ᠲᠣᠭᠲᠠᠬᠤ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠰᠦᠷᠳᠡᠭᠦᠯᠦᠯ ᠢ ᠡᠰᠡᠷᠭᠦᠴᠡᠬᠦ ᠪᠠ ᠣᠨᠴᠠ ᠴᠠᠭᠳᠠᠭᠠᠨ ᠤ ᠶᠡᠭᠡ ᠠᠩᠭᠢ᠄ ᠰᠦᠷᠳᠡᠭᠦᠯᠦᠯ ᠢ ᠡᠰᠡᠷᠭᠦᠴᠡᠬᠦ ᠬᠦᠴᠦᠷᠬᠡᠭᠯᠡᠯ ᠢ ᠰᠡᠷᠭᠡᠶᠢᠯᠡᠬᠦ ᠳᠠᠶᠢᠴᠢᠯᠠᠯᠲᠠ ᠶᠢᠨ ᠰᠣᠷᠢᠯᠲᠠ ᠬᠢᠵᠦ ᠠᠷᠠᠳ ᠲᠦᠮᠡᠨ ᠤ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠬᠠᠮᠠᠭᠠᠯᠠᠵᠤ ᠪᠠᠶᠢᠨ᠎ᠠ
ᠨᠡᠶᠢᠲᠡᠯᠡᠭᠰᠡᠨ ᠴᠠᠭ᠄
2024/5/6
      ᠳᠣᠲᠣᠭᠠᠳᠤ ᠶᠢ ᠬᠠᠮᠠᠭᠠᠯᠠᠬᠤ ᠰᠦᠷᠳᠡᠭᠦᠯᠦᠯ ᠢ ᠡᠰᠡᠷᠭᠦᠴᠡᠬᠦ ᠣᠨᠴᠠ ᠴᠠᠭᠳᠠᠭᠠᠨ ᠤ ᠡᠩᠨᠡᠭᠡ ᠶᠢᠨ ᠶᠡᠷᠦᠩᠬᠡᠶᠢᠯᠡᠭᠰᠡᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠦᠷᠳᠡᠭᠦᠯᠦᠯ ᠢ ᠡᠰᠡᠷᠭᠦᠴᠡᠬᠦ ᠣᠨᠴᠠ ᠴᠠᠭᠳᠠᠭᠠᠨ ᠤ ᠡᠩᠨᠡᠭᠡ ᠶᠢᠨ ᠲᠦᠷᠭᠡᠨ ᠲᠤᠰᠬᠠᠯ᠂ ᠪᠠᠴᠢᠮ ᠪᠠᠶᠢᠳᠠᠯ ᠢ ᠠᠷᠭᠠᠴᠠᠬᠤ ᠬᠦᠳᠡᠯᠦᠩᠬᠦᠢ᠂ ᠪᠠᠴᠢᠮ ᠪᠠᠶᠢᠳᠠᠯ ᠢ ᠠᠷᠭᠠᠴᠠᠬᠤ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠡᠭᠦᠷᠭᠡ ᠴᠢᠳᠠᠪᠤᠷᠢ ᠶᠢᠨ ᠦᠢᠯᠡᠳᠦᠯ ᠢ ᠪᠦᠲᠦᠮᠵᠢᠲᠡᠶ ᠰᠢᠯᠭᠠᠨ ᠪᠠᠶᠢᠴᠠᠭᠠᠬᠤ ᠪᠠ ᠳᠡᠭᠡᠭᠰᠢᠯᠡᠭᠦᠯᠬᠦ ᠶᠢᠨ ᠲᠥᠯᠥᠭᠡ᠂ 2024 ᠣᠨ ᠤ 4 ᠳ᠋ᠤᠭᠡᠷ ᠰᠠᠷ᠎ᠠ ᠶᠢᠨ 29 ᠤ ᠡᠳᠦᠷ᠂ ᠲᠣᠭᠲᠠᠬᠤ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠰᠦᠷᠳᠡᠭᠦᠯᠦᠯ ᠢ ᠡᠰᠡᠷᠭᠦᠴᠡᠬᠦ ᠪᠠ ᠣᠨᠴᠠ ᠴᠠᠭᠳᠠᠭᠠᠨ ᠤ ᠶᠡᠭᠡ ᠠᠩᠭᠢ ᠰᠦᠷᠳᠡᠬᠦᠯᠦᠯ ᠢ ᠡᠰᠡᠷᠭᠦᠴᠡᠬᠦ ︽ᠦᠨᠡᠨᠴᠢ ᠰᠢᠳᠤᠷᠭᠤ ᠴᠠᠭᠳᠠᠭᠠᠨ ᠤ ᠰᠦᠭ ᠰᠦᠨᠡᠰᠦ ᠶᠢ ᠱᠤᠭᠤᠬᠤ︾ ᠰᠦᠷᠳᠡᠭᠦᠯᠦᠯ ᠢ ᠡᠰᠡᠷᠭᠦᠴᠡᠬᠦ ᠬᠦᠴᠦᠷᠬᠡᠭᠯᠡᠯ ᠢ ᠰᠡᠷᠭᠡᠶᠢᠯᠡᠬᠦ ᠳᠠᠶᠢᠴᠢᠯᠠᠯᠲᠠ ᠶᠢᠨ ᠰᠣᠷᠢᠯᠲᠠ ᠶᠢ ᠥᠷᠨᠢᠭᠦᠯᠪᠡ᠃      ᠲᠣᠰ ᠤᠳᠠᠭᠠᠨ ᠤ ᠰᠣᠷᠢᠯᠲᠠ ᠳᠤ ᠨᠡᠶᠢᠲᠡ 25 ᠴᠠᠭᠳᠠᠭᠠᠨ ᠤ ᠬᠦᠴᠦᠨ᠂ ᠨᠢᠭᠡ ᠵᠢᠯᠤᠭᠤᠳᠬᠤ ᠲᠡᠷᠭᠡ᠂ ᠨᠢᠭᠡ ᠣᠨᠴᠠ ᠴᠠᠭᠳᠠᠭᠠᠨ ᠤ ᠲᠡᠷᠭᠡ᠂ ᠨᠢᠭᠡ ᠴᠠᠭᠳᠠᠨ ᠲᠣᠭᠤᠷᠢᠬᠤ ᠲᠡᠷᠭᠡ᠂ 95 ᠶᠠᠪᠠᠭᠠᠨ ᠫᠤᠤ᠂ 64 ᠬᠡᠯᠪᠡᠷᠢ ᠶᠢᠨ ᠭᠠᠷ ᠫᠤᠤ ᠨᠢᠭᠡ᠂ ᠴᠠᠭᠳᠠᠭᠠᠨ ᠤ ᠮᠠᠶᠢᠬᠠᠨ ᠨᠢᠭᠡ ᠶᠢ ᠰᠣᠷᠢᠯᠲᠠ ᠶᠢᠨ ᠬᠢᠴᠢᠶᠡᠯ ᠲᠥᠷᠥᠯ ᠳᠤ ᠴᠤᠭᠯᠠᠷᠠᠯ᠂ ᠲᠡᠷᠭᠡᠨ ᠳᠤ ᠠᠪᠠᠷᠢᠬᠤ᠂ ᠬᠡᠭᠡᠷ᠎ᠡ ᠭᠠᠳᠠᠨ᠎ᠠ ᠪᠠᠶᠢᠯᠳᠤᠬᠤ ᠮᠠᠶᠢᠬᠠᠨ ᠪᠤᠰᠬᠠᠬᠤ᠂ ᠵᠡᠪᠰᠡᠭᠲᠦ ᠬᠦᠴᠦᠨ ᠤ ᠬᠡᠭᠡᠷᠡᠯᠡᠨ ᠭᠦᠶᠦᠬᠦ᠂ ᠬᠠᠮᠤᠭ ᠤᠨ ᠪᠠᠭ᠎ᠠ ᠪᠠᠶᠢᠯᠳᠤᠭᠠᠨ ᠤ ᠨᠢᠭᠡᠴᠡ ᠶᠢᠨ ᠤᠯᠠᠭᠠᠨ ᠬᠥᠬᠡ ᠡᠰᠡᠷᠭᠦᠴᠡᠯᠳᠦᠯ ᠵᠡᠷᠭᠡ ᠵᠢᠷᠭᠤᠭᠠᠨ ᠵᠦᠢᠯ ᠪᠠᠭᠳᠠᠭᠠᠪᠠ᠃
     ᠦᠳᠡ ᠶᠢᠨ ᠡᠮᠦᠨᠡᠬᠢ 8 ᠴᠠᠭ ᠲᠤ᠂ ︽ᠴᠤᠭᠯᠠᠯ︾ ᠤᠨ ᠵᠠᠷᠯᠢᠭ ᠢ ᠳᠠᠭᠠᠯᠳᠤᠨ᠂ ᠪᠦᠬᠦ ᠰᠣᠷᠢᠯᠲᠠ ᠳᠤ ᠣᠷᠣᠯᠴᠠᠭᠰᠠᠨ ᠪᠦᠬᠦ ᠵᠡᠪᠰᠡᠭᠲᠦ ᠬᠦᠴᠦᠨ ᠲᠦᠷᠭᠡᠨ ᠴᠤᠭᠯᠠᠷᠠᠵᠤ᠂ ᠴᠤᠭᠯᠠᠷᠠᠯ ᠤᠨ ᠣᠷᠣᠨ ᠳᠤ ᠡᠮᠬᠢ ᠵᠢᠷᠤᠮ ᠲᠠᠢ ᠪᠠᠷ ᠬᠦᠷᠪᠡ᠃      ᠪᠣᠯᠪᠠᠰᠤᠷᠠᠯ ᠤᠨ ᠲᠠᠯᠠᠪᠠᠢ ᠳᠡᠭᠡᠷ᠎ᠡ᠂ ᠠᠩᠭᠢ ᠶᠢᠨ ᠭᠡᠰᠢᠭᠦᠳ ᠡᠯ᠎ᠡ ᠵᠦᠢᠯ ᠤᠨ ᠪᠣᠯᠪᠠᠰᠤᠷᠠᠯ ᠢ ᠪᠠᠴᠢᠮ ᠪᠥᠭᠡᠳ ᠡᠮᠬᠢ ᠵᠢᠷᠤᠮ ᠲᠠᠢ ᠥᠷᠨᠢᠭᠦᠯᠵᠦ ᠪᠠᠶᠢᠯ᠎ᠠ᠃ ᠬᠢᠴᠢᠶᠡᠯ ᠲᠥᠷᠥᠯ ᠳᠤ᠂ ᠭᠡᠰᠢᠭᠦᠳ ᠦᠳᠲᠡᠷ ᠲᠦᠷᠭᠡᠨ ᠴᠤᠤᠷᠢᠶᠠᠲᠤᠨ ᠳᠠᠭᠠᠵᠤ᠂ ᠤᠷᠢᠳᠴᠢᠯᠠᠨ ᠲᠣᠭᠲᠠᠭᠠᠭᠰᠠᠨ ᠲᠥᠯᠥᠪᠯᠡᠭᠡ ᠶᠣᠰᠣᠭᠠᠷ ᠦᠳᠲᠡᠷ ᠲᠦᠷᠭᠡᠨ ᠴᠤᠭᠯᠠᠷᠠᠵᠤ ᠂ ᠬᠥᠳᠡᠯᠦᠯᠴᠡᠬᠦ ᠳᠡᠭᠡᠨ ᠪᠣᠯᠪᠠᠰᠤᠷᠠᠩᠭᠤᠢ᠂ ᠵᠣᠬᠢᠴᠠᠭᠤᠯᠤᠭᠰᠠᠨ᠂ ᠳᠡᠭᠡᠳᠦ ᠬᠡᠮᠵᠢᠶᠡᠨ ᠤ ᠵᠣᠬᠢᠶᠠᠨ ᠪᠠᠶᠢᠭᠤᠯᠬᠤ ᠴᠢᠨᠠᠷ ᠪᠣᠯᠤᠨ ᠰᠠᠬᠢᠯᠭ᠎ᠠ ᠪᠠᠲᠤᠴᠢ ᠴᠢᠨᠠᠷ ᠢ ᠢᠯᠡᠷᠡᠭᠦᠯᠪᠡ᠃ ᠲᠡᠷᠭᠡᠨ ᠳᠤ ᠭᠠᠷᠬᠤ ᠬᠢᠴᠢᠶᠡᠯ ᠳᠣᠲᠣᠷ᠎ᠠ ᠠᠩᠭᠢ ᠶᠢᠨ ᠭᠡᠰᠢᠭᠦᠳ ᠲᠦᠷᠭᠡᠨ ᠪᠥᠭᠡᠳ ᠡᠮᠬᠢ ᠵᠢᠷᠤᠮ ᠲᠠᠢ ᠪᠠᠷ ᠲᠡᠷᠭᠡᠨ ᠳᠤ ᠭᠠᠷᠴᠤ᠂ ᠲᠣᠨᠤᠭ ᠲᠥᠬᠦᠭᠡᠷᠦᠮᠵᠢ ᠪᠦᠷᠢᠨ ᠪᠠᠶᠢᠵᠤ᠂ ᠴᠠᠭ ᠲᠤᠬᠠᠶ ᠳᠤᠨᠢ ᠬᠥᠳᠡᠯᠬᠦ ᠪᠠᠷ ᠪᠡᠯᠡᠳᠬᠡᠵᠦ ᠪᠠᠶᠢᠨ᠎ᠠ᠃ ᠬᠡᠭᠡᠷ᠎ᠡ ᠭᠠᠳᠠᠨ᠎ᠠ ᠪᠠᠶᠢᠯᠳᠤᠭᠠᠨ ᠤ ᠮᠠᠶᠢᠬᠠᠨ ᠪᠠᠶᠢᠭᠤᠯᠬᠤ ᠬᠢᠴᠢᠶᠡᠯ ᠳᠤ᠂ ᠭᠡᠰᠢᠭᠦᠳ ᠤᠨ ᠬᠥᠳᠡᠯᠦᠯ ᠪᠠᠷᠢᠯ ᠨᠢ ᠪᠣᠯᠪᠠᠰᠤᠷᠠᠩᠭᠤᠶ᠂ ᠪᠤᠰᠢᠭᠤ ᠲᠦᠷᠭᠡᠨ ᠪᠥᠭᠡᠳ ᠣᠨᠣᠪᠴᠢᠲᠠᠶ ᠮᠠᠶᠢᠬᠠᠨ ᠪᠠᠶᠢᠭᠤᠯᠵᠤ᠂ ᠬᠡᠭᠡᠷ᠎ᠡ ᠭᠠᠳᠠᠨ᠎ᠠ ᠪᠠᠶᠢᠯᠳᠤᠬᠤ ᠳᠤ ᠣᠷᠣᠨ ᠰᠠᠭᠤᠴᠠ ᠶᠢᠨ ᠪᠠᠲᠤᠯᠠᠭ᠎ᠠ ᠬᠠᠩᠭᠠᠵᠤ ᠪᠠᠶᠢᠨ᠎ᠠ᠃ ᠬᠡᠭᠡᠷᠡᠯᠡᠨ ᠠᠶᠠᠯᠠᠬᠤ ᠬᠢᠴᠢᠶᠡᠯ ᠲᠥᠷᠥᠯ ᠳᠤ᠂ ᠠᠩᠭᠢ ᠶᠢᠨ ᠭᠡᠰᠢᠭᠦᠳ ᠥᠪᠡᠷ ᠢ ᠪᠠᠨ ᠪᠦᠷᠢᠨ ᠲᠡᠭᠦᠯᠳᠡᠷ ᠥᠷᠢᠰᠥᠯᠳᠦᠭᠦᠯᠵᠦ᠂ ᠬᠦᠴᠦᠷᠬᠡᠭ ᠶᠡᠭᠡ ᠪᠡᠶ᠎ᠡ ᠮᠠᠬᠠᠪᠣᠳ ᠪᠠ ᠡᠷᠡᠰ ᠪᠠᠲᠤ ᠵᠣᠷᠢᠭ ᠰᠠᠨᠠᠭ᠎ᠠ ᠶᠢ ᠢᠯᠡᠷᠡᠭᠦᠯᠵᠦ᠂ ᠵᠢᠭᠠᠨ ᠲᠣᠭᠲᠠᠭᠠᠭᠰᠠᠨ ᠬᠡᠭᠡᠷᠡᠯᠡᠨ ᠠᠶᠠᠯᠠᠬᠤ ᠡᠭᠦᠷᠭᠡ ᠪᠠᠨ ᠪᠡᠶᠡᠯᠡᠭᠦᠯᠪᠡ᠃ ᠬᠠᠮᠤᠭ ᠤᠨ ᠪᠠᠭ᠎ᠠ ᠪᠠᠶᠢᠯᠳᠤᠭᠠᠨ ᠤ ᠨᠢᠭᠡᠴᠡ ᠶᠢᠨ ᠤᠯᠠᠭᠠᠨ ᠬᠥᠬᠡ ᠡᠰᠡᠷᠭᠦᠴᠡᠯᠳᠦᠬᠦ ᠬᠢᠴᠢᠶᠡᠯ ᠲᠥᠷᠥᠯ ᠳᠤ᠂ ᠠᠩᠭᠢ ᠶᠢᠨ ᠭᠡᠰᠢᠭᠦᠳ ᠤᠨ ᠳᠠᠭᠤᠷᠢᠶᠠᠮᠠᠯ ᠪᠣᠳᠠᠲᠤ ᠪᠠᠶᠢᠯᠳᠤᠭᠠᠨ ᠤ ᠲᠠᠯᠠᠪᠤᠷ ᠲᠤ ᠰᠠᠶᠢᠨ ᠰᠠᠶᠢᠬᠠᠨ ᠬᠠᠮᠵᠢᠯᠴᠠᠨ ᠬᠠᠮᠵᠢᠯᠴᠠᠬᠤ ᠪᠠ ᠪᠣᠳᠠᠲᠤ ᠪᠠᠶᠢᠯᠳᠤᠭᠠᠨ ᠤ ᠴᠢᠳᠠᠪᠤᠷᠢ ᠶᠢ ᠢᠯᠡᠷᠡᠭᠦᠯᠵᠦ᠂ ᠳᠠᠭᠤᠷᠢᠶᠠᠮᠠᠯ ᠪᠣᠳᠠᠲᠤ ᠪᠠᠶᠢᠯᠳᠤᠭᠠᠨ ᠤ ᠳᠤᠮᠳᠠ ᠥᠪᠡᠷ ᠤᠨ ᠪᠠᠶᠢᠯᠳᠤᠬᠤ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠪᠡ᠃
     ᠡᠨᠡ ᠤᠳᠠᠭᠠᠨ ᠤ ︽ᠪᠣᠳᠠᠲᠤ ᠲᠡᠶᠢᠨ ᠳᠤ ᠣᠶᠢᠷᠠᠲᠤᠬᠤ᠂ ᠭᠤᠤᠯᠳᠠᠯᠭ᠎ᠠ ᠶᠢ ᠳᠣᠪᠤᠶᠢᠯᠭᠠᠬᠤ᠂ ᠡᠩᠨᠡᠭᠡ ᠶᠢ ᠪᠣᠯᠪᠠᠰᠤᠷᠠᠭᠤᠯᠬᠤ︾ ᠳᠠᠶᠢᠴᠢᠯᠠᠯᠲᠠ ᠰᠣᠷᠢᠯᠲᠠ ᠪᠠᠷ ᠳᠠᠮᠵᠢᠭᠤᠯᠤᠨ᠂ ᠲᠤᠭᠳᠠᠬᠤ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠰᠦᠷᠳᠡᠭᠦᠯᠦᠯ ᠢ ᠡᠰᠡᠷᠭᠦᠴᠡᠬᠦ ᠪᠠ ᠣᠨᠴᠠ ᠴᠠᠭᠳᠠᠭᠠᠨ ᠤ ᠶᠡᠭᠡ ᠠᠩᠭᠢ ᠶᠢᠨ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠭᠡᠰᠢᠭᠦᠳ ᠤᠨ ᠵᠣᠷᠢᠭ ᠰᠠᠨᠠᠭ᠎ᠠ ᠬᠡᠪ ᠴᠢᠨᠠᠷ ᠢ ᠳᠠᠪᠲᠠᠨ ᠪᠣᠯᠪᠠᠰᠤᠷᠠᠭᠤᠯᠵᠤ᠂ ᠠᠯᠤᠰ ᠠᠴᠠ ᠳᠠᠶᠢᠴᠢᠯᠠᠬᠤ᠂ ᠪᠣᠳᠠᠲᠤ ᠪᠠᠶᠢᠯᠳᠤᠭᠠᠨ ᠤ ᠤᠷ᠎ᠠ ᠴᠢᠳᠠᠪᠤᠷᠢ᠂ ᠪᠦᠯᠬᠦᠮ ᠨᠡᠶᠢᠲᠡ ᠶᠢᠨ ᠬᠠᠮᠵᠢᠯᠴᠠᠭ᠎ᠠ᠂ ᠠᠷᠤ ᠲᠠᠯ᠎ᠠ ᠶᠢᠨ ᠪᠠᠲᠤᠯᠠᠭ᠎ᠠ ᠶᠢᠨ ᠴᠢᠳᠠᠪᠤᠷᠢ ᠳᠤ ᠲᠦᠢᠯ ᠤᠨ ᠶᠡᠭᠡ ᠰᠢᠯᠭᠠᠯᠲᠠ ᠦᠵᠡᠭᠦᠯᠵᠦ᠂ ᠬᠤᠶᠢᠰᠢᠳᠠ ᠶᠢᠨ ᠰᠦᠷᠳᠡᠭᠦᠯᠦᠯ ᠢ ᠡᠰᠡᠷᠭᠦᠴᠡᠵᠦ ᠬᠦᠴᠦᠷᠬᠡᠭᠯᠡᠯ ᠢ ᠰᠡᠷᠭᠡᠶᠢᠯᠡᠬᠦ᠂ ᠪᠠᠴᠢᠮ ᠪᠠᠶᠢᠳᠠᠯ ᠢ ᠠᠷᠭᠠᠴᠠᠨ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠳᠤ ᠡᠷᠬᠢᠮ ᠨᠠᠨᠳᠢᠨ ᠲᠤᠷᠰᠢᠯᠭ᠎ᠠ ᠬᠤᠷᠠᠮᠳᠤᠭᠤᠯᠤᠭᠰᠠᠨ ᠪᠠᠶᠢᠨ᠎ᠠ᠃ ᠢᠷᠡᠯᠳᠡ᠄ ᠲᠣᠭᠲᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠤᠨ ᠶᠦᠨ ᠵᠦᠩ ᠬᠠᠮ ᠵᠠᠭᠤᠴᠢᠯᠠᠭᠤᠷ  
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1