ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠵᠡᠷᠭᠡ ᠣᠯᠠᠨ ᠰᠠᠯᠠᠭ᠎ᠠ ᠮᠥᠴᠢᠷ ᠪᠦᠲᠦᠮᠵᠢᠲᠡᠶ ᠪᠠᠯᠠ ᠣᠷᠣᠭᠤᠯᠤᠯᠲᠠ ᠶᠢ ᠦᠷᠭᠦᠯᠵᠢᠯᠡᠨ ᠥᠷᠭᠡᠳᠬᠡᠬᠦ ᠶᠢ ᠠᠬᠢᠭᠤᠯᠬᠤ ᠲᠤᠬᠠᠶ ᠪᠠᠶᠢᠷᠢᠯᠠᠭᠤᠯᠤᠯᠲᠠ ᠬᠢᠪᠠ
ᠨᠡᠶᠢᠲᠡᠯᠡᠭᠰᠡᠨ ᠴᠠᠭ᠄
2024/5/31
      ᠪᠡᠯᠡ ᠣᠷᠣᠭᠤᠯᠤᠯᠲᠠ ᠪᠣᠯ ᠨᠡᠮᠡᠭᠳᠡᠯ ᠢ ᠲᠣᠭᠲᠠᠪᠤᠷᠢᠵᠢᠭᠤᠯᠬᠤ᠂ ᠬᠥᠭᠵᠢᠯᠲᠡ ᠶᠢ ᠠᠬᠢᠭᠤᠯᠬᠤ ᠴᠢᠬᠤᠯᠠ ᠠᠷᠭ᠎ᠠ ᠵᠠᠮ ᠪᠠ ᠪᠦᠲᠦᠮᠵᠢᠲᠡᠶ ᠠᠷᠭ᠎ᠠ ᠪᠠᠷᠢᠯ ᠮᠥᠨ᠃ ᠪᠦᠲᠦᠮᠵᠢᠲᠡᠶ ᠪᠡᠯᠡ ᠣᠷᠣᠭᠤᠯᠤᠯᠲᠠ ᠶᠢ ᠥᠷᠭᠡᠳᠬᠡᠬᠦ ᠶᠢᠨ ᠲᠣᠭᠤᠷᠢᠨ ᠳᠤ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠵᠡᠷᠭᠡ ᠣᠯᠠᠨ ᠰᠠᠯᠠᠭ᠎ᠠ ᠮᠥᠴᠢᠷ᠂ ᠣᠶᠢᠷ᠎ᠠ ᠳᠤ ᠶᠡᠭᠡ ᠬᠡᠪᠴᠢᠶᠡᠨ ᠤ ᠲᠥᠬᠦᠭᠡᠷᠦᠮᠵᠢ ᠶᠢᠨ ᠰᠢᠨᠡᠴᠢᠯᠡᠯᠲᠡ᠂ ᠬᠡᠳᠦ ᠤᠷᠲᠤ ᠬᠤᠭᠤᠴᠠᠭᠠᠨ ᠤ ᠣᠨᠴᠠᠭᠠᠢ ᠤᠯᠤᠰ ᠤᠨ ᠵᠢᠭᠡᠯᠡᠯᠭᠡ ᠶᠢᠨ ᠲᠥᠷᠥᠯ ᠵᠦᠢᠯ ᠵᠡᠷᠭᠡ ᠳᠤ ᠪᠠᠶᠢᠷᠢᠯᠠᠭᠤᠯᠤᠯᠲᠠ ᠬᠢᠪᠡ᠃ ᠵᠠᠳᠠᠯᠤᠭᠴᠢᠳ ᠤᠨ ᠦᠵᠡᠬᠦ ᠪᠠᠷ᠂ ᠰᠢᠨ᠎ᠡ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠳᠠᠭᠠᠯᠳᠤᠨ ᠦᠷ᠎ᠡ ᠪᠦᠲᠦᠮᠵᠢ ᠣᠯᠵᠤ᠂ ᠬᠤᠯᠪᠣᠭᠳᠠᠯ ᠪᠦᠬᠦᠢ ᠬᠦᠷᠢᠶᠡᠨ ᠤ ᠪᠡᠯᠡ ᠣᠷᠣᠭᠤᠯᠤᠯᠲᠠ ᠨᠡᠯᠢᠶᠡᠳ ᠲᠦᠷᠭᠡᠨ ᠨᠡᠮᠡᠭᠳᠡᠯ ᠢ ᠪᠠᠲᠤᠯᠠᠵᠤ᠂ ᠪᠦᠲᠦᠮᠵᠢᠲᠡᠢ ᠪᠡᠯᠡ ᠣᠷᠣᠭᠤᠯᠤᠯᠲᠠ ᠶᠢᠨ ᠦᠷᠭᠦᠯᠵᠢᠯᠡᠨ ᠥᠷᠭᠡᠳᠬᠦ ᠶᠢ ᠠᠬᠢᠭᠤᠯᠬᠤ ᠪᠣᠯᠤᠮᠵᠢ ᠲᠠᠢ ᠪᠠᠶᠢᠨ᠎ᠠ ᠭᠡᠵᠡᠢ᠃      ᠡᠨᠡ ᠵᠢᠯ ᠪᠡᠯᠡ ᠣᠷᠤᠭᠤᠯᠤᠯᠲᠠ ᠶᠢᠨ ᠳᠣᠭᠲᠠᠭᠤᠨ ᠨᠡᠮᠡᠭᠳᠡᠯ ᠢ ᠪᠠᠳᠤᠯᠠᠨ᠎ᠠᠡᠨᠡ ᠵᠢᠯ ᠠᠴᠠ ᠨᠠᠰᠢᠬᠢ ᠪᠡᠯᠡ ᠣᠷᠣᠭᠤᠯᠤᠯᠲᠠ ᠶᠢᠨ ᠪᠠᠶᠢᠳᠠᠯ ᠨᠢ ᠶᠠᠮᠠᠷ ᠪᠤᠢ︖ ᠳᠥᠷᠪᠡᠨ ᠪᠦᠯᠦᠭ ᠤᠨ ᠲᠤᠭ᠎ᠠ ᠪᠠᠷᠢᠮᠲᠠ ᠢᠳᠡᠪᠬᠢᠲᠡᠢ ᠳᠣᠬᠢᠶ᠎ᠠ ᠳᠠᠮᠵᠢᠭᠤᠯᠵᠠᠢ      ᠦᠢᠯᠡᠳᠬᠡᠯ ᠤᠨ ᠦᠢᠯᠡᠰ ᠤᠨ ᠪᠠᠯᠠ ᠣᠷᠣᠭᠤᠯᠤᠯᠲᠠ ᠶᠢ ᠦᠵᠡᠪᠡᠯ᠂ 1— 4 ᠳ᠋ᠦ᠋ᠭᠡᠷ ᠰᠠᠷ᠎ᠠ ᠳᠤ᠂ ᠦᠢᠯᠡᠳᠬᠡᠯ ᠤᠨ ᠦᠢᠯᠡᠰ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 9.7% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠥᠬᠦ ᠪᠠᠯᠠ ᠣᠷᠣᠭᠤᠯᠤᠯᠲᠠ ᠶᠢᠨ 5.5 % ᠪᠠᠷ ᠨᠡᠮᠡᠭᠳᠡᠵᠡᠢ︔ ᠪᠥᠬᠦ ᠪᠠᠯᠠ ᠣᠷᠣᠭᠤᠯᠤᠯᠲᠠ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠨᠢ 54.8% ᠬᠦᠷᠴᠦ᠂ 1 — 3 ᠳ᠋ᠤᠭᠠᠷ ᠰᠠᠷ᠎ᠠ ᠶᠢᠨ ᠬᠢ ᠠᠴᠠ 2.5 % ᠪᠠᠷ ᠳᠡᠭᠡᠭᠰᠢᠯᠡᠪᠡ᠃      ᠰᠠᠭᠤᠷᠢ ᠲᠥᠬᠦᠭᠡᠷᠦᠮᠵᠢ ᠶᠢᠨ ᠪᠡᠯᠡ ᠣᠷᠣᠭᠤᠯᠤᠯᠲᠠ ᠶᠢ ᠦᠵᠡᠪᠡᠯ᠂ 1 — 4 ᠳ᠋ᠦ᠋ᠭᠡᠷ ᠰᠠᠷ᠎ᠠ ᠳᠤ᠂ ᠰᠠᠭᠤᠷᠢ ᠲᠥᠬᠦᠭᠡᠷᠦᠮᠵᠢ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 6% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠦᠬᠦ ᠪᠡᠯᠡ ᠣᠷᠣᠭᠤᠯᠤᠯᠲᠠ ᠶᠢᠨ 1.8 % ᠪᠠᠷ ᠨᠡᠮᠡᠭᠳᠡᠵᠡᠢ᠂ ᠪᠦᠬᠦ ᠪᠡᠯᠡ ᠣᠷᠣᠭᠤᠯᠤᠯᠲᠠ ᠶᠢᠨ ᠨᠡᠮᠡᠭᠳᠡᠯ ᠢ 1.3% ᠪᠠᠷ ᠳᠡᠭᠡᠭᠰᠢᠯᠡᠭᠦᠯᠪᠡ᠃      ᠳᠡᠭᠡᠳᠦ ᠮᠡᠷᠭᠡᠵᠢᠯ ᠤᠨ ᠠᠵᠤ ᠦᠢᠯᠡᠰ ᠤᠨ ᠪᠡᠯᠡ ᠣᠷᠣᠭᠤᠯᠤᠯᠲᠠ ᠶᠢ ᠦᠵᠡᠬᠦ ᠳᠤ᠂ 1 — 4 ᠳ᠋ᠦ᠋ᠭᠡᠷ ᠰᠠᠷ᠎ᠠ ᠳᠤ᠂ ᠳᠡᠭᠡᠳᠦ ᠮᠡᠷᠭᠡᠵᠢᠯ ᠤᠨ ᠠᠵᠤ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 11.1% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠥᠬᠦ ᠪᠡᠯᠡ ᠣᠷᠣᠭᠤᠯᠤᠯᠲᠠ ᠶᠢᠨ 6.9 % ᠪᠠᠷ ᠨᠡᠮᠡᠭᠳᠡᠵᠦ᠂ ᠳᠡᠭᠡᠳᠦ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 14.5% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ 1 — 3 ᠳ᠋ᠤᠭᠠᠷ ᠰᠠᠷ᠎ᠠ ᠶᠢᠨ ᠬᠢ ᠠᠴᠠ 1.8 % ᠪᠠᠷ ᠲᠦᠷᠭᠡᠳᠪᠡ᠃ ᠡᠭᠦᠨ ᠳᠤ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠦᠢᠯᠡᠰ ᠤᠨ ᠪᠡᠯᠡ ᠣᠷᠣᠭᠤᠯᠤᠯᠲᠠ 27.6% ᠪᠠᠷ ᠨᠡᠮᠡᠭᠳᠡᠵᠦ᠂ ᠮᠡᠳᠡᠭᠡ ᠵᠠᠩᠭᠢ ᠶᠢᠨ ᠦᠢᠯᠡᠴᠢᠯᠡᠭᠡᠨ ᠤ ᠦᠢᠯᠡᠰ ᠤᠨ ᠪᠡᠯᠡ ᠣᠷᠣᠭᠤᠯᠤᠯᠲᠠ 19.9% ᠪᠠᠷ ᠨᠡᠮᠡᠭᠳᠡᠵᠦ᠂ ᠰᠢᠨᠵᠢᠯᠡᠬᠦ ᠤᠬᠠᠭᠠᠨ ᠮᠡᠷᠭᠡᠵᠢᠯ ᠬᠢᠭᠡᠳ ᠦᠷ᠎ᠡ ᠪᠦᠲᠦᠭᠡᠯ ᠢ ᠤᠯᠠᠷᠢᠭᠤᠯᠬᠤ ᠦᠢᠯᠡᠴᠢᠯᠡᠭᠡᠨ ᠤ ᠦᠢᠯᠡᠰ ᠤᠨ ᠪᠡᠯᠡ ᠣᠷᠣᠭᠤᠯᠤᠯᠲᠠ 16.5% ᠪᠠᠷ ᠨᠡᠮᠡᠭᠳᠡᠪᠡ᠃      ᠲᠣᠮᠣ ᠴᠢᠬᠤᠯᠠ ᠲᠥᠷᠥᠯ ᠵᠦᠢᠯ ᠤᠨ ᠪᠡᠯᠡ ᠣᠷᠣᠭᠤᠯᠤᠯᠲᠠ ᠶᠢᠨ ᠲᠠᠯ᠎ᠠ ᠪᠠᠷ᠂ 1 — 4 ᠳ᠋ᠦ᠋ᠭᠡᠷ ᠰᠠᠷ᠎ᠠ ᠳᠤ᠂ ᠶᠡᠷᠦᠩᠬᠡᠢ ᠪᠡᠯᠡ ᠣᠷᠣᠭᠤᠯᠤᠯᠲᠠ ᠨᠢ ᠳ᠋ᠦᠩᠰᠢᠭᠤᠷ ᠲᠥᠭᠦᠷᠢᠭ ᠵᠢᠴᠢ ᠲᠡᠭᠦᠨ ᠠᠴᠠ ᠳᠡᠭᠡᠭᠰᠢᠬᠢ ᠲᠥᠷᠥᠯ ᠵᠦᠢᠯ ᠤᠨ ᠪᠡᠯᠡ ᠣᠷᠣᠭᠤᠯᠤᠯᠲᠠ   ᠨᠢ ᠠᠳᠠᠯᠢ ᠬᠤᠭᠤᠴᠠᠭᠠᠨ ᠤ ᠬᠢ ᠠᠴᠠ 10% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠦᠬᠦ ᠪᠡᠯᠡ ᠣᠷᠣᠭᠤᠯᠤᠯᠲᠠ ᠠᠴᠠ 5.8 %  ᠪᠠᠷ ᠲᠡᠭᠡᠭᠰᠢᠯᠡᠪᠡ᠂ ᠪᠦᠬᠦ ᠪᠡᠯᠡ ᠣᠷᠣᠭᠤᠯᠤᠯᠲᠠ ᠶᠢᠨ ᠨᠡᠮᠡᠭᠳᠡᠯ ᠨᠢ 5.3 % ᠪᠠᠷ ᠨᠡᠮᠡᠭᠳᠡᠪᠡ᠃ ᠡᠭᠦᠨ ᠳᠤ᠂ ᠶᠡᠷᠦᠩᠬᠡᠶ ᠪᠡᠯᠡ ᠣᠷᠣᠭᠤᠯᠤᠯᠲᠠ 10 ᠳ᠋ᠦᠩᠰᠢᠭᠤᠷ ᠲᠥᠭᠦᠷᠢᠭ ᠵᠢᠴᠢ ᠲᠡᠭᠦᠨ ᠠᠴᠠ ᠳᠡᠭᠡᠭᠰᠢᠬᠢ ᠲᠥᠷᠥᠯ ᠵᠦᠢᠯ ᠤᠨ ᠪᠡᠯᠡ ᠣᠷᠣᠭᠤᠯᠤᠯᠲᠠ ᠨᠢ 10.1% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠥᠬᠦ ᠪᠡᠯᠡ ᠣᠷᠣᠭᠤᠯᠤᠯᠲᠠ ᠶᠢᠨ 5.9 % ᠪᠠᠷ ᠲᠡᠭᠡᠭᠰᠢᠯᠡᠪᠡ᠃      ᠤᠯᠤᠰ ᠤᠨ ᠲᠤᠭ᠎ᠠ ᠪᠦᠷᠢᠳᠬᠡᠯ ᠤᠨ ᠲᠣᠪᠴᠢᠶᠠᠨ ᠤ ᠶᠡᠷᠦᠩᠬᠡᠶ ᠠᠵᠤ ᠠᠬᠤᠶᠢᠴᠢ ᠯᠢᠦ ᠠᠶ ᠬᠤᠸᠠ ᠢᠯᠡᠷᠬᠡᠶᠢᠯᠡᠬᠦ ᠳᠡᠭᠡᠨ᠂ ᠶᠡᠷᠦᠩᠬᠡᠶ ᠳᠤᠨᠢ ᠠᠪᠴᠤ ᠦᠵᠡᠪᠡᠯ᠂ ᠪᠦᠲᠦᠮᠵᠢᠲᠡᠶ ᠪᠠᠯᠠ ᠣᠷᠣᠭᠤᠯᠤᠯᠲᠠ ᠶᠢ ᠢᠳᠡᠪᠬᠢᠲᠡᠶ ᠪᠠᠷ ᠥᠷᠭᠡᠳᠬᠡᠬᠦ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠳᠠᠶᠢᠴᠢᠯᠠᠯᠲᠠ ᠳᠣᠤᠷ᠎ᠠ᠂ ᠪᠥᠬᠦ ᠤᠯᠤᠰ ᠤᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠲᠣᠭᠲᠠᠭᠤᠨ ᠢᠶᠠᠷ ᠨᠡᠮᠡᠭᠳᠡᠬᠦ ᠶᠢ ᠪᠠᠲᠤᠯᠠᠪᠠ ᠭᠡᠵᠡᠢ᠃     ᠶᠡᠭᠡ ᠬᠡᠪᠴᠢᠶᠡᠨ ᠤ ᠳᠦᠬᠦᠬᠡᠷᠤᠮᠵᠢ ᠶᠢᠨ ᠰᠢᠨᠡᠴᠢᠯᠡᠯᠲᠡ ᠶᠢ ᠠᠬᠢᠭᠤᠯᠤᠨ᠎ᠠ᠂ᠪᠦᠲᠦᠮᠵᠢᠲᠡᠶ ᠪᠡᠯᠡ ᠣᠷᠣᠭᠤᠯᠤᠯᠲᠠ ᠶᠢ ᠤᠯᠠᠮ ᠨᠢᠭᠡ ᠠᠯᠬᠤᠮ ᠥᠷᠭᠡᠳᠬᠡᠵᠦ᠂ ᠰᠢᠨ᠎ᠡ ᠠᠷᠭ᠎ᠠ ᠬᠡᠮᠵᠢᠶ᠎ᠡ ᠨᠠᠶᠢᠳᠠᠪᠤᠷᠢᠵᠢᠭᠤᠯᠬᠤ ᠶᠢ ᠲᠦᠷᠭᠡᠳᠬᠡᠵᠦ᠂ ᠶᠡᠭᠡ ᠬᠡᠪᠴᠢᠶᠡᠨ ᠤ ᠲᠥᠬᠦᠭᠡᠷᠦᠮᠵᠢ ᠶᠢ ᠰᠢᠨᠡᠳᠬᠡᠬᠦ ᠪᠣᠯ ᠡᠭᠦᠨ ᠤ ᠳᠣᠲᠣᠷᠠᠬᠢ ᠨᠢᠭᠡ ᠪᠣᠯᠤᠨ᠎ᠠ᠃      ᠡᠨᠡ ᠵᠢᠯ ᠤᠨ 3 ᠳ᠋ᠤᠭᠠᠷ ᠰᠠᠷ᠎ᠠ ᠳᠤ ᠲᠥᠷᠥ ᠶᠢᠨ ᠶᠠᠪᠤᠳᠠᠯ ᠤᠨ ᠬᠤᠷᠢᠶ᠎ᠠ ᠠᠴᠠ ︽ᠶᠡᠭᠡ ᠬᠡᠪᠴᠢᠶᠡᠨ ᠤ ᠲᠥᠬᠦᠭᠡᠷᠦᠮᠵᠢ ᠶᠢ ᠰᠢᠨᠡᠳᠬᠡᠬᠦ ᠪᠠ ᠬᠡᠷᠡᠭᠯᠡᠭᠡᠨ ᠤ ᠵᠦᠢᠯ ᠢ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠠᠬᠢᠭᠤᠯᠬᠤ ᠠᠵᠢᠯᠯᠠᠭ᠎ᠠ ᠶᠢᠨ ᠲᠥᠰᠦᠯ︾ ᠢ ᠳᠠᠷᠤᠮᠠᠯᠯᠠᠨ ᠲᠠᠷᠬᠠᠭᠠᠵᠤ᠂ ᠲᠥᠬᠦᠭᠡᠷᠦᠮᠵᠢ ᠶᠢ ᠰᠢᠨᠡᠳᠬᠡᠬᠦ ᠠᠵᠢᠯᠯᠠᠭ᠎ᠠ ᠶᠢ ᠬᠡᠷᠡᠭᠵᠢᠭᠦᠯᠦᠨ᠎ᠡ ᠭᠡᠵᠦ ᠲᠣᠳᠣᠷᠬᠠᠶ ᠳᠤᠷᠠᠳᠪᠠ︔ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠵᠡᠷᠭᠡ ᠲᠤᠯᠤᠭᠠᠨ ᠰᠠᠯᠠᠭ᠎ᠠ ᠮᠥᠴᠢᠷ ᠬᠠᠮᠲᠤᠷᠠᠨ ︽ᠠᠵᠤ ᠦᠢᠯᠡᠳᠪᠦᠷᠢ ᠶᠢᠨ ᠬᠦᠷᠢᠶᠡᠨ ᠳᠠᠬᠢ ᠲᠥᠬᠦᠭᠡᠷᠦᠮᠵᠢ ᠶᠢ ᠰᠢᠨᠡᠳᠬᠡᠬᠦ ᠶᠢ ᠠᠬᠢᠭᠤᠯᠬᠤ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠲᠠᠷᠬᠠᠭᠠᠵᠤ᠂ 2027 ᠤᠨ ᠪᠤᠯᠳᠠᠯ᠎ᠠ ᠠᠵᠤ ᠦᠢᠯᠡᠳᠪᠦᠷᠢ ᠶᠢᠨ ᠬᠦᠷᠢᠶᠡᠨ ᠳᠠᠬᠢ ᠲᠥᠬᠦᠭᠡᠷᠦᠮᠵᠢ ᠶᠢᠨ ᠪᠠᠯᠠ ᠣᠷᠣᠭᠤᠯᠤᠯᠲᠠ ᠶᠢᠨ ᠬᠡᠪᠴᠢᠶ᠎ᠡ ᠶᠢ 2023 ᠣᠨ ᠠᠴᠠ 25% ᠪᠠᠷ ᠨᠡᠮᠡᠭᠳᠡᠭᠦᠯᠦᠨ᠎ᠡ ᠭᠡᠵᠦ ᠳᠤᠷᠠᠳᠪᠠ︔ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠵᠡᠷᠭᠡ ᠵᠢᠷᠭᠤᠭᠠᠨ ᠰᠠᠯᠠᠭ᠎ᠠ ᠮᠥᠴᠢᠷ᠂ 5 ᠳ᠋ᠤᠭᠠᠷ ᠰᠠᠷ᠎ᠠ ᠶᠢᠨ 24 ᠤ ᠡᠳᠦᠷ ︽ᠰᠣᠶᠣᠯ ᠪᠠ ᠵᠢᠭᠤᠯᠴᠢᠯᠠᠯ ᠤᠨ ᠬᠦᠷᠢᠶᠡᠨ ᠳᠠᠬᠢ ᠲᠥᠬᠦᠭᠡᠷᠦᠮᠵᠢ ᠶᠢ ᠰᠢᠨᠡᠴᠢᠯᠡᠬᠦ ᠶᠢ ᠠᠬᠢᠭᠤᠯᠬᠤ ᠲᠤᠬᠠᠶ ᠬᠡᠷᠡᠭᠵᠢᠭᠦᠯᠬᠦ ᠲᠥᠰᠦᠯ︾ ᠢ ᠨᠡᠶᠢᠲᠡᠯᠡᠵᠦ᠂ 2027 ᠤᠨ ᠪᠤᠯᠳᠠᠯ᠎ᠠ᠂ ᠪᠥᠬᠦ ᠤᠯᠤᠰ ᠤᠨ ᠰᠣᠶᠣᠯ ᠪᠠ ᠵᠢᠭᠤᠯᠴᠢᠯᠠᠯ ᠤᠨ ᠬᠦᠷᠢᠶᠡᠨ ᠳᠤ ᠨᠢᠭᠡ ᠪᠦᠯᠦᠭ ᠲᠥᠬᠦᠭᠡᠷᠦᠮᠵᠢ ᠶᠢ ᠰᠢᠨᠡᠳᠬᠡᠬᠦ ᠶᠢ ᠬᠥᠲᠥᠯᠥᠨ ᠵᠢᠯᠣᠭᠤᠳᠴᠤ ᠠᠬᠢᠭᠤᠯᠬᠤ᠂ ᠬᠠᠮᠢᠶ᠎ᠠ ᠪᠥᠬᠦᠶ ᠪᠠᠯᠠ ᠣᠷᠣᠭᠤᠯᠤᠯᠲᠠ ᠶᠢᠨ ᠬᠡᠪᠴᠢᠶ᠎ᠡ ᠶᠢ ᠦᠷᠭᠦᠯᠵᠢᠯᠡᠨ ᠲᠣᠭᠲᠠᠭᠤᠨ ᠢᠶᠠᠷ ᠨᠡᠮᠡᠭᠳᠡᠭᠦᠯᠬᠦ ᠶᠢ ᠪᠠᠲᠤᠯᠠᠨ᠎ᠠ ᠭᠡᠵᠦ ᠳᠤᠷᠠᠳᠪᠠ᠃ ᠶᠡᠭᠡ ᠬᠡᠪᠴᠢᠶᠡᠨ ᠤ ᠲᠥᠬᠦᠭᠡᠷᠦᠮᠵᠢ ᠶᠢ  ᠰᠢᠨᠡᠳᠭᠡᠬᠦ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠵᠠᠯᠭᠠᠯᠳᠤᠭ᠎ᠠ ᠪᠠᠷ ᠨᠡᠶᠢᠳᠡᠯᠡᠪᠡ᠃    ᠡᠯ᠎ᠡ ᠭᠠᠵᠠᠷ ᠤᠨ ᠬᠢᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠲᠤᠭᠳᠠᠭᠠᠬᠤ ᠶᠢ ᠲᠦᠷᠭᠡᠳᠭᠡᠪᠡ᠃ 5 ᠳ᠋ᠤᠭᠠᠷ ᠰᠠᠷ᠎ᠠ ᠶᠢᠨ 28 ᠤ ᠡᠳᠦᠷ᠂ ᠠᠨᠾᠦ᠋ᠢ ᠮᠤᠵᠢ ᠶᠡᠭᠡ ᠬᠡᠪᠴᠢᠶᠡᠨ ᠤ ᠲᠤᠨᠤᠭ ᠲᠥᠬᠦᠭᠡᠷᠦᠮᠵᠢ ᠶᠢ ᠰᠢᠨᠡᠳᠬᠡᠬᠦ ᠪᠠ ᠬᠡᠷᠡᠭᠯᠡᠭᠡᠨ ᠤ ᠵᠦᠢᠯᠡᠰ ᠢ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠠᠬᠢᠭᠤᠯᠬᠤ ᠬᠡᠷᠡᠭᠵᠢᠭᠦᠯᠬᠦ ᠲᠥᠰᠦᠯ ᠢ ᠨᠡᠶᠢᠲᠡᠯᠡᠵᠦ᠂ 2027 ᠤᠨ ᠪᠤᠯᠳᠠᠯ᠎ᠠ᠂ ᠠᠵᠤ ᠦᠢᠯᠡᠳᠪᠦᠷᠢ᠂ ᠲᠠᠷᠢᠶᠠᠯᠠᠩ᠂ ᠪᠠᠷᠢᠯᠭ᠎ᠠ᠂ ᠵᠠᠮ ᠬᠠᠷᠢᠯᠴᠠᠭ᠎ᠠ᠂ ᠰᠤᠷᠭᠠᠨ ᠬᠥᠮᠦᠵᠢᠯ᠂ ᠰᠣᠶᠣᠯ ᠵᠢᠭᠤᠯᠴᠢᠯᠠᠯ᠂ ᠡᠮᠴᠢᠯᠡᠭᠡ ᠵᠡᠷᠭᠡ ᠬᠦᠷᠢᠶᠡᠨ ᠤ ᠲᠤᠨᠤᠭ ᠲᠥᠬᠦᠭᠡᠷᠦᠮᠵᠢ ᠶᠢᠨ ᠪᠡᠯᠡ ᠣᠷᠣᠭᠤᠯᠤᠯᠲᠠ ᠶᠢᠨ ᠬᠡᠪᠴᠢᠶ᠎ᠡ ᠶᠢ 2023 ᠣᠨ ᠤ ᠬᠢ ᠠᠴᠠ 25%  ᠪᠠᠷ ᠳᠡᠭᠡᠭᠰᠢ ᠨᠡᠮᠡᠭᠳᠡᠭᠦᠯᠦᠨ᠎ᠡ ᠭᠡᠵᠦ ᠳᠤᠷᠠᠳᠪᠠ᠃ 5 ᠳ᠋ᠤᠭᠠᠷ ᠰᠠᠷ᠎ᠠ ᠶᠢᠨ 14 ᠤ ᠡᠳᠦᠷ ᠵᠧᠵᠢᠶᠠᠩ ᠮᠤᠵᠢ ᠲᠠᠷᠢᠶᠠᠯᠠᠩ ᠤᠨ ᠬᠦᠷᠢᠶᠡᠨ ᠳᠠᠬᠢ ᠲᠥᠬᠦᠭᠡᠷᠦᠮᠵᠢ ᠶᠢ ᠬᠡᠷᠡᠭᠯᠡᠭᠡᠨ ᠠᠴᠠ ᠭᠠᠷᠭᠠᠵᠤ ᠰᠢᠨᠡᠳᠬᠡᠬᠦ ᠪᠠ ᠪᠥᠲᠥᠭᠡᠨ ᠪᠠᠶᠢᠭᠤᠯᠤᠯᠲᠠ ᠶᠢ ᠳᠡᠭᠡᠭᠰᠢᠯᠡᠭᠦᠯᠬᠦ ᠶᠢ ᠠᠬᠢᠭᠤᠯᠬᠤ ᠬᠡᠷᠡᠭᠵᠢᠭᠦᠯᠬᠦ ᠲᠥᠰᠦᠯ ᠢ ᠨᠡᠶᠢᠲᠡᠯᠡᠵᠦ᠂ 2027 ᠤᠨ ᠪᠤᠯᠳᠠᠯ᠎ᠠ ᠪᠥᠬᠦ ᠮᠤᠵᠢ ᠶᠢᠨ ᠲᠠᠷᠢᠶᠠᠯᠠᠩ ᠤᠨ ᠬᠦᠷᠢᠶᠡᠨ ᠳᠠᠬᠢ ᠪᠡᠯᠡᠳᠭᠡᠮᠵᠢ ᠲᠥᠬᠦᠭᠡᠷᠦᠮᠵᠢ ᠶᠢᠨ ᠪᠠᠯᠠ ᠣᠷᠣᠭᠤᠯᠤᠯᠲᠠ ᠶᠢᠨ ᠬᠡᠪᠴᠢᠶ᠎ᠡ ᠶᠢ 2023 ᠣᠨ ᠤ ᠬᠢ ᠠᠴᠠ 30%  ᠪᠠᠷ ᠳᠡᠭᠡᠭᠰᠢ ᠨᠡᠮᠡᠭᠳᠡᠭᠦᠯᠬᠦ ᠪᠠᠷ ᠴᠢᠷᠮᠠᠶᠢᠨ᠎ᠠ ᠭᠡᠵᠦ ᠳᠤᠷᠠᠳᠪᠠ᠃      ᠯᠢᠦ ᠠᠢ ᠬᠤᠸᠠ᠂ ᠶᠡᠭᠡ ᠬᠡᠪᠴᠢᠶᠡᠨ ᠤ ᠲᠥᠬᠦᠭᠡᠷᠦᠮᠵᠢ ᠶᠢ ᠰᠢᠨᠡᠳᠭᠡᠬᠦ ᠲᠥᠷᠥ ᠶᠢᠨ ᠪᠣᠳᠣᠯᠭ᠎ᠠ ᠶᠢᠨ ᠳᠠᠢᠴᠢᠯᠠᠯᠲᠠ ᠳᠣᠣᠷ᠎ᠠ᠂ 1 – 4 ᠳ᠋ᠤᠭᠡᠷ ᠰᠠᠷ᠎ᠠ ᠳᠤ᠂ ᠲᠥᠬᠦᠭᠡᠷᠦᠮᠵᠢ ᠶᠢᠨ ᠪᠠᠭᠠᠵᠢ ᠬᠡᠷᠡᠭᠰᠡᠯ ᠬᠤᠳᠠᠯᠳᠤᠨ ᠠᠪᠬᠤ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 17.2 % ᠪᠠᠷ ᠨᠡᠮᠡᠭᠳᠡᠵᠦ᠂ ᠪᠦᠬᠦ ᠪᠡᠯᠡ ᠣᠷᠣᠭᠤᠯᠤᠯᠲᠠ ᠶᠢᠨ 13 % ᠪᠠᠷ ᠨᠡᠮᠡᠭᠳᠡᠵᠦ᠂ ᠪᠦᠬᠦ ᠪᠡᠯᠡ ᠣᠷᠣᠭᠤᠯᠤᠯᠲᠠ ᠶᠢ 2.2 % ᠪᠠᠷ ᠳᠠᠶᠢᠴᠢᠯᠠᠵᠠᠢ ᠭᠡᠪᠡ᠃     ᠬᠡᠳᠦ ᠤᠷᠲᠤ ᠬᠤᠭᠤᠴᠠᠭᠠᠨ ᠤ ᠣᠨᠴᠠᠭᠠᠢ ᠤᠯᠤᠰ ᠤᠨ ᠵᠢᠭᠡᠯᠡᠯᠭᠡ ᠶᠢ ᠰᠠᠢᠲᠤᠷ ᠬᠡᠷᠡᠭᠯᠡᠨ᠎ᠡ  ᠃   ᠨᠢᠳᠤᠨᠤᠨ ᠳᠤᠮᠳᠠᠳᠤ ᠤᠯᠤᠰ 1 ᠲᠦᠮᠡᠨ ᠳ᠋ᠦᠩᠰᠢᠭᠤᠷ ᠲᠥᠭᠦᠷᠢᠭ ᠤᠨ ᠤᠯᠤᠰ ᠤᠨ ᠵᠢᠭᠡᠯᠡᠯᠭᠡ ᠶᠢ ᠨᠡᠮᠡᠨ ᠲᠠᠷᠬᠠᠭᠠᠵᠤ᠂ ᠭᠠᠮᠰᠢᠭ ᠤᠨ ᠳᠠᠷᠠᠭᠠᠬᠢ ᠰᠡᠷᠭᠦᠭᠡᠵᠦ ᠳᠠᠬᠢᠨ ᠪᠦᠲᠦᠭᠡᠨ ᠪᠠᠶᠢᠭᠤᠯᠬᠤ ᠪᠠ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠴᠢᠳᠠᠪᠤᠷᠢ ᠪᠠᠨ ᠳᠡᠭᠡᠭᠰᠢᠯᠡᠭᠦᠯᠬᠦ ᠶᠢ ᠳᠡᠮᠵᠢᠬᠦ ᠳᠤ ᠲᠤᠰᠬᠠᠢ ᠵᠦᠢᠯ ᠢᠶᠠᠷ ᠬᠡᠷᠡᠭᠯᠡᠪᠡ᠃ ᠣᠳᠣ ᠠᠬᠢᠴᠠ ᠶᠠᠮᠠᠷ ᠵᠡᠷᠭᠡ ᠪᠤᠢ︖      ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ᠂ ᠡᠨᠡ ᠵᠢᠯ ᠠᠴᠠ ᠡᠬᠢᠯᠡᠨ ᠬᠡᠳᠦᠨ ᠵᠢᠯ ᠳᠠᠷᠠᠭᠠᠯᠠᠨ ᠬᠡᠳᠦ ᠤᠷᠲᠤ ᠬᠤᠭᠤᠴᠠᠭᠠᠨ ᠤ ᠣᠨᠴᠠᠭᠠᠢ ᠤᠯᠤᠰ ᠤᠨ ᠵᠢᠭᠡᠯᠡᠯᠭᠡ ᠶᠢ ᠲᠠᠷᠬᠠᠭᠠᠵᠤ᠂ ᠲᠤᠰᠬᠠᠢ ᠵᠦᠢᠯ ᠢ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠪᠠ ᠭᠤᠣᠯᠳᠠᠯᠭ᠎ᠠ ᠲᠠᠢ ᠬᠦᠷᠢᠶ᠎ᠡ ᠬᠡᠪᠴᠢᠶᠡᠨ ᠤ ᠠᠮᠤᠷ ᠲᠥᠪᠰᠢᠨ ᠤ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠪᠠᠷ ᠪᠠᠶᠢᠨ᠎ᠠ᠃ ᠯᠢ ᠴᠤᠤ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠡᠳᠦ ᠤᠷᠲᠤ ᠬᠤᠭᠤᠴᠠᠭᠠᠨ ᠤ ᠣᠨᠴᠠᠭᠠᠢ ᠤᠯᠤᠰ ᠤᠨ ᠵᠢᠭᠡᠯᠡᠯᠭᠡ ᠶᠢᠨ ᠨᠢᠭᠡᠳᠦᠭᠡᠷ ᠪᠦᠯᠦᠭ ᠤᠨ ᠲᠦᠷᠦᠯ ᠵᠦᠢᠯ ᠢ ᠪᠠᠭᠤᠯᠭᠠᠬᠤ ᠪᠡᠯᠡᠳᠬᠡᠯ ᠢ ᠰᠠᠶᠢᠲᠤᠷ ᠬᠢᠵᠦ᠂ ᠤᠯᠤᠰ ᠤᠨ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠬᠡᠷᠡᠭᠵᠢᠭᠦᠯᠦᠯᠲᠡ ᠪᠠ ᠭᠤᠣᠯᠳᠠᠯᠭ᠎ᠠ ᠲᠠᠢ ᠬᠦᠷᠢᠶᠡᠨ ᠤ ᠠᠮᠤᠷ ᠲᠦᠪᠰᠢᠨ ᠤ ᠴᠢᠳᠠᠪᠤᠷᠢ ᠶᠢᠨ ᠪᠠᠶᠢᠭᠤᠯᠤᠯᠲᠠ ᠶᠢᠨ ᠱᠠᠭᠠᠷᠳᠠᠯᠭ᠎ᠠ ᠳᠤ ᠨᠡᠶᠢᠴᠡᠭᠰᠡᠨ᠂ ᠪᠡᠯᠡ ᠣᠷᠣᠭᠤᠯᠤᠯᠲᠠ ᠶᠢᠨ ᠴᠢᠬᠤᠯᠠ ᠶᠡᠭᠡ ᠲᠦᠷᠦᠯ ᠵᠦᠢᠯ ᠢ ᠡᠮᠬᠢᠯᠡᠨ ᠭᠠᠷᠭᠠᠵᠤ᠂ ᠤᠯᠤᠰ ᠤᠨ ᠵᠢᠭᠡᠯᠡᠯᠭᠡ ᠶᠢᠨ ᠪᠡᠯᠡ ᠮᠥᠩᠭᠦ ᠶᠢ ᠪᠣᠳᠠᠲᠠᠶᠢᠵᠢᠭᠤᠯᠤᠭᠰᠠᠨ ᠤ ᠳᠠᠷᠠᠭ᠎ᠠ ᠳᠠᠷᠤᠢ ᠲᠦᠷᠭᠡᠨ ᠪᠦᠳᠦᠭᠡᠨ ᠪᠠᠶᠢᠭᠤᠯᠵᠤ ᠪᠣᠯᠤᠨ᠎ᠠ ᠭᠡᠵᠦ ᠢᠯᠡᠳᠬᠡᠪᠡ᠃      ︽ᠲᠠᠷᠠᠭᠠᠴᠢ ᠶᠢᠨ ᠱᠠᠲᠤᠨ ᠳᠤ᠂ ᠬᠡᠳᠦ ᠤᠷᠲᠤ ᠬᠤᠭᠤᠴᠠᠭᠠᠨ ᠤ ᠣᠨᠴᠠᠭᠠᠢ ᠤᠯᠤᠰ ᠤᠨ ᠵᠢᠭᠡᠯᠡᠯᠭᠡ ᠶᠢᠨ ᠠᠵᠢᠯ ᠢ ᠰᠠᠶᠢᠲᠤᠷ ᠬᠡᠷᠡᠭᠯᠡᠵᠦ᠂ ᠲᠤᠰᠬᠠᠶ ᠵᠦᠢᠯ ᠤᠨ ᠵᠢᠭᠡᠯᠡᠯᠭᠡ ᠶᠢ ᠲᠠᠷᠬᠠᠭᠠᠵᠤ ᠬᠡᠷᠡᠭᠯᠡᠬᠦ ᠠᠬᠢᠴᠠ ᠶᠢ ᠲᠦᠷᠭᠡᠳᠬᠡᠨ᠂ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠲᠥᠯᠥᠪᠵᠢᠭᠦᠯᠭᠡ ᠶᠢᠨ ᠴᠢᠬᠤᠯᠠ ᠶᠡᠭᠡ ᠢᠨᠵᠧᠨᠧᠷᠢᠩ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠬᠦᠴᠦᠲᠡᠶ ᠠᠬᠢᠭᠤᠯᠤᠨ᠎ᠠ︾᠃ ᠡᠭᠦᠨ ᠤ ᠬᠠᠮᠲᠤ᠂ ᠶᠡᠭᠡ ᠬᠡᠪᠴᠢᠶᠡᠨ ᠤ ᠲᠥᠬᠦᠭᠡᠷᠦᠮᠵᠢ ᠶᠢ ᠰᠢᠨᠡᠳᠬᠡᠬᠦ ᠪᠠ ᠬᠡᠷᠡᠭᠯᠡᠭᠡᠨ ᠤ ᠵᠦᠢᠯᠡᠰ ᠢ ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯᠯᠠᠭ᠎ᠠ ᠶᠢᠨ ᠲᠥᠰᠦᠯ ᠢ ᠰᠠᠶᠢᠲᠤᠷ ᠨᠠᠶᠢᠳᠠᠪᠤᠷᠢᠵᠢᠭᠤᠯᠵᠤ᠂ ᠬᠡᠷᠡᠭᠯᠡᠭᠡ ᠪᠠ ᠪᠠᠯᠠ ᠣᠷᠣᠭᠤᠯᠤᠯᠲᠠ ᠶᠢᠨ ᠳᠠᠯᠳᠠ ᠬᠦᠴᠦᠨ ᠢ ᠦᠷᠭᠦᠯᠵᠢᠯᠡᠨ ᠪᠠᠳᠠᠷᠠᠭᠤᠯᠤᠨ᠎ᠠ︔ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠢᠳᠡᠪᠬᠢᠲᠡᠶ ᠪᠠᠷ ᠪᠤᠶᠢᠵᠢᠭᠤᠯᠤᠨ ᠪᠤᠵᠠᠭᠠᠶᠢᠷᠠᠭᠤᠯᠵᠤ᠂ ᠲᠡᠷᠢᠭᠦᠨ ᠤ ᠮᠡᠷᠭᠡᠵᠢᠯ ᠢ ᠬᠡᠷᠡᠭᠯᠡᠨ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠦᠨ᠎ᠡ︔ ᠵᠠᠰᠠᠭ ᠤᠨ ᠣᠷᠳᠣᠨ ᠪᠠ ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠭᠠᠨ ᠤ ᠰᠢᠨ᠎ᠡ ᠲᠣᠭᠲᠠᠴᠠ ᠶᠢ ᠰᠠᠶᠢᠲᠤᠷ ᠬᠡᠷᠡᠭᠵᠢᠭᠦᠯᠵᠦ᠂ ᠠᠷᠠᠳ ᠤᠨ ᠪᠡᠯᠡ ᠣᠷᠣᠭᠤᠯᠤᠯᠲᠠ ᠶᠢᠨ ᠠᠮᠢᠵᠢᠷᠠᠯ ᠤᠨ ᠬᠦᠴᠦᠨ ᠢ ᠭᠦᠢᠴᠡᠳ ᠬᠥᠭᠵᠢᠭᠡᠨ᠎ᠡ︔ ᠪᠦᠲᠦᠮᠵᠢᠲᠡᠶ ᠪᠡᠯᠡ ᠣᠷᠣᠭᠤᠯᠤᠯᠲᠠ ᠶᠢ ᠦᠷᠭᠦᠯᠵᠢᠯᠡᠨ ᠥᠷᠭᠡᠳᠬᠡᠬᠦ ᠶᠢ ᠠᠬᠢᠭᠤᠯᠵᠤ᠂ ᠪᠡᠯᠡ ᠣᠷᠣᠭᠤᠯᠤᠯᠲᠠ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ ᠭᠡᠵᠤ ᠤᠯᠤᠰ ᠤᠨ ᠲᠤᠭ᠎ᠠ ᠪᠦᠷᠢᠳᠬᠡᠯ ᠤᠨ ᠲᠣᠪᠴᠢᠶᠠᠨ ᠤ ᠪᠡᠯᠡ ᠣᠷᠣᠭᠤᠯᠤᠯᠲᠠ ᠶᠢᠨ ᠵᠤᠷᠭᠠᠨ ᠤ ᠲᠡᠷᠢᠭᠦᠨ ᠪᠦᠷᠢᠳᠬᠡᠭᠴᠢ ᠯᠦᠸᠧ ᠢ ᠹᠸᠢ ᠬᠡᠯᠡᠵᠡᠢ᠂᠃   ᠢᠷᠡᠯᠲᠡ᠄ ᠠᠷᠠᠳ ᠤᠨ ᠡᠳᠦᠷ ᠤᠨ ᠰᠣᠨᠢᠨ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1