ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ | ᠮᠠᠨ ᠤ ᠣᠷᠣᠨ ᠨᠡᠭᠦᠷᠡᠰᠦᠨ ᠠᠭᠤᠷᠬᠠᠢ ᠶᠢᠨ ᠣᠶᠤᠨᠴᠢᠯᠠᠬᠤ ᠪᠠᠶᠢᠭᠤᠯᠤᠯᠲᠠ ᠶᠢ ᠠᠬᠢᠭᠤᠯᠵᠤ᠂ ᠡᠨᠡ ᠵᠢᠯ ᠤᠨ 4 | ᠰᠠᠷ᠎ᠠ ᠶᠢᠨ ᠰᠡᠭᠦᠯᠴᠢ ᠪᠤᠯᠲᠠᠯ᠎ᠠ 155 ᠣᠶᠤᠨᠴᠢᠯᠠᠭᠰᠠᠨ ᠨᠡᠭᠦᠷᠡᠰᠦᠨ ᠠᠭᠤᠷᠬᠠᠢ ᠪᠠᠶᠢᠭᠤᠯᠵᠤ᠂ ᠨᠡᠭᠦᠷᠡᠰᠦᠨ ᠤ | ᠭᠠᠷᠤᠯᠲᠠ ᠶᠢᠨ ᠲᠦᠷᠭᠡᠨ ᠨᠡᠮᠡᠭᠳᠡᠯ ᠢ ᠪᠠᠲᠤᠯᠠᠪᠠ᠃ ᠡᠨᠡ ᠵᠢᠯ ᠤᠨ ᠲᠦᠷᠦᠭᠦᠦ ᠤᠯᠠᠷᠢᠯ ᠳᠤ ᠪᠦᠭᠦ ᠣᠷᠣᠨ ᠤ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠨᠡᠭᠦᠷᠡᠰᠦᠨ ᠤ ᠭᠠᠷᠤᠯᠲᠠ ᠪᠦᠭᠦ | ᠤᠯᠤᠰ ᠲᠤ ᠲᠦᠷᠦᠭᠦᠯᠡᠨ 3.2 ᠳ᠋ᠦᠩᠰᠢᠭᠤᠷ ᠲᠣᠨ ᠳᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ | ᠠᠴᠠ 2.9% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠦᠭᠦ ᠤᠯᠤᠰ ᠤᠨ ᠳᠤᠮᠳᠠᠴᠢ ᠲᠦᠪᠰᠢᠨ ᠠᠴᠠ | ᠵᠠᠭᠤᠨ ᠤ ᠬᠠᠷᠢᠴᠠᠯ ᠢᠶᠠᠷ 7 ᠬᠤᠪᠢ ᠳᠠᠪᠠᠪᠠ᠃ | ᠣᠶᠢᠷ᠎ᠠ ᠶᠢᠨ ᠵᠢᠯ ᠳᠤ᠂ ᠮᠠᠨ ᠤ ᠣᠷᠣᠨ ᠨᠡᠭᠦᠷᠡᠰᠦᠨ ᠠᠭᠤᠷᠬᠠᠢ ᠶᠢᠨ ᠣᠶᠤᠨᠴᠢᠯᠠᠬᠤ ᠪᠠᠶᠢᠭᠤᠯᠤᠯᠲᠠ ᠶᠢ | ᠨᠡᠭᠦᠷᠡᠰᠦᠨ ᠤ ᠦᠢᠯᠡᠳᠪᠦᠷᠢᠯᠡᠯ ᠤᠨ ᠠᠷᠭ᠎ᠠ ᠭᠡᠯᠪᠡᠷᠢ ᠶᠢᠨ ᠬᠤᠪᠢᠰᠤᠯᠲᠠ ᠶᠢ ᠠᠬᠢᠭᠤᠯᠬᠤ ᠶᠢᠨ ᠴᠢᠬᠤᠯᠠ | ᠠᠭᠤᠯᠭ᠎ᠠ ᠪᠣᠯᠭᠠᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠨ ᠠᠭᠤᠷᠬᠠᠢ ᠶᠢᠨ | ᠣᠶᠤᠨᠴᠢᠯᠠᠬᠤ ᠪᠠᠶᠢᠭᠤᠯᠤᠯᠲᠠ ᠶᠢ ᠠᠬᠢᠭᠤᠯᠬᠤ ᠭᠤᠷᠪᠠᠨ ᠵᠢᠯ ᠤᠨ ᠠᠵᠢᠯᠯᠠᠭᠠᠨ ᠤ ᠬᠡᠷᠡᠭᠵᠢᠭᠦᠯᠬᠦ ᠲᠥᠰᠥᠯ︾ ᠵᠡᠷᠭᠡ | ᠣᠯᠠᠨ ᠲᠥᠷᠥ ᠶᠢᠨ ᠪᠣᠳᠣᠯᠭ᠎ᠠ ᠪᠢᠴᠢᠭ ᠮᠠᠲ᠋ᠧᠷᠢᠶᠠᠯ ᠢ ᠵᠠᠯᠭᠠᠭ᠎ᠠ ᠪᠠᠷ ᠨᠡᠶᠢᠲᠡᠯᠡᠵᠦ᠂ ᠨᠡᠭᠦᠷᠡᠰᠦᠨ ᠠᠭᠤᠷᠬᠠᠢ ᠶᠢᠨ | ᠣᠶᠤᠨᠴᠢᠯᠠᠬᠤ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠠᠢ᠃ ᠨᠡᠭᠦᠷᠡᠰᠦᠨ ᠠᠭᠤᠷᠬᠠᠢ ᠶᠢᠨ ᠣᠶᠤᠨᠴᠢᠯᠠᠬᠤ | ᠪᠠᠶᠢᠭᠤᠯᠤᠯᠲᠠ ᠶᠢᠨ ᠭᠤᠷᠪᠠᠨ ᠵᠢᠯ ᠤᠨ ᠠᠵᠢᠯᠯᠠᠭ᠎ᠠ ᠪᠠᠷ ᠳᠠᠮᠵᠢᠨ᠂︽ᠠᠵᠢᠯᠴᠢᠨ ᠢ ᠬᠠᠰᠤᠬᠤ᠂ ᠦᠷ᠎ᠡ ᠠᠰᠢᠭ ᠢ | ᠳᠡᠭᠡᠭᠰᠢᠯᠡᠭᠦᠯᠭᠦ᠂ ᠠᠮᠤᠷ ᠲᠦᠪᠰᠢᠨ ᠢ ᠪᠠᠲᠤᠯᠠᠬᠤ︾ ᠶᠢ ᠦᠨᠡᠨ ᠬᠦ ᠪᠡᠶᠡᠯᠡᠭᠦᠯᠵᠦ᠂ ᠪᠦᠭᠦ ᠣᠷᠣᠨ ᠤ ᠨᠡᠭᠦᠷᠡᠰᠦᠨ ᠤ | ᠠᠵᠤ ᠦᠢᠯᠡᠳᠪᠦᠷᠢ ᠶᠢᠨ ᠭᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠪᠠ ᠴᠢᠨᠠᠷ ᠰᠠᠶᠢᠲᠠᠢ ᠬᠥᠭᠵᠢᠯᠲᠡ | ᠶᠢ ᠠᠬᠢᠭᠤᠯᠪᠠ᠃ ᠢᠯᠠᠩᠭᠤᠶ᠎ᠠ ᠡᠨᠡ ᠵᠢᠯ ᠠᠴᠠ ᠨᠠᠭᠠᠰᠢ᠂ ᠪᠦᠭᠦ ᠣᠷᠣᠨ ᠢᠶᠠᠷ ᠢᠶᠠᠨ ᠨᠡᠭᠦᠷᠡᠰᠦᠨ ᠠᠭᠤᠷᠬᠠᠢ ᠶᠢᠨ | ᠣᠶᠤᠨᠴᠢᠯᠠᠬᠤ ᠪᠠᠶᠢᠭᠤᠯᠤᠯᠲᠠ ᠶᠢᠨ ︽ᠰᠢᠨ᠎ᠡ ᠦᠯᠢᠭᠡᠷ ᠳᠠᠭᠤᠷᠢᠶᠠᠯ︾ ᠢ ᠭᠤᠣᠯᠳᠠᠯᠭ᠎ᠠ ᠲᠠᠢ ᠪᠤᠶ ᠪᠤᠯᠭᠠᠵᠤ᠂ ᠡᠬᠢ | ᠪᠠᠶᠠᠯᠢᠭ ᠤᠨ ᠨᠥᠬᠦᠴᠡᠯ ᠢᠶᠠᠷ ᠰᠠᠶᠢᠨ᠂ ᠮᠠᠰᠢᠨᠴᠢᠯᠠᠯᠲᠠ ᠶᠢᠨ ᠬᠡᠮᠵᠢᠶ᠎ᠡ ᠪᠠᠷ ᠥᠨᠳᠥᠷ ᠲᠣᠮᠣ ᠭᠡᠯᠪᠡᠷᠢ ᠶᠢᠨ | ᠨᠡᠭᠦᠷᠡᠰᠦᠨ ᠠᠭᠤᠷᠬᠠᠢ ᠶᠢᠨ ᠣᠶᠤᠨᠴᠢᠯᠠᠭᠰᠠᠨ ᠪᠠᠶᠢᠭᠤᠯᠤᠯᠲᠠ ᠶᠢ ᠬᠦᠴᠦᠯᠡᠨ ᠲᠠᠮᠵᠢᠵᠤ᠂ ᠦᠢᠯᠡᠳᠪᠦᠷᠢᠯᠡᠯ ᠤᠨ | ᠦᠷ᠎ᠡ ᠪᠦᠲᠦᠮᠵᠢ ᠶᠢ ᠶᠡᠬᠡᠬᠡᠨ ᠳᠡᠭᠡᠭᠰᠢᠯᠡᠭᠦᠯᠦᠭᠰᠡᠨ ᠪᠠᠶᠢᠨ᠎ᠠ᠃ | ᠪᠦᠷᠢᠳᠬᠡᠯ ᠢ ᠦᠨᠳᠦᠰᠦᠯᠡᠪᠡᠯ᠂ ᠤᠳᠤ ᠪᠦᠭᠦ ᠣᠷᠣᠨ ᠤ ᠣᠶᠤᠨᠴᠢᠯᠠᠭᠰᠠᠨ ᠨᠡᠭᠦᠷᠡᠰᠦᠨ ᠠᠭᠤᠷᠬᠠᠢ ᠶᠢᠨ | ᠲᠤᠭ᠎ᠠ ᠨᠢ ᠦᠢᠯᠡᠳᠪᠦᠷᠢᠯᠡᠯ ᠡᠵᠡᠩᠨᠡᠯᠲᠡ ᠬᠢᠵᠦ ᠪᠠᠶᠢᠭ᠎ᠠ ᠪᠦᠭᠦ ᠨᠡᠭᠦᠷᠡᠰᠦᠨ ᠠᠭᠤᠷᠬᠠᠢ ᠶᠢᠨ 50% ᠠᠴᠠ | ᠳᠡᠭᠡᠭᠰᠢᠬᠢ ᠶᠢ ᠡᠵᠡᠯᠡᠨ᠂ 240 ᠣᠶᠤᠨᠴᠢᠯᠠᠭᠰᠠᠨ ᠨᠡᠭᠦᠷᠡᠰᠦ ᠮᠠᠯᠲᠠᠬᠤ ᠠᠵᠢᠯ ᠤᠨ ᠭᠠᠵᠠᠷ ᠢ ᠪᠠᠶᠢᠭᠤᠯᠵᠤ᠂ | ᠵᠠᠳᠠᠭᠠᠢ ᠨᠡᠭᠦᠷᠡᠰᠦᠨ ᠠᠭᠤᠷᠬᠠᠢ ᠳᠤ 306 ᠵᠢᠯᠣᠭᠤᠴᠢ ᠦᠭᠡᠢ ᠮᠠᠰᠢᠨ ᠲᠡᠷᠭᠡ ᠬᠡᠷᠡᠭᠯᠡᠬᠦ ᠶᠢ ᠪᠡᠶᠡᠯᠡᠭᠦᠯᠪᠡ᠃ ᠡᠭᠦᠨ | ᠤ ᠬᠠᠮᠲᠤ ᠭᠤᠣᠯᠳᠠᠯᠭ᠎ᠠ ᠲᠠᠢ ᠠᠵᠤ ᠠᠬᠤᠶᠢᠯᠠᠯ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ | ᠵᠢᠷᠤᠵᠤ ᠲᠥᠯᠥᠪᠯᠡᠬᠦ ᠨᠢᠭᠡᠴᠢ ᠵᠢᠴᠢ ᠲᠣᠮᠣ ᠭᠡᠯᠪᠡᠷᠢ ᠶᠢᠨ ᠮᠠᠰᠢᠨ ᠲᠣᠨᠣᠭᠯᠠᠯ ᠤᠨ ᠺᠤᠮᠫᠠᠨᠢ ᠳᠤ ᠲᠦᠰᠢᠭᠯᠡᠨ᠂ | ᠦᠢᠯᠡᠳᠪᠦᠷᠢᠯᠡᠯ ᠵᠢᠭᠠᠨ ᠰᠤᠷᠭᠠᠯᠲᠠ ᠶᠢᠨ ᠰᠤᠳᠤᠯᠭᠠᠨ ᠪᠠ ᠬᠡᠷᠡᠭᠯᠡᠯᠲᠡ ᠶᠢ ᠨᠢᠭᠡ ᠴᠣᠭᠴᠠᠵᠢᠭᠤᠯᠤᠭᠰᠠᠨ ᠲᠠᠪᠴᠠᠩ | ᠢ ᠡᠭᠦᠳᠦᠨ ᠪᠠᠶᠢᠭᠤᠯᠪᠠ᠃ ᠣᠳᠣᠬᠠᠨ ᠪᠤᠯᠲᠠᠯ᠎ᠠ ᠪᠦᠭᠦ ᠣᠷᠣᠨ ᠳᠤ ᠵᠦᠨ ᠨᠧᠩ ᠪᠦᠯᠦᠭᠯᠡᠯ ᠤᠨ ᠬᠠᠲᠠᠢ ᠭᠤᠣᠯ᠂ | ᠮᠧᠩ ᠲᠠᠢ ᠶᠢᠨ ᠪᠦᠯᠢᠶᠡᠨ ᠭᠤᠣᠯ᠂ ᠬᠤᠸᠠ ᠨᠧᠩ ᠪᠦᠯᠦᠭᠯᠡᠯ ᠤᠨ ᠢᠮᠢᠨ ᠵᠡᠷᠭᠡ ᠤᠯᠤᠰ ᠤᠨ ᠲᠦᠷᠦᠭᠦᠤ ᠪᠦᠯᠦᠭ | ᠤᠨ ᠵᠢᠱᠢᠶ᠎ᠡ ᠦᠵᠡᠭᠦᠯᠭᠦ 9 ᠣᠶᠤᠨᠴᠢᠯᠠᠭᠰᠠᠨ ᠨᠡᠭᠦᠷᠡᠰᠦᠨ ᠠᠭᠤᠷᠬᠠᠢ ᠶᠢ ᠪᠠᠶᠢᠭᠤᠯᠵᠤ᠂ ᠬᠠᠭᠤᠯᠪᠤᠷᠢᠯᠠᠵᠤ ᠪᠤᠯᠬᠤ᠂ | ᠳᠡᠯᠭᠡᠷᠡᠭᠦᠯᠵᠦ ᠪᠤᠯᠬᠤ ᠨᠢᠭᠡ ᠪᠦᠯᠦᠭ ᠲᠡᠷᠢᠭᠦᠨ ᠤ ᠣᠶᠤᠨᠴᠢᠯᠠᠭᠰᠠᠨ ᠨᠡᠭᠦᠷᠡᠰᠦᠨ ᠠᠭᠤᠷᠬᠠᠢ ᠶᠢ ᠪᠠᠶᠢᠭᠤᠯᠤᠭᠰᠠᠨ | ᠪᠠᠶᠢᠨ᠎ᠠ᠃ ᠯᠤᠬᠰᠢᠳᠡᠷ ᠤᠨ ᠨᠡᠭᠦᠷᠡᠰᠦᠨ ᠠᠭᠤᠷᠬᠠᠢ ᠶᠢᠨ 5G ᠰᠢᠰᠲ᠋ᠧᠮ ᠪᠣᠯᠣᠨ AI ᠵᠠᠳᠠᠯᠤᠯᠲᠠ ᠶᠢᠨ ᠲᠠᠪᠴᠠᠩ᠂ | ᠬᠤᠸᠠᠩ ᠪᠠᠢ ᠽᠢ ᠨᠡᠭᠦᠷᠡᠰᠦᠨ ᠠᠭᠤᠷᠬᠠᠢ ᠶᠢᠨ ᠨᠢᠮᠭᠡᠨ ᠨᠡᠭᠦᠷᠡᠰᠦᠨ ᠳᠠᠪᠬᠤᠷᠭ᠎ᠠ ᠶᠢᠨ ᠣᠶᠤᠨᠴᠢ ᠪᠠᠷ ᠮᠠᠯᠲᠠᠬᠤ | ᠠᠵᠢᠯ ᠤᠨ ᠭᠠᠵᠠᠷ ᠵᠡᠷᠭᠡ 20 ᠨᠡᠶᠢᠲᠡᠯᠢᠭ ᠵᠢᠱᠢᠶ᠎ᠡ ᠨᠢ ︽ᠪᠦᠭᠦ ᠤᠯᠤᠰ ᠤᠨ ᠨᠡᠭᠦᠷᠡᠰᠦᠨ ᠠᠭᠤᠷᠬᠠᠢ ᠶᠢᠨ | ᠣᠶᠤᠨᠴᠢᠯᠠᠬᠤ ᠪᠠᠶᠢᠭᠤᠯᠤᠯᠲᠠ ᠶᠢᠨ ᠨᠡᠶᠢᠲᠡᠯᠢᠭ ᠵᠢᠱᠢᠶ᠎ᠡ ︵2023 ᠣᠨ︶︾ ᠪᠠᠷ ᠰᠣᠩᠭᠤᠭᠳᠠᠨ᠂ ᠪᠦᠭᠦ ᠤᠯᠤᠰ | ᠤᠨ ᠨᠡᠶᠢᠲᠡᠯᠢᠭ ᠵᠢᠱᠢᠶ᠎ᠡ ᠶᠢᠨ 1/4 ᠶᠢ ᠡᠵᠡᠯᠡᠪᠡ᠃ | ᠨᠡᠭᠦᠷᠡᠰᠦᠨ ᠠᠭᠤᠷᠬᠠᠢ ᠶᠢᠨ ᠣᠶᠤᠨᠴᠢᠯᠠᠬᠤ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠪᠣᠯ ᠨᠡᠭᠦᠷᠡᠰᠦᠨ | ᠤ ᠠᠵᠤ ᠦᠢᠯᠡᠳᠪᠦᠷᠢ ᠶᠢᠨ ᠭᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ᠂ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠭᠤᠣᠯᠯᠠᠭᠴᠢ ᠮᠡᠷᠭᠡᠵᠢᠯ ᠤᠨ ᠲᠤᠯᠭᠠᠭᠤᠷᠢᠯᠠᠯ ᠪᠣᠯᠣᠨ᠎ᠠ᠃ ᠤᠯᠤᠰ ᠤᠨ ᠴᠢᠬᠤᠯᠠ ᠡᠨᠧᠷᠭᠢ ᠶᠢᠨ | ᠰᠠᠭᠤᠷᠢᠨ ᠪᠣᠯᠤᠭᠰᠠᠨ ᠤ ᠬᠤᠪᠢ ᠳᠤ᠂ 2023 ᠣᠨ ᠳᠤ ᠮᠠᠨ ᠤ ᠣᠷᠣᠨ ᠤ ᠨᠡᠭᠦᠷᠡᠰᠦᠨ ᠤ ᠭᠠᠷᠤᠯᠲᠠ 12.2 | ᠳ᠋ᠦᠩᠰᠢᠭᠤᠷ ᠲᠣᠨ ᠳᠤ ᠬᠦᠷᠴᠦ᠂ 9.45 ᠳ᠋ᠦᠩᠰᠢᠭᠤᠷ ᠲᠣᠨ ᠤ ᠨᠡᠭᠦᠷᠡᠰᠦᠨ ᠤ ᠬᠠᠩᠭᠠᠯᠭ᠎ᠠ ᠶᠢ ᠪᠠᠲᠤᠯᠠᠬᠤ | ᠡᠭᠦᠷᠭᠡ ᠶᠢ ᠪᠡᠶᠡᠯᠡᠭᠦᠯᠵᠦ᠂ ᠴᠠᠭᠢᠯᠭᠠᠨ ᠬᠦᠴᠦᠨ ᠤ ᠶᠡᠷᠦᠩᠬᠡᠢ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠶᠢᠨ | ᠬᠡᠮᠵᠢᠶ᠎ᠡ 2 ᠳ᠋ᠦᠩᠰᠢᠭᠤᠷ ᠺᠢᠯᠣᠸᠠᠲ ᠢ ᠳᠠᠪᠠᠵᠤ᠂ ᠨᠡᠭᠦᠷᠡᠰᠦᠨ ᠤ ᠬᠠᠩᠭᠠᠯᠭ᠎ᠠ ᠶᠢ ᠪᠠᠲᠤᠯᠠᠭᠰᠠᠨ ᠬᠡᠮᠵᠢᠶ᠎ᠡ ᠵᠢᠴᠢ | ᠭᠠᠳᠠᠭᠰᠢ ᠬᠦᠷᠭᠡᠭᠰᠡᠨ ᠬᠡᠮᠵᠢᠶ᠎ᠡ᠂ ᠴᠠᠭᠢᠯᠭᠠᠨ ᠭᠠᠷᠭᠠᠭᠰᠠᠨ ᠶᠡᠷᠦᠩᠬᠡᠢ ᠬᠡᠮᠵᠢᠶ᠎ᠡ ᠵᠢᠴᠢ ᠭᠠᠳᠠᠭᠰᠢ ᠬᠦᠷᠭᠡᠭᠰᠡᠨ | ᠬᠡᠮᠵᠢᠶ᠎ᠡ ᠪᠠᠷ ᠴᠥᠮ ᠪᠦᠭᠦ ᠤᠯᠤᠰ ᠤᠨ ᠲᠦᠷᠦᠭᠦᠨ ᠳᠤ ᠣᠷᠣᠵᠠᠢ᠃ |