ᠰᠦᠯᠵᠢᠶᠡᠨ ᠤ ᠮᠡᠳᠡᠭᠡ ᠵᠠᠩᠭᠢᠵᠢᠯᠲᠠ ᠶᠢᠨ ᠴᠠᠭ ᠦᠶ᠎ᠡ ᠳᠤ᠂ ᠢᠮᠧᠯ ᠨᠢᠭᠡᠨᠲᠡ ᠪᠠᠶᠢᠩᠭᠤ ᠬᠡᠷᠡᠭᠯᠡᠬᠦ ᠴᠢᠮᠡᠭᠡ | ᠬᠤᠯᠪᠣᠭᠠᠨ ᠤ ᠪᠠᠭᠠᠵᠢ ᠪᠣᠯᠵᠣ᠂ ᠮᠠᠨ ᠤ ᠡᠳᠦᠷ ᠲᠤᠲᠤᠮ ᠤᠨ ᠰᠤᠷᠤᠯᠴᠠᠯᠭ᠎ᠠ᠂ ᠠᠵᠢᠯ ᠲᠠᠢ ᠰᠠᠯᠤᠰᠢ ᠥᠬᠡᠶ | ᠬᠤᠯᠪᠣᠭ᠎ᠠ ᠲᠠᠢ ᠶᠤᠮ᠃ ᠬᠠᠤᠯᠢ ᠪᠤᠰᠤ ᠡᠲᠡᠭᠡᠳ ᠦᠷᠭᠦᠯᠵᠢ ᠵᠢᠭᠠᠰᠤ ᠭᠥᠬᠢᠳᠡᠬᠦ ᠵᠥᠭᠡᠯᠡᠨ ᠲᠣᠨᠤᠭ ᠢᠶᠠᠷ | ᠳᠠᠮᠵᠢᠭᠤᠯᠤᠨ᠂ ᠬᠡᠷᠡᠭᠯᠡᠭᠴᠢᠳ ᠢ ᠮᠡᠬᠡᠯᠡᠨ ᠢᠮᠧᠯ ᠤᠨ ᠬᠤᠯᠪᠤᠭᠠᠰᠤ ᠶᠢ ᠲᠤᠪᠴᠢᠳᠠᠭᠤᠯᠵᠤ᠂ ᠢᠮᠧᠯ ᠤᠨ | ᠳᠠᠩᠰᠠᠨ ᠤ ᠡᠷᠬᠡ ᠶᠢ ᠣᠯᠵᠤ᠂ ᠡᠭᠦᠨ ᠤ ᠤᠯᠠᠮ ᠠᠴᠠ ᠬᠡᠷᠡᠭᠯᠡᠭᠴᠢ ᠶᠢᠨ ᠲᠤᠭ᠎ᠠ ᠪᠠᠷᠢᠮᠲᠠ᠂ ᠨᠢᠭᠤᠴᠠ ᠨᠣᠮᠧᠷ | ᠵᠡᠷᠭᠡ ᠮᠡᠳᠡᠭᠡ ᠵᠠᠩᠭᠢ ᠶᠢ ᠬᠤᠯᠠᠭᠠᠶᠢᠯᠠᠨ ᠠᠪᠤᠨ᠎ᠠ᠃ ᠡᠶᠢᠮᠦ ᠠᠴᠠ ᠢᠮᠧᠯ ᠤᠨ ᠠᠮᠤᠷ ᠲᠥᠪᠰᠢᠨ ᠤ ᠬᠤᠯᠪᠣᠭᠳᠠᠯ | ᠪᠦᠬᠦᠢ ᠮᠡᠳᠡᠯᠭᠡ ᠶᠢ ᠡᠵᠡᠮᠰᠢᠬᠦ ᠨᠢ ᠲᠤᠩ ᠴᠢᠬᠤᠯᠠ᠃ | ᠶᠠᠭᠤ ᠶᠢ ︽ᠵᠢᠭᠠᠰᠤ ᠭᠥᠬᠢᠳᠡᠬᠦ ᠵᠥᠭᠡᠯᠡᠨ ᠲᠣᠨᠤᠭ︾ ᠭᠡᠳᠡᠭ ᠪᠤᠢ︖ | ᠵᠢᠭᠠᠰᠤ ᠭᠥᠬᠢᠳᠡᠬᠦ ᠵᠥᠭᠡᠯᠡᠨ ᠲᠣᠨᠤᠭ ᠭᠡᠳᠡᠭ ᠪᠣᠯ ᠬᠠᠮᠲᠤ ᠠᠵᠢᠯᠯᠠᠭᠴᠢ᠂ ᠬᠠᠮᠲᠤᠷᠠᠨ ᠠᠵᠢᠯᠯᠠᠬᠤ ᠬᠠᠨᠢᠲᠠᠨ᠂ | ᠨᠠᠶᠢᠵᠠ᠂ ᠤᠳᠤᠷᠢᠳᠤᠯᠭ᠎ᠠ ᠵᠡᠷᠭᠡ ᠢᠲᠡᠭᠡᠯ ᠲᠠᠢ ᠬᠥᠮᠦᠨ ᠪᠤᠶᠤ ᠠᠯᠪᠠᠨ ᠪᠠᠶᠢᠭᠤᠯᠤᠮᠵᠢ ᠶᠢᠨ ᠨᠡᠷ᠎ᠡ ᠶᠢ ᠵᠢᠭᠡᠯᠡᠨ | ᠢᠮᠧᠯ ᠢᠯᠡᠭᠡᠬᠦ ᠪᠠᠷ ᠳᠠᠮᠵᠢᠭᠤᠯᠤᠨ᠂ ᠬᠡᠷᠡᠭᠯᠡᠭᠴᠢᠳ ᠢ ᠮᠡᠬᠡᠯᠡᠨ ᠢᠮᠧᠯ ᠤᠨ ᠠᠭᠤᠯᠭ᠎ᠠ ᠶᠢ ᠬᠠᠷᠢᠭᠤᠯᠬᠤ᠂ | ᠢᠮᠧᠯ ᠤᠨ ᠬᠤᠯᠪᠤᠭᠠᠰᠤ ᠶᠢ ᠳᠠᠷᠤᠬᠤ ᠪᠤᠶᠤ ᠪᠠᠭᠤᠯᠭᠠᠨ ᠠᠪᠴᠤ ᠳᠠᠭᠠᠯᠳᠤᠭᠤᠯᠤᠯ ᠠᠭᠤᠯᠭ᠎ᠠ ᠶᠢ ᠨᠡᠭᠡᠭᠡᠵᠦ᠂ | ᠮᠡᠳᠡᠭᠡ ᠵᠠᠩᠭᠢ᠂ ᠵᠣᠭᠤᠰ ᠮᠥᠩᠭᠦ ᠪᠤᠶᠤ ᠲᠥᠬᠦᠭᠡᠷᠦᠮᠵᠢ ᠶᠢ ᠬᠤᠯᠠᠭᠠᠶᠢᠯᠠᠬᠤ ᠮᠠᠭᠤ ᠠᠵᠢᠯᠯᠠᠭ᠎ᠠ ᠬᠡᠷᠡᠭᠵᠢᠭᠦᠯᠬᠦ | ᠵᠣᠷᠢᠯᠭ᠎ᠠ ᠳᠠᠭᠠᠨ ᠬᠦᠷᠬᠦ ᠶᠢ ᠵᠢᠭᠠᠵᠤ ᠪᠠᠶᠢᠨ᠎ᠠ᠃ ᠡᠳᠡᠭᠡᠷ ᠢᠮᠧᠯ ᠨᠢ ᠶᠡᠷᠦᠳᠡᠭᠡᠨ ᠰᠤᠷᠭᠠᠭᠤᠯᠢ ᠪᠤᠶᠤ ᠵᠠᠷᠢᠮ | ᠪᠠᠶᠢᠭᠤᠯᠤᠮᠵᠢ ᠶᠢᠨ ᠨᠡᠷ᠎ᠡ ᠪᠠᠷ ᠲᠠᠷᠬᠠᠭᠠᠵᠤ᠂ ᠵᠣᠬᠢᠬᠤ ᠬᠠᠭᠤᠷᠬᠤ ᠴᠢᠨᠠᠷ ᠲᠠᠢ ᠪᠠᠶᠢᠳᠠᠭ᠃ | ︽ᠵᠢᠭᠠᠰᠤ ᠭᠥᠬᠢᠳᠡᠬᠦ ᠵᠥᠭᠡᠯᠡᠨ ᠲᠣᠨᠤᠭ︾ ᠤᠨ ᠬᠡᠷᠡᠭ ᠤᠨ ᠵᠢᠱᠢᠶ᠎ᠡ | ᠦᠷᠭᠦᠯᠵᠢ ᠲᠣᠬᠢᠶᠠᠯᠳᠤᠳᠠᠭ ᠬᠡᠷᠡᠭ ᠤᠨ ᠣᠨᠴᠠᠯᠢᠭ | 1.ᠢᠮᠧᠯ ᠤᠨ ᠬᠠᠮᠢᠶᠠᠷᠤᠭᠴᠢ ᠪᠠᠷ ᠤᠪᠯᠠᠨ ᠰᠢᠯᠭᠠᠨ ᠪᠠᠲᠤᠯᠠᠯᠲᠠ᠂ ᠠᠮᠤᠷ ᠲᠦᠪᠰᠢᠨ ᠤ ᠰᠡᠷᠡᠮᠵᠢᠯᠡᠭᠦᠯᠦᠯ᠂ | ᠬᠡᠪ ᠤᠨ ᠪᠤᠰᠤ ᠪᠠᠶᠢᠳᠠᠯ ᠵᠡᠷᠭᠡ ᠰᠢᠰᠲ᠋ᠧᠮ ᠤᠨ ᠮᠡᠳᠡᠭᠡ ᠢᠯᠡᠭᠡᠨ᠎ᠡ᠃ | 2. ᠠᠯᠪᠠᠨ ᠤ ᠲᠠᠯ᠎ᠠ ᠶᠢᠨ ᠰᠢᠰᠲ᠋ᠧᠮ ᠪᠤᠶᠤ ᠪᠠᠶᠢᠭᠤᠯᠤᠮᠵᠢ ᠶᠢᠨ ᠨᠡᠷ᠎ᠡ ᠶᠢ ᠵᠢᠭᠡᠯᠡᠨ᠎ᠡ᠂ ᠵᠢᠱᠢᠶᠡᠯᠡᠪᠡᠯ | ᠰᠤᠷᠭᠠᠭᠤᠯᠢ᠂ ᠰᠠᠯᠠᠭ᠎ᠠ ᠮᠥᠴᠢᠷ᠂ OA ᠰᠢᠰᠲ᠋ᠧᠮ ᠵᠡᠷᠭᠡ ᠠᠯᠪᠠᠨ ᠤ ᠮᠡᠳᠡᠭᠳᠡᠯ ᠨᠡᠶᠢᠲᠡᠯᠡᠨ᠎ᠡ᠃ | ᠬᠤᠯᠪᠤᠭᠠᠰᠤ ᠪᠤᠶᠤ ᠳᠠᠭᠠᠯᠲᠠ ᠠᠭᠤᠯᠭ᠎ᠠ ᠶᠢ ᠠᠰᠢᠭᠯᠠᠨ ᠳᠠᠩᠰᠠ ᠶᠢᠨ ᠨᠢᠭᠤᠴᠠ ᠨᠤᠮᠧᠷ ᠢ ᠤᠯᠵᠣ᠂ ᠮᠠᠭᠤ | ᠰᠠᠨᠠᠭᠠᠲᠤ ᠬᠤᠯᠪᠤᠭᠠᠰᠤ ᠪᠤᠶᠤ ᠸᠢᠷᠦ᠋ᠰ ᠪᠠᠭᠤᠯᠭᠠᠬᠤ᠃ | ᠢᠮᠧᠯ ᠢ ᠬᠡᠷᠬᠢᠨ ᠠᠮᠦᠷ ᠲᠦᠪᠰᠢᠨ ᠬᠡᠷᠡᠭᠯᠡᠬᠦ ᠪᠤᠢ︖ | ᠨᠢᠭᠡ᠂ ᠵᠢᠭᠠᠰᠤ ᠭᠥᠬᠢᠳᠡᠬᠦ ᠵᠥᠭᠡᠯᠡᠨ ᠲᠣᠨᠤᠭ ᠢ ᠰᠡᠷᠭᠡᠶᠢᠯᠡᠬᠦ ᠤᠬᠠᠮᠰᠠᠷ ᠢᠶᠠᠨ ᠨᠡᠮᠡᠭᠳᠡᠭᠦᠯᠦᠨ᠎ᠡ | ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠢᠶᠠᠨ ᠴᠢᠩᠭᠠᠳᠬᠠᠵᠤ᠂ ︽ᠭᠤᠷᠪᠠ ᠶᠢ ᠬᠢᠬᠦ ᠦᠭᠡᠢ︾ | ᠪᠠᠶᠢᠬᠤ ᠶᠢ ᠪᠡᠶᠡᠯᠡᠭᠦᠯᠦᠨ᠎ᠡ᠃ | 1. ᠬᠢᠨᠠᠨ ᠬᠠᠷᠭᠤᠭᠤᠯᠤᠭᠰᠠᠨ ᠦᠭᠡᠢ ᠢᠮᠧᠯ ᠳᠤ ᠬᠤᠯᠪᠣᠭᠳᠠᠬᠤ ᠳᠠᠩᠰᠠᠨ ᠨᠣᠮᠧᠷ᠂ ᠨᠢᠭᠤᠴᠠ ᠨᠤᠮᠧᠷ | ᠵᠡᠷᠭᠡ ᠮᠡᠳᠡᠭᠡ ᠵᠠᠩᠭᠢ ᠶᠢ ᠣᠷᠣᠭᠤᠯᠵᠤ ᠪᠣᠯᠬᠤ ᠦᠭᠡᠢ᠃ | 2. ᠢᠷᠡᠯᠲᠡ ᠨᠢ ᠲᠤᠳᠤᠷᠬᠠᠢ ᠦᠭᠡᠢ ᠢᠮᠧᠯ ᠤᠨ ᠳᠣᠲᠣᠷᠠᠬᠢ ᠶᠠᠮᠠᠷᠪᠠ ᠴᠥᠷᠬᠡᠯᠡᠭᠡ ᠪᠠ ᠳᠠᠭᠠᠯᠳᠤᠭᠤᠯᠤᠯ ᠢ | ᠪᠢᠲᠡᠭᠡᠢ ᠲᠤᠪᠴᠢᠳᠠᠭᠠᠷᠠᠢ᠃ | 3. ᠬᠢᠨᠠᠨ ᠬᠠᠷᠭᠤᠭᠤᠯᠤᠭᠰᠠᠨ ᠦᠭᠡᠢ ᠢᠮᠧᠯ ᠳᠤ ᠬᠠᠷᠢᠭᠤ ᠦᠭᠴᠦ ᠪᠣᠯᠬᠤ ᠦᠭᠡᠢ᠃ | ᠠᠯᠢᠪᠠ ᠬᠢᠨᠠᠨ ᠬᠠᠷᠭᠤᠭᠤᠯᠤᠭᠰᠠᠨ ᠦᠭᠡᠢ ᠢᠮᠧᠯ ᠢ ᠰᠣᠬᠤᠷ ᠪᠠᠯᠠᠶ ᠪᠠᠷ ᠨᠡᠭᠡᠭᠡᠵᠦ ᠪᠣᠯᠬᠤ ᠥᠬᠡᠶ᠂ | ᠰᠠᠶᠢᠨ ᠪᠤᠯᠭᠤᠮᠵᠢᠯᠠᠨ ᠨᠤᠲᠠᠯᠠᠬᠤ ᠬᠡᠷᠡᠭᠲᠡᠶ᠂ ᠡᠰᠡ ᠲᠡᠭᠡᠪᠡᠯ ᠬᠤᠪᠢ ᠬᠥᠮᠦᠨ ᠤ ᠮᠡᠳᠡᠭᠡ ᠵᠠᠩᠭᠢ | ᠬᠤᠯᠠᠭᠠᠶᠢᠯᠠᠭᠳᠠᠵᠤ᠂ ᠬᠦᠨᠳᠦ ᠨᠤᠴᠢᠳᠠᠢ ᠬᠤᠬᠢᠷᠠᠯ ᠤᠴᠠᠷᠠᠭᠤᠯᠤᠨ᠎ᠠ᠃ | ᠬᠤᠶᠠᠷ᠂ ᠬᠤᠪᠢ ᠬᠥᠮᠦᠨ ᠤ ᠢᠮᠧᠯ ᠬᠡᠷᠡᠭᠯᠡᠬᠦ ᠠᠮᠤᠷ ᠲᠦᠪᠰᠢᠨ ᠤ ᠦᠵᠡᠯ ᠤᠬᠠᠮᠰᠠᠷ ᠢ | ᠳᠡᠭᠡᠭᠰᠢᠯᠡᠭᠦᠯᠦᠨ᠎ᠡ | ᠬᠤᠪᠢ ᠬᠥᠮᠦᠨ ᠤ ᠢᠮᠧᠯ ᠢ ᠬᠠᠮᠠᠭᠠᠯᠠᠵᠤ᠂ ︽ᠭᠤᠷᠪᠠᠨ ᠴᠢᠬᠤᠯᠠ︾ ᠶᠢ ᠪᠡᠶᠡᠯᠡᠭᠦᠯᠦᠨ᠎ᠡ᠄ | 1. ᠢᠮᠧᠯ ᠤᠨ ᠨᠢᠭᠤᠴᠠ ᠨᠣᠮᠧᠷ ᠢ ᠬᠠᠮᠠᠭᠠᠯᠠᠬᠤ ᠶᠢ ᠴᠢᠩᠭᠠᠳᠬᠠᠬᠤ ᠬᠡᠷᠡᠭᠲᠡᠢ᠃ | ᠢᠮᠧᠯ ᠤᠨ ᠳᠠᠩᠰᠠᠨ ᠤ ᠨᠣᠮᠧᠷ ᠪᠠ ᠨᠢᠭᠤᠴᠠ ᠨᠤᠮᠧᠷ ᠤᠨ ᠠᠮᠤᠷ ᠲᠦᠪᠰᠢᠨ ᠢ ᠴᠢᠩᠭᠠᠳᠬᠠᠨ᠎ᠠ᠃ | ᠬᠤᠯᠢᠮᠠᠭ ᠪᠤᠳᠤᠯᠢᠶᠠᠨᠳᠠᠢ ᠥᠨᠳᠥᠷ ᠨᠢᠭᠤᠴᠠ ᠨᠤᠮᠧᠷ ᠢ ᠬᠡᠷᠡᠭᠯᠡᠬᠦ ᠮᠥᠷᠲᠡᠭᠡᠨ ᠲᠣᠭᠲᠠᠭᠰᠠᠨ ᠬᠤᠭᠤᠴᠠᠭ᠎ᠠ ᠲᠠᠢ ᠪᠠᠷ | ᠨᠢᠭᠤᠴᠠ ᠨᠤᠮᠧᠷ ᠢ ᠰᠤᠯᠢᠬᠤ ᠬᠡᠷᠡᠭᠲᠡᠢ᠂ ᠨᠢᠭᠤᠴᠠ ᠨᠤᠮᠧᠷ ᠨᠢ ᠡᠷᠬᠡᠪᠰᠢ ᠶᠡᠭᠡ ᠪᠠᠭ᠎ᠠ ᠪᠢᠴᠢᠯᠭᠡ ᠶᠢᠨ ᠴᠠᠭᠠᠨ | ᠲᠣᠯᠣᠭᠠᠢ᠂ ᠲᠤᠭ᠎ᠠ᠂ ᠣᠨᠴᠠᠭᠠᠢ ᠲᠡᠮᠳᠡᠭ ᠬᠠᠮᠤᠭ ᠪᠠᠭ᠎ᠠ ᠳᠠᠭᠠᠨ 3 ᠵᠦᠢᠯ ᠤᠨ ᠬᠠᠮᠲᠤᠷᠠᠯ ᠢ ᠪᠠᠭᠲᠠᠭᠠᠭᠰᠠᠨ | ᠪᠠᠶᠢᠬᠤ ᠬᠡᠷᠡᠭᠲᠡᠢ᠂ ᠨᠢᠭᠤᠴᠠ ᠨᠤᠮᠧᠷ ᠤᠨ ᠤᠷᠲᠤ ᠶᠢᠨ ᠬᠡᠮᠵᠢᠶ᠎ᠡ ᠨᠢ ᠬᠠᠮᠤᠭ ᠪᠠᠭ᠎ᠠ ᠲᠠᠭᠠᠨ 8 ᠣᠷᠣᠨᠲᠤ ᠪᠠᠶᠢᠬᠤ | ᠬᠡᠷᠡᠭᠳᠡᠢ᠃ ᠠᠳᠠᠭ ᠲᠠᠭᠠᠨ ᠭᠤᠷᠪᠠᠨ ᠰᠠᠷ᠎ᠠ ᠳᠤ ᠨᠢᠭᠡ ᠤᠳᠠᠭ᠎ᠠ ᠨᠢᠭᠤᠴᠠ ᠨᠤᠮᠧᠷ ᠰᠣᠯᠢᠬᠤ ᠴᠢᠬᠤᠯᠠᠳᠠᠢ᠃ | ᠢᠮᠧᠯ ᠤᠨ ᠨᠢᠭᠤᠴᠠ ᠨᠤᠮᠧᠷ ᠢ ᠪᠤᠰᠤᠳ ᠰᠤᠷᠠᠭ ᠵᠠᠩᠬᠢ ᠶᠢᠨ ᠰᠢᠰᠲ᠋ᠧᠮ ᠤᠨ ᠨᠢᠭᠤᠴᠠ ᠨᠤᠮᠧᠷ ᠲᠠᠢ ᠠᠳᠠᠯᠢ | ᠪᠠᠶᠢᠯᠭᠠᠵᠦ ᠪᠤᠯᠬᠤ ᠦᠭᠡᠢ᠃ ᠨᠢᠭᠤᠴᠠ ᠨᠣᠮᠧᠷ ᠢᠶᠠᠨ ᠥᠭᠡᠷ᠎ᠡ ᠬᠥᠮᠥᠨ ᠳᠤ ᠪᠢᠲᠡᠭᠡᠢ ᠮᠡᠳᠡᠭᠳᠡᠭᠡᠷᠡᠢ᠃ ᠨᠢᠭᠤᠴᠠ | ᠨᠣᠮᠧᠷ ᠢᠶᠠᠨ ᠳᠤᠷ᠎ᠠ ᠪᠠᠷ ᠢᠶᠠᠨ ᠢᠨᠲ᠋ᠧᠷ ᠰᠦᠯᠵᠢᠶᠡᠨ ᠳᠡᠭᠡᠷ᠎ᠡ ᠪᠢᠲᠡᠬᠡᠢ ᠬᠠᠳᠠᠭᠠᠯᠠ᠃ | 2 . ᠢᠮᠧᠯ ᠤᠨ ᠠᠭᠤᠯᠭ᠎ᠠ ᠨᠢ ᠠᠮᠦᠷ ᠲᠦᠪᠰᠢᠨ ᠪᠠᠶᠢᠬᠤ ᠬᠡᠷᠡᠭᠲᠡᠢ | ᠢᠮᠧᠯ ᠤᠨ ᠳᠠᠩᠰᠠᠨ ᠤ ᠳ᠋ᠤᠭᠠᠷ ᠤᠨ ᠠᠶᠤᠯᠭᠦᠢ ᠴᠢᠨᠠᠷ ᠢ ᠨᠡᠮᠡᠭᠳᠡᠭᠦᠯᠦᠨ᠎ᠡ᠃ ᠢᠮᠧᠯ ᠬᠡᠷᠡᠭᠯᠡᠬᠦ ᠪᠤᠶᠤ | ᠨᠢᠭᠤᠴᠠ ᠳᠤ ᠬᠤᠯᠪᠣᠭᠳᠠᠬᠤ ᠪᠠ ᠰᠡᠷᠭᠡᠭ ᠮᠡᠳᠡᠭᠡ ᠵᠠᠩᠭᠢ ᠳᠠᠮᠵᠢᠭᠤᠯᠬᠤ ᠶᠢ ᠴᠠᠭᠠᠵᠠᠯᠠᠵᠤ᠂ ᠰᠦᠯᠵᠢᠶᠡᠨ ᠳᠤ | ᠭᠠᠷᠪᠠᠯ ᠨᠢᠭᠤᠴᠠ ᠳᠤ ᠬᠤᠯᠪᠣᠭᠳᠠᠬᠤ ᠦᠭᠡᠢ᠂ ᠨᠢᠭᠤᠴᠠ ᠳᠤ ᠬᠤᠯᠪᠤᠭᠳᠠᠪᠠᠯ ᠰᠦᠯᠵᠢᠶᠡᠨ ᠳᠤ ᠭᠠᠷᠬᠤ ᠦᠭᠡᠢ | ᠪᠠᠶᠢᠬᠤ ᠶᠢ ᠪᠡᠶᠡᠯᠡᠭᠦᠯᠦᠨ᠎ᠡ᠃ ᠰᠤᠷᠭᠠᠭᠤᠯᠢ᠂ ᠨᠢᠭᠡᠴᠢ ᠵᠡᠷᠭᠡ ᠳᠣᠲᠣᠭᠠᠳᠤ ᠶᠢᠨ ᠢᠮᠧᠯ ᠤᠨ ᠠᠮᠤᠷ ᠲᠦᠪᠰᠢᠨ ᠤ | ᠣᠨᠢᠰᠤ ᠨᠡᠭᠡᠭᠡᠵᠦ᠂ ᠢᠮᠧᠯ ᠤᠨ ᠪᠢᠴᠢᠭ ᠮᠠᠲ᠋ᠧᠷᠢᠶᠠᠯ ᠳᠤ ᠲᠤᠰᠬᠠᠷ ᠨᠢᠭᠤᠴᠠ ᠨᠣᠮᠧᠷ ᠤᠨ ᠬᠠᠮᠠᠭᠠᠯᠠᠯᠲᠠ ᠬᠠᠩᠭᠠᠵᠤ | ᠂ ᠢᠮᠧᠯ ᠤᠨ ᠮᠡᠳᠡᠭᠡ ᠵᠠᠩᠭᠢ ᠶᠢᠨ ᠮᠠᠲ᠋ᠧᠷᠢᠶᠠᠯ ᠢ ᠨᠠᠩ ᠠᠮᠤᠷ ᠲᠦᠪᠰᠢᠨ ᠪᠤᠯᠭᠠᠨ᠎ᠠ᠃ ᠬᠡᠷᠡᠭᠯᠡᠭᠴᠢ ᠶᠢᠨ ᠳᠠᠩᠰᠠᠨ ᠤ | ᠨᠤᠮᠧᠷ ᠦᠷᠬᠦᠯᠵᠢ ᠬᠡᠷᠡᠭᠯᠡᠪᠡᠯ ᠬᠡᠷᠡᠭᠯᠡᠭᠴᠢ ᠶᠢᠨ ᠲᠤᠰᠬᠠᠢ ᠨᠢᠭᠤᠴᠠ ᠨᠤᠮᠧᠷ ᠬᠡᠷᠡᠭᠯᠡᠬᠦ ᠶᠢ ᠰᠠᠨᠠᠭᠤᠯᠤᠶ᠎ᠠ᠃ | 3. ᠢᠮᠧᠯ ᠤᠨ ᠲᠤᠬᠢᠷᠠᠭᠤᠯᠤᠯᠳᠠ ᠶᠢ ᠪᠠᠶᠢᠴᠠᠭᠠᠬᠤ ᠬᠡᠷᠡᠭᠲᠡᠶ | ᠢᠮᠧᠯ ᠤᠨ ᠳᠠᠩᠰᠠᠨ ᠤ ᠨᠣᠮᠧᠷ ᠢ ᠲᠣᠬᠢᠷᠠᠭᠤᠯᠤᠭᠰᠠᠨ ᠪᠠ ᠬᠡᠷᠡᠭᠯᠡᠭᠰᠡᠨ ᠪᠠᠶᠢᠳᠠᠯ ᠢ ᠲᠣᠭᠲᠠᠮᠠᠯ | ᠬᠤᠭᠤᠴᠠᠭ᠎ᠠ ᠲᠠᠢ ᠪᠠᠷ ᠥᠪᠡᠷ ᠢᠶᠠᠨ ᠪᠠᠶᠢᠴᠠᠭᠠᠬᠤ ᠬᠡᠷᠡᠭᠲᠡᠢ᠃ ᠡᠭᠦᠨ ᠳᠤ ᠬᠤᠪᠢ ᠬᠥᠮᠦᠨ ᠤ ᠮᠡᠳᠡᠭᠡ ᠵᠠᠩᠭᠢ᠂ | ᠠᠦ᠋ᠲ᠋ᠣ᠋ ᠳᠠᠮᠵᠢᠭᠤᠯᠭ᠎ᠠ᠂ ᠬᠠᠷ᠎ᠠ ᠲᠠᠩᠰᠠ᠂ ᠴᠠᠭᠠᠨ ᠨᠡᠷᠡᠰ᠂ ᠬᠤᠭ ᠨᠣᠪᠰᠢ ᠶᠢ ᠡᠰᠡᠷᠭᠦᠴᠡᠬᠦ ᠲᠠᠰ᠂ ᠬᠠᠮᠲᠤ ᠪᠠᠷ | ᠡᠳ᠋ᠯᠡᠬᠦ ᠢᠮᠧᠯ ᠂ ᠣᠷᠣᠯᠠᠨ ᠬᠤᠷᠢᠶᠠᠬᠤ ᠢᠮᠧᠯ᠂ pop3 ᠵᠡᠷᠭᠡ ᠶᠢ ᠪᠠᠭᠲᠠᠭᠠᠨ᠎ᠠ᠃ ᠲᠣᠭᠲᠠᠮᠠᠯ | ᠬᠤᠭᠤᠴᠠᠭ᠎ᠠ ᠲᠠᠢ ᠪᠠᠷ ᠪᠠᠶᠢᠴᠠᠭᠠᠨ ᠯᠠᠪᠯᠠᠬᠤ ᠳᠤ ᠲᠣᠰ ᠬᠥᠮᠦᠨ ᠤ ᠠᠮᠵᠢᠯᠲᠠ ᠲᠠᠢ ᠠᠵᠢᠯᠯᠠᠭᠠᠨ ᠤ ᠲᠡᠮᠳᠡᠭᠯᠡᠯ | ᠪᠠᠶᠢᠬᠤ ᠡᠰᠡᠬᠦ᠂ ᠢᠮᠧᠯ ᠤᠨ ᠬᠡᠪ ᠤᠨ ᠪᠤᠰᠤ ᠳᠠᠮᠵᠢᠭᠤᠯᠤᠨ ᠲᠠᠷᠬᠠᠭᠠᠭᠰᠠᠨ᠂ ᠣᠷᠣᠯᠠᠨ ᠲᠠᠷᠬᠠᠭᠠᠬᠤ ᠪᠠᠶᠢᠳᠠᠯ | ᠪᠠᠶᠢᠬᠤ ᠡᠰᠡᠬᠦ ᠶᠢ ᠪᠠᠶᠢᠴᠠᠭᠠᠨ᠎ᠠ᠂ ᠬᠡᠷᠪᠡ ᠪᠠᠶᠢᠪᠠᠯ᠂ ᠳᠠᠮᠵᠢᠭᠤᠯᠤᠨ ᠲᠠᠷᠬᠠᠭᠠᠬᠤ᠂ ᠣᠷᠣᠯᠠᠨ ᠲᠠᠷᠬᠠᠭᠠᠬᠤ | ᠴᠢᠳᠠᠮᠵᠢ ᠶᠢ ᠴᠠᠭ ᠲᠤᠬᠠᠶ ᠳᠤᠨᠢ ᠬᠠᠭᠠᠭᠠᠷᠠᠢ᠃ | ᠭᠤᠷᠪᠠ᠂ ᠵᠢᠭᠠᠰᠤ ᠭᠥᠬᠢᠳᠡᠬᠦ ᠵᠦᠭᠡᠯᠡᠨ ᠲᠤᠨᠤᠭ ᠤᠨ ᠰᠡᠵᠢᠭ ᠲᠠᠢ ᠢᠮᠧᠯ ᠳᠤ ᠪᠤᠯᠭᠤᠮᠵᠢᠳᠠᠢ ᠬᠠᠨᠳᠤᠬᠤ | ᠬᠡᠷᠡᠭᠳᠡᠢ | 1.ᠢᠮᠧᠯ ᠤᠨ ︽ᠬᠤᠭ ᠨᠣᠪᠰᠢ ᠶᠢᠨ ᠬᠠᠶᠢᠷᠴᠠᠭ︾ ᠤᠨ ᠪᠢᠴᠢᠭ ᠮᠠᠲ᠋ᠧᠷᠢᠶᠠᠯ ᠢ ᠢᠮᠧᠯ ᠤᠨ ᠰᠢᠰᠲ᠋ᠧᠮ ᠢᠯᠭᠠᠨ | ᠲᠠᠨᠢᠨ᠎ᠠ᠂ ᠳᠡᠭᠡᠳᠦ ᠬᠡᠮᠵᠢᠶᠡᠨ ᠤ ᠵᠠᠷ ᠮᠡᠳᠡᠭᠡ᠂ ᠵᠢᠭᠠᠰᠤ ᠭᠥᠬᠢᠳᠡᠬᠦ᠂ ᠬᠢᠬᠠᠨ ᠮᠡᠬᠡᠯᠡᠬᠦ᠂ ᠸᠢᠷᠦ᠋ᠰ᠂ ᠮᠣᠳᠣᠨ ᠮᠣᠷᠢ | ᠵᠡᠷᠭᠡ ᠣᠨᠴᠠᠯᠢᠭᠲᠤ ᠢᠮᠧᠯ ᠢ ᠬᠠᠳᠠᠭᠠᠯᠠᠵᠤ ᠪᠠᠶᠢᠪᠠᠯ᠂ ᠰᠣᠨᠣᠷ ᠰᠡᠷᠡᠮᠵᠢ ᠪᠠᠨ ᠳᠡᠭᠡᠭᠰᠢᠯᠡᠭᠦᠯᠦᠨ᠂ ᠢᠯᠭᠠᠨ | ᠲᠣᠳᠣᠯᠠᠭᠠᠷᠠᠢ︕ | 2 .ᠶᠠᠮᠠᠷᠪᠠ ︽ᠰᠢᠰᠲ᠋ᠧᠮ ᠳᠡᠰ ᠲᠡᠪᠰᠢᠭᠦᠯᠬᠦ︾ ︽ᠬᠡᠷᠡᠭᠯᠡᠭᠴᠢ ᠰᠢᠯᠵᠢᠭᠦᠯᠬᠦ︾ ︽ᠰᠢᠰᠲ᠋ᠧᠮ ᠤᠨ | ᠳᠠᠩᠰᠠᠯᠠᠯᠲᠠ︾ ᠵᠡᠷᠭᠡ ᠨᠡᠷ᠎ᠡ ᠪᠠᠷ ᠢᠮᠧᠯ ᠢᠯᠡᠭᠡᠵᠦ ᠬᠤᠯᠪᠤᠭᠠᠰᠤ ᠶᠢ ᠲᠤᠪᠴᠢᠳᠡᠬᠤ ᠳᠠᠩᠰᠠᠨ ᠨᠣᠮᠧᠷ ᠪᠠ | ᠨᠢᠭᠤᠴᠠ ᠨᠣᠮᠧᠷ ᠬᠠᠩᠭᠠᠬᠤ ᠶᠢ ᠱᠠᠭᠠᠷᠳᠠᠭᠰᠠᠨ ᠨᠢ ᠴᠥᠮ ᠵᠢᠭᠠᠰᠤ ᠭᠥᠬᠢᠳᠡᠬᠦ ᠵᠦᠭᠡᠯᠡᠨ ᠲᠤᠨᠤᠭ ᠮᠦᠨ᠂ ᠪᠢᠲᠡᠭᠡᠢ | ᠢᠲᠡᠭᠡ᠃ | 3. ᠢᠷᠡᠯ ᠭᠠᠷᠤᠯ ᠲᠤᠳᠤᠷᠬᠠᠢ ᠦᠬᠡᠢ ᠢᠮᠧᠯ᠂ ᠠᠭᠤᠯᠭ᠎ᠠ ᠲᠤᠳᠤᠷᠬᠠᠢ ᠦᠬᠡᠢ ᠬᠤᠯᠪᠤᠭᠠᠰᠤ ᠪᠤᠶᠤ | ᠲᠠᠭᠠᠯᠳᠤᠭᠤᠯᠤᠯ ᠢ ᠰᠤᠬᠤᠷ ᠪᠠᠯᠠᠢ ᠪᠠᠷ ᠲᠤᠪᠴᠢᠳᠠᠬᠤ ᠪᠤᠶᠤ ᠪᠠᠭᠤᠯᠭᠠᠨ ᠠᠪᠴᠤ ᠪᠤᠯᠬᠤ ᠦᠬᠡᠢ᠂ ᠬᠡᠷᠡᠴᠢᠯᠡᠭᠡ | ᠦᠬᠡᠢ ᠰᠦᠯᠵᠢᠶ᠎ᠡ ᠲᠠᠪᠴᠠᠩ ᠤᠨ ᠲᠠᠩᠰᠠ ᠳ᠋ᠤᠭᠠᠷ᠂ ᠨᠢᠭᠤᠴᠠ ᠨᠤᠮᠧᠷ ᠵᠡᠷᠬᠡ ᠮᠡᠳᠡᠭᠡ ᠵᠠᠩᠬᠢ ᠶᠢ ᠤᠷᠢᠳᠠᠪᠠᠷ | ᠬᠤᠯᠪᠤᠭᠳᠠᠯ ᠪᠦᠬᠦᠢ ᠲᠤᠬᠠᠶᠢᠯᠠᠭᠰᠠᠨ ᠠᠵᠢᠯ ᠤᠨ ᠰᠠᠯᠠᠭ᠎ᠠ ᠮᠦᠴᠢᠷ ᠲᠠᠢ ᠬᠠᠷᠢᠯᠴᠠᠵᠦ ᠲᠤᠳᠤᠯᠠᠬᠤ ᠬᠡᠷᠡᠭᠳᠡᠢ᠂ | ᠴᠠᠭ ᠢᠮᠠᠭᠲᠠ ᠵᠢᠭᠠᠰᠤ ᠭᠥᠬᠢᠳᠡᠬᠦ ᠵᠦᠭᠡᠯᠡᠨ ᠲᠤᠨᠤᠭ ᠠᠴᠠ ᠰᠡᠷᠭᠡᠶᠢᠯᠡᠨ᠎ᠡ᠃ | 4. ᠠᠭᠤᠯᠭ᠎ᠠ ᠨᠢ ᠬᠢᠬᠠᠬᠤ ᠪᠤᠶᠤ ᠰᠦᠷᠳᠡᠭᠦᠯᠬᠦ ᠢᠮᠧᠯ ᠢ ᠪᠤᠯᠭᠤᠮᠵᠢᠳᠠᠢ ᠵᠠᠳᠠᠯᠬᠤ ᠴᠢᠬᠤᠯᠠᠲᠠᠶ᠂ ᠰᠤᠬᠤᠷ | ᠪᠠᠯᠠᠶ ᠪᠠᠷ ᠠᠵᠢᠯᠯᠠᠭᠤᠯᠵᠦ ᠪᠤᠯᠬᠤ ᠦᠭᠡᠶ᠃ | | ᠢᠷᠡᠯᠲᠡ᠄ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ |