ᠪᠥᠬᠦ ᠰᠢᠶᠠᠨ ᠤ ᠪᠡᠶ᠎ᠡ ᠪᠠᠨ ᠳᠠᠭᠠᠭᠠᠵᠤ ᠠᠵᠢᠯ ᠤᠯᠬᠤ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ | ᠠᠵᠢᠯ ᠮᠡᠷᠭᠡᠵᠢᠯ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠠᠵᠢᠯ ᠢ ᠦᠨᠡᠨ ᠬᠦ ᠰᠠᠶᠢᠲᠤᠷ ᠬᠢᠬᠦ ᠶᠢᠨ ᠲᠥᠯᠥᠭᠡ᠂ | ᠲᠤᠭᠳᠠᠬᠤ ᠰᠢᠶᠠᠨ ᠤ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠠᠴᠠ | ᠰᠤᠳᠤᠯᠤᠨ ᠲᠣᠭᠲᠠᠭᠠᠬᠤ ᠪᠠᠷ ᠳᠡᠮᠵᠢᠨ᠂ 2024 ᠣᠨ ᠤ ᠲᠣᠭᠲᠠᠬᠤ ᠰᠢᠶᠠᠨ ᠤ ᠪᠡᠶ᠎ᠡ ᠪᠠᠨ ᠳᠠᠭᠠᠭᠠᠵᠤ ᠠᠵᠢᠯ | ᠤᠯᠬᠤ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠠᠵᠢᠯ ᠮᠡᠷᠭᠡᠵᠢᠯ ᠤᠷ᠎ᠠ ᠴᠢᠳᠠᠪᠤᠷᠢ ᠶᠢᠨ ᠪᠤᠯᠪᠠᠰᠤᠷᠠᠯ ᠤᠨ | ᠠᠩᠭᠢ ᠶᠢ ᠵᠣᠬᠢᠶᠠᠨ ᠪᠠᠶᠢᠭᠤᠯᠤᠨ ᠡᠷᠬᠢᠯᠡᠬᠦ ᠪᠠᠷ ᠲᠥᠯᠥᠪᠯᠡᠵᠦ ᠪᠠᠶᠢᠨ᠎ᠠ᠂ ᠡᠳᠦᠭᠡ ᠪᠣᠳᠠᠲᠠᠶ ᠤᠴᠢᠷ ᠢ ᠳᠣᠤᠷᠠᠬᠢ | ᠮᠡᠲᠦ ᠮᠡᠳᠡᠭᠳᠡᠶ᠎ᠡ᠄ | ᠨᠢᠭᠡ᠂ ᠪᠣᠯᠪᠠᠰᠤᠷᠠᠭᠤᠯᠬᠤ ᠡᠲᠡᠭᠡᠳ | 1᠂ ᠲᠥᠪᠠᠬᠢᠨᠡᠭᠦᠯᠬᠦ ᠭᠠᠵᠠᠷ ᠨᠢ ᠲᠣᠭᠲᠠᠬᠤ ᠰᠢᠶᠠᠨ ᠤ ᠬᠡᠪᠴᠢᠶᠡᠨ ᠳᠤ ᠪᠠᠶᠢᠭ᠎ᠠ ᠪᠡᠶ᠎ᠡ ᠪᠠᠨ ᠳᠠᠭᠠᠭᠠᠵᠤ ᠠᠵᠢᠯ | ᠤᠯᠬᠤ ᠴᠡᠷᠢᠭ ᠤᠨ ᠠᠯᠪᠠᠨ ᠠᠴᠠ ᠬᠠᠯᠠᠭᠳᠠᠭᠰᠠᠳ᠃ | 2᠂ ᠲᠠᠩᠰᠠ ᠡᠪᠬᠡᠮᠡᠯ ᠪᠠᠶᠢᠭᠤᠯᠤᠨ ᠺᠠᠷᠲ ᠵᠣᠬᠢᠶᠠᠬᠤ ᠠᠵᠢᠯ ᠢ ᠨᠢᠭᠡᠨᠳᠡ ᠪᠡᠶᠡᠯᠡᠭᠦᠯᠦᠭᠰᠡᠨ᠃ | 3᠂ ᠥᠪᠡᠷᠲᠡᠭᠡᠨ ᠵᠠᠰᠠᠬᠤ ᠣᠷᠣᠨ᠂ ᠬᠤᠲᠠ᠂ ᠰᠢᠶᠠᠨ ᠤ ᠵᠣᠬᠢᠶᠠᠨ ᠪᠠᠶᠢᠭᠤᠯᠤᠭᠰᠠᠨ ᠮᠡᠷᠭᠡᠵᠢᠯ | ᠴᠢᠳᠠᠪᠤᠷᠢ ᠶᠢᠨ ᠪᠤᠯᠪᠠᠰᠤᠷᠠᠯ ︵ᠠᠳᠠᠯ ᠦᠢᠯᠡᠰ ᠴᠣᠭᠴᠠᠯᠠᠬᠤ ᠪᠤᠯᠪᠠᠰᠤᠷᠠᠯ︶ ᠳᠤ ᠣᠷᠣᠯᠴᠠᠭᠰᠠᠨ ᠥᠬᠡᠶ᠃ | 4᠂ ᠨᠠᠰᠤ᠄ ᠡᠮᠡᠭᠳᠡᠢ ᠨᠢ ᠪᠦᠬᠦᠯᠢ 45 ᠨᠠᠰᠤᠨ ᠠᠴᠠ ᠬᠡᠲᠦᠷᠡᠵᠦ ᠪᠣᠯᠬᠤ ᠦᠭᠡᠢ᠂ ᠡᠷᠡᠭᠳᠡᠢ ᠪᠦᠬᠦᠯᠢ 50 | ᠨᠠᠰᠤᠨ ᠠᠴᠠ ᠬᠡᠲᠦᠷᠡᠵᠦ ᠪᠣᠯᠬᠤ ᠦᠭᠡᠢ᠃ | ᠬᠤᠶᠠᠷ᠂ ᠪᠤᠯᠪᠠᠰᠤᠷᠠᠯ ᠤᠨ ᠬᠢᠴᠢᠶᠡᠯ ᠲᠥᠷᠥᠯ | 1᠂ ᠵᠢᠯᠣᠭᠤᠴᠢ᠂ ᠬᠡᠲᠦ ᠬᠤᠯᠠ ᠲᠡᠷᠭᠡ ᠵᠢᠯᠤᠭᠤᠳᠬᠤ᠃ | 2᠂ ᠡᠭᠴᠡ ᠨᠢᠰᠴᠦ ᠪᠠᠭᠤᠬᠤ ᠮᠠᠰᠢᠨ ᠤ ᠵᠢᠯᠣᠭᠤᠴᠢ᠃ | 3᠂ 5G ᠲᠡᠭᠡᠭᠡᠪᠦᠷᠢᠯᠡᠨ ᠬᠠᠮᠠᠭᠠᠯᠠᠬᠤ ᠢᠨᠵᠧᠨᠧᠷ︔ | 4᠂ ᠰᠡᠳᠬᠢᠴᠡ ᠶᠢᠨ ᠵᠥᠪᠯᠡᠯᠭᠡ ᠥᠭᠭᠦᠭᠴᠢ | 5᠂ ᠭᠠᠯ ᠰᠡᠷᠭᠡᠶᠢᠯᠡᠬᠦ ᠰᠢᠰᠲ᠋ᠧᠮ ᠤᠨ ᠬᠠᠮᠠᠭᠠᠯᠠᠬᠤ ᠢᠨᠵᠧᠨᠧᠷ︔ | 6᠂ ᠭᠠᠯ ᠤᠨᠲᠠᠷᠠᠭᠠᠬᠤ ᠪᠡᠯᠡᠳᠬᠡᠮᠵᠢ ᠶᠢᠨ ᠠᠵᠢᠯᠯᠠᠭᠴᠢ | 7᠂ ᠭᠠᠯ ᠤᠨᠲᠠᠷᠠᠭᠠᠬᠤ ᠬᠠᠮᠢᠶᠠᠷᠤᠭᠴᠢ | 8᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠬᠠᠮᠢᠶᠠᠷᠤᠭᠴᠢ ︵ᠠᠰᠠᠭᠤᠨ ᠯᠠᠪᠯᠠᠬᠤ᠂ ᠠᠷᠠᠯᠵᠢᠶᠠᠯᠠᠬᠤ᠂ | ᠲᠥᠯᠥᠪᠯᠡᠭᠴᠢ︶ | 9᠂ ᠬᠥᠮᠦᠨ ᠤ ᠬᠦᠴᠦᠨ ᠤ ᠡᠬᠢ ᠪᠠᠶᠠᠯᠢᠭ ᠤᠨ ᠬᠠᠮᠢᠶᠠᠷᠤᠭᠴᠢ᠃ | ᠭᠤᠷᠪᠠ᠂ ᠪᠤᠯᠪᠠᠰᠤᠷᠠᠯ ᠤᠨ ᠴᠠᠭ ᠵᠢᠴᠢ ᠭᠠᠵᠠᠷ | 1᠂ ᠪᠣᠯᠪᠠᠰᠤᠷᠠᠭᠤᠯᠬᠤ ᠴᠠᠭ᠄ 2024 ᠣᠨ ᠤ 6 ᠳ᠋ᠤᠭᠠᠷ ᠰᠠᠷ᠎ᠠ ᠳᠤ | 2᠂ ᠪᠤᠯᠪᠠᠰᠤᠷᠠᠯ ᠤᠨ ᠴᠠᠭ ᠬᠤᠭᠤᠴᠠᠭ᠎ᠠ᠄ ᠪᠠᠷᠤᠭ 16 ᠡᠳᠦᠷ ︵ᠰᠦᠯᠵᠢᠶᠡᠨ ᠳᠡᠭᠡᠷᠡᠬᠢ ᠪᠠ ᠰᠦᠯᠵᠢᠶᠡᠨ | ᠭᠠᠳᠠᠨᠠᠬᠢ︶︔ | 3᠂ ᠪᠤᠯᠪᠠᠰᠤᠷᠠᠯ ᠤᠨ ᠳᠡᠭᠡᠳᠦ ᠰᠤᠷᠭᠠᠭᠤᠯᠢ᠄ ᠥᠪᠥᠷ ᠮᠣᠩᠭᠤᠯ ᠤᠨ ᠣᠲᠣ ᠦᠶ᠎ᠡ ᠶᠢᠨ ᠠᠵᠢᠯ ᠮᠡᠷᠭᠡᠵᠢᠯ ᠤᠨ | ᠲᠤᠰᠬᠠᠶ ᠮᠡᠷᠭᠡᠵᠢᠯ ᠤᠨ ᠳᠡᠭᠡᠳᠦ ᠰᠤᠷᠭᠠᠭᠤᠯᠢ | 4᠂ ᠪᠤᠯᠪᠠᠰᠤᠷᠠᠯ ᠤᠨ ᠭᠠᠵᠠᠷ᠄ ᠥᠪᠥᠷ ᠮᠣᠩᠭᠤᠯ ᠤᠨ ᠣᠲᠣ ᠦᠶ᠎ᠡ ᠶᠢᠨ ᠠᠵᠢᠯ ᠮᠡᠷᠭᠡᠵᠢᠯ ᠤᠨ ᠲᠤᠰᠬᠠᠶ | ᠮᠡᠷᠭᠡᠵᠢᠯ ᠤᠨ ᠳᠡᠭᠡᠳᠦ ᠰᠤᠷᠭᠠᠭᠤᠯᠢ ︵ᠬᠠᠶ᠋ᠢᠭ᠄ ᠥᠪᠥᠷ ᠮᠣᠩᠭᠤᠯ ᠤᠨ ᠵᠢᠶᠠ ᠶᠤᠸᠠᠨ ᠰᠤᠷᠭᠠᠨ ᠬᠥᠮᠦᠵᠢᠯ ᠤᠨ | ᠪᠤᠯᠪᠠᠰᠤᠷᠠᠯ ᠤᠨ ᠰᠠᠭᠤᠷᠢᠨ ᠭᠠᠵᠠᠷ᠃ ᠬᠥᠬᠡᠬᠤᠲᠠ ᠶᠢᠨ ᠲᠦ᠋ᠮᠡᠳ ᠵᠡᠭᠦᠨ ᠬᠤᠰᠢᠭᠤᠨ ᠤ ᠠᠵᠤ ᠦᠶ᠋ᠯᠡᠳᠪᠦᠷᠢ ᠶᠢᠨ | ᠬᠦᠷᠢᠶᠡᠯᠡᠩ ᠲᠤᠬᠤᠷᠢᠭ ᠤᠨ ᠢᠯᠠᠯᠲᠠ ᠡᠮᠦᠨ᠎ᠡ ᠵᠠᠮ︶᠃ | ᠳᠥᠷᠪᠡ᠂ ᠠᠵᠢᠯ ᠤᠨ ᠱᠠᠭᠠᠷᠳᠠᠯᠭ᠎ᠠ | 1. ᠪᠣᠯᠪᠠᠰᠤᠷᠠᠯ ᠳᠤ ᠣᠷᠣᠯᠴᠠᠭᠰᠠᠳ ᠬᠠᠷᠠᠭᠠᠯᠵᠠᠯ ᠤᠨ ᠦᠨᠡᠮᠯᠡᠯ ᠢᠶᠠᠨ ᠠᠪᠴᠤ 6 ᠳ᠋ᠤᠭᠠᠷ ᠰᠠᠷ᠎ᠠ ᠶᠢᠨ 7 ᠤ | ᠡᠳᠦᠷ ᠠᠴᠠ ᠡᠮᠦᠨ᠎ᠡ ᠲᠣᠭᠲᠠᠬᠤ ᠰᠢᠶᠠᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ | ᠲᠣᠪᠴᠢᠶ᠎ᠠ ᠶᠢᠨ ᠬᠤᠶᠠᠳᠤᠭᠠᠷ ᠳᠠᠪᠬᠤᠷᠯᠢᠭ ᠤᠨ ᠦᠢᠯᠡᠴᠢᠯᠡᠭᠡᠨ ᠤ ᠲᠥᠪ ᠲᠤ ᠬᠦᠷᠴᠦ ︽ᠬᠥᠬᠡᠬᠤᠲᠠ ᠶᠢᠨ | ᠪᠡᠶ᠎ᠡ ᠪᠠᠨ ᠳᠠᠭᠠᠭᠠᠵᠤ ᠠᠵᠢᠯ ᠤᠯᠬᠤ ᠴᠡᠷᠢᠭ ᠤᠨ ᠠᠯᠪᠠ ᠡᠴᠠᠬᠠᠯᠠᠭᠳᠠᠭᠰᠠᠳ ᠤᠨ ᠬᠥᠮᠦᠵᠢᠯ ᠪᠣᠯᠪᠠᠰᠤᠷᠠᠯ ᠤᠨ | ᠭᠤᠶᠤᠴᠢᠯᠠᠯ ᠤᠨ ᠬᠦᠰᠦᠨᠦᠭᠲᠦ︾ ᠶᠢ ᠲᠠᠭᠯᠠᠨ᠎ᠠ᠃ | 2. ᠲᠣᠰ ᠤᠳᠠᠭᠠᠨ ᠤ ᠪᠤᠯᠪᠠᠰᠤᠷᠠᠯ ᠤᠨ ᠵᠠᠷᠤᠳᠠᠯ ︵ᠰᠤᠷᠤᠯᠭ᠎ᠠ ᠶᠢᠨ ᠵᠠᠷᠤᠳᠠᠯ᠂ ᠮᠡᠷᠭᠡᠵᠢᠯ ᠴᠢᠳᠠᠪᠤᠷᠢ ᠶᠢᠨ | ᠬᠢᠨᠠᠨ ᠲᠣᠭᠲᠠᠭᠠᠯᠲᠠ ᠶᠢᠨ ᠵᠠᠷᠤᠳᠠᠯ᠂ ᠪᠤᠯᠪᠠᠰᠤᠷᠠᠯ ᠤᠨ ᠬᠤᠭᠤᠴᠠᠭᠠᠨ ᠳᠠᠬᠢ ᠢᠳᠡᠵᠦ ᠤᠤᠭᠤᠬᠤ ᠬᠤᠨᠣᠵᠤ | ᠬᠡᠪᠲᠡᠬᠦ ᠵᠠᠷᠤᠳᠠᠯ ᠵᠢᠴᠢ ᠳᠠᠭᠠᠳᠬᠠᠯ ᠤᠨ ᠵᠠᠷᠤᠳᠠᠯ ᠢ ᠪᠠᠭᠲᠠᠭᠠᠨ᠎ᠠ︶ ᠶᠢ ᠭᠤᠤᠯᠯᠠᠨ ᠡᠷᠭᠢᠯᠡᠭᠰᠡᠨ ᠲᠠᠯ᠎ᠠ ᠠᠴᠠ | ᠡᠭᠦᠷᠭᠡᠯᠡᠵᠦ᠂ ᠲᠣᠭᠲᠠᠭᠠᠯ ᠢ ᠦᠨᠳᠦᠰᠦᠯᠡᠨ ᠪᠣᠯᠪᠠᠰᠤᠷᠠᠯ ᠢᠶᠠᠨ ᠳᠠᠭᠤᠰᠬᠠᠭᠰᠠᠨ ᠤ ᠳᠠᠷᠠᠭ᠎ᠠ ᠬᠢᠷᠢ ᠬᠡᠮ ᠤᠨ | ᠦᠨᠡᠮᠯᠡᠯ ᠣᠯᠭᠤᠨ᠎ᠠ᠃ | 3᠂ ᠲᠣᠰ ᠤᠳᠠᠭᠠᠨ ᠤ ᠪᠤᠯᠪᠠᠰᠤᠷᠠᠯ ᠪᠣᠯ ᠪᠢᠲᠡᠭᠦᠮᠵᠢᠯᠡᠭᠰᠡᠨ ᠮᠠᠶ᠋ᠢᠭ ᠤᠨ ᠪᠤᠯᠪᠠᠰᠤᠷᠠᠯ ᠪᠣᠯᠤᠨ᠎ᠠ᠂ | ᠪᠤᠯᠪᠠᠰᠤᠷᠠᠯ ᠤᠨ ᠰᠤᠷᠤᠭᠴᠢᠳ ᠪᠤᠯᠪᠠᠰᠤᠷᠠᠯ ᠤᠨ ᠰᠤᠷᠭᠠᠭᠤᠯᠢ ᠶᠢᠨ ᠡᠯ᠎ᠡ ᠵᠦᠢᠯ ᠤᠨ ᠳᠦᠷᠢᠮ ᠲᠣᠭᠲᠠᠭᠠᠯ ᠢ | ᠴᠢᠩᠭ᠎ᠠ ᠵᠢᠷᠤᠮᠯᠠᠬᠤ ᠬᠡᠷᠡᠭᠲᠡᠶ᠃ | 4. ᠤᠷ᠎ᠠ ᠴᠢᠳᠠᠪᠤᠷᠢ ᠶᠢᠨ ᠪᠤᠯᠪᠠᠰᠤᠷᠠᠯ ᠳᠠᠭᠤᠰᠤᠭᠰᠠᠨ ᠤ ᠳᠠᠷᠠᠭ᠎ᠠ ᠲᠤᠬᠠᠶ ᠶᠢᠨ ᠡᠳᠦᠷ ᠲᠤ ᠲᠤᠬᠠᠶ ᠶᠢᠨ | ᠲᠠᠯᠠᠪᠤᠷ ᠤᠨ ᠠᠵᠢᠯᠲᠠᠨ ᠡᠯᠰᠡᠬᠦ ᠴᠤᠭᠯᠠᠭᠠᠨ ᠢ ᠵᠡᠷᠭᠡ ᠪᠠᠷ ᠶᠠᠪᠤᠭᠳᠠᠭᠤᠯᠵᠤ᠂ ᠴᠡᠷᠢᠭ ᠤᠨ ᠠᠯᠪᠠ ᠠᠴᠠ | ᠬᠠᠯᠠᠭᠳᠠᠭᠰᠠᠳ ᠲᠤ ᠠᠵᠢᠯ ᠣᠯᠭᠤᠬᠤ ᠲᠠᠪᠴᠠᠩ ᠪᠠᠶᠢᠭᠤᠯᠵᠤ ᠥᠭᠭᠦᠨ᠎ᠡ᠃ | ᠬᠠᠷᠢᠯᠴᠠᠬᠤ ᠬᠥᠮᠦᠨ᠄ ᠵᠠᠩ ᠰᠢᠨ | ᠤᠲᠠᠰᠤ᠄ 0471-8512611 | | ᠲᠣᠭᠲᠠᠬᠤ ᠰᠢᠶᠠᠨ ᠤ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ | 2024 ᠣᠨ ᠤ 5 ᠳ᠋ᠤᠭᠠᠷ ᠰᠠᠷ᠎ᠠ ᠶᠢᠨ 29 ᠤ ᠡᠳᠦᠷ | | ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠤᠨ ᠶᠦᠨ ᠵᠥᠩ ᠬᠠᠮ ᠵᠠᠭᠤᠴᠢᠯᠠᠭᠤᠷ |