ᠠᠷᠠᠳ ᠤᠨ ᠳᠡᠭᠡᠳᠦ ᠰᠢᠭᠦᠬᠦ ᠬᠤᠷᠢᠶ᠎ᠠ ᠠᠴᠠ ᠮᠠᠨ ᠤ ᠣᠷᠣᠨ ᠤ ᠠᠩᠬᠠᠳᠠᠭᠴᠢ ᠮᠡᠳᠡᠯᠭᠡ ᠶᠢᠨ ᠦᠮᠴᠢᠯᠡᠯ ᠤᠨ ᠡᠷᠬᠡ ᠶᠢᠨ ᠰᠢᠭᠦᠬᠦ ᠲᠢᠩᠬᠢᠮ ᠪᠠᠶᠢᠭᠤᠯᠬᠤ ᠶᠢ ᠵᠥᠪᠰᠢᠶᠡᠷᠡᠪᠡ
ᠨᠡᠶᠢᠲᠡᠯᠡᠭᠰᠡᠨ ᠴᠠᠭ᠄
2024/5/31
      ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ  ᠠᠴᠠ ᠣᠶᠢᠯᠠᠭᠠᠭᠰᠠᠨ ᠢᠶᠠᠷ᠂ ᠠᠷᠠᠳ ᠤᠨ ᠳᠡᠭᠡᠳᠦ ᠰᠢᠭᠦᠬᠦ ᠬᠤᠷᠢᠶ᠎ᠠ ᠲᠦᠷᠦᠭᠦᠬᠡᠨ ᠭᠦᠭᠡᠬᠤᠲᠠ ᠳᠤ ᠲᠤᠰᠬᠠᠢ ᠰᠢᠭᠦᠨ ᠲᠠᠰᠤᠯᠬᠤ ᠪᠠᠶᠢᠭᠤᠯᠤᠮᠵᠢ ︱ ᠭᠦᠭᠡᠬᠤᠲᠠ ᠶᠢᠨ ᠮᠡᠳᠡᠯᠭᠡ ᠶᠢᠨ ᠦᠮᠴᠢᠯᠡᠯ ᠤᠨ ᠡᠷᠬᠡ ᠶᠢᠨ ᠰᠢᠭᠦᠬᠦ ᠲᠢᠩᠬᠢᠮ ᠪᠠᠶᠢᠭᠤᠯᠬᠤ ᠳᠤ ᠴᠣᠬᠤᠯᠠᠪᠤᠷᠢ ᠥᠭᠴᠦ ᠵᠥᠪᠰᠢᠶᠡᠷᠡᠪᠡ᠃ ᠡᠨᠡ ᠨᠢ ᠮᠠᠨ ᠤ ᠣᠷᠣᠨ ᠤ ᠠᠩᠬᠠᠳᠠᠭᠴᠢ ᠮᠡᠳᠡᠯᠭᠡ ᠶᠢᠨ ᠥᠮᠴᠢᠯᠡᠯ ᠤᠨ ᠡᠷᠬᠡ ᠶᠢᠨ ᠰᠢᠭᠦᠬᠦ ᠲᠢᠩᠬᠢᠮ ᠪᠣᠯᠣᠨ᠎ᠠ᠃      ᠭᠦᠭᠡᠬᠤᠲᠠ ᠶᠢᠨ ᠮᠡᠳᠡᠯᠭᠡ ᠶᠢᠨ ᠦᠮᠴᠢᠯᠡᠯ ᠤᠨ ᠡᠷᠬᠡ ᠶᠢᠨ ᠰᠢᠭᠦᠬᠦ ᠲᠢᠩᠬᠢᠮ ᠢ ᠭᠦᠭᠡᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ ᠠᠴᠠ ᠬᠠᠮᠢᠶᠠᠷᠴᠤ᠂ ᠥᠪᠡᠷᠲᠡᠭᠡᠨ ᠵᠠᠰᠠᠬᠤ ᠣᠷᠣᠨ ᠤ ᠬᠡᠪᠴᠢᠶᠡᠨ ᠳᠠᠬᠢ ᠡᠭᠦᠳᠦᠯᠲᠡ ᠶᠢᠨ ᠲᠤᠰᠬᠠᠢ ᠠᠰᠢᠭ᠂ ᠬᠡᠷᠡᠭᠯᠡᠭᠡᠨ ᠤ ᠰᠢᠨ᠎ᠡ ᠭᠡᠯᠪᠡᠷᠢ ᠶᠢᠨ ᠲᠤᠰᠬᠠᠢ ᠠᠰᠢᠭ᠂ ᠤᠷᠭᠤᠮᠠᠯ ᠤᠨ ᠰᠢᠨ᠎ᠡ ᠲᠥᠷᠥᠯ ᠵᠦᠢᠯ᠂ ᠬᠤᠷᠠᠮᠠᠯ ᠴᠠᠭᠢᠯᠭᠠᠨ ᠬᠡᠯᠬᠢᠶ᠎ᠡ ᠶᠢᠨ ᠪᠠᠶᠢᠷᠢᠯᠠᠭᠤᠯᠤᠯᠲᠠ ᠶᠢᠨ ᠵᠢᠷᠤᠭ ᠲᠥᠯᠥᠪᠯᠡᠭᠡ᠂ ᠮᠡᠷᠭᠡᠵᠢᠯ ᠤᠨ ᠨᠢᠭᠤᠴᠠ᠂ ᠺᠤᠮᠫᠢᠦ᠋ᠲ᠋ᠧᠷ ᠤᠨ ᠵᠥᠭᠡᠯᠡᠨ ᠲᠣᠨᠤᠭ ᠤᠨ ᠡᠷᠬᠡ ᠶᠢᠨ ᠬᠠᠷᠢᠶᠠᠯᠠᠯ᠂ ᠡᠷᠬᠡ ᠳᠤ ᠬᠠᠯᠳᠠᠭᠰᠠᠨ ᠵᠠᠭᠤᠷᠠᠯᠳᠤᠭᠠᠨ ᠵᠢᠴᠢ ᠭᠠᠭᠴᠠᠭᠠᠷ ᠡᠵᠡᠮᠰᠢᠯ ᠤᠨ ᠵᠠᠭᠤᠷᠠᠯᠳᠤᠭᠠᠨ ᠤ ᠨᠢᠭᠡᠳᠦᠭᠡᠷ ᠰᠢᠭᠦᠯᠲᠡ ᠶᠢᠨ ᠮᠡᠳᠡᠯᠭᠡ ᠶᠢᠨ ᠦᠮᠴᠢᠯᠡᠯ ᠤᠨ ᠡᠷᠬᠡ ᠶᠢᠨ ᠢᠷᠭᠡᠨ ᠤ ᠬᠡᠷᠡᠭ᠂ ᠵᠠᠰᠠᠭ ᠵᠠᠬᠢᠷᠭᠠᠨ ᠤ ᠬᠡᠷᠡᠭ ᠢ ᠣᠷᠣᠨ ᠪᠦᠰᠡ ᠠᠯᠤᠰᠯᠠᠨ ᠬᠠᠷᠢᠶᠠᠯᠠᠬᠤ ᠶᠢ ᠬᠠᠷᠢᠭᠤᠴᠠᠨ᠎ᠠ᠃      ᠭᠦᠭᠡᠬᠤᠲᠠ ᠶᠢᠨ ᠮᠡᠳᠡᠯᠭᠡ ᠶᠢᠨ ᠦᠮᠴᠢᠯᠡᠯ ᠤᠨ ᠡᠷᠬᠡ ᠶᠢᠨ ᠰᠢᠭᠦᠬᠦ ᠲᠢᠩᠬᠢᠮ ᠢ ᠪᠠᠶᠢᠭᠤᠯᠬᠤ ᠨᠢ ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠦᠮᠴᠢᠯᠡᠯ ᠤᠨ ᠡᠷᠬᠡ ᠶᠢᠨ ᠬᠠᠤᠯᠢ ᠴᠠᠭᠠᠵᠠ ᠶᠢᠨ ᠬᠠᠮᠠᠭᠠᠯᠠᠯᠲᠠ ᠶᠢᠨ ᠬᠦᠴᠦᠨ ᠴᠢᠳᠠᠪᠤᠷᠢ ᠶᠢ ᠳᠡᠭᠡᠭᠰᠢᠯᠡᠭᠦᠯᠵᠦ᠂ ᠰᠢᠨᠵᠢᠯᠡᠬᠦ ᠤᠬᠠᠭᠠᠨ ᠲᠸᠭᠨᠢᠢᠡ ᠮᠡᠷᠭᠡᠵᠢᠯ ᠤᠨ ᠰᠢᠨ᠎ᠡ ᠶᠢ ᠡᠭᠦᠳᠬᠦ ᠶᠢ ᠠᠬᠢᠭᠤᠯᠬᠤ᠂ ᠬᠠᠤᠯᠢᠵᠢᠭᠰᠠᠨ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠤ ᠠᠰᠢᠭᠲᠠᠢ ᠪᠠᠶᠢᠵᠤ᠂ ᠤᠯᠤᠰ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠵᠢᠱᠢᠶ᠎ᠡ ᠦᠵᠡᠭᠦᠯᠭᠦ ᠣᠷᠣᠨ ᠢ ᠡᠭᠦᠳᠦᠨ ᠪᠠᠶᠢᠭᠤᠯᠬᠤ ᠳᠤ ᠬᠦᠴᠦᠨ ᠨᠡᠮᠡᠷᠢᠯᠡᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1