ᠲᠤᠭᠳᠠᠬᠤ ᠰᠢᠶᠠᠨ ᠤ ᠪᠠᠶᠢᠴᠠᠭᠠᠬᠤ ᠬᠤᠷᠢᠶ᠎ᠠ ᠲᠤᠭᠳᠠᠬᠤ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠲᠠᠢ ᠬᠠᠮᠲᠤᠷᠠᠨ ᠵᠥᠷᠢᠴᠡᠯ ᠵᠢᠭᠤᠷᠠᠯᠳᠤᠭᠠᠨ ᠢ ᠣᠯᠠᠨ ᠡᠰᠢᠵᠢᠭᠦᠯᠦᠨ ᠰᠢᠢᠳᠪᠦᠷᠢᠯᠡᠬᠦ ᠭᠤᠤᠯ ᠰᠡᠳᠦᠪᠲᠦ ᠤᠬᠠᠭᠤᠯᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2024/5/6
      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠥᠷᠢᠴᠡᠯ ᠵᠢᠭᠤᠷᠠᠯᠳᠤᠭᠠᠨ ᠢ ᠣᠯᠠᠨ ᠡᠰᠢᠵᠢᠭᠦᠯᠦᠨ ᠰᠢᠢᠳᠪᠦᠷᠢᠯᠡᠬᠦ ᠲᠦᠷᠢᠮ︾ ︵ᠳᠣᠷᠣᠭᠰᠢ ︽ᠲᠦᠷᠢᠮ︾ ᠭᠡᠵᠦ ᠲᠣᠪᠴᠢᠯᠠᠨ᠎ᠠ︶ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠣᠷᠭᠠᠨᠢᠭ ᠢᠶᠠᠷ ᠵᠣᠯᠭᠠᠭᠤᠯᠬᠤ᠂ ᠵᠣᠬᠢᠴᠠᠭᠤᠯᠤᠨ ᠬᠠᠮᠲᠤᠷᠠᠨ ᠬᠥᠳᠡᠯᠦᠯᠴᠡᠭᠰᠡᠨ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠬᠦ ᠲᠣᠭᠲᠠᠴᠠ ᠶᠢ ᠴᠢᠷᠮᠠᠶᠢᠨ ᠪᠠᠶᠢᠭᠤᠯᠵᠤ᠂ ᠵᠥᠷᠢᠴᠡᠯ ᠵᠢᠭᠤᠷᠠᠯᠳᠤᠭᠠᠨ ᠢ ᠴᠠᠭ ᠲᠤᠬᠠᠶ ᠳᠤᠨᠢ ᠪᠦᠲᠦᠮᠵᠢᠲᠡᠶ ᠤᠷᠢᠳᠴᠢᠯᠠᠨ ᠰᠡᠷᠭᠡᠶᠢᠯᠡᠬᠦ ᠪᠠ ᠠᠷᠢᠯᠭᠠᠵᠤ᠂ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠬᠠᠮᠠᠭᠠᠯᠠᠬᠤ ᠶᠢᠨ ᠲᠥᠯᠥᠭᠡ᠂ 4 ᠳ᠋ᠤᠭᠡᠷ ᠰᠠᠷ᠎ᠠ ᠶᠢᠨ 29 ᠤ ᠡᠳᠦᠷ ᠤᠨ ᠦᠳᠡ ᠶᠢᠨ ᠬᠤᠶᠢᠨ᠎ᠠ᠂ ᠲᠤᠭᠳᠠᠬᠤ ᠰᠢᠶᠠᠨ ᠤ ᠪᠠᠶᠢᠴᠠᠭᠠᠬᠤ ᠬᠤᠷᠢᠶ᠎ᠠ ᠲᠤᠭᠳᠠᠬᠤ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠲᠠᠢ ᠬᠠᠮᠲᠤᠷᠠᠨ ︽ᠹᠧᠩ ᠴᠢᠶᠣᠤ ᠶᠢᠨ ᠲᠤᠷᠰᠢᠯᠭ᠎ᠠ ᠶᠢ ᠬᠥᠭᠵᠢᠭᠦᠯᠬᠦ ᠶᠢ ᠪᠠᠷᠢᠮᠲᠠᠯᠠᠵᠤ᠂ ᠵᠥᠷᠢᠴᠡᠯ ᠵᠢᠭᠤᠷᠠᠯᠳᠤᠭᠠᠨ ᠢ ᠣᠯᠠᠨ ᠡᠰᠢᠴᠢᠯᠡᠨ ᠰᠢᠢᠳᠪᠦᠷᠢᠯᠡᠬᠦ ᠶᠢ ᠠᠬᠢᠭᠤᠯᠬᠤ︾ ᠪᠠᠷ ᠭᠤᠤᠯ ᠰᠡᠳᠦᠪ ᠪᠣᠯᠭᠠᠭᠰᠠᠨ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠪᠡ᠃
     ᠠᠵᠢᠯᠯᠠᠭ᠎ᠠ ᠨᠢ ᠤᠬᠠᠭᠤᠯᠭ᠎ᠠ ᠶᠢᠨ ᠬᠥᠨᠳᠡᠯᠡᠨ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠬᠠᠤᠯᠢ ᠴᠠᠭᠠᠵᠠ ᠶᠢᠨ ᠯᠠᠪᠯᠠᠯᠭ᠎ᠠ ᠶᠢᠨ ᠲᠠᠪᠴᠠᠩ ᠭᠠᠷᠭᠠᠬᠤ ᠪᠠᠷ ᠳᠠᠮᠵᠢᠭᠤᠯᠤᠨ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ︽ᠲᠦᠷᠢᠮ︾ ᠢ ᠨᠡᠶᠢᠲᠡᠯᠡᠭᠰᠡᠨ ᠠᠬᠤᠶ ᠪᠠᠶᠢᠳᠠᠯ᠂ ᠬᠠᠤᠯᠢ ᠲᠣᠭᠲᠠᠭᠠᠬᠤ ᠵᠣᠷᠢᠯᠭ᠎ᠠ᠂ ᠭᠤᠤᠯ ᠠᠭᠤᠯᠭ᠎ᠠ᠂ ᠵᠢᠭᠤᠷᠠᠯᠳᠤᠭᠠᠨ ᠢ ᠰᠢᠢᠳᠪᠦᠷᠢᠯᠡᠬᠦ ᠠᠷᠭ᠎ᠠ ᠵᠠᠮ ᠵᠡᠷᠭᠡ ᠬᠠᠮᠢᠶ᠎ᠠ ᠪᠥᠬᠦᠶ ᠮᠡᠳᠡᠯᠭᠡ ᠶᠢ ᠲᠦᠭᠡᠮᠡᠯᠵᠢᠭᠦᠯᠵᠦ᠂ ᠲᠤᠬᠠᠶ ᠶᠢᠨ ᠲᠠᠯᠠᠪᠤᠷ ᠤᠨ ᠣᠯᠠᠨ ᠲᠦᠮᠡᠨ ᠤ ᠳᠤᠷᠠᠳᠤᠭᠰᠠᠨ ᠬᠠᠤᠯᠢ ᠴᠠᠭᠠᠵᠠ ᠶᠢᠨ ᠠᠰᠠᠭᠤᠳᠠᠯ ᠳᠤ ᠬᠦᠯᠢᠴᠡᠩᠭᠦᠶ ᠪᠠᠷ ᠬᠠᠷᠢᠭᠤᠯᠲᠠ ᠥᠭᠪᠡ᠃      ᠠᠵᠢᠯᠯᠠᠭ᠎ᠠ ᠨᠢ ᠲᠤᠬᠠᠶ ᠶᠢᠨ ᠲᠠᠯᠠᠪᠤᠷ ᠤᠨ ᠣᠯᠠᠨ ᠲᠦᠮᠡᠨ ᠳᠤ ︽ᠲᠦᠷᠢᠮ︾᠂ ᠢᠷᠭᠡᠨ ᠤ ᠬᠠᠤᠯᠢ ᠶᠢᠨ ᠪᠢᠴᠢᠭ᠂ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠢ ᠰᠡᠷᠭᠡᠶᠢᠯᠡᠬᠦ ᠬᠠᠷᠮᠠᠨ ᠪᠢᠴᠢᠭ ᠵᠡᠷᠭᠡ ᠬᠠᠤᠯᠢ ᠲᠦᠭᠡᠮᠡᠯᠵᠢᠭᠦᠯᠬᠦ ᠮᠠᠲ᠋ᠧᠷᠢᠶᠠᠯ ᠢ ᠲᠠᠷᠬᠠᠭᠠᠵᠤ᠂ ᠣᠯᠠᠨ ᠲᠠᠰ ᠳᠠᠪᠬᠤᠷᠭ᠎ᠠ ᠪᠠᠷ ᠤᠬᠠᠭᠤᠯᠬᠤ ᠪᠠᠷ ᠳᠠᠮᠵᠢᠭᠤᠯᠤᠨ᠂ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠬᠠᠤᠯᠢ ᠶᠢ ᠰᠤᠷᠴᠤ ᠬᠠᠤᠯᠢ ᠶᠢ ᠣᠶᠢᠯᠠᠭᠠᠵᠤ᠂ ᠵᠥᠷᠢᠴᠡᠯ ᠮᠥᠷᠭᠦᠯᠳᠦᠭᠡᠨ ᠢ ᠪᠠᠭᠠᠰᠬᠠᠨ᠂ ᠵᠥᠷᠢᠴᠡᠯ ᠵᠢᠭᠤᠷᠠᠯᠳᠤᠭᠠᠨ ᠢ ᠡᠬᠢ ᠡᠭᠦᠰᠦᠯ ᠠᠴᠠ ᠨᠢ ᠰᠢᠢᠳᠪᠦᠷᠢᠯᠡᠬᠦ ᠶᠢ ᠠᠬᠢᠭᠤᠯᠪᠠ᠃      ᠳᠠᠷᠠᠭᠠᠴᠢ ᠶᠢᠨ ᠠᠯᠬᠤᠮ ᠳᠤ᠂ ᠲᠤᠭᠳᠠᠬᠤ ᠰᠢᠶᠠᠨ ᠤ ᠪᠠᠶᠢᠴᠠᠭᠠᠬᠤ ᠬᠤᠷᠢᠶ᠎ᠠ ᠪᠠᠶᠢᠴᠠᠭᠠᠬᠤ ᠪᠠᠶᠢᠭᠤᠯᠭ᠎ᠠ ᠶᠢᠨ ᠵᠥᠷᠢᠴᠡᠯ ᠵᠢᠭᠤᠷᠠᠯᠳᠤᠭᠠᠨ ᠢ ᠡᠬᠢ ᠡᠭᠦᠰᠦᠯ ᠠᠴᠠ ᠨᠢ ᠵᠠᠰᠠᠬᠤ ᠳᠤᠮᠳᠠᠬᠢ ᠦᠢᠯᠡᠳᠦᠯ ᠢ ᠭᠦᠢᠴᠡᠳ ᠪᠠᠳᠠᠷᠠᠭᠤᠯᠵᠤ᠂ ᠬᠠᠤᠯᠢ ᠶᠢ ᠲᠦᠭᠡᠮᠡᠯᠵᠢᠭᠦᠯᠬᠦ ᠬᠠᠤᠯᠢ ᠶᠢ ᠬᠦᠷᠭᠡᠬᠦ ᠰᠢᠷᠢᠰ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠬᠠᠷᠢᠶ᠎ᠠ ᠣᠷᠣᠨ ᠤ ᠤᠯᠠᠨ ᠲᠦᠮᠡᠨ ᠤ ᠬᠠᠤᠯᠢ ᠪᠠᠷ ᠵᠠᠰᠠᠬᠤ ᠦᠵᠡᠯᠲᠡ ᠶᠢ ᠤᠯᠠᠮ ᠨᠢᠭᠡ ᠠᠯᠬᠤᠮ ᠴᠢᠩᠭᠠᠳᠬᠠᠵᠤ᠂ ᠠᠮᠤᠷ ᠠᠮᠤᠭᠤᠯᠠᠩ ᠲᠤᠭᠳᠠᠬᠤ ᠰᠢᠶᠠᠨ᠂ ᠬᠠᠤᠯᠢ ᠪᠠᠷ ᠵᠠᠰᠠᠬᠤ ᠰᠢᠶᠠᠨ ᠤ ᠪᠠᠶᠢᠭᠤᠯᠤᠯᠲᠠ ᠳᠤ ᠪᠠᠶᠢᠴᠠᠭᠠᠬᠤ ᠪᠠᠶᠢᠭᠤᠯᠭ᠎ᠠ ᠶᠢᠨ ᠬᠦᠴᠦᠨ ᠴᠢᠳᠠᠯ ᠢᠶᠠᠨ ᠡᠷᠭᠦᠬᠦ ᠪᠣᠯᠤᠨ᠎ᠠ᠃  ᠢᠷᠡᠯᠳᠡ᠄ ᠲᠣᠭᠲᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠤᠨ ᠶᠦᠨ ᠵᠦᠩ ᠬᠠᠮ ᠵᠠᠭᠤᠴᠢᠯᠠᠭᠤᠷ  
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1