ᠬᠤᠪᠢᠯᠭᠠᠨ ᠣᠩᠭᠤᠴᠠ ᠠᠷᠪᠠᠨ ᠨᠠᠢᠮᠠᠳᠤᠭᠠᠷ ᠬᠥᠮᠥᠨ ᠰᠠᠭᠤᠯᠭᠠᠭᠰᠠᠨ ᠨᠢᠰᠬᠦ ᠣᠩᠭᠤᠴᠠ ᠶᠢ ᠲᠡᠭᠦᠰ ᠠᠮᠵᠢᠯᠲᠠ ᠲᠠᠢ ᠬᠠᠷᠪᠤᠪᠠ
ᠨᠡᠶᠢᠲᠡᠯᠡᠭᠰᠡᠨ ᠴᠠᠭ᠄
2024/5/6
      4 ᠰᠠᠷ᠎ᠠ ᠶᠢᠨ 25 ᠤ ᠡᠳᠦᠷ ᠤᠨ 20 ᠴᠠᠭ 59 ᠮᠢᠨᠦ᠋ᠲ ᠲᠤ᠂ ᠬᠤᠪᠢᠯᠭᠠᠨ ᠣᠩᠭᠤᠴᠠ ᠠᠷᠪᠠᠨ ᠨᠠᠢᠮᠠᠳᠤᠭᠠᠷ ᠬᠥᠮᠥᠨ ᠰᠠᠭᠤᠯᠭᠠᠭᠰᠠᠨ ᠨᠢᠰᠬᠦ ᠣᠩᠭᠤᠴᠠ ᠶᠢ ᠠᠴᠢᠶᠠᠯᠠᠭᠰᠠᠨ ᠴᠠᠩ ᠵᠧᠩ ᠬᠤᠶᠠᠳᠤᠭᠠᠷ F ᠠᠯᠤᠰ ᠡᠵᠡᠮᠰᠢᠯᠲᠦ ᠠᠷᠪᠠᠨ ᠨᠠᠢᠮᠠᠳᠤᠭᠠᠷ ᠬᠥᠯᠭᠡ ᠲᠡᠶᠢᠷᠦᠯᠲᠦ ᠰᠤᠮᠤ ᠶᠢ ᠵᠢᠦᠴᠢᠦᠸᠠᠨ ᠤ ᠳᠠᠭᠠᠭᠤᠯᠢ ᠤᠳᠤ ᠬᠠᠷᠪᠤᠬᠤ ᠲᠥᠪ ᠠᠴᠠ ᠬᠠᠷᠪᠤᠨ ᠭᠠᠷᠭᠠᠵᠤ᠂ ᠪᠠᠷᠤᠭ 10 ᠮᠢᠨᠦ᠋ᠲ ᠤᠨ ᠳᠠᠷᠠᠭ᠎ᠠ᠂ ᠬᠤᠪᠢᠯᠭᠠᠨ ᠣᠩᠭᠤᠴᠠ ᠠᠷᠪᠠᠨ ᠨᠠᠢᠮᠠᠳᠤᠭᠠᠷ ᠬᠥᠮᠥᠨ ᠰᠠᠭᠤᠯᠭᠠᠭᠰᠠᠨ ᠨᠢᠰᠬᠦ ᠣᠩᠭᠤᠴᠠ ᠲᠡᠶᠢᠷᠦᠯᠲᠦ ᠰᠤᠮᠤ ᠠᠴᠠ ᠠᠮᠵᠢᠯᠲᠠ ᠲᠠᠢ ᠰᠠᠯᠵᠤ᠂ ᠵᠢᠱᠢᠭᠰᠡᠨ ᠲᠣᠭᠤᠷᠢᠯᠲᠠ ᠶᠢᠨ ᠵᠠᠮ ᠳᠠᠭᠠᠨ ᠣᠷᠣᠪᠠ᠃ ᠣᠳᠣᠬᠠᠨ ᠳᠤ ᠰᠠᠨᠰᠠᠷᠴᠢᠨ ᠤ ᠳᠤᠭᠤᠶᠢᠯᠠᠩ ᠤᠨ ᠪᠠᠶᠢᠳᠠᠯ ᠰᠠᠶᠢᠨ ᠪᠠᠶᠢᠵᠤ᠂ ᠬᠠᠷᠪᠤᠯᠲᠠ ᠲᠡᠭᠦᠰ ᠠᠮᠵᠢᠯᠲᠠ ᠣᠯᠵᠠᠢ᠃      ᠳᠤᠮᠳᠠᠳᠤ ᠤᠯᠤᠰ ᠤᠨ ᠬᠥᠮᠥᠨ ᠰᠠᠭᠤᠯᠭᠠᠭᠰᠠᠨ ᠰᠠᠨᠰᠠᠷ ᠤᠨ ᠠᠶᠠᠯᠠᠯ ᠤᠨ ᠢᠨᠵᠧᠨᠧᠷᠢᠩ ᠤᠨ ᠠᠯᠪᠠᠨ ᠭᠡᠷ ᠤᠨ ᠲᠠᠨᠢᠯᠴᠠᠭᠤᠯᠤᠭᠰᠠᠨ ᠢᠶᠠᠷ᠂ ᠨᠢᠰᠬᠦ ᠣᠩᠭᠤᠴᠠ ᠲᠣᠭᠤᠷᠢᠯᠲᠠ ᠶᠢᠨ ᠵᠠᠮ ᠳᠠᠭᠠᠨ ᠣᠷᠣᠭᠰᠠᠨ ᠤ ᠲᠠᠷᠠᠭ᠎ᠠ᠂ ᠤᠷᠢᠳᠴᠢᠯᠠᠨ ᠲᠣᠭᠲᠠᠭᠠᠭᠰᠠᠨ ᠲᠡᠰ ᠳᠠᠷᠠᠭᠠᠯᠠᠯ ᠶᠣᠰᠣᠭᠠᠷ ᠰᠠᠨᠰᠠᠷ ᠤᠨ ᠦᠷᠲᠡᠭᠡ ᠶᠢᠨ ᠨᠡᠶᠢᠯᠡᠮᠡᠯ ᠴᠣᠭᠴᠠ ᠲᠠᠢ ᠪᠡᠶ᠎ᠡ ᠪᠠᠨ ᠳᠠᠭᠠᠭᠠᠵᠤ ᠲᠦᠷᠭᠡᠨ ᠵᠤᠯᠭᠠᠯᠴᠠᠵᠦ᠂ ᠬᠤᠪᠢᠯᠭᠠᠨ ᠣᠩᠭᠤᠴᠠ ᠠᠷᠪᠠᠨ ᠨᠠᠢᠮᠠᠳᠤᠭᠠᠷ ᠬᠥᠮᠥᠨ ᠰᠠᠭᠤᠯᠭᠠᠭᠰᠠᠨ ᠨᠢᠰᠬᠦ ᠣᠩᠭᠤᠴᠠ ᠶᠢᠨ ᠰᠠᠨᠰᠠᠷᠴᠢᠨ ᠤ ᠳᠤᠭᠤᠶᠢᠯᠠᠩ ᠨᠢ ᠬᠤᠪᠢᠯᠭᠠᠨ ᠣᠩᠭᠤᠴᠠ ᠠᠷᠪᠠᠨ ᠳᠣᠯᠣᠳᠤᠭᠠᠷ ᠬᠥᠮᠥᠨ ᠰᠠᠭᠤᠯᠭᠠᠭᠰᠠᠨ ᠨᠢᠰᠬᠦ ᠣᠩᠭᠤᠴᠠ ᠶᠢᠨ ᠰᠠᠨᠰᠠᠷᠴᠢᠨ ᠤ ᠳᠤᠭᠤᠶᠢᠯᠠᠩ ᠲᠠᠢ ᠲᠣᠭᠤᠷᠢᠯᠲᠠ ᠶᠢᠨ ᠵᠠᠮ ᠳᠤ ᠡᠭᠡᠯᠵᠢ ᠰᠣᠯᠢᠬᠤ ᠪᠣᠯᠣᠨ᠎ᠠ᠃ ᠰᠠᠨᠰᠠᠷ ᠤᠨ ᠥᠷᠲᠡᠭᠡ ᠳᠤ ᠠᠵᠢᠯᠯᠠᠵᠤ ᠠᠮᠢᠳᠤᠷᠠᠬᠤ ᠬᠤᠭᠤᠴᠠᠭᠠᠨ ᠳᠤ᠂ ᠬᠤᠪᠢᠯᠭᠠᠨ ᠣᠩᠭᠤᠴᠠ ᠠᠷᠪᠠᠨ ᠨᠠᠢᠮᠠᠳᠤᠭᠠᠷ ᠬᠥᠮᠥᠨ ᠰᠠᠭᠤᠯᠭᠠᠭᠰᠠᠨ ᠨᠢᠰᠬᠦ ᠣᠩᠭᠤᠴᠠ ᠶᠢᠨ ᠰᠠᠨᠰᠠᠷᠴᠢᠨ ᠤ ᠳᠤᠭᠤᠶᠢᠯᠠᠩ ᠤᠨ ᠬᠢᠨ ᠤᠯᠠᠨ ᠤᠳᠠᠭ᠎ᠠ ᠦᠷᠦᠭᠡ ᠠᠴᠠ ᠭᠠᠷᠬᠤ ᠠᠵᠢᠯᠯᠠᠭ᠎ᠠ ᠥᠷᠨᠢᠭᠦᠯᠦᠨ᠂ ᠪᠢᠴᠢᠯ ᠬᠦᠨᠳᠦ ᠶᠢᠨ ᠬᠦᠴᠦᠨ ᠤ ᠰᠠᠭᠤᠷᠢ ᠹᠢᠽᠢᠺ᠂ ᠰᠠᠨᠰᠠᠷ ᠤᠨ ᠮᠠᠲ᠋ᠧᠷᠢᠶᠠᠯ ᠤᠨ ᠰᠢᠨᠵᠢᠯᠡᠬᠦ ᠤᠬᠠᠭᠠᠨ᠂ ᠰᠠᠨᠠᠷ ᠤᠨ ᠠᠮᠢ ᠨᠠᠰᠤᠨ ᠤ ᠰᠢᠨᠵᠢᠯᠡᠬᠦ ᠤᠬᠠᠭᠠᠨ᠂ ᠰᠠᠨᠰᠠᠷ ᠤᠨ ᠠᠶᠠᠯᠠᠯ ᠤᠨ ᠠᠨᠠᠭᠠᠬᠤ ᠤᠬᠠᠭᠠᠨ᠂ ᠰᠠᠨᠰᠠᠷ ᠤᠨ ᠠᠶᠠᠯᠠᠯ ᠤᠨ ᠮᠡᠷᠭᠡᠵᠢᠯ ᠵᠡᠷᠭᠡ ᠬᠦᠷᠢᠶᠡᠨ ᠤ ᠪᠣᠳᠠᠲᠤ ︵ᠲᠤᠷᠰᠢᠬᠤ︶ ᠲᠤᠷᠰᠢᠯᠲᠠ ᠪᠠ ᠬᠡᠷᠡᠭᠯᠡᠭᠡᠨ ᠢ ᠥᠷᠨᠢᠭᠦᠯᠵᠦ᠂ ᠣᠭᠲᠠᠷᠭᠤᠢ ᠶᠢᠨ ᠦᠷᠳᠡᠭᠡ ᠶᠢᠨ ᠬᠡᠮᠬᠡᠳᠡᠭ ᠤᠨ ᠰᠡᠷᠭᠡᠶᠢᠯᠡᠨ ᠬᠠᠮᠠᠭᠠᠯᠠᠬᠤ ᠪᠠᠬᠢᠯᠡᠬᠦ ᠲᠥᠬᠦᠭᠡᠷᠦᠮᠵᠢ ᠶᠢ ᠤᠭᠰᠠᠷᠠᠬᠤ᠂ ᠦᠷᠦᠭᠡ ᠶᠢᠨ ᠭᠠᠳᠠᠨᠠᠬᠢ ᠠᠴᠢᠶ᠎ᠠ ᠪᠠ ᠦᠷᠦᠭᠡ ᠶᠢᠨ ᠭᠠᠳᠠᠨᠠᠬᠢ ᠲᠠᠪᠴᠠᠩ ᠤᠨ ᠲᠥᠬᠦᠭᠡᠷᠦᠮᠵᠢ ᠶᠢ ᠤᠭᠰᠠᠷᠠᠬᠤ ᠪᠠ ᠬᠤᠷᠢᠶᠠᠨ ᠠᠪᠬᠤ ᠵᠡᠷᠭᠡ ᠡᠯ᠎ᠡ ᠵᠦᠢᠯ ᠤᠨ ᠡᠭᠦᠷᠭᠡ ᠶᠢ ᠪᠡᠶᠡᠯᠡᠭᠦᠯᠬᠦ ᠪᠣᠯᠣᠨ᠎ᠠ᠃      ᠡᠨᠡ ᠤᠳᠠᠭ᠎ᠠ ᠶᠢᠨ ᠡᠭᠦᠷᠭᠡ ᠪᠣᠯ ᠮᠠᠨ ᠤ ᠤᠯᠤᠰ ᠤᠨ ᠬᠥᠮᠥᠨ ᠰᠠᠭᠤᠯᠭᠠᠭᠰᠠᠨ ᠰᠠᠨᠰᠠᠷ ᠤᠨ ᠠᠶᠠᠯᠠᠯ ᠤᠨ ᠢᠨᠵᠧᠨᠧᠷᠢᠩ ᠤᠨ ᠰᠠᠨᠰᠠᠷ ᠤᠨ ᠦᠷᠲᠡᠭᠡ ᠶᠢᠨ ᠬᠡᠷᠡᠭᠯᠡᠭᠡᠨ ᠪᠠ ᠬᠥᠭᠵᠢᠯᠲᠡ ᠶᠢᠨ ᠱᠠᠲᠤᠨ ᠳᠤ ᠣᠷᠣᠭᠰᠠᠨ ᠤ ᠳᠠᠷᠠᠭᠠᠬᠢ ᠭᠤᠷᠪᠠᠳᠤᠭᠠᠷ ᠤᠳᠠᠭ᠎ᠠ ᠶᠢᠨ ᠬᠥᠮᠥᠨ ᠰᠠᠭᠤᠯᠭᠠᠭᠰᠠᠨ ᠨᠢᠰᠦᠯᠲᠡ ᠶᠢᠨ ᠡᠭᠦᠷᠭᠡ ᠪᠠᠶᠢᠵᠤ᠂ ᠲᠤᠰ ᠢᠨᠵᠧᠨᠧᠷᠢᠩ ᠢ ᠲᠦᠷᠦᠯ ᠵᠦᠢᠯ ᠢᠶᠠᠷ ᠲᠣᠭᠲᠠᠭᠠᠨ ᠬᠡᠷᠡᠭᠵᠢᠭᠦᠯᠦᠭᠰᠡᠨ ᠠᠴᠠ ᠨᠠᠭᠠᠰᠢᠬᠢ 32 ᠳ᠋ᠤᠭᠠᠷ ᠤᠳᠠᠭ᠎ᠠ ᠶᠢᠨ ᠬᠠᠷᠪᠤᠯᠲᠠ ᠶᠢᠨ ᠡᠭᠦᠷᠭᠡ ᠪᠣᠯᠣᠨ᠎ᠠ᠂ ᠮᠥᠨ ᠴᠦ ᠴᠠᠩ ᠵᠧᠩ ᠰᠢᠷᠢᠰ ᠬᠥᠯᠭᠡ ᠲᠡᠶᠢᠷᠦᠯᠲᠦ ᠰᠤᠮᠤ ᠶᠢᠨ 518 ᠳ᠋ᠤᠭᠠᠷ ᠤᠳᠠᠭ᠎ᠠ ᠶᠢᠨ ᠨᠢᠰᠦᠯᠲᠡ ᠪᠣᠯᠣᠨ᠎ᠠ᠃      ᠣᠳᠣᠬᠠᠨ ᠳᠤ᠂ ᠰᠠᠨᠰᠠᠷ ᠤᠨ ᠥᠷᠲᠡᠭᠡ ᠶᠢᠨ ᠨᠡᠶᠢᠯᠡᠮᠡᠯ ᠴᠣᠭᠴᠠ ᠨᠢᠭᠡᠨᠲᠡ ᠵᠣᠯᠭᠠᠭᠤᠯᠬᠤ ᠲᠣᠭᠤᠷᠢᠯᠲᠠ ᠶᠢᠨ ᠵᠠᠮ ᠳᠤ ᠣᠷᠣᠵᠤ᠂ ᠠᠵᠢᠯᠯᠠᠭᠠᠨ ᠤ ᠪᠠᠶᠢᠳᠠᠯ ᠮᠠᠰᠢ ᠰᠠᠶᠢᠨ ᠪᠠᠶᠢᠵᠤ᠂ ᠬᠤᠪᠢᠯᠭᠠᠨ ᠣᠩᠭᠤᠴᠠ ᠠᠷᠪᠠᠨ ᠨᠠᠢᠮᠠᠳᠤᠭᠠᠷ ᠬᠥᠮᠥᠨ ᠰᠠᠭᠤᠯᠭᠠᠭᠰᠠᠨ ᠨᠢᠰᠬᠦ ᠣᠩᠭᠤᠴᠠ ᠲᠠᠢ ᠵᠣᠯᠭᠠᠭᠤᠯᠬᠤ ᠪᠠ ᠰᠠᠨᠰᠠᠷᠴᠢᠨ ᠣᠷᠣᠵᠤ ᠰᠠᠭᠤᠬᠤ ᠨᠥᠬᠦᠴᠡᠯ ᠢ ᠬᠠᠩᠭᠠᠵᠤ ᠳᠡᠶᠢᠯᠦᠨ᠎ᠡ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1