ᠮᠠᠨ ᠤ ᠣᠷᠣᠨ 3 ᠵᠢᠯ ᠳᠤ 1383.62 ᠳ᠋ᠦᠩᠰᠢᠭᠤᠷ ᠲᠥᠭᠦᠷᠢᠭ ᠤᠨ ᠡᠳ᠋ ᠤᠨ ᠬᠦᠴᠦᠨ ᠤ ᠴᠢᠨᠠᠷᠲᠠᠢ ᠰᠢᠯᠵᠢᠭᠦᠯᠦᠨ ᠥᠭᠬᠦ ᠪᠡᠯᠡ ᠮᠥᠩᠭᠦ ᠪᠠᠭᠤᠯᠭᠠᠵᠤ ᠬᠤᠪᠢᠰᠬᠠᠯ ᠤᠨ ᠬᠠᠭᠤᠴᠢᠨ ᠰᠠᠭᠤᠷᠢᠨ ᠤ ᠬᠥᠭᠵᠢᠯᠲᠡ ᠶᠢ ᠳᠡᠮᠵᠢᠪᠡ
ᠨᠡᠶᠢᠲᠡᠯᠡᠭᠰᠡᠨ ᠴᠠᠭ᠄
2024/5/8
      2021 – 2023 ᠣᠨ ᠳᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ 3 ᠵᠢᠯ ᠳᠤ ᠪᠥᠬᠦ ᠣᠷᠣᠨ ᠤ 49 ᠬᠤᠪᠢᠰᠬᠠᠯ ᠤᠨ ᠬᠠᠭᠤᠴᠢᠨ ᠰᠠᠭᠤᠷᠢᠨ ᠳᠤ ᠡᠳ᠋ ᠤᠨ ᠬᠦᠴᠦᠨ ᠤ ᠴᠢᠨᠠᠷᠲᠠᠢ ᠰᠢᠯᠵᠢᠭᠦᠯᠦᠨ ᠥᠭᠬᠦ ᠪᠡᠯᠡ ᠮᠥᠩᠭᠦ ᠶᠢ 1383.62 ᠳ᠋ᠦᠩᠰᠢᠭᠤᠷ ᠲᠥᠭᠦᠷᠢᠭ ᠪᠠᠭᠤᠯᠭᠠᠵᠤ᠂ ᠬᠤᠪᠢᠰᠬᠠᠯ ᠤᠨ ᠬᠠᠭᠤᠴᠢᠨ ᠰᠠᠭᠤᠷᠢᠨ ᠤ ᠬᠥᠭᠵᠢᠯᠲᠡ ᠶᠢ ᠦᠷᠭᠦᠯᠵᠢᠯᠡᠨ ᠳᠡᠮᠵᠢᠪᠡ᠃      ᠣᠶᠢᠷ᠎ᠠ ᠶᠢᠨ ᠵᠢᠯ ᠤᠳ ᠠᠴᠠ ᠨᠠᠭᠠᠰᠢ᠂ ᠥᠪᠥᠷ ᠮᠣᠩᠭᠤᠯ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠵᠤ᠂ ︽ᠰᠢᠨ᠎ᠡ ᠴᠠᠭ ᠦᠶ᠎ᠡ ᠳᠤ ᠬᠤᠪᠢᠰᠬᠠᠯ ᠤᠨ ᠬᠠᠭᠤᠴᠢᠨ ᠰᠠᠭᠤᠷᠢᠨ ᠢ ᠬᠥᠭᠵᠢᠭᠦᠯᠦᠨ ᠮᠠᠨᠳᠤᠭᠤᠯᠬᠤ ᠶᠢ ᠳᠡᠮᠵᠢᠬᠦ ᠲᠤᠬᠠᠢ ᠲᠦᠷᠦ ᠶᠢᠨ ᠶᠠᠪᠤᠳᠠᠯ ᠤᠨ ᠬᠤᠷᠢᠶᠠᠨ ᠤ ᠰᠠᠨᠠᠯ︾ ᠪᠣᠯᠣᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠴᠠᠭ ᠦᠶ᠎ᠡ ᠳᠤ ᠬᠤᠪᠢᠰᠬᠠᠯ ᠤᠨ ᠬᠠᠭᠤᠴᠢᠨ ᠰᠠᠭᠤᠷᠢᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠠᠷᠭ᠎ᠠ ᠬᠡᠮᠵᠢᠶ᠎ᠡ ᠨᠦᠭᠦᠳ ︵2021 – 2025︶︾ ᠢ ᠭᠦᠨᠵᠡᠭᠡᠢ ᠲᠤᠭᠤᠰᠢᠯᠠᠭᠤᠯᠵᠤ᠂ ᠡᠳ᠋ ᠤᠨ ᠵᠠᠰᠠᠭ ᠤᠨ ᠪᠡᠯᠡ ᠮᠥᠩᠭᠦ ᠶᠢᠨ ᠣᠷᠣᠭᠤᠯᠤᠯᠲᠠ ᠪᠠᠨ ᠨᠡᠮᠡᠭᠳᠡᠭᠦᠯᠦᠨ᠂ ᠬᠤᠪᠢᠰᠬᠠᠯ ᠤᠨ ᠬᠠᠭᠤᠴᠢᠨ ᠰᠠᠭᠤᠷᠢᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠬᠦᠴᠦᠨ ᠢᠶᠠᠷ ᠢᠶᠠᠨ ᠳᠡᠮᠵᠢᠪᠡ᠃      ᠶᠠᠳᠠᠭᠤ ᠠᠴᠠ ᠠᠩᠭᠢᠵᠢᠷᠠᠭᠤᠯᠤᠭᠰᠠᠨ ᠰᠢᠪᠲᠤᠯᠤᠯᠲᠠ ᠶᠢᠨ ᠦᠷ᠎ᠡ ᠪᠦᠲᠦᠭᠡᠯ ᠢᠶᠠᠨ ᠪᠠᠬᠢᠵᠢᠭᠦᠯᠬᠦ ᠶᠢ ᠳᠡᠮᠵᠢᠪᠡ – 2021 – 2023 ᠣᠨ ᠳᠤ᠂ ᠥᠪᠡᠷᠲᠡᠭᠡᠨ ᠵᠠᠰᠠᠬᠤ ᠣᠷᠣᠨ ᠪᠦᠬᠦ ᠣᠷᠣᠨ ᠤ 49 ᠬᠤᠪᠢᠰᠬᠠᠯ ᠤᠨ ᠬᠠᠭᠤᠴᠢᠨ ᠰᠠᠭᠤᠷᠢᠨ ᠳᠤ ᠶᠠᠳᠠᠭᠤ ᠠᠴᠠ ᠠᠩᠭᠢᠵᠢᠷᠠᠭᠤᠯᠤᠭᠰᠠᠨ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠤᠭᠰᠠᠨ ᠰᠢᠯᠵᠢᠭᠦᠯᠦᠨ ᠥᠭᠬᠦ ᠪᠡᠯᠡ ᠮᠥᠩᠭᠦ ᠶᠢ ᠨᠡᠶᠢᠳᠡ 157.12 ᠳ᠋ᠦᠩᠰᠢᠭᠤᠷ ᠲᠥᠭᠦᠷᠢᠭ ᠪᠠᠭᠤᠯᠭᠠᠵᠤ᠂ ᠬᠤᠪᠢᠰᠬᠠᠯ ᠤᠨ ᠬᠠᠭᠤᠴᠢᠨ ᠰᠠᠭᠤᠷᠢᠨ ᠤ ᠶᠠᠳᠠᠭᠤ ᠠᠴᠠ ᠠᠩᠭᠢᠵᠢᠷᠠᠭᠤᠯᠤᠭᠰᠠᠨ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠤᠨ ᠠᠬᠢᠭᠤᠯᠬᠤ ᠶᠢ ᠳᠡᠮᠵᠢᠪᠡ᠃      ᠣᠨᠴᠠᠯᠢᠭᠲᠤ ᠠᠵᠤ ᠦᠢᠯᠡᠰ ᠢᠶᠠᠨ ᠪᠤᠵᠠᠭᠠᠶᠢᠷᠠᠭᠤᠯᠬᠤ ᠶᠢ ᠳᠡᠮᠵᠢᠪᠡ – 2021 – 2023 ᠣᠨ ᠳᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠪᠡᠯᠡ ᠮᠥᠩᠭᠦ ᠪᠠᠭᠤᠯᠭᠠᠵᠤ᠂ ᠬᠥᠭᠵᠢᠯᠲᠡ ᠪᠠᠷ ᠠᠨᠠᠢ ᠬᠤᠪᠢᠰᠬᠠᠯ ᠤᠨ ᠬᠠᠭᠤᠴᠢᠨ ᠰᠠᠭᠤᠷᠢᠨ ᠤ ᠵᠢᠱᠢᠶ᠎ᠡ ᠦᠵᠡᠭᠦᠯᠬᠦ ᠣᠷᠣᠨ ᠳᠣᠲᠣᠷ᠎ᠠ ᠴᠢᠬᠤᠯᠠ ᠪᠦᠬᠦᠢ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠬᠦ ᠪᠠ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠰᠠᠭᠤᠷᠢ ᠪᠡᠯᠡᠳᠬᠡᠮᠵᠢ ᠶᠢᠨ ᠲᠥᠰᠥᠯ ᠤᠨ ᠪᠦᠲᠦᠭᠡᠨ ᠪᠠᠶᠢᠭᠤᠯᠤᠯᠲᠠ ᠬᠡᠷᠡᠭᠵᠢᠭᠦᠯᠬᠦ ᠶᠢ ᠳᠡᠮᠵᠢᠵᠦ᠂ ᠲᠠᠷᠢᠶᠠᠯᠠᠩ ᠤᠨ ᠣᠨᠴᠠᠯᠢᠭᠲᠤ ᠠᠵᠤ ᠦᠢᠯᠡᠰ ᠢ ᠬᠥᠭᠵᠢᠭᠦᠯᠬᠦ ᠳᠤ ᠬᠦᠴᠦᠨ ᠨᠡᠮᠡᠷᠢᠯᠡᠪᠡ᠃      ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠨ ᠰᠡᠷᠭᠦᠭᠡᠬᠦ ᠶᠢ ᠳᠡᠮᠵᠢᠪᠡ – ᠥᠪᠥᠷ ᠮᠣᠩᠭᠤᠯ ᠠᠭᠤᠯᠠ ᠤᠰᠤ ᠤᠢ ᠲᠠᠷᠢᠶ᠎ᠠ ᠨᠠᠭᠤᠷ ᠡᠪᠡᠰᠦ ᠡᠯᠡᠰᠦ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠡᠷᠭᠦᠭᠡᠬᠦ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠬᠤᠪᠢᠰᠬᠠᠯ ᠤᠨ ᠬᠠᠭᠤᠴᠢᠨ ᠰᠠᠭᠤᠷᠢᠨ ᠤ ᠠᠮᠢ ᠠᠬᠤᠢ ᠣᠷᠴᠢᠨ ᠲᠣᠭᠤᠷᠢᠨ ᠢ ᠰᠠᠶᠢᠵᠢᠷᠠᠭᠤᠯᠬᠤ ᠶᠢ ᠪᠦᠬᠦ ᠬᠦᠴᠦᠨ ᠢᠶᠠᠷ ᠢᠶᠠᠨ ᠳᠡᠮᠵᠢᠪᠡ᠃ 2021 – 2023 ᠣᠨ ᠳᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠬᠤᠪᠢᠰᠬᠠᠯ ᠤᠨ ᠬᠠᠭᠤᠴᠢᠨ ᠰᠠᠭᠤᠷᠢᠨ ︵ᠬᠤᠰᠢᠭᠤ ᠰᠢᠶᠠᠨ︶ ᠤ ᠣᠶ ᠰᠢᠭᠤᠢ ᠨᠤᠲᠤᠭ ᠪᠡᠯᠴᠢᠭᠡᠷ ᠤᠨ ᠪᠡᠯᠡ ᠮᠥᠩᠭᠦ ᠶᠢ 115.42 ᠳ᠋ᠦᠩᠰᠢᠭᠤᠷ ᠲᠥᠭᠦᠷᠢᠭ ᠪᠠᠭᠤᠯᠭᠠᠵᠤ᠂ ᠬᠤᠪᠢᠰᠬᠠᠯ ᠤᠨ ᠬᠠᠭᠤᠴᠢᠨ ᠰᠠᠭᠤᠷᠢᠨ ︵ᠬᠤᠰᠢᠭᠤ ᠰᠢᠶᠠᠨ︶ ᠤ ᠣᠶ ᠰᠢᠭᠤᠢ ᠨᠤᠲᠤᠭ ᠪᠡᠯᠴᠢᠭᠡᠷ ᠤᠨ ᠥᠭᠡᠷᠡᠴᠢᠯᠡᠯᠲᠡ ᠬᠥᠭᠵᠢᠯᠲᠡ ᠪᠠ ᠣᠶ ᠰᠢᠭᠤᠢ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢ ᠳᠡᠮᠵᠢᠬᠦ ᠳᠤ ᠬᠡᠷᠡᠭᠯᠡᠭᠦᠯᠪᠡ︔ ᠬᠤᠪᠢᠰᠬᠠᠯ ᠤᠨ ᠬᠠᠭᠤᠴᠢᠨ ᠰᠠᠭᠤᠷᠢᠨ ᠪᠠᠶᠢᠭ᠎ᠠ ᠠᠶᠢᠮᠠᠭ ᠬᠤᠲᠠ ᠶᠢᠨ ᠭᠤᠣᠯᠳᠠᠯᠭ᠎ᠠ ᠲᠠᠢ ᠠᠮᠢ ᠠᠬᠤᠢ ᠶᠢ ᠰᠡᠷᠭᠦᠭᠡᠨ ᠵᠠᠰᠠᠬᠤ ᠪᠡᠯᠡ ᠮᠥᠩᠭᠦ ᠶᠢ ᠪᠠᠭᠤᠯᠭᠠᠵᠤ᠂ ᠪᠠᠶᠠᠨᠨᠠᠭᠤᠷ ᠬᠤᠲᠠ ᠶᠢᠨ ᠤᠯᠠᠭᠠᠨᠰᠤᠬᠠᠢ ᠶᠢᠨ ᠰᠠᠪᠠ ᠭᠠᠵᠠᠷ ᠤᠨ ᠠᠭᠤᠯᠠ ᠤᠰᠤ ᠣᠶ ᠲᠠᠷᠢᠶ᠎ᠠ ᠨᠠᠭᠤᠷ ᠡᠪᠡᠰᠦ ᠶᠢᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠲᠤᠷᠰᠢᠯᠲᠠ ᠶᠢᠨ ᠴᠡᠭ ᠤᠨ ᠢᠨᠵᠧᠨᠧᠷᠢᠩ᠂ ᠲᠦᠩᠯᠢᠶᠣᠣ ᠬᠤᠲᠠ ᠶᠢᠨ ᠬᠤᠷᠴᠢᠨ ᠤ ᠲᠠᠯ᠎ᠠ ᠨᠤᠲᠤᠭ ᠤᠨ ᠠᠭᠤᠯᠠ ᠤᠰᠤ ᠣᠶ ᠲᠠᠷᠢᠶ᠎ᠠ ᠨᠠᠭᠤᠷ ᠡᠪᠡᠰᠦ ᠡᠯᠡᠰᠦ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠡᠷᠭᠦᠭᠡᠬᠦ ᠲᠥᠰᠥᠯ ᠤᠨ ᠢᠨᠵᠧᠨᠧᠷᠢᠩ ᠵᠢᠴᠢ ᠥᠩᠭᠡᠷᠡᠭᠰᠡᠨ ᠠᠴᠠ ᠦᠯᠡᠳᠡᠭᠳᠡᠵᠦ ᠢᠷᠡᠭᠰᠡᠨ ᠬᠠᠶᠠᠭᠳᠠᠮᠠᠯ ᠠᠭᠤᠷᠬᠠᠢ ᠶᠢ ᠰᠡᠷᠭᠦᠭᠡᠨ ᠵᠠᠰᠠᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠳᠡᠮᠵᠢᠬᠦ ᠳᠤ ᠬᠡᠷᠡᠭᠯᠡᠭᠦᠯᠪᠡ᠃      ᠬᠤᠪᠢᠰᠬᠠᠯ ᠤᠨ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢ ᠳᠡᠮᠵᠢᠪᠡ – 2021 – 2023 ᠣᠨ ᠳᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠲᠤᠰᠬᠠᠢ ᠪᠡᠯᠡ ᠮᠥᠩᠭᠦ ᠲᠣᠬᠢᠷᠠᠭᠤᠯᠵᠤ᠂ ᠬᠤᠪᠢᠰᠬᠠᠯ ᠤᠨ ᠬᠠᠭᠤᠴᠢᠨ ᠰᠠᠭᠤᠷᠢᠨ ᠤ ᠤᠯᠤᠰ ᠪᠠ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠲᠥᠰᠥᠯ ᠤᠨ ᠠᠵᠢᠯ ᠤᠨ ᠤᠷᠤᠭᠰᠢᠲᠠᠢ ᠥᠷᠨᠢᠬᠦ ᠶᠢ ᠳᠡᠮᠵᠢᠪᠡ︔ ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ ᠬᠥᠭᠵᠢᠯᠲᠡ ᠶᠢᠨ ᠪᠡᠯᠡ ᠮᠥᠩᠭᠦ ᠶᠢ ᠲᠣᠬᠢᠷᠠᠭᠤᠯᠵᠤ᠂ ᠬᠤᠪᠢᠰᠬᠠᠯ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠤ ᠲᠥᠰᠥᠯ ᠤᠨ ᠬᠥᠭᠵᠢᠯᠲᠡ ᠶᠢ ᠳᠡᠮᠵᠢᠵᠦ᠂ ᠬᠤᠪᠢᠰᠬᠠᠯ ᠤᠨ ᠵᠢᠭᠤᠯᠴᠢᠯᠠᠯ ᠤᠨ ᠦᠢᠯᠡᠰ ᠢᠶᠠᠷ ᠬᠤᠪᠢᠰᠬᠠᠯ ᠤᠨ ᠬᠠᠭᠤᠴᠢᠨ ᠰᠠᠭᠤᠷᠢᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠪᠡ᠃      ᠨᠡᠶᠢᠲᠡ ᠶᠢᠨ ᠦᠢᠯᠡᠴᠢᠯᠡᠭᠡᠨ ᠤ ᠳᠤᠲᠠᠭᠳᠠᠯ ᠢ ᠨᠥᠬᠦᠪᠦᠷᠢᠯᠡᠪᠡ – 2021 – 2023 ᠣᠨ ᠳᠤ᠂ ᠥᠪᠥᠷ ᠮᠣᠩᠭᠤᠯ ᠨᠢ ᠬᠤᠪᠢᠰᠬᠠᠯ ᠤᠨ ᠬᠠᠭᠤᠴᠢᠨ ᠰᠠᠭᠤᠷᠢᠨ ᠤ ᠲᠥᠪ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠤᠰᠬᠠᠢ ᠬᠤᠨᠵᠢᠪᠤᠷᠢᠲᠤ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ ᠶᠢ ᠪᠠᠭᠤᠯᠭᠠᠵᠤ᠂ ᠰᠣᠶᠣᠯ ᠪᠡᠶ᠎ᠡ ᠶᠢᠨ ᠲᠠᠮᠢᠷ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠨᠡᠶᠢᠲᠡ ᠶᠢᠨ ᠠᠰᠠᠷᠠᠮᠵᠢ ᠶᠢᠨ ᠦᠢᠯᠡᠰ ᠢ ᠬᠥᠭᠵᠢᠭᠦᠯᠬᠦ ᠳᠤ ᠲᠤᠰᠬᠠᠶᠢᠯᠠᠨ ᠬᠡᠷᠡᠭᠯᠡᠭᠦᠯᠵᠦ᠂ ᠤᠯᠠᠨ ᠲᠦᠮᠡᠨ ᠤ ᠨᠢᠳᠦᠨ ᠳᠤ ᠦᠵᠡᠭᠳᠡᠬᠦ᠂ ᠭᠠᠷ ᠲᠤ ᠪᠠᠷᠢᠭᠳᠠᠬᠤ᠂ ᠰᠢᠭᠤᠳ ᠠᠰᠢᠭ ᠬᠦᠷᠳᠡᠬᠦ ᠨᠢᠭᠡ ᠪᠦᠯᠦᠭ ᠠᠷᠠᠳ ᠤᠨ ᠠᠮᠢᠳᠤᠷᠠᠯ ᠤᠨ ᠲᠥᠰᠥᠯ ᠢ ᠬᠦᠴᠦ ᠪᠠᠨ ᠲᠥᠪᠯᠡᠷᠡᠭᠦᠯᠦᠨ ᠳᠡᠮᠵᠢᠪᠡ᠃      ︽ᠳᠠᠷᠠᠭ᠎ᠠ ᠪᠠᠷ ᠥᠪᠥᠷ ᠮᠣᠩᠭᠤᠯ ᠬᠤᠪᠢᠰᠬᠠᠯ ᠤᠨ ᠬᠠᠭᠤᠴᠢᠨ ᠰᠠᠭᠤᠷᠢᠨ ᠢ ᠳᠡᠮᠵᠢᠬᠦ ᠢᠶᠠᠨ ᠦᠷᠭᠦᠯᠵᠢᠯᠡᠨ ᠡᠷᠴᠢᠮᠵᠢᠭᠦᠯᠵᠦ᠂ ᠲᠡᠳᠡᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠬᠠᠭᠤᠴᠢᠨ ᠰᠠᠭᠤᠷᠢᠨ ᠤ ᠣᠷᠣᠨ ᠤ ᠠᠷᠠᠳ ᠲᠦᠮᠡᠨ ᠢ ᠬᠠᠪᠰᠤᠷᠤᠨ ᠠᠮᠢᠳᠤᠷᠠᠯ ᠤᠨ ᠲᠦᠪᠰᠢᠨ ᠢ ᠨᠢ ᠴᠢᠨᠠᠭᠰᠢᠳᠠ ᠳᠡᠭᠡᠭᠰᠢᠯᠡᠭᠦᠯᠦᠨ᠎ᠡ᠃︾ ᠭᠡᠵᠦ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠡᠯᠡᠪᠡ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1