︽ᠰᠢᠶᠠᠨ ᠤ ᠬᠡᠪᠴᠢᠶᠡᠨ ᠤ ᠬᠥᠭᠵᠢᠯᠲᠡ ᠳᠤ ᠬᠦᠴᠦᠨ ᠨᠡᠮᠡᠷᠢᠯᠡᠵᠦ᠂ ᠵᠠᠯᠠᠭᠤ ᠨᠠᠰᠤᠨ ᠤ ᠬᠦᠴᠦᠨ ᠴᠢᠳᠠᠯ ᠢᠶᠠᠨ ᠡᠷᠭᠦᠶ᠎ᠡ︾ ᠵᠠᠯᠠᠭᠤ ᠠᠵᠤ ᠠᠬᠤᠶᠢᠯᠠᠯᠲᠠᠨ ᠤ ᠵᠠᠭᠤᠨ ᠰᠢᠶᠠᠨ ᠤ ᠠᠶᠠᠯᠠᠯ ᠤᠨ ᠠᠵᠢᠯᠯᠠᠭ᠎ᠠ ᠠᠮᠵᠢᠯᠲᠠ ᠲᠠᠢ ᠡᠷᠬᠢᠯᠡᠪᠡ
ᠨᠡᠶᠢᠲᠡᠯᠡᠭᠰᠡᠨ ᠴᠠᠭ᠄
2024/6/11
      6 ᠳ᠋ᠤᠭᠠᠷ ᠰᠠᠷ᠎ᠠ ᠶᠢᠨ 7 ᠤ ᠡᠳᠦᠷ᠂ ᠥᠪᠡᠷᠲᠡᠭᠡᠨ ᠵᠠᠰᠠᠬᠤ ᠣᠷᠣᠨ ᠤ ᠡᠪᠯᠡᠯ ᠤᠨ ᠬᠤᠷᠢᠶ᠎ᠠ᠂ ᠥᠪᠥᠷ ᠮᠣᠩᠭᠤᠯ ᠤᠨ ᠵᠠᠯᠠᠭᠤᠴᠤᠳ ᠤᠨ ᠠᠳᠠᠯ ᠦᠢᠯᠡᠰ ᠴᠣᠭᠴᠠᠯᠠᠨ ᠠᠵᠢᠯ ᠣᠯᠭᠤᠬᠤ ᠦᠢᠯᠡᠴᠢᠯᠡᠭᠡᠨ ᠤ ᠲᠥᠪ᠂ ᠥᠪᠥᠷ ᠮᠣᠩᠭᠤᠯ ᠤᠨ ᠵᠠᠯᠠᠭᠤ ᠠᠵᠤ ᠠᠬᠤᠶᠢᠯᠠᠯᠳᠠᠨ ᠤ ᠨᠡᠢᠭᠡᠮᠯᠢᠭ᠂ ᠬᠥᠬᠡᠬᠤᠲᠠ ᠶᠢᠨ ᠵᠠᠯᠠᠭᠤ ᠠᠵᠤ ᠠᠬᠤᠶᠢᠯᠠᠯᠳᠠᠨ ᠤ ᠨᠡᠢᠭᠡᠮᠯᠢᠭ ᠬᠥᠬᠡᠬᠤᠲᠠ ᠶᠢᠨ ᠲᠣᠭᠲᠠᠬᠤ  ᠰᠢᠶᠠᠨ ᠳᠤ ︽ᠰᠢᠶᠠᠨ ᠤ ᠬᠡᠪᠴᠢᠶᠡᠨ ᠤ ᠬᠥᠭᠵᠢᠯᠲᠡ ᠶᠢ ᠠᠬᠢᠭᠤᠯᠵᠤ᠂ ᠵᠠᠯᠠᠭᠤ ᠠᠵᠤ ᠠᠬᠤᠶᠢᠯᠠᠯᠳᠠᠨ ᠤ ᠵᠠᠭᠤᠨ ᠰᠢᠶᠠᠨ ᠤ ᠠᠶᠠᠯᠠᠯ ᠤᠨ ᠠᠵᠢᠯᠯᠠᠭ᠎ᠠ ᠶᠢ ᠥᠷᠨᠢᠭᠦᠯᠪᠡ᠃      ᠪᠠᠶᠢᠴᠠᠭᠠᠨ ᠰᠤᠳᠤᠯᠬᠤ ᠳᠤᠭᠤᠶᠢᠯᠠᠩ ᠤᠷᠢᠳ ᠬᠤᠵᠢᠳ ᠱᠧᠨ ᠵᠧᠦ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠥᠪᠥᠷ ᠮᠣᠩᠭᠤᠯ ᠤᠨ ᠶᠢᠨ ᠳ᠋ᠠ ᠸᠧᠢ ᠡᠮ ᠤᠨ ᠦᠢᠯᠡᠰ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠪᠠᠢ ᠺᠧ ᠠᠮᠢᠳᠤ ᠪᠣᠳᠠᠰ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠶᠢᠨ ᠾᠧ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠵᠢᠦ ᠲᠠᠢ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠳᠤ ᠬᠦᠷᠴᠡᠢ      ᠲᠣᠭᠲᠠᠬᠤ ᠰᠢᠶᠠᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠲᠠᠨᠢᠯᠴᠠᠭᠤᠯᠬᠤ ᠬᠤᠷᠠᠯ ᠳᠡᠭᠡᠷ᠎ᠡ᠂ ᠲᠣᠭᠲᠠᠬᠤ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠭᠰᠠᠳ ᠲᠤ ᠲᠣᠭᠲᠠᠬᠤ ᠰᠢᠶᠠᠨ ᠤ ᠰᠢᠶᠠᠨ ᠤ ᠬᠡᠪᠴᠢᠶᠡᠨ ᠤ ᠪᠠᠶᠢᠳᠠᠯ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠲᠠᠨᠢᠯᠴᠠᠭᠤᠯᠪᠠ᠃ ᠲᠣᠰ ᠤᠳᠠᠭᠠᠨ ᠤ ︽ᠵᠠᠯᠠᠭᠤ ᠠᠵᠤ ᠠᠬᠤᠶᠢᠯᠠᠯᠲᠠᠨ ᠤ ᠨᠡᠶᠢᠭᠡᠮᠯᠢᠭ ᠤᠨ ᠵᠠᠭᠤᠨ ᠰᠢᠶᠠᠨ ᠤ ᠠᠶᠠᠯᠠᠯ︾ ᠤᠨ ᠠᠵᠢᠯᠯᠠᠭ᠎ᠠ ᠪᠠᠷ ᠳᠠᠮᠵᠢᠭᠤᠯᠤᠨ᠂ ᠵᠠᠯᠠᠭᠤ ᠠᠵᠤ ᠠᠬᠤᠶᠢᠯᠠᠯᠲᠠᠨ ᠢ ᠬᠤᠰᠢᠭᠤ ᠰᠢᠶᠠᠨ ᠲᠣᠭᠤᠷᠢᠭ ᠲᠤ ᠳᠠᠭᠠᠭᠤᠯᠵᠤ᠂ ᠠᠵᠤ ᠠᠬᠤᠶᠢᠯᠠᠯᠲᠠᠨ ᠬᠢᠭᠡᠳ ᠬᠤᠰᠢᠭᠤ ᠰᠢᠶᠠᠨ ᠤ ᠰᠣᠯᠢᠯᠴᠠᠭᠠᠨ ᠤ ᠲᠠᠪᠴᠠᠩ ᠢ ᠪᠠᠶᠢᠭᠤᠯᠵᠤ᠂ ᠭᠡᠰᠢᠭᠦᠳ ᠬᠢᠭᠡᠳ ᠵᠠᠰᠠᠭ ᠤᠨ ᠣᠷᠳᠣᠨ ᠤ ᠲᠥᠷᠥᠯ ᠵᠦᠢᠯ ᠂ ᠪᠡᠯᠡ ᠮᠥᠩᠭᠦ᠂ ᠮᠡᠷᠭᠡᠵᠢᠯ᠂ ᠴᠢᠳᠠᠪᠤᠷᠢᠲᠠᠨ ᠵᠡᠷᠭᠡ ᠲᠠᠯ᠎ᠠ ᠶᠢᠨ ᠬᠠᠮᠲᠤᠷᠠᠯᠴᠠᠭᠠᠨ ᠤ ᠠᠷᠭ᠎ᠠ ᠵᠠᠮ ᠢ ᠥᠷᠭᠡᠳᠬᠡᠬᠦ ᠶᠢ ᠬᠦᠰᠡᠵᠦ ᠪᠠᠶᠢᠨ᠎ᠠ᠃ ᠶᠠᠷᠢᠯᠴᠠᠬᠤ ᠬᠤᠷᠠᠯ ᠳᠡᠭᠡᠷ᠎ᠡ᠂ ᠥᠪᠥᠷ ᠮᠣᠩᠭᠤᠯ ᠤᠨ ᠵᠢᠦ ᠲᠠᠢ ᠲᠦᠷᠦᠯ ᠵᠦᠢᠯ ᠤᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠸᠠᠩ ᠮᠧᠩ᠂ ᠥᠪᠥᠷ ᠮᠣᠩᠭᠤᠯ ᠤᠨ ᠭᠦᠸᠧ ᠺᠧ ᠰᠣᠶᠣᠯ ᠤᠨ ᠳᠠᠮᠵᠢᠭᠤᠯᠭ᠎ᠠ ᠶᠢᠨ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠦ᠋ ᠰᠢᠶᠤᠤ ᠯᠦᠩ᠂ ᠥᠪᠥᠷ ᠮᠣᠩᠭᠤᠯ ᠤᠨ ᠳ᠋ᠦᠩ ᠳ᠋ᠡ ᠮᠣᠩᠭᠤᠯ ᠸᠠᠩ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠳᠡᠳ᠋ ᠶᠡᠷᠦᠩᠬᠡᠢ ᠳᠠᠭᠠᠭᠠᠮᠠᠯ ᠴᠧᠩ ᠰᠢᠶᠤᠤ ᠹᠧᠩ ᠵᠡᠷᠭᠡ ᠠᠵᠤ ᠠᠬᠤᠶᠢᠯᠠᠯᠲᠠᠳ ᠲᠤᠰ ᠲᠤᠰ ᠤᠨ ᠠᠵᠤ ᠠᠬᠤᠶᠢᠯᠠᠯ ᠤᠨ ᠬᠥᠭᠵᠢᠯᠲᠡ ᠶᠢᠨ ᠪᠠᠶᠢᠳᠠᠯ᠂ ᠬᠥᠭᠵᠢᠯᠲᠡ ᠶᠢ ᠠᠬᠢᠭᠤᠯᠵᠤ ᠪᠣᠯᠬᠤ ᠲᠦᠷᠦᠯ ᠵᠦᠢᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠠᠪᠤᠴᠠ ᠳᠤ ᠭᠠᠵᠠᠷ ᠣᠷᠣᠨ ᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠬᠡᠷᠬᠢᠨ ᠨᠡᠩ ᠰᠠᠶᠢᠨ ᠠᠬᠢᠭᠤᠯᠬᠤ ᠵᠡᠷᠭᠡ ᠠᠭᠤᠯᠭ᠎ᠠ ᠶᠢᠨ ᠲᠣᠭᠤᠷᠢᠨ ᠳᠤ ᠰᠠᠨᠠᠯ ᠢᠶᠠᠨ ᠭᠦᠨᠵᠡᠭᠡᠢ ᠰᠣᠯᠢᠯᠴᠠᠪᠠ᠃    ᠠᠵᠤ ᠠᠬᠤᠶᠢᠯᠠᠯᠲᠠᠳ᠂ ︽ᠵᠠᠯᠠᠭᠤ ᠠᠵᠤ ᠠᠬᠤᠶᠢᠯᠠᠯᠲᠠᠨ ᠤ ᠨᠡᠶᠢᠭᠡᠮᠯᠢᠭ ᠤᠨ ᠵᠠᠭᠤᠨ ᠰᠢᠶᠠᠨ ᠤ ᠠᠶᠠᠯᠠᠯ︾ ᠤᠨ ᠠᠵᠢᠯᠯᠠᠭ᠎ᠠ ᠳᠤ ᠠᠵᠤ ᠠᠬᠤᠶᠢᠯᠠᠯᠲᠠᠨ ᠤ ᠠᠭᠤᠰᠤᠯᠴᠠᠨ ᠬᠠᠷᠢᠯᠴᠠᠨ ᠬᠠᠪᠰᠤᠷᠤᠯᠴᠠᠬᠤ᠂ ᠬᠠᠷᠢᠯᠴᠠᠨ ᠰᠤᠷᠤᠯᠴᠠᠬᠤ ᠲᠠᠪᠴᠠᠩ ᠢ ᠪᠠᠶᠢᠭᠤᠯᠵᠤ᠂ ᠠᠵᠤ ᠠᠬᠤᠶᠢᠯᠠᠯᠲᠠᠨ ᠤ ᠨᠡᠪᠲᠡᠷᠡᠯᠴᠡᠭᠡ ᠰᠣᠯᠢᠯᠴᠠᠭᠠᠨ ᠤ ᠠᠷᠭ᠎ᠠ ᠵᠠᠮ ᠢ ᠥᠷᠭᠡᠳᠬᠡᠵᠦ᠂ ᠠᠵᠤ ᠠᠬᠤᠶᠢᠯᠠᠯ ᠪᠣᠯᠤᠨ ᠵᠠᠯᠠᠭᠤ ᠠᠵᠤ ᠠᠬᠤᠶᠢᠯᠠᠯᠲᠠᠨ ᠤ ᠬᠤᠭᠤᠷᠣᠨᠳᠣᠬᠢ ᠰᠣᠯᠢᠯᠴᠠᠭ᠎ᠠ ᠪᠣᠯᠤᠨ ᠬᠠᠮᠲᠤᠷᠠᠯᠴᠠᠭ᠎ᠠ ᠶᠢ ᠠᠬᠢᠭᠤᠯᠵᠤ᠂ ᠬᠤᠶᠢᠰᠢᠳᠠ ᠡᠶᠢᠮᠦᠷᠬᠦ ᠠᠵᠢᠯᠯᠠᠭ᠎ᠠ ᠪᠠᠷ ᠳᠠᠮᠵᠢᠭᠤᠯᠤᠨ ᠬᠠᠮᠲᠤ ᠪᠠᠷ ᠪᠠᠶᠢᠭᠤᠯᠬᠤ ᠶᠢ ᠪᠡᠶᠡᠯᠡᠭᠦᠯᠵᠦ᠂ ᠲᠡᠷᠢᠭᠦᠨ ᠤ ᠮᠡᠷᠭᠡᠵᠢᠯ ᠪᠣᠯᠤᠨ ᠬᠠᠮᠢᠶᠠᠷᠤᠯᠲᠠ ᠶᠢᠨ ᠲᠤᠷᠰᠢᠯᠭ᠎ᠠ ᠶᠢ ᠣᠷᠣᠭᠤᠯᠤᠨ ᠠᠪᠴᠢᠷᠠᠵᠤ᠂ ᠵᠠᠬ᠎ᠠ ᠳᠡᠯᠭᠡᠭᠦᠷ ᠤᠨ ᠬᠤᠪᠢ ᠶᠢᠨ ᠲᠤᠭ᠎ᠠ ᠪᠣᠯᠤᠨ ᠠᠵᠤ ᠠᠬᠤᠢ ᠶᠢᠨ ᠦᠷ᠎ᠡ ᠠᠰᠢᠭ ᠢ ᠥᠷᠭᠡᠳᠬᠡᠵᠦ᠂ ᠡᠯ᠎ᠡ ᠬᠦᠷᠢᠶᠡᠨ ᠤ ᠰᠤᠳᠤᠯᠤᠨ ᠨᠡᠭᠡᠭᠡᠬᠦ ᠠᠷᠭ᠎ᠠ ᠵᠠᠮ ᠢ ᠰᠦᠪᠡᠭᠴᠢᠯᠡᠨ ᠦᠢᠯᠡᠳᠦᠯᠭᠡᠵᠢᠭᠦᠯᠵᠦ᠂ ᠰᠢᠶᠠᠨ ᠤ ᠬᠡᠪᠴᠢᠶᠡᠨ ᠤ ᠠᠵᠤ ᠠᠬᠤᠢ ᠶᠢᠨ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ ᠭᠡᠵᠦ ᠢᠯᠡᠳᠬᠡᠵᠡᠭᠡᠪᠡ᠃      ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠵᠠᠯᠠᠭᠤ ᠠᠵᠤ ᠠᠬᠤᠶᠢᠯᠠᠯᠲᠠᠨ ᠤ ᠨᠡᠶᠢᠭᠡᠮᠯᠢᠭ ᠨᠢ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠳᠤ ᠤᠯᠠᠮ ᠨᠢᠭᠡ ᠠᠯᠬᠤᠮ ᠠᠩᠬᠠᠷᠤᠯ ᠢᠶᠠᠨ ᠲᠥᠪᠯᠡᠷᠡᠭᠦᠯᠵᠦ᠂ ︽ᠰᠢᠨ᠎ᠡ ᠵᠠᠮ ᠢ ᠨᠡᠭᠡᠭᠡᠵᠦ᠂ ᠳᠤᠮᠳᠠ ᠤᠷᠤᠰᠬᠠᠯ ᠳᠤ ᠣᠷᠣᠬᠤ︾ ᠲᠡᠮᠡᠴᠡᠬᠦ ᠬᠠᠷᠠᠯᠲᠠ ᠶᠢᠨ ᠲᠣᠭᠤᠷᠢᠨ ᠳᠤ᠂ ᠬᠤᠰᠢᠭᠤ ᠰᠢᠶᠠᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠣᠳᠠᠲᠠᠶ ᠡᠭᠦᠷᠭᠡ ᠶᠢᠨ ᠲᠣᠭᠤᠷᠢᠨ ᠳᠤ᠂ ᠥᠷᠭᠡᠨ ᠣᠯᠠᠨ ᠵᠠᠯᠠᠭᠤ ᠠᠵᠤ ᠠᠬᠤᠶᠢᠯᠠᠯᠲᠠᠨ ᠢ ᠥᠷᠭᠡᠨ ᠢᠶᠠᠷ ᠳᠠᠶᠢᠴᠢᠯᠠᠨ ᠰᠤᠷᠪᠤᠯᠵᠢᠯᠠᠨ ᠰᠣᠯᠢᠯᠴᠠᠵᠤ᠂ ᠯᠠᠪᠳᠠᠭᠤᠨ ᠪᠠᠲᠤᠲᠠᠶ ᠠᠵᠢᠯᠯᠠᠵᠤ᠂ ᠰᠢᠷᠭᠠᠭᠤ ᠬᠠᠲᠠᠭᠤᠵᠢᠯᠲᠠᠶ ᠠᠵᠢᠯᠯᠠᠵᠤ᠂ ᠰᠢᠶᠠᠨ ᠤ ᠬᠡᠪᠴᠢᠶᠡᠨ ᠤ ᠠᠵᠤ ᠠᠬᠤᠶ ᠶᠢᠨ ᠬᠥᠭᠵᠢᠯᠲᠡ ᠳᠤ ᠬᠦᠴᠦᠨ ᠨᠡᠮᠡᠷᠢᠯᠡᠬᠦ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠦᠨ᠎ᠡ᠃ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠤᠨ ᠶᠦᠨ ᠵᠥᠩ ᠬᠠᠮ ᠵᠠᠭᠤᠴᠢᠯᠠᠭᠤᠷ    
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1