ᠪᠦᠬᠦ ᠲᠠᠯ᠎ᠠ ᠪᠠᠷ ᠪᠠᠶᠢᠴᠠᠭᠠᠵᠤ ᠂ ᠡᠷᠡᠰ ᠴᠡᠭᠴᠡᠯᠡᠨ ᠰᠠᠶᠢᠵᠢᠷᠠᠭᠤᠯᠤᠨ᠎ᠠ ︕ ᠠᠯᠪᠠᠨ  ᠤ ᠲᠠᠯ᠎ᠠ ᠠᠴᠠ ᠬᠠᠷᠢᠭᠤ ᠦᠭᠪᠡ
ᠨᠡᠶᠢᠲᠡᠯᠡᠭᠰᠡᠨ ᠴᠠᠭ᠄
2024/5/6
      ᠰᠤᠷᠪᠤᠯᠵᠢᠯᠠᠭᠴᠢ ᠬᠤᠪᠧᠶ ᠶᠢᠨ ᠰᠢᠶᠣᠣ ᠭᠠᠨ ᠬᠤᠳᠠ ᠠᠨ ᠯᠦ ᠬᠤᠲᠠ ᠰᠢᠶᠣᠣ ᠴᠠᠩ  ᠰᠢᠶᠠᠨ ᠳᠤ  ᠪᠠᠶᠢᠴᠠᠭᠠᠯᠲᠠ‌‍ᠬᠢᠵᠦ ᠶᠠᠪᠤᠬᠤ ᠳᠠᠭᠠᠨ᠂ ᠵᠠᠷᠢᠮ ᠦᠨᠳᠦᠰᠦᠨ ᠲᠠᠷᠢᠶᠠᠨ ᠭᠠᠵᠠᠷ ᠡᠵᠡᠯᠡᠭᠳᠡᠭᠰᠡᠨ ᠪᠠ ᠬᠡᠷᠡᠯ ᠴᠡᠨᠡᠭ ᠤᠨ ᠬᠠᠪᠲᠠᠰᠤ  ᠤᠭᠰᠠᠷᠠᠵᠤ᠂ᠬᠡᠷᠡᠯ ᠴᠡᠨᠡᠭ ᠤᠨ ᠴᠠᠬᠢᠯᠭᠠᠨ ᠥᠷᠲᠡᠭᠡ ᠪᠠᠶᠢᠭᠤᠯᠤᠭᠰᠠᠨ ᠢ  ᠣᠯᠵᠤ  ᠮᠡᠳᠡᠵᠡᠶ᠃  ᠮᠡᠳᠡᠭᠡᠯᠡᠯ  ᠬᠢᠭᠰᠡᠨ   ᠤ  ᠳᠠᠷᠠᠭ᠎ᠠ  ᠣᠯᠠᠨ‌‍ᠲ᠋ᠠᠯ᠎ᠠ ᠶᠢᠨ ᠬᠢᠨ ᠤ ᠠᠩᠬᠠᠷᠤᠯ ᠢ ᠶᠡᠬᠡᠳᠡ ᠲᠠᠲᠠᠭᠰᠠᠨ ᠪᠠᠶᠢᠨ᠎ᠠ᠃          ᠣᠶᠢᠷ᠎ᠠ ᠳᠤ᠂ ᠰᠢᠶᠤᠤ ᠭᠠᠨ ᠬᠤᠲᠠ ᠶᠢᠨ ᠨᠠᠮ ᠤᠨ ᠬᠤᠷᠢᠶᠠᠨ ᠤ  ᠤᠬᠠᠭᠤᠯᠬᠤ  ᠬᠡᠯᠲᠡᠰ ᠠᠴᠠ  ᠷᠢᠳᠢᠤ᠋ ᠲᠧᠯᠸᠢᠰ ᠶᠡᠷᠦᠩᠬᠡᠶ ᠬᠤᠷᠢᠶ᠎ᠠ ᠶᠢᠨ ᠡᠳ᠋ ᠤᠨ ᠵᠠᠰᠠᠭ ᠠᠵᠤ ᠠᠬᠤᠶ ᠶᠢᠨ ᠫᠷᠤᠭ᠍ᠷᠠᠮ ᠤᠨ ᠲᠥᠪ ᠲᠤ ︽ᠰᠢᠶᠤᠤ  ᠭᠠᠨ  ᠬᠤᠲᠠ ᠶᠢᠨ  ᠬᠡᠷᠡᠯ‌‍ᠴᠡᠨᠡᠭ ᠤᠨ ᠲᠥᠷᠥᠯ ᠵᠦᠢᠯ ᠳᠤ ᠬᠡᠷᠡᠭᠯᠡᠭᠰᠡᠨ ᠭᠠᠵᠠᠷ ᠢ ᠪᠠᠶᠢᠴᠠᠭᠠᠬᠰᠠᠨ ᠠᠵᠢᠯ ᠤᠨ ᠬᠤᠯᠪᠣᠭᠳᠠᠯ ᠪᠥᠬᠦᠶ  ᠪᠠᠶᠢᠳᠠᠯ ᠤᠨ  ᠲᠤᠬᠠᠶ‌ᠮᠡᠳᠡᠭᠦᠯᠦᠯᠲᠡ︾ ᠲᠠᠷᠬᠠᠭᠠᠬᠰᠠᠨ ᠪᠦᠭᠡᠳ ᠬᠤᠲᠠ ᠶᠢᠨ ᠨᠠᠮ ᠤᠨ  ᠬᠤᠷᠢᠶ᠎ᠠ᠂  ᠬᠤᠲᠠ ᠶᠢᠨ  ᠵᠠᠰᠠᠭ ᠤᠨ  ᠣᠷᠳᠣᠨ   ᠤ  ᠬᠢᠨ‌ᠨᠢᠭᠡᠨᠲᠡ ᠪᠥᠬᠦ ᠬᠤᠲᠠ ᠶᠢᠨ ᠬᠡᠪᠴᠢᠶᠡᠨ ᠳᠤ ᠬᠡᠷᠡᠯ ᠴᠡᠨᠡᠭ ᠤᠨ ᠲᠥᠷᠥᠯ ᠵᠦᠢᠯ ᠳᠤ ᠬᠡᠷᠡᠭᠯᠡᠭᠰᠡᠨ ᠭᠠᠵᠠᠷ ᠤᠨ ᠲᠤᠬᠠᠢ  ᠪᠠᠶᠢᠳᠠᠯ‌ᠢ ᠶᠡᠭᠡ ᠪᠠᠷ ᠤᠶᠢᠯᠠᠭᠠᠵᠤ᠂ ᠪᠥᠬᠦ ᠲᠠᠯ᠎ᠠ ᠪᠠᠷ ᠢᠯᠭᠠᠷᠠᠭᠤᠯᠤᠨ  ᠪᠠᠶᠢᠴᠠᠭᠠᠵᠤ᠂  ᠡᠷᠡᠰ  ᠴᠡᠭᠴᠡᠯᠡᠨ  ᠰᠠᠶᠢᠵᠢᠷᠠᠭᠤᠯᠤᠨ᠎ᠠ  ᠭᠡᠵᠦ‌ᠢᠯᠡᠷᠭᠡᠶᠢᠯᠡᠪᠡ᠃                    4  ᠰᠠᠷ᠎ᠠ ᠶᠢᠨ  11 ᠤ  ᠡᠳᠦᠷ᠂  ᠰᠢᠶᠤᠤ  ᠭᠠᠨ  ᠬᠤᠲᠠ ᠶᠢᠨ   ᠪᠠᠶᠢᠭᠠᠯᠢ ᠶᠢᠨ  ᠡᠬᠢ   ᠪᠠᠶᠠᠯᠢᠭ  ᠪᠠ‌‍ᠲ᠋ᠥ᠋ᠯᠥᠪᠵᠢᠭᠦᠯᠭᠡ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠬᠠᠮᠲᠤᠷᠠᠨ ︽ᠬᠡᠷᠡᠯ  ᠴᠡᠨᠡᠭ ᠤᠨ  ᠠᠵᠤ  ᠦᠢᠯᠡᠰ ᠤᠨ  ᠲᠥᠷᠥᠯ‌ᠵᠦ᠋ᠢᠯ ᠤᠨ ᠭᠠᠵᠠᠷ ᠬᠡᠷᠡᠭᠯᠡᠬᠦ ᠣᠶ ᠰᠢᠭᠤᠢ ᠭᠡᠷᠡᠭᠯᠡᠬᠦ ᠬᠠᠮᠢᠶᠠᠷᠤᠯᠲᠠ ᠶᠢ ᠵᠢᠷᠤᠮᠵᠢᠭᠤᠯᠬᠤ ᠲᠤᠬᠠᠶ  ᠮᠡᠳᠡᠭᠳᠡᠯ︾ ᠢ  ᠲᠣᠭᠲᠠᠭᠠᠵᠤ᠂ᠬᠡᠷᠡᠯ ᠴᠡᠨᠡᠭ ᠤᠨ ᠲᠥᠷᠥᠯ ᠵᠦᠢᠯ ᠢ ᠲᠣᠭᠲᠠᠭᠠᠬᠤ᠂ ᠪᠦᠷᠢᠳᠬᠡᠨ ᠳᠠᠩᠰᠠᠯᠠᠬᠤ᠂ ᠪᠥᠲᠥᠭᠡᠨ  ᠪᠠᠶᠢᠭᠤᠯᠬᠤ᠂  ᠬᠢᠨᠠᠨ  ᠬᠠᠮᠢᠶᠠᠷᠬᠤ‌ᠠᠵᠢᠯ ᠢ ᠪᠥᠬᠦ ᠬᠡᠯᠬᠢᠶ᠎ᠡ ᠪᠠᠷ ᠨᠢ ᠡᠮᠬᠢᠯᠡᠨ ᠳᠢᠭᠯᠡᠵᠦ᠂ ᠬᠡᠷᠡᠯ ᠴᠡᠨᠡᠭ ᠤᠨ ᠲᠥᠷᠥᠯ ᠵᠦᠢᠯ ᠢ  ᠤᠯᠤᠰ ᠤᠨ  ᠭᠠᠵᠠᠷ  ᠰᠢᠷᠣᠶ ᠵᠢᠨ‌ᠣᠷᠣᠨ ᠵᠠᠶ ᠶᠢᠨ ᠲᠥᠯᠥᠪᠵᠢᠭᠦᠯᠭᠡ ᠶᠢᠨ ︽ᠵᠢᠷᠤᠭ︾ ᠲᠤ ᠣᠷᠣᠭᠤᠯᠤᠨ  ᠬᠢᠨᠠᠨ  ᠬᠡᠮᠵᠢᠵᠦ  ᠬᠠᠮᠢᠶᠠᠷᠤᠨ  ᠡᠵᠡᠮᠳᠡᠵᠦ᠂  ᠬᠡᠷᠡᠯ‌‍ᠴᠡᠨᠡᠭ ᠤᠨ ᠲᠥᠷᠥᠯ ᠵᠦᠢᠯ ᠢ ᠰᠢᠨᠵᠢᠯᠡᠬᠦ ᠤᠬᠠᠭᠠᠨᠴᠢ ᠪᠠᠷ ᠵᠦᠶ ᠵᠣᠬᠢᠰᠲᠠᠶ ᠪᠠᠷ ᠭᠠᠵᠠᠷ ᠬᠡᠷᠡᠭᠯᠡᠬᠦ  ᠣᠶ  ᠰᠢᠭᠤᠶ ᠬᠡᠷᠡᠭᠯᠡᠬᠦ  ᠵᠢ‌‍ᠬᠥ᠋ᠲᠥᠯᠦᠨ ᠵᠢᠯᠤᠭᠤᠳᠤᠨ᠎ᠡ ᠭᠡᠪᠡ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1