠭᠯᠡᠬᠦ ᠥᠪᠡᠷ ᠤᠨ ᠦᠷᠳᠡᠭ  ᠢᠶᠠᠨ ᠪᠠᠭᠤᠷᠠᠭᠤᠯᠵᠤ ᠴᠢᠳᠠᠬᠤ ᠦᠭᠡᠢ ᠮᠥᠷᠲᠡᠭᠡᠨ ᠪᠠᠰᠠ ᠠᠵᠤ ᠠᠬᠤᠢ ᠶᠢᠨ ᠲᠥᠯᠥᠪᠦᠷᠢ ᠥᠭᠬᠦ ᠬᠡᠷᠡᠭᠲᠡᠢ︾ ᠭᠡᠪᠡ᠃      ᠬᠤᠯᠪᠤᠬᠲᠠᠯ ᠪᠦᠭᠦᠢ ᠠᠵᠤ ᠠᠬᠤᠢᠢᠯᠠᠯ ᠤᠳ ᠳᠦᠷᠢᠮ ᠢ ᠵᠢᠷᠣᠮᠵᠢᠭᠤᠯᠵᠤ᠂ ᠬᠠᠣᠯᠢ ᠶᠣᠰᠣᠭᠠᠷ ᠠᠵᠢᠯᠲᠠᠣᠠ ᠬᠡᠷᠡᠭᠯᠡᠵᠦ᠂ ᠴᠢᠬᠤᠯᠠ ᠪᠤᠰᠤ ᠬᠤᠬᠢᠷᠠᠯ ᠠᠴᠠ ᠵᠠᠶᠢᠯᠠᠰᠬᠢᠪᠡᠯ ᠵᠤᠬᠢᠨ᠎ᠡ ᠬᠡᠵᠤ ᠬᠤᠯᠪᠤᠬᠲᠠᠯ ᠪᠦᠭᠦᠢ ᠬᠦᠮᠦᠰ ᠤᠷᠢᠶᠠᠯᠠᠵᠦ ᠪᠠᠶᠢᠨ᠎ᠠ᠃    ᠢᠷᠡᠯᠳᠡ᠄ ᠠᠵᠢᠯᠴᠢᠳ ᠤᠨ ᠡᠳᠦᠷ ᠤᠨ ᠰᠣᠨᠢᠨᠳᠤᠮᠳᠠᠳᠤ ᠤᠯᠤᠰ ᠤᠨ ᠪᠦᠲᠦᠭᠡᠨ ᠪᠠᠢᠭᠤᠯᠤᠯᠲᠠ ᠶᠢᠨ ᠰᠣᠨᠢᠨ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1