ᠲᠣᠭᠲᠠᠬᠤ ᠰᠢᠶᠠᠨ᠄ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠵᠢᠱᠢᠶ᠎ᠡ ᠦᠵᠡᠭᠦᠯᠬᠦ ᠣᠷᠣᠨ ᠢ ᠴᠢᠷᠮᠠᠶᠢᠨ ᠴᠤᠭᠴᠠᠯᠠᠶ᠎ᠠ
ᠨᠡᠶᠢᠲᠡᠯᠡᠭᠰᠡᠨ ᠴᠠᠭ᠄
2024/5/6
      ᠣᠶᠢᠷ᠎ᠠ ᠶᠢᠨ ᠵᠢᠯ ᠠᠴᠠ᠂ ᠲᠣᠭᠲᠠᠬᠤ ᠰᠢᠶᠠᠨ ᠲᠤᠬᠠᠢ ᠶᠢᠨ ᠭᠠᠵᠠᠷ ᠤᠨ ᠪᠣᠳᠠᠲᠤ ᠪᠠᠶᠢᠳᠠᠯ ᠳᠠᠭᠠᠨ ᠰᠠᠭᠤᠷᠢᠯᠠᠵᠤ᠂ ᠪᠣᠳᠠᠰ ᠤᠨ ᠪᠤᠰᠤ ᠰᠣᠶᠣᠯ ᠤᠨ ᠥᠪ ᠪᠣᠯᠤᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠪᠠ ᠠᠭᠤᠳᠠᠯᠬᠤ ᠡᠷᠴᠢᠮ ᠢᠶᠠᠨ ᠴᠢᠨᠠᠭᠰᠢᠳᠠ ᠴᠢᠩᠭᠠᠷᠠᠭᠤᠯᠵᠤ᠂ ᠲᠡᠦᠬᠡ ᠰᠣᠶᠣᠯ ᠤᠨ ᠰᠤᠳᠠᠰᠤ ᠶᠢ ᠤᠯᠠᠮᠵᠢᠯᠠᠬᠤ᠂ ᠠᠷᠠᠳ ᠤᠯᠠᠨ ᠢ ᠳᠠᠭᠠᠭᠤᠯᠤᠨ ᠪᠠᠶᠠᠵᠢᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠶᠢ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠬᠤᠯᠠ ᠭᠠᠷᠳᠠᠴᠠ ᠪᠣᠯᠭᠠᠵᠤ᠂ ᠰᠣᠶᠣᠯ ᠤᠨ ᠥᠪ ᠢ ᠬᠠᠮᠠᠭᠠᠯᠠᠨ ᠤᠯᠠᠮᠵᠢᠯᠠᠬᠤ ᠪᠠ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢ ᠣᠷᠭᠠᠨᠢᠭ ᠢᠶᠠᠷ ᠠᠭᠤᠰᠤᠯᠴᠠᠭᠤᠯᠵᠤ᠂ ᠰᠣᠶᠣᠯ ᠤᠨ ᠥᠪ ᠤᠨ ᠦᠢᠯᠡᠳᠪᠦᠷᠢᠯᠡᠯ ᠤᠨ ᠬᠦᠴᠦᠨ ᠪᠣᠯᠤᠨ ᠰᠢᠨ᠎ᠡ ᠠᠮᠢᠵᠢᠷᠠᠯ ᠤᠨ ᠬᠦᠴᠦᠨ ᠢ ᠬᠥᠭᠵᠢᠭᠡᠵᠦ᠂ ᠰᠣᠶᠣᠯ ᠵᠢᠭᠤᠯᠴᠢᠯᠠᠯ ᠢ ᠠᠭᠤᠰᠤᠯᠴᠠᠭᠤᠯᠬᠤ ᠵᠢᠱᠢᠶ᠎ᠡ ᠦᠵᠡᠭᠦᠯᠬᠦ ᠣᠷᠣᠨ ᠢ ᠴᠢᠷᠮᠠᠶᠢᠨ ᠪᠠᠶᠢᠭᠤᠯᠪᠠ᠃
     ᠲᠣᠭᠲᠠᠬᠤ ᠰᠢᠶᠠᠨ ᠤ ᠬᠠᠳᠤᠨ ᠭᠤᠣᠯ ᠤᠨ ᠨᠤᠭᠤ ᠭᠠᠵᠠᠷ ᠤᠨ ᠬᠠᠮᠢᠶᠠᠷᠤᠯᠳᠠ ᠬᠠᠮᠠᠭᠠᠯᠠᠯᠳᠠ ᠶᠢᠨ ᠲᠥᠪ ᠤᠨ ᠾᠧ ᠺᠸᠦ ᠲᠣᠰᠬᠤᠨ ᠤ ᠬᠤᠳᠠ ᠶᠢᠨ ᠲᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠭᠴᠢ ᠶᠠᠩ ᠰᠢᠶᠤᠤ ᠵᠢᠤᠸᠠᠨ      ︽ᠡᠨᠡ ᠬᠦ ᠭᠠᠷ ᠤᠷᠠᠯᠠᠯ ᠢ ᠤᠯᠠᠮᠵᠢᠯᠠᠨ ᠵᠠᠯᠭᠠᠮᠵᠢᠯᠠᠵᠤ᠂ ᠵᠢᠯ ᠪᠦᠷᠢ ᠪᠠᠶᠠᠷ ᠳᠤᠷᠠᠰᠭᠠᠯ ᠤᠨ ᠡᠳᠦᠷ ᠪᠣᠯᠬᠤ ᠦᠶ᠎ᠡ ᠪᠠᠷ ᠵᠣᠴᠢᠨ ᠨᠠᠷ ᠴᠥᠮ ᠮᠠᠨ ᠤ ᠠᠳᠡ ᠠᠳᠠᠯᠢ ᠪᠤᠰᠤ ᠲᠥᠷᠥᠯ ᠤᠨ ᠬᠤᠸᠠᠷ ᠵᠠᠬᠢᠶᠠᠯᠠᠨ ᠬᠢᠯᠭᠡᠬᠦ ᠪᠥᠭᠡᠳ ᠵᠠᠷᠢᠮ ᠬᠥᠬᠡᠬᠤᠲᠠ ᠪᠤᠭᠤᠲᠤ ᠣᠷᠳᠣᠰ ᠤᠨ ᠭᠠᠵᠠᠷ ᠣᠷᠣᠨ ᠤ ᠵᠣᠴᠢᠳ ᠴᠦ ᠪᠠᠶᠢᠨ ᠪᠠᠶᠢᠨ ᠤᠲᠠᠰᠤ ᠵᠠᠬᠢᠶᠠᠯᠠᠵᠤ᠂ ᠵᠢᠯ ᠪᠦᠷᠢ 50 ᠭᠠᠷᠤᠢ ᠲᠦᠮᠡᠨ ᠲᠥᠭᠦᠷᠢᠭ ᠤᠨ ᠣᠷᠣᠯᠭ᠎ᠠ ᠣᠯᠵᠤ ᠴᠢᠳᠠᠨ᠎ᠠ᠃ ᠥᠪᠡᠷ ᠤᠨ ᠠᠮᠢᠳᠤᠷᠠᠯ ᠶᠠᠪᠤᠬᠤ ᠳᠣᠳᠥᠮ ᠥᠭᠡᠳᠡᠯᠡᠵᠦ ᠪᠠᠶᠢᠭ᠎ᠠ ᠶᠢ ᠦᠵᠡᠭᠡᠳ᠂ ᠪᠢ ᠲᠣᠰᠬᠤᠨ ᠳᠤ ᠠᠵᠢᠯᠯᠠᠵᠤ ᠪᠠᠶᠢᠭ᠎ᠠ ᠦᠭᠡᠢ ᠡᠮᠡᠭᠲᠡᠶᠢᠴᠦᠳ ᠢ ᠲᠠᠭᠠᠭᠤᠯᠤᠨ᠂ ᠪᠦᠭᠦᠳᠡᠭᠡᠷ ᠢᠶᠠᠨ ᠬᠠᠮᠲᠤ ᠪᠠᠶᠠᠵᠢᠪᠠ︾ ᠭᠡᠵᠤ ᠶᠠᠩ ᠰᠢᠶᠤᠤ ᠵᠢᠤᠸᠠᠨ ᠪᠠᠶᠠᠷᠲᠠᠶ ᠬᠡᠯᠡᠪᠡ᠃      ᠾᠧ ᠺᠧᠦ ᠲᠣᠰᠬᠤᠨ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ ᠪᠣᠯᠬᠤ ᠪᠥᠭᠡᠳ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠣᠨᠴᠠᠯᠢᠭᠲᠤ ᠲᠣᠰᠬᠤᠨ ᠢᠶᠠᠷ ᠦᠨᠡᠯᠡᠭᠳᠡᠵᠦ᠂ ᠣᠳᠣ ᠪᠠᠶᠢᠭ᠎ᠠ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ 10 ᠭᠠᠷᠤᠶ ᠪᠠᠶᠢᠵᠤ᠂ ᠡᠭᠦᠨ ᠳᠤ ᠴᠡᠴᠡᠭᠲᠦ ᠮᠠᠨᠲᠠᠤ᠂ ᠾᠧ ᠺᠧᠦ ᠳ᠋ᠧᠦᠹᠦ᠋᠂ ᠯᠦᠩ ᠳ᠋ᠧᠩ ᠬᠡᠩᠭᠡᠷᠭᠡ ᠨᠢ ᠬᠤᠲᠠ ᠶᠢᠨ ᠲᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ ᠪᠣᠯᠤᠨ᠎ᠠ᠃ ᠣᠳᠣᠬᠠᠨ ᠳᠤ ᠲᠤᠰ ᠲᠣᠰᠬᠤᠨ ᠶᠠᠭ ᠰᠠᠶᠢᠬᠠᠨ ᠾᠧ ᠺᠧᠦ ᠲᠣᠰᠬᠤᠨ ᠤ ᠪᠣᠳᠠᠰ ᠤᠨ ᠪᠤᠰᠤ ᠰᠣᠶᠣᠯ ᠤᠨ ᠥᠪ ᠤᠨ ᠰᠣᠶᠣᠯ ᠤᠨ ᠪᠡᠶᠡᠴᠢᠯᠡᠨ ᠣᠶᠢᠯᠠᠭᠠᠬᠤ ᠬᠦᠷᠢᠶᠡᠯᠡᠩ ᠢ ᠬᠦᠴᠦᠯᠡᠨ ᠪᠠᠶᠢᠭᠤᠯᠵᠤ᠂ ᠪᠣᠳᠠᠰ ᠤᠨ ᠪᠤᠰᠤ ᠰᠣᠶᠣᠯ ᠤᠨ ᠥᠪ ᠢᠶᠠᠷ ᠤᠳᠤᠷᠢᠳᠤᠮᠵᠢ ᠪᠣᠯᠭᠠᠨ ᠲᠣᠭᠤᠷᠢᠨ ᠦᠵᠡᠬᠦ᠂ ᠦᠢᠯᠡᠳᠪᠦᠷᠢᠯᠡᠬᠦ ᠶᠢ ᠤᠶᠠᠯᠳᠤᠭᠤᠯᠵᠤ᠂ ᠲᠣᠭᠲᠠᠬᠤ ᠰᠢᠶᠠᠨ ᠤ ᠾᠧ ᠺᠧᠦ ᠭᠦ᠋ ᠴᠧᠩ ᠰᠣᠶᠣᠯ ᠢ ᠪᠡᠶᠡᠴᠢᠯᠡᠨ ᠣᠶᠢᠯᠠᠭᠠᠵᠤ ᠪᠠᠶᠢᠨ᠎ᠠ᠃
     ᠰᠣᠶᠣᠯ ᠢᠶᠠᠷ ᠵᠤᠭᠠᠴᠠᠯ ᠢ ᠱᠤᠭᠤᠵᠤ ᠵᠤᠭᠠᠴᠠᠯ ᠢᠶᠠᠷ ᠰᠣᠶᠣᠯ ᠢ ᠢᠯᠡᠷᠡᠭᠦᠯᠪᠡ᠃ ᠣᠶᠢᠷ᠎ᠠ ᠶᠢᠨ ᠵᠢᠯ ᠠᠴᠠ᠂ ᠲᠣᠭᠲᠠᠬᠤ ᠰᠢᠶᠠᠨ ︽ᠮᠢᠩᠭᠠᠨ ᠣᠨ ᠤ ᠶᠦᠨ ᠵᠦᠩ᠂ ᠷᠢᠳᠢ ᠰᠢᠳᠢ ᠲᠠᠢ ᠲᠣᠭᠲᠠᠬᠤ︾ ᠲᠦᠷᠢ ᠲᠥᠷᠬᠦ ᠶᠢᠨ ᠪᠠᠶᠢᠷᠢ ᠲᠣᠭᠲᠠᠭᠠᠯᠲᠠ ᠶᠢᠨ ᠲᠣᠭᠤᠷᠢᠨ ᠳᠤ᠂ ᠬᠠᠳᠤᠨ ᠭᠤᠣᠯ ᠤᠨ ︽几︾ ᠤᠨ ᠰᠣᠶᠣᠯ ᠵᠢᠭᠤᠯᠴᠢᠯᠠᠯ ᠤᠨ ᠵᠠᠩ ᠦᠢᠯᠡ ᠶᠢᠨ ᠪᠦᠰᠡ ᠶᠢᠨ ᠪᠦᠲᠦᠭᠡᠨ ᠪᠠᠶᠢᠭᠤᠯᠤᠯᠲᠠ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠰᠡᠯᠡᠭᠦᠴᠡᠨ ᠠᠮᠠᠷᠠᠬᠤ᠂ ᠭᠡᠷ ᠤᠨ ᠭᠠᠳᠠᠨ᠎ᠠ ᠥᠷᠭᠡᠳᠬᠡᠬᠦ᠂ ᠲᠠᠷᠢᠶᠠᠯᠠᠬᠤ ᠶᠢ ᠪᠡᠶᠡᠴᠢᠯᠡᠨ ᠣᠶᠢᠯᠠᠭᠠᠬᠤ᠂ ᠢᠳᠡᠭᠡᠨ ᠤᠮᠳᠠᠭᠠᠨ ᠵᠤᠭ᠎ᠠ ᠴᠡᠩᠭᠡᠯ ᠵᠡᠷᠭᠡ ᠲᠦᠷᠦᠯ ᠵᠦᠢᠯ ᠢ ᠨᠢᠭᠡ ᠴᠤᠬᠴᠠᠵᠢᠭᠤᠯᠤᠬᠰᠠᠨ ᠠᠮᠢ ᠠᠬᠤᠢ ᠶᠢᠨ ᠰᠡᠯᠡᠭᠦᠴᠡᠯ ᠵᠢᠭᠤᠯᠴᠢᠯᠠᠯ᠂ ᠲᠡᠦᠬᠡ ᠰᠣᠶᠣᠯ ᠤᠨ ᠵᠢᠭᠤᠯᠴᠢᠯᠠᠯ᠂ ᠪᠣᠳᠠᠰ ᠤᠨ ᠪᠤᠰᠤ ᠰᠣᠶᠣᠯ ᠤᠨ ᠥᠪ ᠤᠨ ᠰᠤᠳᠤᠯᠤᠨ ᠰᠤᠷᠤᠯᠴᠠᠬᠤ ᠵᠢᠭᠤᠯᠴᠢᠯᠠᠯ ᠵᠡᠷᠭᠡ ᠰᠣᠳᠣᠨ ᠵᠢᠭᠤᠯᠴᠢᠯᠠᠯ ᠤᠨ ᠵᠠᠮ ᠱᠤᠭᠤᠮ ᠢ ᠡᠭᠦᠳᠴᠦ᠂ ᠲᠤᠰ ᠭᠠᠵᠠᠷ ᠣᠷᠣᠨ ᠤ ᠰᠣᠶᠣᠯ ᠤᠨ ᠥᠪ ᠤᠨ ᠡᠬᠢ ᠪᠠᠶᠠᠯᠢᠭ ᠢ ᠴᠢᠷᠮᠠᠶᠢᠨ ᠠᠰᠢᠭᠯᠠᠵᠤ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠣᠷᠣᠨ ᠤ ᠲᠥᠪ ᠤᠨ ᠡᠮᠦᠨᠡᠲᠦ ᠬᠡᠰᠡᠭ ᠤᠨ ᠬᠠᠳᠤᠨ ᠭᠤᠣᠯ ᠤᠨ ᠦᠵᠡᠮᠵᠢ ᠶᠢᠨ ᠰᠣᠶᠣᠯ ᠤᠨ ᠵᠢᠭᠤᠯᠴᠢᠯᠠᠯ ᠤᠨ ᠪᠦᠰᠡ ᠶᠢ ᠥᠨᠳᠥᠷ ᠪᠠᠷᠢᠮᠵᠢᠶ᠎ᠠ ᠪᠠᠷ ᠪᠠᠶᠢᠭᠤᠯᠬᠤ ᠶᠢ ᠦᠷᠭᠦᠯᠵᠢᠯᠡᠨ ᠠᠬᠢᠭᠤᠯᠪᠠ᠃      ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠵᠢᠭᠤᠯᠴᠢᠯᠠᠯ ᠤᠨ ᠪᠡᠶᠡᠴᠢᠯᠡᠨ ᠣᠶᠢᠯᠠᠭᠠᠬᠤ ᠰᠠᠭᠤᠷᠢᠨ ᠭᠠᠵᠠᠷ ᠪᠣᠯᠤᠭᠰᠠᠨ ᠤ ᠬᠤᠪᠢ ᠳᠤ᠂ ᠲᠣᠭᠲᠠᠬᠤ ᠰᠢᠶᠠᠨ ᠤ ᠬᠠᠲᠤᠨ ᠭᠤᠤᠯ ᠤᠨ ᠮᠠᠶᠢᠶᠧ ᠬᠥ᠋ ᠠᠮᠢ ᠠᠬᠤᠶ ᠶᠢᠨ ᠰᠡᠯᠡᠭᠦᠴᠡᠯ ᠤᠨ ᠵᠢᠭᠤᠯᠴᠢᠯᠠᠯ ᠤᠨ ᠣᠷᠣᠨ ︵ᠤᠯᠤᠰ ᠤᠨ AAA ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ︶᠂ ᠣᠳᠣᠬᠠᠨ ᠳᠤ ᠨᠢᠭᠡᠨᠲᠡ 2.3 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ ᠦᠵᠡᠮᠵᠢ ᠶᠢᠨ ᠣᠷᠣᠨ ᠪᠣᠳᠠᠰ ᠤᠨ ᠪᠤᠰᠤ ᠰᠣᠶᠣᠯ ᠤᠨ ᠥᠪ ᠤᠨ ᠲᠣᠭᠯᠠᠯᠲᠠ᠂ ᠲᠠᠷᠢᠶᠠᠯᠠᠩ ᠤᠨ ᠶᠡᠭᠡ ᠦᠵᠡᠮᠵᠢ ᠶᠢᠨ ᠣᠷᠣᠨ᠂ ᠪᠣᠳᠠᠰ ᠤᠨ ᠪᠤᠰᠤ ᠰᠣᠶᠣᠯ ᠤᠨ ᠥᠪ ᠤᠨ ᠠᠮᠲᠠᠲᠤ ᠢᠳᠡᠭᠡᠨ ᠤ ᠵᠡᠭᠡᠯᠢ᠂ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠯ ᠵᠡᠷᠭᠡ ᠠᠯᠢ ᠣᠯᠠᠨ ᠠᠵᠢᠯᠯᠠᠭ᠎ᠠ ᠥᠷᠨᠢᠭᠦᠯᠬᠦ ᠪᠠᠷ ᠳᠠᠮᠵᠢᠭᠤᠯᠤᠨ᠂ ᠳᠡᠯᠭᠡᠨ ᠦᠵᠡᠭᠦᠯᠬᠦ᠂ ᠪᠡᠶᠡᠴᠢᠯᠡᠨ ᠣᠶᠢᠯᠠᠭᠠᠬᠤ ᠵᠡᠷᠭᠡ ᠬᠡᠯᠪᠡᠷᠢ ᠪᠠᠷ ᠵᠢᠭᠤᠯᠴᠢᠯᠠᠭᠴᠢᠳ ᠲᠤ ᠲᠣᠭᠲᠠᠬᠤ ᠰᠢᠶᠠᠨ ᠤ ᠨᠤᠲᠤᠭ ᠤᠨ ᠪᠣᠳᠠᠰ ᠤᠨ ᠪᠤᠰᠤ ᠰᠣᠶᠣᠯ ᠤᠨ ᠥᠪ ᠤᠨ ᠮᠡᠳᠡᠯᠭᠡ ᠶᠢ ᠲᠠᠨᠢᠯᠴᠠᠭᠤᠯᠬᠤ ᠪᠠ ᠤᠯᠠᠮᠵᠢᠯᠠᠵᠤ᠂ ᠤᠯᠠᠮᠵᠢᠯᠠᠯᠲᠤ ᠰᠣᠶᠣᠯ ᠢ ᠤᠯᠠᠮᠵᠢᠯᠠᠨ ᠪᠠᠳᠠᠷᠠᠭᠤᠯᠬᠤ ᠶᠢ ᠤᠯᠠᠮ ᠨᠢᠭᠡ ᠠᠯᠬᠤᠮ ᠳᠥᠯᠭᠢᠨ ᠠᠬᠢᠭᠤᠯᠵᠤ ᠪᠠᠶᠢᠨ᠎ᠠ᠃ ︽ᠵᠢᠭᠤᠯᠴᠢᠯᠠᠭᠴᠢᠳ ᠮᠠᠨ ᠤ ᠦᠵᠡᠮᠵᠢ ᠶᠢᠨ ᠣᠷᠣᠨ ᠳᠤ ᠢᠷᠡᠵᠦ ᠲᠣᠭᠲᠠᠬᠤ ᠪᠣᠳᠠᠰ ᠤᠨ ᠪᠤᠰᠤ ᠰᠣᠶᠣᠯ ᠤᠨ ᠥᠪ ᠤᠨ ᠰᠣᠶᠣᠯ ᠤᠨ ᠥᠪᠡᠷᠮᠢᠴᠡ ᠷᠢᠳᠢ ᠰᠢᠳᠢ ᠶᠢ ᠭᠦᠢᠴᠡᠳ ᠣᠶᠢᠯᠠᠭᠠᠵᠤ᠂ ᠲᠤᠬᠠᠶ ᠶᠢᠨ ᠭᠠᠵᠠᠷ ᠤᠨ ᠣᠯᠠᠨ ᠲᠦᠮᠡᠨ᠂ ᠵᠤᠭᠠᠴᠠᠭᠰᠠᠳ ᠪᠣᠯᠤᠨ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠭᠴᠢ ᠶᠢᠨ ᠵᠠᠶ ᠶᠢ ᠣᠶᠢᠷᠠᠲᠤᠭᠤᠯᠵᠤ᠂ ᠲᠡᠳᠡᠨ ᠢ ᠪᠡᠶᠡᠴᠢᠯᠡᠨ ᠣᠶᠢᠯᠠᠭᠠᠬᠤ ᠳᠤᠮᠳᠠ ᠬᠠᠮᠲᠤ ᠪᠠᠷ ᠣᠷᠣᠯᠴᠠᠵᠤ᠂ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠦᠷ᠎ᠡ ᠪᠦᠲᠦᠭᠡᠯ ᠢ ᠬᠠᠮᠲᠤ ᠪᠠᠷ ᠡᠳ᠋ᠯᠡᠭᠦᠯᠪᠡ︾ ᠭᠡᠵᠤ ᠬᠠᠲᠤᠨ ᠭᠤᠣᠯ ᠤᠨ ᠮᠠᠢ ᠶᠧ ᠭᠦ ᠠᠮᠢ ᠠᠬᠤᠢ ᠶᠢᠨ ᠰᠡᠯᠡᠭᠦᠴᠡᠯ ᠤᠨ ᠵᠢᠭᠤᠯᠴᠢᠯᠠᠯ ᠤᠨ ᠣᠷᠣᠨ ᠤ ᠬᠠᠷᠢᠭᠤᠴᠠᠯᠭᠠᠲᠠᠨ ᠸᠠᠩ ᠨᠠ ᠰᠤᠷᠪᠤᠯᠵᠢᠯᠠᠭᠴᠢ ᠳᠤ ᠬᠡᠯᠡᠪᠡ᠃      ᠲᠣᠭᠲᠠᠬᠤ ᠰᠢᠶᠠᠨ ᠬᠠᠳᠤᠨ ᠭᠤᠣᠯ ᠤᠨ ᠱᠧᠨ ᠴᠢᠤᠸᠠᠨ ᠠᠮᠢ ᠠᠬᠤᠢ ᠶᠢᠨ ᠵᠤᠭᠠᠴᠠᠯ ᠤᠨ ᠦᠵᠡᠮᠵᠢ ᠶᠢᠨ ᠣᠷᠣᠨ ᠪᠣᠯᠤᠨ ᠡᠯᠪᠡᠭ ᠭᠠᠷᠤᠯᠲᠠ ᠲᠠᠢ ᠦᠵᠦᠮ᠂ ᠯᠠᠵᠤᠤ᠂ ᠬᠠᠳᠤᠨ ᠭᠤᠣᠯ ᠤᠨ ᠮᠥᠷᠭᠦ ᠵᠢᠭᠠᠰᠤᠨ ᠤ ᠵᠤᠭᠠᠴᠠᠯ ᠤᠨ ᠦᠢᠯᠡᠰ ᠢ ᠶᠡᠬᠡᠪᠡᠷ ᠪᠤᠶᠢᠵᠢᠭᠤᠯᠤᠨ ᠬᠥᠭᠵᠢᠭᠦᠯᠬᠦ ᠶᠢᠨ ᠬᠠᠮᠲᠤ ᠪᠣᠳᠠᠰ ᠤᠨ ᠪᠤᠰᠤ ᠰᠣᠶᠣᠯ ᠤᠨ ᠥᠪ ᠤᠨ ᠰᠣᠶᠣᠯ ᠢ ᠲᠡᠭᠦᠨ ᠳᠤ ᠠᠭᠤᠰᠤᠯᠴᠠᠭᠤᠯᠵᠤ᠂ ᠲᠠᠷᠢᠶᠠᠴᠢᠨ ᠠᠶᠢᠯ ᠤᠨ ᠵᠤᠭᠠᠴᠠᠯ ᠢᠳᠡᠭᠡᠨ ᠤᠮᠳᠠᠭᠠᠨ ᠤ ᠦᠢᠯᠡᠰ ᠤᠨ ᠲᠣᠭᠲᠠᠬᠤ ᠰᠢᠶᠠᠨ ᠤ ᠴᠢᠨᠠᠭᠰᠠᠨ ᠵᠢᠭᠠᠰᠤ᠂ ᠲᠣᠭᠲᠠᠬᠤ ᠰᠢᠶᠠᠨ ᠤ ᠹᠧᠨᠲ᠋ᠢᠶᠣᠤᠷ᠂ ᠲᠣᠭᠲᠠᠬᠤ ᠰᠢᠶᠠᠨ ᠤ ᠳ᠋ᠧᠦᠹᠦ᠋ ᠵᠡᠷᠭᠡ ᠳᠤ ᠵᠤᠭᠠᠴᠠᠭᠰᠠᠳ ᠤᠨ ᠬᠦᠷᠢᠶᠡᠯᠡᠯ ᠢ ᠶᠡᠬᠡᠳᠡ ᠣᠯᠵᠠᠢ᠃ 2023 ᠣᠨ ᠤ 67 ᠲᠠᠷᠢᠶᠠᠴᠢᠨ ᠡᠷᠦᠬᠡ ᠶᠢᠨ ᠵᠤᠭ᠎ᠠ ᠴᠡᠩᠭᠡᠯ ᠪᠥᠬᠦ ᠵᠢᠯ ᠳᠤ 83 ᠲᠦᠮᠡᠨ ᠬᠥᠮᠦᠨ ᠤᠳᠠᠭ᠎ᠠ ᠶᠢᠨ ᠵᠤᠭᠠᠴᠠᠭᠰᠠᠳ ᠢ ᠭᠥᠯᠢᠶᠡᠨ ᠠᠪᠴᠤ᠂ ᠵᠢᠭᠤᠯᠴᠢᠯᠠᠯ ᠤᠨ ᠣᠷᠣᠯᠭ᠎ᠠ 9295 ᠲᠦᠮᠡᠨ ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠬᠢ ᠠᠴᠠ ᠬᠤᠶᠠᠷ ᠳᠠᠬᠢᠨ ᠨᠡᠮᠡᠭᠳᠡᠪᠡ᠃      ᠲᠣᠭᠲᠠᠬᠤ ᠰᠢᠶᠠᠨ ᠪᠠᠰᠠ ᠭᠠᠵᠠᠷ ᠣᠷᠣᠨ ᠤ ᠣᠨᠴᠠᠯᠢᠭ ᠲᠠᠢ ᠤᠮᠠᠷᠠᠲᠤ ᠬᠢᠯᠢ ᠶᠢᠨ ᠰᠣᠶᠣᠯ ᠤᠨ ᠲᠦᠷᠦᠯ ᠲᠡᠮᠳᠡᠭ ᠢ ᠬᠦᠴᠦᠯᠡᠨ ᠡᠭᠦᠳᠴᠦ᠂ 600 ᠭᠠᠷᠤᠢ ᠵᠢᠯ ᠤᠨ ᠲᠡᠦᠬᠡ ᠲᠠᠢ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠡ ᠶᠢᠨ ᠳ᠋ᠦᠩᠱᠧᠩ ᠸᠧᠢ ᠬᠤᠳᠠ ᠶᠢᠨ ᠬᠡᠷᠡᠮ ᠤᠨ ᠳᠣᠣᠷ᠎ᠠ ᠤᠮᠠᠷᠠᠲᠤ ᠬᠢᠯᠢ ᠶᠢᠨ ᠰᠣᠶᠣᠯ ᠤᠨ ᠤᠷᠳᠤ ᠬᠤᠩᠭᠢᠯ᠂ ᠶᠦᠨ ᠵᠦᠩ ᠵᠢᠶᠦ᠋ᠨ ᠤ ᠭᠤᠣᠯ ᠰᠡᠳᠦᠪᠲᠦ ᠰᠣᠶᠣᠯ ᠤᠨ ᠴᠡᠴᠡᠷᠯᠢᠭ ᠢ ᠪᠠᠶᠢᠭᠤᠯᠬᠤ ᠪᠠ ︽ᠲᠣᠭᠲᠠᠬᠤ ᠬᠠᠳᠤᠨ ᠭᠤᠣᠯ ᠤᠨ ᠰᠣᠶᠣᠯ ᠵᠢᠭᠤᠯᠴᠢᠯᠠᠯ ᠤᠨ ᠨᠠᠶᠢᠷ︾᠂ ︽ᠬᠠᠳᠤᠨ ᠭᠤᠣᠯ ᠤᠨ ᠯᠤᠤᠲᠤ ᠣᠩᠭᠤᠴᠠ ᠶᠢᠨ ᠤᠷᠤᠯᠳᠤᠭᠠᠨ︾ ᠵᠡᠷᠭᠡ ᠠᠵᠢᠯᠯᠠᠭ᠎ᠠ ᠶᠢ ᠡᠷᠬᠢᠯᠡᠬᠦ ᠪᠠᠷ ᠳᠠᠮᠵᠢᠭᠤᠯᠵᠤ᠂ ᠥᠪᠡᠷᠲᠡᠭᠡᠨ ᠵᠠᠰᠠᠬᠤ ᠣᠷᠣᠨ᠂ ᠬᠥᠬᠡᠬᠤᠲᠠ ᠶᠢᠨ ᠪᠣᠳᠠᠰ ᠤᠨ ᠪᠤᠰᠤ ᠰᠣᠶᠣᠯ ᠤᠨ ᠥᠪ ᠤᠨ ᠲᠦᠷᠦᠯ ᠵᠦᠢᠯ ᠳᠤ ᠣᠷᠣᠭᠤᠯᠤᠭᠰᠠᠨ ᠶᠠᠩᠭᠠᠷ᠂ ᠬᠡᠩᠭᠡᠷᠭᠡ᠂ ᠲᠣᠭᠲᠠᠬᠤ ᠰᠢᠶᠠᠨ ᠤ ᠴᠠᠭᠠᠰᠤᠨ ᠬᠠᠶᠢᠴᠢᠯᠠᠮᠠᠯ ᠵᠡᠷᠭᠡ ᠶᠢ ᠪᠠᠶᠠᠷ ᠳᠤᠷᠠᠰᠬᠠᠯ ᠤᠨ ᠡᠳᠦᠷ ᠲᠤ ᠭᠦᠢᠴᠡᠳ ᠳᠡᠯᠭᠡᠨ ᠦᠵᠡᠭᠦᠯᠵᠦ᠂ ᠪᠣᠳᠠᠰ ᠤᠨ ᠪᠤᠰᠤ ᠰᠣᠶᠣᠯ ᠤᠨ ᠨᠥᠯᠥᠭᠡᠯᠡᠬᠦ ᠬᠦᠴᠦᠨ ᠢ ᠨᠡᠮᠡᠭᠳᠡᠭᠦᠯᠪᠡ᠃ ᠡᠭᠦᠨ ᠤ ᠬᠠᠮᠲᠤ ᠲᠣᠭᠲᠠᠬᠤ ᠮᠦᠽᠧᠢ ᠶᠢᠨ ᠳᠡᠯᠭᠡᠨ ᠦᠵᠡᠭᠦᠯᠭᠡ ᠶᠢ ᠰᠢᠨ᠎ᠡ ᠪᠠᠷ ᠪᠠᠶᠢᠷᠢᠯᠠᠭᠤᠯᠵᠤ ᠰᠦᠢᠳᠬᠡᠯ ᠬᠤᠷᠢᠶᠠᠬᠤ ᠦᠭᠡᠢ ᠪᠠᠷ ᠨᠡᠭᠡᠭᠡᠬᠦ ᠶᠢ ᠬᠡᠷᠡᠭᠵᠢᠭᠦᠯᠵᠦ᠂ ᠶᠦᠨ ᠵᠦᠩ ᠵᠢᠶᠦ᠋ᠨ ᠤ ᠬᠠᠭᠤᠴᠢᠨ ᠬᠤᠳᠠ ᠳᠤ ᠬᠦᠷᠢᠶ᠎ᠡ ᠪᠠ ᠦᠵᠡᠮᠵᠢ ᠶᠢᠨ ᠳ᠋ᠧᠩ ᠢ ᠨᠡᠮᠡᠨ ᠪᠠᠶᠢᠭᠤᠯᠵᠤ᠂ ᠬᠠᠶᠢᠯᠠᠰᠤᠨ ᠪᠤᠯᠠᠭ ᠰᠣᠶᠣᠯ ᠤᠨ ᠴᠡᠴᠡᠷᠯᠢᠭ ᠢ ᠡᠬᠢᠯᠡᠨ ᠪᠠᠶᠢᠭᠤᠯᠵᠤ᠂ ᠵᠤᠭᠠᠴᠠᠭᠰᠠᠳ ᠲᠤ ᠲᠠᠯ᠎ᠠ ᠨᠤᠲᠤᠭ ᠤᠨ ᠰᠣᠶᠣᠯ᠂ ᠬᠠᠳᠤᠨ ᠭᠤᠣᠯ ᠤᠨ ᠰᠣᠶᠣᠯ᠂ ᠲᠠᠷᠢᠶᠠᠯᠠᠬᠤ ᠰᠣᠶᠣᠯ ᠤᠨ ᠲᠣᠭᠲᠠᠬᠤ ᠣᠷᠣᠨ ᠳᠠᠬᠢ ᠰᠣᠯᠢᠯᠴᠠᠭ᠎ᠠ ᠠᠭᠤᠰᠤᠯᠴᠠᠯ ᠢ ᠦᠨᠡᠨᠬᠦ ᠮᠡᠳᠡᠷᠡᠭᠦᠯᠵᠦ᠂ ᠤᠯᠠᠨ ᠲᠦᠮᠡᠨ ᠤ ᠰᠣᠶᠣᠯ ᠤᠨ ᠢᠲᠡᠭᠡᠯ ᠢ ᠨᠡᠮᠡᠭᠳᠡᠭᠦᠯᠵᠦ᠂ ᠲᠣᠭᠲᠠᠬᠤ ᠶᠢᠨ ᠨᠡᠷ᠎ᠡ ᠠᠯᠳᠠᠷ ᠪᠠ ᠢᠷᠠᠭᠤ ᠠᠯᠳᠠᠷ ᠤᠨ ᠬᠡᠮᠵᠢᠶ᠎ᠡ ᠶᠢ ᠳᠡᠭᠡᠭᠰᠢᠯᠡᠭᠦᠯᠵᠦ᠂ ᠲᠤᠬᠠᠢ ᠶᠢᠨ ᠭᠠᠵᠠᠷ ᠤᠨ ᠰᠣᠶᠣᠯ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠪᠠ᠃      ︽ᠣᠳᠣᠬᠠᠨ ᠳᠤ᠂ ᠲᠣᠭᠲᠠᠬᠤ ᠰᠢᠶᠠᠨ ᠳᠤ ᠰᠢᠯᠵᠢᠭᠦᠯᠵᠦ ᠪᠣᠯᠬᠤ ᠥᠬᠡᠶ ᠲᠡᠤᠬᠡ ᠶᠢᠨ ᠳᠤᠷᠠᠰᠬᠠᠯᠲᠤ ᠵᠦᠢᠯᠡᠰ 1᠂ ᠡᠭᠦᠨ ᠳᠤ ᠤᠯᠤᠰ ᠤᠨ ᠲᠠᠰ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠡ 1᠂ ᠥᠪᠡᠷᠲᠡᠭᠡᠨ ᠵᠠᠰᠠᠬᠤ ᠣᠷᠣᠨ ᠤ ᠲᠠᠰ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠡ 8᠂ ᠬᠤᠲᠠ ᠰᠢᠶᠠᠨ ᠤ ᠱᠠᠲᠤᠨ ᠤ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠡ 7 ᠪᠣᠶ︔ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ 6᠂ ᠬᠤᠲᠠ ᠶᠢᠨ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ 20᠂ ᠰᠢᠶᠠᠨ ᠤ ᠱᠠᠲᠤᠨ ᠤ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ 3 ᠪᠠᠶᠢᠵᠤ᠂ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠨ ᠰᠤᠷᠤᠯᠴᠠᠬᠤ ᠲᠠᠯᠠᠪᠤᠷ ᠭᠠᠵᠠᠷ 4᠂ ᠤᠯᠠᠮᠵᠢᠯᠠᠨ ᠪᠣᠯᠪᠠᠰᠤᠷᠠᠭᠤᠯᠬᠤ ᠰᠠᠭᠤᠷᠢᠨ ᠭᠠᠵᠠᠷ 3 ᠪᠣᠶ᠃ ᠲᠠᠷᠠᠭᠠᠴᠢ ᠶᠢᠨ ᠠᠯᠬᠤᠮ ᠳᠤ᠂ ᠪᠢᠳᠡ ᠤᠮᠠᠷᠠᠲᠤ ᠬᠢᠯᠢ ᠶᠢᠨ ᠰᠣᠶᠣᠯ ᠤᠨ ᠨᠠᠷᠠᠲᠤ ᠲᠥᠷᠥᠯ ᠲᠡᠮᠳᠡᠭᠲᠦ ᠶᠢ ᠰᠠᠶᠢᠲᠤᠷ ᠬᠢᠬᠦ ᠲᠣᠭᠲᠠᠬᠤ ᠰᠢᠶᠠᠨ ᠤ ᠬᠠᠭᠤᠳᠠᠰᠤ ᠳᠡᠭᠡᠷ᠎ᠡ ᠬᠦᠴᠦ ᠲᠠᠯᠪᠢᠵᠤ᠂ ᠰᠣᠶᠣᠯ ᠤᠨ ᠥᠪ ᠢ ︿ᠠᠮᠢᠯᠠᠭᠤᠯᠵᠤ﹀᠂ ᠰᠣᠶᠣᠯ ᠤᠨ ᠠᠵᠤ ᠦᠢᠯᠡᠰ ᠢ ︿ᠬᠥᠭᠵᠢᠭᠦᠯᠵᠦ﹀᠂ ᠵᠢᠭᠤᠯᠴᠢᠯᠠᠯ ᠤᠨ ᠡᠬᠢ ᠪᠠᠶᠠᠯᠢᠭ ᠤᠨ ︿ᠬᠡᠩᠬᠡᠷ᠎ᠡ﹀ ᠶᠢ ᠳᠠᠭᠠᠭᠠᠴᠢᠯᠠᠭᠤᠯᠵᠤ᠂ ᠣᠯᠠᠨ ᠲᠦᠮᠡᠨ ᠢ ︿ᠬᠡᠩᠬᠡᠷ᠎ᠡ﹀ ᠶᠢ ᠳᠠᠭᠠᠭᠠᠴᠢᠯᠠᠭᠤᠯᠵᠤ᠂ ᠬᠠᠲᠤᠨ ᠭᠤᠤᠯ ᠤᠨ ᠤᠯᠤᠰ ᠤᠨ ᠰᠣᠶᠣᠯ ᠤᠨ ᠴᠡᠴᠡᠷᠯᠢᠭ · ᠾᠧ ᠺᠸᠤ ᠶᠢᠨ ᠵᠢᠭᠤᠯᠴᠢᠯᠠᠯ ᠤᠨ ᠠᠮᠠᠷᠠᠯᠲᠠ ᠶᠢᠨ ᠣᠷᠣᠨ ᠢ ᠪᠣᠶ ᠪᠣᠯᠭᠠᠵᠤ᠂ ᠤᠯᠤᠰ ᠤᠨ 5A ᠲᠠᠰ ᠤᠨ ᠦᠵᠡᠮᠵᠢ ᠶᠢᠨ ᠣᠷᠣᠨ ᠢ ᠴᠢᠷᠮᠠᠶᠢᠨ ᠡᠭᠦᠳᠴᠦ᠂ ᠬᠥᠬᠡᠬᠤᠲᠠ ᠪᠤᠭᠤᠲᠤ ᠣᠷᠳᠣᠰ ᠣᠷᠣᠨ ᠤ ᠭᠠᠷᠠᠭ ᠤᠨ ᠰᠡᠭᠦᠯᠴᠢ ᠶᠢᠨ ᠵᠢᠭᠤᠯᠴᠢᠯᠠᠯ ᠠᠮᠠᠷᠠᠯᠲᠠ ᠶᠢᠨ ᠵᠣᠷᠢᠭᠰᠠᠨ ᠭᠠᠵᠠᠷ ᠢ ᠪᠣᠶ ᠪᠣᠯᠭᠠᠨ᠎ᠠ︾ ᠭᠡᠵᠦ ᠲᠣᠭᠲᠠᠬᠤ ᠰᠢᠶᠠᠨ ᠤ ᠰᠤᠶᠤᠯ ᠵᠢᠭᠤᠯᠴᠢᠯᠠᠯ ᠪᠠ ᠪᠡᠶ᠎ᠡ ᠶᠢᠨ ᠲᠠᠮᠢᠷ ᠤᠨ ᠲᠣᠪᠴᠢᠶᠠᠨ ᠤ ᠳᠠᠷᠤᠭ᠎ᠠ ᠵᠤᠤ ᠶᠦᠩ ᠭᠤᠸᠠᠩ ᠬᠡᠯᠡᠵᠡᠢ᠃ᠢᠷᠡᠯᠳᠡ᠄ ᠲᠣᠭᠲᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠤᠨ ᠶᠦᠨ ᠵᠦᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1