ᠣᠶᠢᠷ᠎ᠠ ᠳᠤ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ᠂ ᠣᠷᠣᠨ ᠰᠠᠭᠤᠴᠠ ᠪᠠ ᠬᠤᠲᠠ ᠬᠥᠳᠡᠭᠡ ᠶᠢᠨ | ᠪᠥᠲᠥᠭᠡᠨ ᠪᠠᠶᠢᠭᠤᠯᠤᠯᠲᠠ ᠶᠢᠨ ᠶᠠᠮᠤᠨ᠂ ᠤᠰᠤᠨ ᠠᠰᠢᠭᠯᠠᠯᠲᠠ ᠶᠢᠨ ᠶᠠᠮᠤᠨ᠂ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠶᠠᠮᠤᠨ ᠬᠠᠮᠲᠤᠷᠠᠨ ᠬᠤᠲᠠ ᠶᠢᠨ ᠭᠠᠵᠠᠷ ᠰᠢᠨᠵᠢᠯᠡᠭᠡᠨ ᠤ ᠠᠮᠤᠷ ᠲᠦᠪᠰᠢᠨ ᠤ ᠲᠦᠭᠰᠢᠭᠦᠷᠢ ᠶᠢ | ᠰᠡᠷᠭᠡᠶᠢᠯᠡᠨ ᠡᠵᠡᠮᠳᠡᠬᠦ ᠶᠢ ᠴᠢᠩᠭᠠᠳᠬᠠᠬᠤ ᠲᠤᠬᠠᠶ ᠮᠡᠳᠡᠭᠳᠡᠯ ᠨᠡᠶᠢᠲᠡᠯᠡᠪᠡ᠃ | ᠮᠡᠳᠡᠭᠳᠡᠯ ᠳᠤ᠂ ᠡᠯ᠎ᠡ ᠱᠠᠲᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠪᠤᠰᠤᠳ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠳ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠢ ᠦᠨᠳᠦᠰᠦᠯᠡᠨ᠂ | ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠶᠠᠰᠤ ᠴᠢᠨᠠᠷ ᠲᠤ ᠬᠢᠨᠠᠯᠲᠠ ᠲᠠᠯᠪᠢᠵᠤ ᠬᠠᠮᠢᠶᠠᠷᠤᠯᠳᠠ ᠪᠠᠨ | ᠴᠢᠩᠭᠠᠳᠬᠠᠬᠤ ᠬᠡᠷᠡᠭᠲᠡᠢ᠃ ᠬᠠᠮᠢᠶ᠎ᠠ ᠪᠦᠬᠦᠢ ᠨᠢᠭᠡᠴᠢ ᠨᠦᠭᠦᠳ ᠬᠠᠮᠢᠶ᠎ᠠ ᠪᠦᠬᠦᠢ ᠬᠠᠤᠯᠢ ᠴᠠᠭᠠᠵᠠ᠂ ᠬᠠᠤᠯᠢ | ᠲᠣᠭᠲᠠᠭᠠᠯ ᠪᠣᠯᠤᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠠᠯᠪᠠᠳᠠᠯᠭ᠎ᠠ ᠶᠢᠨ ᠴᠢᠨᠠᠷᠲᠠᠶ ᠪᠠᠷᠢᠮᠵᠢᠶ᠎ᠠ ᠶᠢᠨ | ᠲᠣᠭᠲᠠᠭᠠᠯ ᠢ ᠴᠢᠩᠭ᠎ᠠ ᠵᠢᠷᠤᠮᠯᠠᠬᠤ ᠶᠢᠨ ᠬᠠᠮᠲᠤ ᠪᠠᠷᠢᠯᠭ᠎ᠠ ᠶᠢᠨ ᠣᠨᠴᠠᠯᠢᠭ ᠲᠤ ᠴᠢᠭᠯᠡᠭᠦᠯᠦᠨ᠂ ᠭᠠᠵᠠᠷ ᠣᠷᠣᠨ ᠤ | ᠲᠤᠷᠰᠢᠯᠭ᠎ᠠ ᠶᠢ ᠴᠢᠬᠤᠯᠠᠴᠢᠯᠠᠵᠤ᠂ ᠬᠤᠲᠠ ᠶᠢᠨ ᠪᠠᠷᠢᠯᠭ᠎ᠠ ᠶᠢᠨ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠬᠤ᠂ | ᠵᠢᠷᠤᠭᠯᠠᠨ ᠲᠥᠯᠥᠪᠯᠡᠬᠦ᠂ ᠪᠠᠷᠢᠯᠭ᠎ᠠ ᠪᠠᠷᠢᠬᠤ᠂ ᠬᠢᠨᠠᠨ ᠬᠠᠮᠢᠶᠠᠷᠬᠤ ᠵᠡᠷᠭᠡ ᠠᠵᠢᠯ ᠢ ᠥᠷᠨᠢᠭᠦᠯᠬᠦ ᠬᠡᠷᠡᠭᠲᠡᠶ ᠭᠡᠵᠤ | ᠲᠤᠷᠠᠳᠤᠨ ᠭᠠᠷᠭᠠᠪᠠ᠃ | ᠮᠡᠳᠡᠭᠳᠡᠯ ᠤᠨ ᠭᠤᠣᠯ ᠠᠭᠤᠯᠭ᠎ᠠ ᠨᠢ ᠳᠣᠣᠷᠠᠬᠢ ᠮᠡᠲᠦ᠄ | ᠨᠢᠭᠡ᠂ ᠬᠤᠲᠠ ᠶᠢᠨ ᠭᠠᠵᠠᠷ ᠰᠢᠨᠵᠢᠯᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠨ᠎ᠠ᠃ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ | ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ | ᠤᠢᠢᠯᠠᠭᠠᠭᠳᠠᠬᠤᠨ ᠢ ᠪᠦᠷᠢᠨ ᠪᠦᠳᠦᠨ᠂ ᠤᠨᠤᠪᠴᠢᠳᠠᠢ᠂ ᠪᠦᠬᠦ ᠲᠠᠯ᠎ᠠ ᠪᠠᠷ ᠲᠤᠭᠤᠰᠢᠯᠠᠭᠤᠯᠵᠦ᠂ ᠤᠯᠤᠰ | ᠲᠦᠷᠦ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠶᠡᠷᠦᠩᠬᠡᠢ ᠴᠣᠭᠴᠠ ᠶᠢᠨ ᠤᠯᠤᠰ ᠤᠨ ᠠᠮᠤᠷ | ᠲᠦᠪᠰᠢᠨ ᠤ ᠦᠵᠡᠯᠲᠡ ᠪᠠᠷ ᠨᠢᠭᠡᠳᠦᠯᠲᠡᠢ ᠵᠢᠯᠤᠭᠤᠳᠤᠯᠭ᠎ᠠ ᠪᠣᠯᠭᠠᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠶᠢ | ᠪᠠᠷᠢᠮᠲᠠᠯᠠᠵᠤ᠂ ᠬᠥᠭᠵᠢᠯᠲᠡ ᠪᠣᠯᠤᠨ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠬᠤᠳᠠ ᠶᠢᠨ | ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠵᠢᠴᠢ ᠡᠬᠢ ᠪᠠᠶᠠᠯᠢᠭ ᠢ ᠨᠡᠭᠡᠭᠡᠨ ᠠᠰᠢᠭᠯᠠᠬᠤ ᠵᠡᠷᠭᠡ ᠲᠠᠯ᠎ᠠ ᠶᠢᠨ | ᠭᠠᠵᠠᠷ ᠰᠢᠨᠵᠢᠯᠡᠭᠡᠨ ᠤ ᠠᠮᠤᠷ ᠲᠦᠪᠰᠢᠨ ᠤ ᠠᠶᠤᠯ ᠲᠦᠭᠰᠢᠭᠦᠷᠢ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ | ᠠᠮᠤᠷ ᠲᠦᠪᠰᠢᠨ ᠢ ᠲᠡᠷᠢᠭᠦᠨ ᠳᠤ ᠲᠠᠯᠪᠢᠬᠤ᠂ ᠦᠩᠭᠡᠨ ᠲᠠᠯ᠎ᠠ ᠪᠠ ᠦᠨᠳᠦᠰᠦ ᠠᠴᠠ ᠨᠢ ᠵᠠᠰᠠᠬᠤ᠂ ᠰᠢᠰᠲ᠋ᠧᠮ ᠲᠠᠢ | ᠬᠠᠮᠢᠶᠠᠷᠤᠨ ᠡᠵᠡᠮᠳᠡᠬᠦ᠂ ᠨᠢᠭᠡᠳᠦᠯᠲᠡᠢ ᠲᠥᠯᠥᠪᠵᠢᠭᠦᠯᠦᠨ ᠠᠷᠭ᠎ᠠ ᠪᠤᠳᠤᠯᠭ᠎ᠠ ᠬᠡᠷᠡᠭᠵᠢᠭᠦᠯᠬᠦ ᠵᠠᠷᠴᠢᠮ ᠢ ᠪᠠᠷᠢᠮᠲᠠᠯᠠᠵᠤ᠂ | ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠰᠢᠰᠲ᠋ᠧᠮ ᠪᠣᠯᠤᠨ ᠴᠢᠳᠠᠪᠤᠷᠢ ᠶᠢᠨ ᠪᠠᠶᠢᠭᠤᠯᠤᠯᠲᠠ ᠶᠢ | ᠴᠢᠩᠭᠠᠳᠬᠠᠵᠤ᠂ ᠬᠤᠳᠠ ᠶᠢᠨ ᠠᠮᠤᠷ ᠲᠦᠪᠰᠢᠨ ᠤ ᠬᠢᠷᠢ ᠲᠦᠪᠰᠢᠨ ᠢ ᠪᠦᠬᠦ ᠬᠦᠴᠦᠨ ᠢᠶᠠᠷ ᠢᠶᠠᠨ ᠳᠡᠭᠡᠭᠰᠢᠯᠡᠭᠦᠯᠵᠦ | ᠂ ᠬᠦᠨᠳᠦ ᠶᠡᠭᠡ ᠣᠨᠴᠠ ᠶᠡᠭᠡ ᠠᠮᠤᠷ ᠲᠦᠪᠰᠢᠨ ᠤ ᠠᠳᠡᠯ ᠭᠠᠷᠬᠤ ᠶᠢ ᠪᠦᠲᠦᠮᠵᠢᠲᠡᠢ ᠰᠡᠷᠭᠡᠶᠢᠯᠡᠬᠦ ᠪᠠ ᠡᠷᠡᠰ | ᠬᠤᠷᠢᠭᠯᠠᠵᠤ᠂ ᠠᠷᠠᠳ ᠤᠯᠠᠨ ᠳᠤ ᠠᠮᠤᠷ ᠲᠠᠶᠢᠪᠤᠩ ᠠᠵᠤ ᠲᠦᠷᠦᠭᠦ ᠪᠠ ᠵᠣᠯ ᠵᠢᠷᠭᠠᠯ ᠲᠠᠢ ᠠᠮᠤᠷ ᠠᠮᠤᠭᠤᠯᠠᠩ | ᠣᠷᠣᠰᠢᠨ ᠰᠠᠭᠤᠬᠤ ᠳᠤ ᠲᠣᠬᠢᠷᠠᠮᠵᠢᠲᠠᠢ ᠣᠷᠴᠢᠨ ᠲᠣᠭᠤᠷᠢᠨ ᠢ ᠪᠤᠢ ᠪᠣᠯᠭᠠᠵᠤ ᠦᠭᠭᠦᠨ᠎ᠡ᠃ | ᠬᠤᠶᠠᠷ᠂ ᠬᠤᠲᠠ ᠶᠢᠨ ᠭᠠᠵᠠᠷ ᠰᠢᠨᠵᠢᠯᠡᠭᠡᠨ ᠤ ᠰᠠᠭᠤᠷᠢ ᠪᠠᠶᠢᠴᠠᠭᠠᠯᠲᠠ ᠶᠢᠨ ᠠᠵᠢᠯ ᠢ ᠴᠢᠩᠭᠠᠳᠬᠠᠨ᠎ᠠ᠃ | ᠲᠤᠰᠬᠠᠶ ᠣᠷᠣᠨ ᠤ ᠱᠠᠲᠤ ᠵᠢᠴᠢ ᠲᠡᠭᠦᠨ ᠠᠴᠠ ᠳᠡᠭᠡᠭᠰᠢᠬᠢ ᠬᠤᠲᠠ ᠪᠠᠷ ᠭᠤᠤᠯ ᠪᠣᠯᠭᠠᠨ᠂ ᠬᠤᠲᠠ ᠪᠠᠯᠭᠠᠰᠤ ᠶᠢ | ᠨᠡᠭᠡᠭᠡᠨ ᠬᠥᠭᠵᠢᠭᠦᠯᠬᠦ ᠬᠢᠯᠢ ᠶᠢᠨ ᠳᠣᠲᠣᠷᠠᠬᠢ ᠬᠤᠲᠠ ᠶᠢᠨ ᠭᠠᠵᠠᠷ ᠰᠢᠨᠵᠢᠯᠡᠭᠡᠨ ᠤ ᠰᠠᠭᠤᠷᠢ ᠪᠠᠶᠢᠴᠠᠭᠠᠯᠲᠠ ᠶᠢᠨ | ᠠᠵᠢᠯ ᠢ ᠲᠦᠷᠭᠡᠳᠬᠡᠨ ᠠᠬᠢᠭᠤᠯᠤᠨ᠎ᠠ᠃ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠨᠢ ᠬᠠᠮᠢᠶ᠎ᠠ | ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ᠂ ᠬᠤᠳᠠ ᠶᠢᠨ ᠭᠠᠵᠠᠷ ᠰᠢᠨᠵᠢᠯᠡᠭᠡᠨ ᠤ ᠪᠠᠶᠢᠴᠠᠭᠠᠯᠲᠠ ᠶᠢ | ᠥᠷᠨᠢᠭᠦᠯᠵᠦ᠂ ᠠᠯᠤᠰ ᠰᠡᠷᠡᠯ᠂ ᠳᠡᠯᠡᠬᠡᠢ ᠶᠢᠨ ᠪᠥᠮᠪᠥᠷᠴᠡᠭ ᠤᠨ ᠹᠢᠽᠢᠺ᠂ ᠪᠣᠳᠠᠰ ᠤᠨ ᠬᠤᠯᠪᠣᠭ᠎ᠠ ᠶᠢᠨ ᠮᠡᠳᠡᠷᠡᠮᠵᠢ᠂ | ᠭᠠᠵᠠᠷ ᠤᠨ ᠭᠠᠳᠠᠷᠭᠤ ᠶᠢᠨ ᠲᠤᠭᠠᠴᠢᠯᠠᠯᠳᠠ ᠪᠠᠶᠢᠴᠠᠭᠠᠯᠳᠠ ᠵᠡᠷᠭᠡ ᠮᠡᠷᠭᠡᠵᠢᠯ ᠠᠷᠭ᠎ᠠ ᠪᠠᠷᠢᠯ ᠢ ᠬᠡᠷᠡᠭᠯᠡᠨ᠂ | ᠬᠤᠳᠠ ᠶᠢᠨ ᠭᠠᠵᠠᠷ ᠰᠢᠨᠵᠢᠯᠡᠭᠡᠨ ᠤ ᠠᠮᠦᠷ ᠲᠦᠪᠰᠢᠨ᠂ ᠭᠠᠵᠠᠷ ᠲᠤᠤᠷᠠᠬᠢ ᠤᠷᠤᠨ ᠵᠠᠢ ᠶᠢᠨ ᠡᠬᠢ ᠪᠠᠶᠠᠯᠢᠭ ᠪᠠ | ᠣᠷᠴᠢᠨ ᠲᠣᠭᠤᠷᠢᠨ ᠤ ᠠᠰᠠᠭᠤᠳᠠᠯ ᠤᠨ ᠲᠣᠭᠤᠷᠢᠨ ᠳᠤ᠂ ᠬᠤᠳᠠ ᠶᠢᠨ ᠪᠦᠳᠦᠭᠡᠨ ᠪᠠᠶᠢᠭᠤᠯᠤᠯᠲᠠ ᠪᠠ ᠭᠦᠨ | ᠲᠠᠪᠬᠤᠷᠭ᠎ᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ | ᠲᠥᠪᠯᠡᠷᠡᠭᠦᠯᠵᠦ᠂ ᠪᠠᠶᠢᠭᠠᠯᠢ ᠶᠢᠨ ᠡᠬᠢ ᠪᠠᠶᠠᠯᠢᠭ᠂ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠳᠦᠭᠡᠨ | ᠪᠠᠶᠢᠭᠤᠯᠤᠯᠲᠠ᠂ ᠤᠰᠤᠨ ᠤ ᠵᠠᠰᠠᠭ ᠵᠠᠬᠢᠷᠭᠠᠨ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠵᠡᠷᠭᠡ ᠰᠠᠯᠠᠭ᠎ᠠ | ᠮᠥᠴᠢᠷ ᠤᠨ ᠨᠢᠭᠡᠨᠲᠡ ᠪᠠᠶᠢᠭ᠎ᠠ ᠭᠠᠵᠠᠷ ᠰᠢᠨᠵᠢᠯᠡᠭᠡᠨ ᠤ ᠮᠠᠲ᠋ᠧᠷᠢᠶᠠᠯ ᠢ ᠰᠢᠰᠲ᠋ᠧᠮ ᠲᠠᠢ ᠡᠮᠬᠢᠯᠡᠵᠦ᠂ | ᠪᠠᠷᠢᠮᠵᠢᠶᠠᠵᠢᠭᠤᠯᠤᠯᠳᠠ᠂ ᠲᠤᠭᠠᠴᠢᠯᠠᠯᠳᠠ ᠪᠠᠷ ᠰᠢᠢᠳᠪᠦᠷᠢᠯᠡᠵᠦ᠂ ᠬᠤᠳᠠ ᠶᠢᠨ ᠭᠠᠵᠠᠷ ᠰᠢᠨᠵᠢᠯᠡᠭᠡᠨ ᠤ ᠲᠤᠮᠤ | ᠳ᠋ᠠᠶᠢᠲ᠋ᠠ ᠶᠢ ᠬᠠᠮᠲᠤᠪᠠᠷ ᠡᠳ᠋ᠯᠡᠬᠦ ᠲᠠᠪᠴᠠᠩ ᠢ ᠪᠠᠶᠢᠭᠤᠯᠤᠨ᠎ᠠ᠃ ᠴᠢᠯᠠᠭᠤᠯᠢᠭ ᠤᠨ ᠨᠤᠷᠠᠯᠲᠠ᠂ ᠮᠠᠯᠲᠠᠵᠤ | ᠬᠥᠨᠳᠡᠶᠢᠷᠡᠭᠦᠯᠦᠭᠰᠡᠨ ᠵᠡᠷᠭᠡ ᠭᠠᠵᠠᠷ ᠰᠢᠨᠵᠢᠯᠡᠭᠡᠨ ᠤ ᠠᠮᠤᠷ ᠲᠦᠪᠰᠢᠨ ᠤ ᠠᠰᠠᠭᠤᠳᠠᠯ ᠢᠶᠠᠷ ᠭᠤᠤᠯᠳᠠᠯᠭ᠎ᠠ ᠪᠣᠯᠭᠠᠵᠤ᠂ | ᠠᠵᠢᠯ ᠤᠨ ᠨᠠᠷᠢᠯᠢᠭ ᠢ 1᠄ 10000 ᠠᠴᠠ ᠳᠣᠤᠷ᠎ᠠ ᠥᠬᠡᠶ ᠲᠤᠰᠬᠠᠶ ᠰᠡᠳᠦᠪᠲᠦ ᠪᠠᠶᠢᠴᠠᠭᠠᠯᠲᠠ ᠶᠢ | ᠥᠷᠨᠢᠭᠦᠯᠵᠦ᠂ ᠬᠤᠲᠠ ᠶᠢᠨ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠭᠦᠨᠴᠡ ᠶᠢᠨ ᠬᠡᠪᠴᠢᠶᠡᠨ ᠳᠣᠲᠣᠷᠠᠬᠢ | ᠬᠠᠮᠢᠶ᠎ᠠ ᠪᠥᠬᠦᠶ ᠭᠠᠵᠠᠷ ᠰᠢᠨᠵᠢᠯᠡᠭᠡᠨ ᠤ ᠨᠥᠬᠦᠴᠡᠯ ᠪᠠ ᠳᠠᠯᠳᠠ ᠬᠡᠮ ᠤᠨ ᠲᠠᠷᠬᠠᠯᠲᠠ ᠶᠢᠨ ᠪᠠᠶᠢᠳᠠᠯ ᠢ ᠪᠠᠶᠢᠴᠠᠭᠠᠨ | ᠳᠣᠲᠣᠯᠠᠨ᠎ᠠ᠃ ᠲᠤᠰᠬᠠᠶ ᠰᠡᠳᠦᠪᠲᠦ ᠪᠠᠶᠢᠴᠠᠭᠠᠯᠲᠠ ᠶᠢᠨ ᠰᠠᠭᠤᠷᠢᠨ ᠳᠡᠭᠡᠷ᠎ᠡ ᠠᠶᠤᠯᠲᠤ ᠴᠢᠨᠠᠷᠲᠠᠶ ᠦᠨᠡᠯᠡᠯᠲᠡ ᠪᠠ | ᠠᠶᠤᠯ ᠲᠦᠭᠰᠢᠭᠦᠷᠢ ᠶᠢᠨ ᠣᠷᠣᠨ ᠬᠤᠪᠢᠶᠠᠬᠤ ᠠᠵᠢᠯ ᠢ ᠥᠷᠨᠢᠭᠦᠯᠵᠦ᠂ ᠲᠦᠭᠰᠢᠭᠦᠷᠢ ᠶᠢᠨ ᠵᠡᠷᠭᠡ ᠳᠡᠰ ᠢ | ᠬᠤᠪᠢᠶᠠᠷᠢᠯᠠᠵᠤ᠂ ᠬᠤᠲᠠ ᠶᠢᠨ ᠭᠠᠵᠠᠷ ᠰᠢᠨᠵᠢᠯᠡᠭᠡᠨ ᠤ ᠠᠮᠤᠷ ᠲᠦᠪᠰᠢᠨ ᠤ ᠲᠦᠭᠰᠢᠭᠦᠷᠢ ᠶᠢᠨ ︽ᠨᠢᠭᠡ ᠵᠢᠷᠤᠭ︾ | ᠢ ᠪᠣᠶ ᠪᠣᠯᠭᠠᠨ᠎ᠠ᠃ | ᠭᠤᠷᠪᠠ᠂ ᠤᠯᠤᠰ ᠤᠨ ᠭᠠᠵᠠᠷ ᠰᠢᠷᠣᠶ ᠶᠢᠨ ᠣᠷᠣᠨ ᠵᠠᠢ ᠶᠢᠨ ᠲᠥᠯᠥᠪᠵᠢᠭᠦᠯᠭᠡ ᠶᠢᠨ ᠬᠠᠮᠢᠶᠠᠷᠤᠯᠲᠠ | ᠡᠵᠡᠮᠳᠡᠯ ᠢ ᠴᠢᠩᠭᠠᠳᠬᠠᠨ᠎ᠠ᠃ ᠭᠠᠵᠠᠷ ᠰᠢᠨᠵᠢᠯᠡᠭᠡᠨ ᠤ ᠪᠠᠶᠢᠴᠠᠭᠠᠯᠲᠠ ᠶᠢᠨ ᠠᠵᠢᠯ ᠤᠨ ᠤᠯᠤᠰ ᠤᠨ ᠭᠠᠵᠠᠷ | ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠳᠠᠬᠢ ᠤᠳᠤᠷᠢᠳᠤᠮᠵᠢ ᠶᠢᠨ ᠴᠢᠨᠠᠷᠲᠠᠶ ᠦᠢᠯᠡᠳᠦᠯ ᠢ ᠪᠠᠳᠠᠷᠠᠭᠤᠯᠵᠤ᠂ | ᠬᠤᠲᠠ ᠶᠢᠨ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ | ᠪᠠ ᠵᠠᠰᠠᠪᠤᠷᠢ ᠣᠷᠣᠭᠤᠯᠬᠤ ᠶᠠᠪᠤᠴᠠ ᠳᠤ᠂ ᠭᠠᠵᠠᠷ ᠰᠢᠨᠵᠢᠯᠡᠭᠡᠨ ᠤ ᠭᠠᠮᠰᠢᠭ ᠤᠨ ᠲᠦᠭᠰᠢᠭᠦᠷᠢ ᠶᠢᠨ ᠨᠡᠶᠢᠳᠡᠮ | ᠪᠠᠶᠢᠴᠠᠭᠠᠯᠲᠠ ᠶᠢᠨ ᠦᠷ᠎ᠡ ᠪᠦᠲᠦᠭᠡᠯ ᠢ ᠭᠦᠢᠴᠡᠳ ᠬᠡᠷᠡᠭᠯᠡᠨ ᠲᠦᠭᠰᠢᠭᠦᠷᠢ ᠶᠢ ᠦᠨᠡᠯᠡᠨ ᠵᠢᠱᠢᠬᠦ ᠠᠵᠢᠯ ᠢ | ᠥᠷᠨᠢᠭᠦᠯᠵᠦ᠂ ᠦᠨᠡᠯᠡᠨ ᠵᠢᠱᠢᠭᠰᠡᠨ ᠦᠷ᠎ᠡ ᠳ᠋ᠦᠩ ᠢ ᠦᠨᠳᠦᠰᠦᠯᠡᠨ ᠭᠠᠵᠠᠷ ᠰᠢᠨᠵᠢᠯᠡᠭᠡᠨ ᠤ ᠭᠠᠮᠰᠢᠭ ᠤᠨ | ᠲᠦᠭᠰᠢᠭᠦᠷᠢ ᠶᠢᠨ ᠣᠷᠣᠨ ᠢ ᠬᠤᠪᠢᠶᠠᠷᠢᠯᠠᠨ᠂ ᠡᠯ᠎ᠡ ᠲᠥᠷᠥᠯ ᠤᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ | ᠵᠦᠶ ᠵᠣᠬᠢᠰᠲᠠᠶ ᠪᠠᠶᠢᠷᠢᠯᠠᠭᠤᠯᠬᠤ ᠬᠡᠷᠡᠭᠲᠡᠶ︔ ᠰᠢᠨ᠎ᠡ ᠪᠠᠷ ᠨᠡᠮᠡᠭᠳᠡᠭᠰᠡᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ | ᠭᠠᠵᠠᠷ ᠤᠨ ᠪᠠᠶᠢᠷᠢᠰᠢᠭᠤᠯᠤᠯ ᠨᠢ ᠭᠠᠵᠠᠷ ᠰᠢᠨᠵᠢᠯᠡᠭᠡᠨ ᠤ ᠭᠠᠶ ᠭᠠᠮᠰᠢᠭ ᠤᠨ ᠲᠦᠢᠯ ᠤᠨ ᠶᠡᠭᠡ ᠠᠶᠤᠯ | ᠲᠦᠭᠰᠢᠭᠦᠷᠢ ᠲᠠᠢ ᠣᠷᠣᠨ ᠪᠦᠰᠡ ᠪᠠ ᠥᠨᠳᠥᠷ ᠠᠶᠤᠯ ᠲᠦᠭᠰᠢᠭᠦᠷᠢ ᠲᠠᠢ ᠣᠷᠣᠨ ᠪᠦᠰᠡ ᠳᠤ ᠵᠠᠶᠢᠯᠠᠭᠤᠯᠬᠤ | ᠴᠢᠬᠤᠯᠠᠲᠠᠶ᠂ ᠭᠠᠵᠠᠷ ᠤᠨ ᠭᠠᠶ ᠭᠠᠮᠰᠢᠭ ᠤᠨ ᠲᠦᠭᠰᠢᠭᠦᠷᠢ ᠶᠢ ᠠᠷᠢᠯᠭᠠᠬᠤ ᠪᠤᠶᠤ ᠤᠷᠢᠳᠴᠢᠯᠠᠨ ᠰᠡᠷᠭᠡᠶᠢᠯᠡᠬᠦ ᠠᠷᠭ᠎ᠠ | ᠬᠡᠮᠵᠢᠶ᠎ᠡ ᠠᠪᠬᠤ ᠶᠢᠨ ᠠᠷᠭ᠎ᠠ ᠥᠬᠡᠶ ᠪᠠᠶᠢᠨ᠎ᠠ︔ ᠬᠤᠲᠠ ᠶᠢᠨ ᠪᠠᠶᠢᠭᠤᠯᠤᠭᠰᠠᠨ ᠲᠣᠭᠤᠷᠢᠭ ᠨᠢ ᠭᠠᠮᠰᠢᠭ ᠢ | ᠰᠡᠷᠭᠡᠶᠢᠯᠡᠵᠦ ᠭᠠᠮᠰᠢᠭ ᠢ ᠪᠠᠭᠠᠰᠬᠠᠬᠤ ᠣᠷᠣᠨ ᠵᠠᠶ ᠶᠢᠨ ᠲᠣᠬᠢᠷᠠᠭᠤᠯᠤᠯᠲᠠ ᠶᠢ ᠰᠠᠶᠢᠲᠤᠷ ᠬᠢᠵᠦ᠂ ᠭᠠᠵᠠᠷ | ᠰᠢᠨᠵᠢᠯᠡᠭᠡᠨ ᠤ ᠭᠠᠶ ᠭᠠᠮᠰᠢᠭ ᠤᠨ ᠲᠦᠭᠰᠢᠭᠦᠷᠢ ᠶᠢᠨ ᠭᠠᠵᠠᠷ ᠳᠡᠭᠡᠷᠡᠬᠢ ᠨᠥᠯᠥᠭᠡ ᠶᠢ ᠪᠠᠭᠠᠰᠬᠠᠬᠤ ᠬᠡᠷᠡᠭᠲᠡᠶ᠃ ᠡᠯ᠎ᠡ | ᠲᠥᠷᠥᠯ ᠤᠨ ᠨᠡᠭᠡᠭᠡᠯᠲᠡ ᠶᠢᠨ ᠣᠷᠣᠨ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠰᠢᠨ᠎ᠡ ᠲᠣᠭᠤᠷᠢᠭ | ᠪᠣᠯᠤᠨ ᠪᠤᠰᠤᠳ ᠨᠥᠬᠦᠴᠡᠯ ᠲᠠᠢ ᠣᠷᠣᠨ ᠪᠦᠰᠡ ᠳᠤ ᠣᠷᠣᠨ ᠪᠦᠰᠡ ᠶᠢᠨ ᠦᠨᠡᠯᠡᠨ ᠵᠢᠱᠢᠯᠲᠡ ᠥᠷᠨᠢᠭᠦᠯᠬᠦ ᠳᠡᠭᠡᠨ᠂ | ᠭᠠᠵᠠᠷ ᠤᠨ ᠭᠠᠶ ᠭᠠᠮᠰᠢᠭ ᠤᠨ ᠠᠶᠤᠯᠲᠤ ᠴᠢᠨᠠᠷ ᠢ ᠦᠨᠡᠯᠡᠨ ᠵᠢᠱᠢᠬᠦ ᠶᠢ ᠴᠢᠩᠭᠠᠳᠬᠠᠬᠤ ᠶᠢᠨ ᠬᠠᠮᠲᠤ ᠭᠠᠵᠠᠷ | ᠰᠢᠷᠣᠶ ᠬᠠᠩᠭᠠᠬᠤ ᠳᠤ᠂ ᠦᠨᠡᠯᠡᠨ ᠵᠢᠱᠢᠭᠰᠡᠨ ᠦᠷ᠎ᠡ ᠳ᠋ᠦᠩ ᠢᠶᠠᠨ ᠭᠠᠵᠠᠷ ᠬᠡᠷᠡᠭᠯᠡᠬᠦ ᠨᠢᠭᠡᠴᠢ ᠳᠤ ᠬᠠᠩᠭᠠᠵᠤ᠂ | ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠴᠢᠬᠤᠯᠠ ᠪᠦᠬᠦᠢ ᠠᠷᠭ᠎ᠠ ᠬᠡᠮᠵᠢᠶ᠎ᠡ ᠠᠪᠬᠤ ᠶᠢ ᠰᠢᠮᠳᠠᠭᠤᠯᠵᠤ᠂ | ᠠᠮᠤᠷ ᠲᠦᠪᠰᠢᠨ ᠤ ᠲᠦᠭᠰᠢᠭᠦᠷᠢ ᠶᠢ ᠡᠬᠢ ᠡᠭᠦᠰᠦᠯ ᠠᠴᠠ ᠨᠢ ᠪᠠᠭᠠᠰᠬᠠᠨ᠎ᠠ᠃ | ᠳᠥᠷᠪᠡ᠂ ᠬᠤᠲᠠ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠭᠠᠵᠠᠷ ᠰᠢᠨᠵᠢᠯᠡᠭᠡᠨ ᠤ ᠠᠮᠤᠷ | ᠲᠦᠪᠰᠢᠨ ᠤ ᠬᠠᠮᠢᠶ᠎ᠠ ᠪᠦᠬᠦᠢ ᠬᠠᠤᠯᠢ ᠲᠣᠭᠲᠠᠭᠠᠯ ᠤᠨ ᠪᠠᠷᠢᠮᠵᠢᠶ᠎ᠠ ᠶᠢ ᠴᠢᠩᠭ᠎ᠠ ᠨᠠᠶᠢᠳᠠᠪᠦᠷᠢᠵᠢᠭᠤᠯᠤᠨ᠎ᠠ᠃ ᠡᠯ᠎ᠡ | ᠱᠠᠲᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠭᠤᠤᠯᠴᠢᠯᠠᠨ ᠬᠠᠮᠢᠶᠠᠷᠬᠤ | ᠰᠠᠯᠠᠭ᠎ᠠ ᠮᠥᠴᠢᠷ᠂ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠬᠤᠯᠪᠣᠭᠳᠠᠯ ᠪᠦᠬᠦᠢ ᠬᠠᠤᠯᠢ ᠴᠠᠭᠠᠵᠠ | ᠬᠠᠤᠯᠢ ᠲᠣᠭᠲᠠᠭᠠᠯ ᠤᠨ ᠲᠣᠭᠲᠠᠭᠠᠯ ᠢ ᠦᠨᠳᠦᠰᠦᠯᠡᠨ᠂ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠶᠠᠰᠤ | ᠴᠢᠨᠠᠷ ᠲᠤ ᠬᠢᠨᠠᠯᠲᠠ ᠲᠠᠯᠪᠢᠵᠤ ᠬᠠᠮᠢᠶᠠᠷᠬᠤ ᠪᠠᠨ ᠴᠢᠩᠭᠠᠳᠬᠠᠨ᠎ᠠ᠃ ᠬᠠᠮᠢᠶ᠎ᠠ ᠪᠦᠬᠦᠢ ᠨᠢᠭᠡᠴᠢ ᠨᠦᠭᠦᠳ ᠬᠠᠮᠢᠶ᠎ᠠ | ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠪᠣᠯᠤᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ | ᠠᠯᠪᠠᠳᠠᠯᠭ᠎ᠠ ᠶᠢᠨ ᠴᠢᠨᠠᠷᠲᠠᠶ ᠪᠠᠷᠢᠮᠵᠢᠶ᠎ᠠ ᠶᠢᠨ ᠲᠣᠭᠲᠠᠭᠠᠯ ᠢ ᠴᠢᠩᠭ᠎ᠠ ᠵᠢᠷᠤᠮᠯᠠᠬᠤ ᠶᠢᠨ ᠬᠠᠮᠲᠤ ᠪᠠᠷᠢᠯᠭ᠎ᠠ ᠶᠢᠨ | ᠣᠨᠴᠠᠯᠢᠭ ᠲᠤ ᠴᠢᠭᠯᠡᠭᠦᠯᠦᠨ᠂ ᠭᠠᠵᠠᠷ ᠣᠷᠣᠨ ᠤ ᠲᠤᠷᠰᠢᠯᠭ᠎ᠠ ᠶᠢ ᠴᠢᠬᠤᠯᠠᠴᠢᠯᠠᠵᠤ᠂ ᠬᠤᠲᠠ ᠶᠢᠨ ᠪᠠᠷᠢᠯᠭ᠎ᠠ ᠶᠢᠨ | ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠬᠤ᠂ ᠵᠢᠷᠤᠭᠯᠠᠨ ᠲᠥᠯᠥᠪᠯᠡᠬᠦ᠂ ᠪᠠᠷᠢᠯᠭ᠎ᠠ ᠪᠠᠷᠢᠬᠤ᠂ ᠬᠢᠨᠠᠨ ᠬᠠᠮᠢᠶᠠᠷᠬᠤ | ᠵᠡᠷᠭᠡ ᠠᠵᠢᠯ ᠢ ᠦᠷᠨᠢᠭᠦᠯᠦᠨ᠎ᠡ᠃ ᠪᠦᠲᠦᠭᠡᠨ ᠪᠠᠶᠢᠭᠤᠯᠬᠤ ᠨᠢᠭᠡᠴᠢ ᠲᠦᠷᠦᠭᠦᠯᠡᠨ ᠬᠠᠮᠢᠶᠠᠷᠤᠯᠲᠠ ᠶᠢᠨ ᠠᠵᠢᠯ ᠢ | ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠡᠷᠡᠭᠰᠡᠬᠦ ᠨᠥᠬᠦᠴᠡᠯ ᠪᠠ ᠣᠷᠣᠭᠤᠯᠤᠯᠲᠠ ᠶᠢ ᠦᠨᠡᠨ ᠪᠣᠳᠠᠲᠠᠶ᠂ | ᠣᠨᠣᠪᠴᠢᠲᠠᠶ᠂ ᠲᠣᠭᠲᠠᠭᠠᠭᠰᠠᠨ ᠱᠠᠭᠠᠷᠳᠠᠯᠭ᠎ᠠ ᠳᠤ ᠨᠡᠶᠢᠴᠡᠭᠰᠡᠨ ᠬᠠᠶᠢᠨ ᠪᠠᠶᠢᠴᠠᠭᠠᠭᠰᠠᠨ ᠮᠡᠳᠡᠭᠦᠯᠦᠯᠲᠡ ᠪᠠᠨ | ᠲᠤᠰᠢᠶᠠᠵᠤ᠂ ᠭᠠᠵᠠᠷ ᠰᠢᠨᠵᠢᠯᠡᠭᠡᠨ ᠤ ᠨᠥᠬᠦᠴᠡᠯ ᠠᠴᠠ ᠪᠣᠯᠵᠣ ᠮᠡᠳᠡᠬᠦ ᠴᠢᠯᠠᠭᠤᠯᠢᠭ ᠰᠢᠷᠣᠶ ᠶᠢᠨ ᠢᠨᠵᠧᠨᠧᠷᠢᠩ ᠤᠨ | ᠲᠦᠭᠰᠢᠭᠦᠷᠢ ᠶᠢ ᠵᠠᠳᠠᠯᠬᠤ ᠪᠠ ᠲᠣᠳᠣᠷᠬᠠᠶᠢᠯᠠᠵᠤ᠂ ᠵᠣᠬᠢᠴᠠᠩᠭᠤᠶ ᠮᠡᠷᠭᠡᠵᠢᠯ ᠤᠨ ᠰᠡᠷᠭᠡᠶᠢᠯᠡᠯᠲᠡ ᠶᠢᠨ ᠠᠷᠭ᠎ᠠ | ᠬᠡᠮᠵᠢᠶ᠎ᠡ ᠶᠢᠨ ᠰᠠᠨᠠᠭᠤᠯᠭ᠎ᠠ ᠳᠤᠷᠠᠳᠴᠤ᠂ ᠴᠢᠬᠤᠯᠠ ᠲᠠᠢ ᠦᠶ᠎ᠡ ᠳᠤ ᠲᠤᠰᠬᠠᠶ ᠬᠠᠶᠢᠨ ᠪᠠᠶᠢᠴᠠᠭᠠᠬᠤ ᠰᠠᠨᠠᠭᠤᠯᠭ᠎ᠠ | ᠳᠤᠷᠠᠳᠬᠤ ᠬᠡᠷᠡᠭᠲᠡᠶ᠃ ᠵᠢᠷᠤᠭ ᠲᠥᠯᠥᠪᠯᠡᠭᠡ ᠶᠢᠨ ᠨᠢᠭᠡᠴᠢ ᠬᠠᠶᠢᠨ ᠪᠠᠶᠢᠴᠠᠭᠠᠯᠲᠠ ᠶᠢᠨ ᠮᠡᠳᠡᠭᠦᠯᠦᠯᠲᠡ ᠶᠢ | ᠦᠨᠳᠦᠰᠦᠯᠡᠨ ᠴᠢᠭᠯᠡᠯᠳᠦ ᠴᠢᠨᠠᠷᠲᠠᠶ ᠵᠢᠷᠤᠭ ᠲᠥᠯᠥᠪᠯᠡᠭᠡ ᠶᠢᠨ ᠠᠷᠭ᠎ᠠ ᠬᠡᠮᠵᠢᠶ᠎ᠡ ᠳᠤᠷᠠᠳᠬᠤ ᠶᠢᠨ ᠬᠠᠮᠲᠤ ᠪᠦᠲᠦᠭᠡᠨ | ᠪᠠᠶᠢᠭᠤᠯᠬᠤ ᠨᠢᠭᠡᠴᠢ ᠶᠢᠨ ᠬᠠᠩᠭᠠᠭᠰᠠᠨ ᠪᠠᠷᠢᠯᠭ᠎ᠠ ᠶᠢᠨ ᠪᠠᠶᠢᠳᠠᠯ ᠤᠨ ᠰᠠᠨᠠᠯ ᠢ ᠦᠨᠳᠦᠰᠦᠯᠡᠨ ᠵᠢᠷᠤᠭ | ᠲᠥᠯᠥᠪᠯᠡᠭᠡ ᠶᠢ ᠲᠣᠬᠢᠷᠠᠭᠤᠯᠤᠨ ᠰᠢᠯᠢᠳᠡᠭᠵᠢᠭᠦᠯᠦᠨ᠎ᠡ ᠪᠠᠷᠢᠯᠭ᠎ᠠ ᠪᠠᠷᠢᠬᠤ ᠵᠭᠡᠴᠢ ᠨᠢ ᠪᠠᠷᠢᠯᠭ᠎ᠠ ᠶᠢᠨ ᠵᠢᠷᠤᠭ | ᠲᠥᠯᠥᠪᠯᠡᠭᠡ ᠶᠢᠨ ᠵᠢᠷᠤᠭ ᠪᠠ ᠪᠠᠷᠢᠯᠭ᠎ᠠ ᠪᠠᠷᠢᠬᠤ ᠮᠡᠷᠭᠡᠵᠢᠯ ᠤᠨ ᠪᠠᠷᠢᠮᠵᠢᠶ᠎ᠠ ᠶᠢ ᠴᠢᠩᠭ᠎ᠠ ᠵᠢᠷᠤᠮᠯᠠᠨ ᠪᠠᠷᠢᠯᠭ᠎ᠠ | ᠪᠠᠷᠢᠬᠤ ᠶᠢ ᠵᠣᠬᠢᠶᠠᠨ ᠪᠠᠶᠢᠭᠤᠯᠵᠤ᠂ ᠭᠠᠵᠠᠷ ᠰᠢᠨᠵᠢᠯᠡᠭᠡᠨ ᠤ ᠲᠦᠭᠰᠢᠭᠦᠷᠢ ᠶᠢ ᠢᠯᠭᠠᠨ ᠲᠠᠨᠢᠬᠤ ᠪᠠ ᠬᠥᠳᠡᠯᠦᠩᠭᠦᠶ | ᠮᠥᠷᠳᠡᠬᠦ ᠶᠢ ᠴᠢᠩᠭᠠᠳᠬᠠᠨ᠂ ᠪᠣᠳᠠᠲᠠᠶ ᠭᠠᠵᠠᠷ ᠰᠢᠨᠵᠢᠯᠡᠭᠡᠨ ᠤ ᠨᠥᠬᠦᠴᠡᠯ ᠯᠦᠭᠡ ᠨᠡᠶᠢᠴᠡᠬᠦ ᠥᠬᠡᠶ ᠪᠠᠶᠢᠪᠠᠯ᠂ ᠴᠠᠭ | ᠲᠤᠬᠠᠶ ᠳᠤᠨᠢ ᠬᠠᠨᠳᠤᠯᠭᠠᠲᠤ ᠴᠢᠨᠠᠷᠲᠠᠶ ᠠᠷᠭ᠎ᠠ ᠬᠡᠮᠵᠢᠶ᠎ᠡ ᠠᠪᠬᠤ ᠬᠡᠷᠡᠭᠲᠡᠶ᠃ ᠬᠢᠨᠠᠨ ᠬᠠᠮᠢᠶᠠᠷᠬᠤ ᠨᠢᠭᠡᠴᠢ ᠨᠢ | ᠪᠠᠷᠢᠯᠭ᠎ᠠ ᠪᠠᠷᠢᠬᠤ ᠲᠥᠰᠦᠯ ᠢ ᠬᠢᠨᠠᠨ ᠪᠠᠶᠢᠴᠠᠭᠠᠬᠤ ᠶᠢ ᠬᠠᠷᠢᠭᠤᠴᠠᠵᠤ᠂ ᠪᠠᠷᠢᠯᠭ᠎ᠠ ᠪᠠᠷᠢᠬᠤ ᠨᠢᠭᠡᠴᠢ ᠶᠢᠨ ᠵᠢᠷᠤᠭ | ᠲᠥᠯᠥᠪᠯᠡᠭᠡ ᠶᠢᠨ ᠱᠠᠭᠠᠷᠳᠠᠯᠭ᠎ᠠ ᠪᠠ ᠪᠠᠷᠢᠯᠭ᠎ᠠ ᠪᠠᠷᠢᠬᠤ ᠲᠥᠰᠦᠯ ᠤᠨ ᠶᠣᠰᠣᠭᠠᠷ ᠭᠠᠵᠠᠷ ᠰᠢᠨᠵᠢᠯᠡᠭᠡᠨ ᠤ | ᠲᠦᠭᠰᠢᠭᠦᠷᠢ ᠶᠢ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠳᠤ ᠬᠢᠨᠠᠯᠲᠠ ᠲᠠᠯᠪᠢᠨ᠎ᠠ᠃ | ᠲᠠᠪᠤ᠂ ᠬᠤᠲᠠ ᠶᠢᠨ ᠭᠠᠵᠠᠷ ᠤᠨ ᠢᠯᠴᠢ᠂ ᠭᠠᠵᠠᠷ ᠳᠣᠤᠷᠠᠬᠢ ᠤᠰᠤ ᠵᠡᠷᠭᠡ ᠡᠬᠢ ᠪᠠᠶᠠᠯᠢᠭ ᠢ ᠬᠠᠶᠢᠨ | ᠪᠠᠶᠢᠴᠠᠭᠠᠵᠤ ᠨᠡᠭᠡᠭᠡᠨ ᠬᠥᠭᠵᠢᠭᠦᠯᠬᠦ ᠠᠵᠢᠯᠯᠠᠭ᠎ᠠ ᠶᠢᠨ ᠭᠠᠵᠠᠷ ᠰᠢᠨᠵᠢᠯᠡᠭᠡᠨ ᠤ ᠠᠮᠤᠷ ᠲᠦᠪᠰᠢᠨ ᠤ ᠲᠦᠭᠰᠢᠭᠦᠷᠢ ᠶᠢ | ᠬᠠᠮᠢᠶᠠᠷᠤᠨ ᠡᠵᠡᠮᠳᠡᠬᠦ ᠶᠢ ᠴᠢᠩᠭᠠᠷᠠᠭᠤᠯᠤᠨ᠎ᠠ᠃ ᠡᠯ᠎ᠡ ᠱᠠᠲᠤᠨ ᠤ ᠪᠠᠶᠢᠭᠠᠯᠢ ᠶᠢᠨ ᠡᠬᠢ ᠪᠠᠶᠠᠯᠢᠭ᠂ ᠤᠰᠤᠨ ᠤ | ᠶᠠᠪᠤᠳᠠᠯ ᠤᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠲᠣᠰ ᠭᠠᠵᠠᠷ ᠣᠷᠣᠨ ᠤ | ᠭᠠᠵᠠᠷ ᠤᠨ ᠢᠯᠴᠢ᠂ ᠭᠠᠵᠠᠷ ᠳᠣᠣᠷᠠᠬᠢ ᠤᠰᠤ ᠵᠡᠷᠭᠡ ᠡᠬᠢ ᠪᠠᠶᠠᠯᠢᠭ ᠤᠨ ᠬᠠᠳᠠᠭᠠᠯᠠᠭᠳᠠᠴᠠ ᠶᠢᠨ ᠣᠨᠴᠠᠯᠢᠭ ᠪᠠ | ᠭᠠᠵᠠᠷ ᠰᠢᠨᠵᠢᠯᠡᠭᠡᠨ ᠤ ᠨᠥᠬᠦᠴᠡᠯ ᠲᠠᠢ ᠤᠶᠠᠯᠳᠤᠭᠤᠯᠤᠨ᠂ ᠬᠤᠲᠠ ᠶᠢᠨ ᠭᠠᠵᠠᠷ ᠤᠨ ᠢᠯᠴᠢ᠂ ᠭᠠᠵᠠᠷ ᠳᠣᠣᠷᠠᠬᠢ | ᠤᠰᠤ ᠵᠡᠷᠭᠡ ᠡᠬᠢ ᠪᠠᠶᠠᠯᠢᠭ ᠢ ᠬᠠᠶᠢᠨ ᠪᠠᠶᠢᠴᠠᠭᠠᠵᠤ ᠨᠡᠭᠡᠭᠡᠨ ᠠᠰᠢᠭᠯᠠᠬᠤ ᠠᠵᠢᠯᠯᠠᠭ᠎ᠠ ᠳᠤ ᠬᠢᠨᠠᠯᠲᠠ ᠲᠠᠯᠪᠢᠵᠤ | ᠬᠠᠮᠢᠶᠠᠷᠬᠤ ᠪᠠᠨ ᠴᠢᠩᠭᠠᠳᠬᠠᠵᠤ᠂ ᠡᠭᠦᠰᠴᠦ ᠮᠡᠳᠡᠬᠦ ᠭᠠᠵᠠᠷ ᠰᠢᠨᠵᠢᠯᠡᠭᠡᠨ ᠤ ᠠᠮᠤᠷ ᠲᠦᠪᠰᠢᠨ ᠤ ᠲᠦᠭᠰᠢᠭᠦᠷᠢ ᠳᠤ | ᠴᠠᠭ ᠲᠤᠬᠠᠢ ᠳᠤ ᠨᠢ ᠰᠡᠷᠭᠡᠶᠢᠯᠡᠬᠦ ᠱᠠᠭᠠᠷᠳᠠᠯᠭ᠎ᠠ ᠳᠤᠷᠠᠳᠬᠤ ᠬᠡᠷᠡᠭᠲᠡᠢ᠃ ᠬᠤᠲᠠ ᠶᠢᠨ ᠪᠠᠶᠢᠭᠤᠯᠤᠭᠰᠠᠨ ᠣᠷᠣᠨ ᠤ | ᠳᠣᠲᠣᠷ᠎ᠠ ᠪᠠ ᠬᠤᠲᠠ ᠶᠢᠨ ᠪᠠᠶᠢᠭᠤᠯᠤᠭᠰᠠᠨ ᠣᠷᠣᠨ ᠤ ᠭᠠᠳᠠᠨᠠᠬᠢ ᠬᠥᠮᠦᠨ ᠠᠮᠠ᠂ ᠪᠠᠷᠢᠯᠭ᠎ᠠ ᠲᠥᠪᠯᠡᠷᠡᠭᠰᠡᠨ | ᠣᠷᠣᠨ ᠳᠤ ᠭᠠᠵᠠᠷ ᠤᠨ ᠢᠯᠴᠢ᠂ ᠭᠠᠵᠠᠷ ᠳᠣᠤᠷᠠᠬᠢ ᠤᠰᠤ ᠵᠡᠷᠭᠡ ᠡᠬᠢ ᠪᠠᠶᠠᠯᠢᠭ ᠢ ᠬᠠᠶᠢᠨ ᠪᠠᠶᠢᠴᠠᠭᠠᠬᠤ ᠠᠵᠢᠯ ᠢ | ᠥᠷᠨᠢᠭᠦᠯᠵᠦ᠂ ᠬᠠᠷᠢᠭᠤᠴᠠᠯᠭᠠᠲᠤ ᠨᠢᠭᠡᠴᠢ ︵ᠬᠠᠶᠢᠨ ᠪᠠᠶᠢᠴᠠᠭᠠᠵᠤ ᠪᠠᠷᠢᠯᠭ᠎ᠠ ᠪᠠᠷᠢᠬᠤ ᠨᠢᠭᠡᠴᠢ᠂ ᠠᠭᠤᠷᠬᠠᠶ ᠶᠢᠨ | ᠦᠢᠯᠡᠰ ᠤᠨ ᠡᠷᠬᠡᠲᠦ ᠬᠥᠮᠦᠨ ᠵᠡᠷᠭᠡ ᠭᠠᠵᠠᠷ ᠰᠢᠨᠵᠢᠯᠡᠭᠡᠨ ᠤ ᠲᠦᠭᠰᠢᠭᠦᠷᠢ ᠶᠢᠨ ᠬᠦᠴᠦᠨ ᠵᠦᠢᠯ ᠤᠨ ᠮᠠᠲ᠋ᠧᠷᠢᠶᠠᠯ ᠢ | ᠰᠢᠰᠲ᠋ᠧᠮ ᠲᠠᠢ ᠪᠠᠷ ᠴᠤᠭᠯᠠᠭᠤᠯᠬᠤ ᠬᠡᠷᠡᠭᠲᠡᠶ᠂ ᠬᠠᠶᠢᠨ ᠪᠠᠶᠢᠴᠠᠭᠠᠬᠤ ᠠᠵᠢᠯᠯᠠᠭ᠎ᠠ ᠳᠤ ᠬᠤᠯᠪᠣᠭᠳᠠᠭᠰᠠᠨ ᠭᠦᠨ | ᠭᠠᠵᠠᠷ ᠤᠨ ᠳᠠᠪᠬᠤᠷᠭ᠎ᠠ ᠳᠤ ᠳᠡᠯᠡᠬᠡᠶ ᠶᠢᠨ ᠪᠥᠮᠪᠥᠷᠴᠡᠭ ᠤᠨ ᠹᠢᠽᠢᠺ ᠤᠨ ᠬᠠᠶᠢᠨ ᠬᠡᠮᠵᠢᠯᠲᠡ ᠶᠢ ᠭᠦᠢᠴᠡᠳ | ᠥᠷᠨᠢᠭᠦᠯᠵᠦ᠂ ᠬᠤᠲᠠ ᠶᠢᠨ ᠠᠮᠤᠷ ᠲᠦᠪᠰᠢᠨ ᠢ ᠨᠥᠯᠥᠭᠡᠯᠡᠵᠦ ᠮᠡᠳᠡᠬᠦ ᠭᠠᠵᠠᠷ ᠤᠨ ᠭᠠᠳᠠᠷᠭᠤ ᠴᠥᠮᠥᠷᠡᠬᠦ᠂ | ᠭᠠᠵᠠᠷ ᠤᠨ ᠭᠠᠳᠠᠷᠭᠤ ᠴᠥᠮᠥᠷᠡᠬᠦ᠂ ᠬᠥᠷᠥᠰᠥ ᠰᠢᠷᠣᠶ ᠰᠢᠪᠡᠷᠡᠬᠦ ᠵᠡᠷᠭᠡ ᠭᠠᠮᠰᠢᠭ ᠡᠭᠦᠰᠬᠦ ᠠᠴᠠ ᠵᠠᠶᠢᠯᠠᠰᠬᠢᠨ᠎ᠡ᠃ | ᠵᠢᠷᠭᠤᠭ᠎ᠠ᠂ ᠬᠤᠲᠠ ᠶᠢᠨ ᠡᠳᠦᠷ ᠲᠤᠲᠤᠮ ᠤᠨ ᠭᠠᠵᠠᠷ ᠰᠢᠨᠵᠢᠯᠡᠭᠡᠨ ᠤ ᠠᠮᠤᠷ ᠲᠦᠪᠰᠢᠨ ᠤ | ᠲᠦᠭᠰᠢᠭᠦᠷᠢ ᠶᠢ ᠬᠢᠨᠠᠨ ᠬᠡᠮᠵᠢᠬᠦ ᠪᠠ ᠬᠠᠮᠢᠶᠠᠷᠤᠨ ᠡᠵᠡᠮᠳᠡᠬᠦ ᠶᠢ ᠴᠢᠩᠭᠠᠳᠬᠠᠨ᠎ᠠ᠃ ᠣᠷᠣᠨ ᠨᠤᠲᠤᠭ ᠤᠨ ᠠᠷᠠᠳ ᠤᠨ | ᠵᠠᠰᠠᠭ ᠤᠨ ᠣᠷᠳᠣᠨ ᠨᠢ ᠬᠠᠮᠢᠶ᠎ᠠ ᠪᠥᠬᠦᠶ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠪᠠᠶᠢᠭᠠᠳ ᠭᠠᠵᠠᠷ ᠤᠨ ᠠᠮᠤᠷ | ᠲᠦᠪᠰᠢᠨ ᠤ ᠲᠦᠭᠰᠢᠭᠦᠷᠢ ᠶᠢ ᠰᠤᠳᠤᠯᠤᠨ ᠮᠠᠭᠠᠳᠯᠠᠬᠤ᠂ ᠰᠢᠢᠳᠪᠦᠷᠢᠲᠦ ᠪᠣᠳᠣᠯᠭ᠎ᠠ ᠲᠣᠭᠲᠠᠭᠠᠵᠤ ᠦᠨᠡᠯᠡᠨ ᠵᠢᠱᠢᠬᠦ | ᠪᠠ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠶᠢᠨ ᠬᠠᠮᠵᠢᠯᠴᠠᠬᠤ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠡᠯ᠎ᠡ | ᠲᠠᠯ᠎ᠠ ᠶᠢᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠷᠢᠯᠢᠬᠵᠢᠭᠤᠯᠤᠨ ᠨᠠᠶᠢᠳᠠᠪᠤᠷᠢᠵᠢᠭᠤᠯᠤᠨ᠎ᠠ᠃ ᠬᠤᠲᠠ ᠶᠢᠨ | ᠭᠠᠵᠠᠷ ᠳᠣᠤᠷᠠᠬᠢ ᠣᠯᠠᠨ ᠨᠡᠶᠢᠲᠡ ᠶᠢᠨ ᠣᠷᠣᠨ ᠵᠠᠶ ᠶᠢᠨ ᠪᠠᠶᠢᠳᠠᠯ ᠢ ᠣᠶᠢᠯᠠᠭᠠᠬᠤ ᠪᠠᠶᠢᠴᠠᠭᠠᠯᠲᠠ ᠶᠢ ᠥᠷᠨᠢᠭᠦᠯᠵᠦ᠂ | ᠬᠢᠨᠠᠨ ᠬᠡᠮᠵᠢᠭᠰᠡᠨ ᠲᠤᠭ᠎ᠠ ᠪᠠᠷᠢᠮᠲᠠ᠂ ᠬᠠᠶᠢᠨ ᠬᠡᠮᠵᠢᠯᠲᠡ ᠶᠢᠨ ᠲᠤᠭ᠎ᠠ ᠪᠠᠷᠢᠮᠲᠠ᠂ ᠲᠡᠤᠬᠡ ᠶᠢᠨ ᠴᠥᠮᠥᠷᠡᠯᠲᠡ ᠶᠢᠨ | ᠲᠤᠭ᠎ᠠ ᠪᠠᠷᠢᠮᠲᠠ ᠵᠡᠷᠭᠡ ᠶᠢ ᠶᠡᠷᠦᠩᠬᠡᠶᠢᠯᠡᠨ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠬᠤᠯᠪᠣᠭᠳᠠᠯ ᠪᠥᠬᠦᠶ | ᠲᠣᠭᠲᠠᠭᠠᠯ ᠤᠨ ᠱᠠᠭᠠᠷᠳᠠᠯᠭ᠎ᠠ ᠶᠣᠰᠣᠭᠠᠷ᠂ ᠣᠯᠠᠨ ᠡᠬᠢ ᠳ᠋ᠠᠶᠢᠲ᠋ᠠ ᠶᠢ ᠬᠠᠮᠤᠷᠤᠭᠰᠠᠨ ᠲᠤᠭ᠎ᠠ ᠪᠠᠷᠢᠮᠲᠠ ᠶᠢ ᠬᠢᠨᠠᠨ | ᠬᠡᠮᠵᠢᠵᠦ ᠤᠷᠢᠳᠴᠢᠯᠠᠨ ᠰᠡᠷᠡᠮᠵᠢᠯᠡᠭᠦᠯᠵᠦ ᠬᠠᠮᠢᠶᠠᠷᠤᠨ ᠡᠵᠡᠮᠳᠡᠬᠦ ᠲᠠᠪᠴᠠᠩ ᠢ ᠪᠠᠶᠢᠭᠤᠯᠵᠤ᠂ ᠲᠤᠭ᠎ᠠ ᠪᠠᠷᠢᠮᠲᠠ ᠶᠢᠨ | ᠮᠡᠳᠡᠭᠡ ᠵᠠᠩᠭᠢ ᠶᠢ ᠬᠥᠳᠡᠯᠦᠩᠭᠦᠶ ᠪᠠᠷ ᠰᠢᠨᠡᠳᠬᠡᠬᠦ᠂ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ᠂ ᠴᠠᠭ | ᠲᠤᠬᠠᠶ ᠳᠤᠨᠢ ᠬᠢᠨᠠᠨ ᠡᠵᠡᠮᠳᠡᠬᠦ ᠶᠢ ᠪᠡᠶᠡᠯᠡᠭᠦᠯᠬᠦ ᠶᠢᠨ ᠬᠠᠮᠲᠤ ᠬᠤᠯᠪᠣᠭᠳᠠᠯ ᠪᠥᠬᠦᠶ ᠲᠠᠪᠴᠠᠩ᠂ ᠰᠢᠰᠲ᠋ᠧᠮ ᠯᠦᠭᠡ | ᠵᠣᠯᠭᠠᠭᠤᠯᠬᠤ ᠶᠢ ᠴᠢᠩᠭᠠᠳᠬᠠᠨ᠂ ᠣᠯᠠᠨ ᠲᠠᠯ᠎ᠠ ᠠᠴᠠ ᠣᠯᠠᠨ ᠪᠣᠯᠵᠣᠯᠲᠤ ᠲᠤᠭ᠎ᠠ ᠶᠢ ᠬᠢᠨᠠᠨ ᠬᠡᠮᠵᠢᠬᠦ ᠰᠢᠰᠲ᠋ᠧᠮ ᠢ | ᠪᠠᠶᠢᠭᠤᠯᠵᠤ᠂ ᠭᠠᠵᠠᠷ ᠤᠨ ᠭᠠᠳᠠᠷᠭᠤ ᠶᠢ ᠴᠥᠮᠥᠷᠡᠭᠦᠯᠵᠦ ᠤᠷᠢᠳᠴᠢᠯᠠᠨ ᠰᠡᠷᠡᠮᠵᠢᠯᠡᠭᠦᠯᠬᠦ ᠪᠠ ᠵᠠᠮ ᠤᠨ ᠭᠠᠵᠠᠷ | ᠳᠣᠤᠷᠠᠬᠢ ᠡᠪᠡᠳᠴᠢᠨ ᠬᠥᠨᠥᠭᠡᠯᠲᠦ ᠴᠣᠭᠴᠠ ᠶᠢ ᠴᠡᠭᠴᠡᠯᠡᠨ ᠵᠠᠰᠠᠬᠤ ᠶᠢ ᠰᠢᠨᠵᠢᠯᠡᠬᠦ ᠤᠬᠠᠭᠠᠨᠴᠢ ᠪᠠᠷ ᠵᠢᠯᠣᠭᠤᠳᠴᠤ | ᠂ ᠤᠷᠢᠳᠴᠢᠯᠠᠨ ᠰᠡᠷᠡᠮᠵᠢᠯᠡᠭᠦᠯᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠭᠠᠵᠠᠷ ᠳᠣᠤᠷᠠᠬᠢ ᠤᠰᠤ ᠪᠠ ᠭᠠᠵᠠᠷ ᠤᠨ | ᠢᠯᠴᠢ ᠶᠢᠨ ᠡᠬᠢ ᠪᠠᠶᠠᠯᠢᠭ ᠤᠨ ᠨᠡᠭᠡᠭᠡᠯᠲᠡ ᠶᠢᠨ ᠬᠥᠳᠡᠯᠦᠩᠭᠦᠶ ᠬᠢᠨᠠᠨ ᠬᠡᠮᠵᠢᠬᠦ ᠶᠢ ᠴᠢᠩᠭᠠᠳᠬᠠᠬᠤ ᠶᠢᠨ ᠬᠠᠮᠲᠤ | ᠬᠢᠨᠠᠨ ᠬᠡᠮᠵᠢᠭᠰᠡᠨ ᠦᠷ᠎ᠡ ᠳ᠋ᠦᠩ ᠢ ᠤᠷᠢᠳᠴᠢᠯᠠᠨ ᠰᠡᠷᠡᠮᠵᠢᠯᠡᠭᠦᠯᠵᠦ ᠬᠢᠨᠠᠨ ᠬᠡᠮᠵᠢᠵᠦ ᠬᠠᠮᠢᠶᠠᠷᠤᠨ ᠡᠵᠡᠮᠳᠡᠬᠦ | ᠲᠠᠪᠴᠠᠩ ᠳᠤ ᠵᠠᠯᠭᠠᠨ ᠣᠷᠣᠭᠤᠯᠤᠨ᠎ᠠ᠃ ᠭᠡᠨᠡᠳᠲᠡ ᠶᠢᠨ ᠭᠠᠵᠠᠷ ᠤᠨ ᠠᠮᠤᠷ ᠲᠦᠪᠰᠢᠨ ᠤ ᠬᠡᠷᠡᠭ ᠤᠨ ᠪᠠᠴᠢᠮ | ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠶᠢ ᠬᠠᠮᠵᠢᠯᠴᠠᠬᠤ ᠲᠣᠭᠲᠠᠴᠠ ᠶᠢ ᠪᠦᠷᠢᠨᠰᠢᠭᠦᠯᠵᠦ᠂ ᠬᠠᠮᠢᠶ᠎ᠠ ᠪᠦᠬᠦᠢ | ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠵᠢᠯ ᠢ ᠰᠠᠶᠢᠲᠤᠷ ᠵᠣᠬᠢᠶᠠᠨ ᠪᠠᠶᠢᠭᠤᠯᠤᠨ᠎ᠠ᠃ | ᠳᠣᠯᠤᠭ᠎ᠠ᠂ ᠬᠤᠲᠠ ᠶᠢᠨ ᠪᠠᠷᠢᠯᠭ᠎ᠠ ᠶᠢᠨ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠯᠲᠠ᠂ ᠭᠠᠵᠠᠷ ᠤᠨ ᠭᠠᠶ | ᠭᠠᠮᠰᠢᠭ ᠢ ᠰᠡᠷᠭᠡᠶᠢᠯᠡᠨ ᠵᠠᠰᠠᠬᠤ ᠪᠠ ᠡᠬᠢ ᠪᠠᠶᠠᠯᠢᠭ ᠢ ᠬᠠᠶᠢᠨ ᠪᠠᠶᠢᠴᠠᠭᠠᠵᠤ ᠨᠡᠭᠡᠭᠡᠨ ᠬᠥᠭᠵᠢᠭᠦᠯᠬᠦ ᠬᠠᠮᠢᠶ᠎ᠠ ᠪᠦᠬᠦᠢ | ᠪᠠᠷᠢᠮᠵᠢᠶ᠎ᠠ ᠶᠢ ᠲᠡᠭᠦᠯᠳᠡᠷᠵᠢᠭᠦᠯᠦᠨ᠎ᠡ᠃ ᠬᠤᠲᠠ ᠬᠥᠳᠡᠭᠡ ᠶᠢᠨ ᠲᠥᠯᠥᠪᠵᠢᠭᠦᠯᠭᠡ ᠶᠢᠨ ᠪᠠᠷᠢᠯᠭ᠎ᠠ ᠶᠢᠨ ᠭᠠᠵᠠᠷ | ᠰᠢᠨᠵᠢᠯᠡᠭᠡᠨ ᠤ ᠬᠠᠶᠢᠨ ᠪᠠᠶᠢᠴᠠᠭᠠᠯᠲᠠ ᠶᠢᠨ ᠵᠢᠷᠤᠮᠵᠢᠯ᠂ ᠠᠵᠤ ᠦᠢᠯᠡᠳᠪᠦᠷᠢ ᠬᠢᠭᠡᠳ ᠠᠷᠠᠳ ᠤᠨ ᠬᠡᠷᠡᠭᠯᠡᠭᠡᠨ ᠤ | ᠪᠠᠷᠢᠯᠭ᠎ᠠ ᠶᠢᠨ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠯᠲᠠ ᠶᠢᠨ ᠵᠢᠷᠤᠮᠵᠢᠯ᠂ ᠬᠤᠲᠠ ᠶᠢᠨ ᠭᠠᠵᠠᠷ ᠰᠢᠨᠵᠢᠯᠡᠭᠡᠨ ᠤ | ᠪᠠᠶᠢᠴᠠᠭᠠᠯᠲᠠ ᠶᠢᠨ ᠵᠢᠷᠤᠮᠵᠢᠯ᠂ ᠭᠠᠵᠠᠷ ᠰᠢᠨᠵᠢᠯᠡᠭᠡᠨ ᠤ ᠭᠠᠶ ᠭᠠᠮᠰᠢᠭ ᠤᠨ ᠠᠶᠤᠯᠲᠤ ᠴᠢᠨᠠᠷ ᠢ ᠦᠨᠡᠯᠡᠨ ᠵᠢᠱᠢᠬᠦ | ᠵᠢᠷᠤᠮᠵᠢᠯ᠂ ᠭᠠᠵᠠᠷ ᠳᠡᠭᠡᠷᠡᠬᠢ ᠰᠠᠭᠤᠭᠳᠠᠯ ᠬᠡᠮᠵᠢᠯᠲᠡ ᠶᠢᠨ ᠵᠢᠷᠤᠮᠵᠢᠯ᠂ ᠭᠠᠵᠠᠷ ᠰᠢᠨᠵᠢᠯᠡᠭᠡᠨ ᠤ ᠭᠠᠶ ᠭᠠᠮᠰᠢᠭ ᠢ | ᠰᠡᠷᠭᠡᠶᠢᠯᠡᠨ ᠵᠠᠰᠠᠬᠤ ᠢᠨᠵᠧᠨᠧᠷᠢᠩ ᠤᠨ ᠬᠢᠨᠠᠯᠲᠠ ᠬᠠᠮᠢᠶᠠᠷᠤᠯᠲᠠ ᠶᠢᠨ ᠵᠢᠷᠤᠮᠵᠢᠯ ᠵᠡᠷᠭᠡ ᠣᠲᠣ ᠶᠢᠨ ᠬᠡᠷᠡᠭᠵᠢᠭᠦᠯᠵᠦ | ᠪᠠᠶᠢᠭ᠎ᠠ ᠪᠠᠷᠢᠮᠵᠢᠶ᠎ᠠ ᠶᠢᠨ ᠬᠡᠷᠡᠭᠵᠢᠭᠦᠯᠦᠯᠲᠡ ᠪᠠ ᠰᠢᠨ᠎ᠡ ᠮᠡᠷᠭᠡᠵᠢᠯ ᠰᠢᠨ᠎ᠡ ᠠᠷᠭ᠎ᠠ ᠶᠢ ᠳᠡᠯᠭᠡᠷᠡᠭᠦᠯᠦᠨ ᠬᠡᠷᠡᠭᠯᠡᠬᠦ ᠶᠢ | ᠴᠢᠩᠭᠠᠳᠬᠠᠵᠤ᠂ ᠬᠤᠲᠠ ᠶᠢᠨ ᠭᠠᠵᠠᠷ ᠰᠢᠨᠵᠢᠯᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ | ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠭᠠᠵᠠᠷ ᠤᠨ ᠢᠯᠴᠢ ᠶᠢᠨ ᠡᠬᠢ ᠪᠠᠶᠠᠯᠢᠭ ᠤᠨ ᠭᠠᠵᠠᠷ | ᠰᠢᠨᠵᠢᠯᠡᠭᠡᠨ ᠤ ᠬᠠᠶᠢᠨ ᠪᠠᠶᠢᠴᠠᠭᠠᠬᠤ ᠵᠢᠷᠤᠮᠵᠢᠯ᠂ ᠭᠦᠶᠦᠭᠡᠨ ᠳᠠᠪᠬᠤᠷᠭ᠎ᠠ ᠶᠢᠨ ᠭᠠᠵᠠᠷ ᠤᠨ ᠢᠯᠴᠢ ᠶᠢᠨ ᠡᠨᠧᠷᠭᠢ ᠶᠢ | ᠬᠠᠶᠢᠨ ᠪᠠᠶᠢᠴᠠᠭᠠᠬᠤ ᠦᠨᠡᠯᠡᠯᠲᠡ ᠶᠢᠨ ᠵᠢᠷᠤᠮᠵᠢᠯ᠂ ᠭᠠᠵᠠᠷ ᠤᠨ ᠢᠯᠴᠢ ᠶᠢ ᠥᠷᠥᠮᠳᠡᠨ ᠬᠠᠶᠢᠬᠤ ᠮᠡᠷᠭᠡᠵᠢᠯ ᠤᠨ | ᠳᠦᠷᠢᠮ ᠵᠡᠷᠭᠡ ᠣᠲᠣ ᠶᠢᠨ ᠬᠡᠷᠡᠭᠵᠢᠭᠦᠯᠵᠦ ᠪᠠᠶᠢᠭ᠎ᠠ ᠪᠠᠷᠢᠮᠵᠢᠶ᠎ᠠ ᠶᠢᠨ ᠳᠣᠲᠣᠷᠠᠬᠢ ᠬᠤᠲᠠ ᠶᠢᠨ ᠭᠠᠵᠠᠷ | ᠰᠢᠨᠵᠢᠯᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ | ᠳᠡᠶᠢᠯᠬᠦ ᠥᠬᠡᠶ ᠠᠭᠤᠯᠭ᠎ᠠ ᠪᠠ ᠵᠦᠢᠯ ᠵᠤᠷᠪᠤᠰ ᠲᠤ ᠱᠠᠯᠠᠪᠳᠠᠨ ᠵᠠᠰᠠᠪᠤᠷᠢ ᠣᠷᠣᠭᠤᠯᠤᠨ ᠲᠡᠭᠦᠯᠳᠡᠷᠵᠢᠭᠦᠯᠦᠨ᠎ᠡ᠃ | ᠴᠢᠯᠠᠭᠤ ᠠᠭᠤᠰᠴᠤ ᠴᠥᠮᠥᠷᠡᠬᠦ ᠶᠢ ᠪᠠᠶᠢᠴᠠᠭᠠᠬᠤ ᠵᠢᠷᠤᠮᠵᠢᠯ᠂ ᠭᠠᠵᠠᠷ ᠤᠨ ᠢᠯᠴᠢ ᠶᠢ ᠡᠭᠡᠭᠦᠯᠦᠨ ᠤᠰᠤᠯᠠᠬᠤ | ᠮᠡᠷᠭᠡᠵᠢᠯ ᠤᠨ ᠵᠢᠷᠤᠮᠵᠢᠯ᠂ ᠭᠠᠵᠠᠷ ᠤᠨ ᠢᠯᠴᠢ ᠶᠢᠨ ᠡᠬᠢ ᠪᠠᠶᠠᠯᠢᠭ ᠤᠨ ᠬᠥᠳᠡᠯᠦᠩᠭᠦᠶ ᠬᠢᠨᠠᠨ ᠰᠢᠨᠵᠢᠯᠲᠡ ᠶᠢ | ᠵᠢᠷᠤᠮᠵᠢᠭᠤᠯᠬᠤ ᠬᠠᠮᠢᠶ᠎ᠠ ᠪᠥᠬᠦᠶ ᠪᠠᠷᠢᠮᠵᠢᠶ᠎ᠠ ᠶᠢ ᠲᠣᠭᠲᠠᠭᠠᠬᠤ ᠪᠠ ᠵᠠᠰᠠᠪᠤᠷᠢ ᠣᠷᠣᠭᠤᠯᠬᠤ ᠠᠵᠢᠯ ᠢ ᠲᠦᠷᠭᠡᠳᠬᠡᠨ | ᠠᠬᠢᠭᠤᠯᠵᠤ᠂ ᠪᠣᠬᠢᠷᠲᠤᠯ ᠥᠬᠡᠶ ᠬᠠᠶᠢᠨ ᠪᠠᠶᠢᠴᠠᠭᠠᠯᠲᠠ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢ | ᠴᠢᠩᠭᠠᠳᠬᠠᠨ᠂ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠪᠠ ᠡᠬᠢ ᠪᠠᠶᠠᠯᠢᠭ ᠢ ᠬᠠᠶᠢᠨ ᠪᠠᠶᠢᠴᠠᠭᠠᠵᠤ ᠨᠡᠭᠡᠭᠡᠨ | ᠬᠥᠭᠵᠢᠭᠦᠯᠬᠦ ᠶᠢᠨ ᠬᠤᠲᠠ ᠶᠢᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠳᠤ ᠦᠵᠡᠭᠦᠯᠬᠦ ᠨᠥᠯᠥᠭᠡ ᠪᠠ ᠠᠮᠤᠷ | ᠲᠦᠪᠰᠢᠨ ᠤ ᠲᠦᠭᠰᠢᠭᠦᠷᠢ ᠶᠢ ᠭᠦᠢᠴᠡᠳ ᠪᠣᠳᠣᠯᠬᠢᠯᠠᠨ᠎ᠠ᠃ | | ᠢᠷᠡᠯᠲᠡ᠄ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠰᠦᠯᠵᠢᠶ᠎ᠡ |