ᠣᠶᠢᠷ᠎ᠠ ᠶᠢᠨ ᠵᠢᠯ ᠤᠳ ᠲᠤ᠂ ᠬᠥᠬᠡᠬᠤᠲᠠ ᠶᠢᠨ ᠲᠣᠭᠲᠠᠬᠤ ᠰᠢᠶᠠᠨ ᠬᠤᠳᠠᠯᠳᠤᠭ᠎ᠠ ᠡᠷᠭᠢᠯᠡᠬᠦ ᠣᠷᠴᠢᠨ | ᠨᠥᠬᠦᠴᠡᠯ ᠪᠠ ᠠᠵᠤ ᠦᠢᠯᠡᠰ ᠤᠨ ᠪᠦᠲᠦᠴᠡ ᠶᠢ ᠦᠷᠭᠦᠯᠵᠢᠯᠡᠨ ᠰᠢᠯᠢᠳᠡᠭᠵᠢᠭᠦᠯᠬᠦ᠂ ᠲᠥᠷᠥᠯ ᠵᠦᠢᠯ ᠤᠨ | ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠬᠦ᠂ ᠪᠤᠶᠢᠵᠢᠭᠤᠯᠬᠤ ᠢᠨᠵᠧᠨᠧᠷᠢᠩ ᠢ ᠲᠦᠷᠭᠡᠳᠬᠡᠨ | ᠳᠡᠭᠡᠭᠰᠢᠯᠡᠭᠦᠯᠬᠦ ᠶᠢ ᠳᠥᠯᠭᠢᠨ ᠠᠬᠢᠭᠤᠯᠪᠠ ᠁ ᠡᠯ᠎ᠡ ᠵᠦᠢᠯ ᠤᠨ ᠠᠵᠤ ᠠᠬᠤᠢ ᠶᠢᠨ ᠭᠦᠢᠴᠡᠳᠭᠡᠯ ᠲᠤᠭ᠎ᠠ | ᠲᠣᠭᠲᠠᠭᠤᠨ ᠪᠠᠶᠢᠬᠤ ᠶᠢᠨ ᠵᠡᠷᠭᠡ ᠳᠤ ᠠᠬᠢᠯᠲᠠ ᠲᠠᠢ ᠪᠣᠯᠵᠤ᠂ ᠲᠥᠷᠥ ᠶᠢᠨ ᠪᠣᠳᠣᠯᠭ᠎ᠠ ᠪᠠ ᠦᠷᠭᠦᠯᠵᠢᠯᠡᠭᠦᠯᠬᠦ | ᠠᠷᠭ᠎ᠠ ᠬᠡᠮᠵᠢᠶ᠎ᠡ ᠦᠷᠭᠦᠯᠵᠢᠯᠡᠨ ᠦᠷ᠎ᠡ ᠪᠦᠲᠦᠮᠵᠢ ᠣᠯᠪᠠ᠃ 2024 ᠣᠨ ᠤ ᠨᠢᠭᠡᠳᠦᠭᠡᠷ ᠤᠯᠠᠷᠢᠯ ᠳᠤ᠂ ᠪᠦᠬᠦ | ᠰᠢᠶᠠᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠠᠳᠠᠯᠢ | ᠬᠤᠭᠤᠴᠠᠭᠠᠨ ᠤ ᠬᠢ ᠠᠴᠠ 29.7% ᠪᠠᠷ ᠨᠡᠮᠡᠭᠳᠡᠵᠦ᠂ ᠠᠵᠤ ᠦᠢᠯᠡᠳᠪᠦᠷᠢ ᠶᠢᠨ ᠦᠢᠯᠡᠳᠪᠦᠷᠢᠯᠡᠯ ᠨᠡᠮᠡᠭᠳᠡᠬᠦ | ᠪᠠᠶᠢᠳᠠᠯ ᠮᠠᠰᠢ ᠰᠠᠶᠢᠨ ᠪᠠᠶᠢᠨ᠎ᠠ᠃ | ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ︽ᠬᠠᠮ ᠠᠷᠭ᠎ᠠ︾ ᠶᠢ ᠰᠠᠶᠢᠲᠤᠷ | ᠠᠳᠬᠤᠨ᠎ᠠ | ᠲᠣᠰ ᠠᠵᠤ ᠠᠬᠤᠶᠢᠯᠠᠯ ᠨᠢ ᠢᠯᠴᠢ ᠶᠢᠨ ᠴᠠᠬᠢᠯᠭᠠᠨ ᠤ ᠮᠠᠰᠢᠨ ᠴᠣᠭᠴᠠᠯᠠᠪᠤᠷᠢ ᠶᠢᠨ ᠨᠠᠷᠢᠯᠢᠭ ᠠᠵᠢᠯᠯᠠᠭᠤᠯᠵᠤ | ᠬᠠᠮᠠᠭᠠᠯᠠᠬᠤ ᠬᠠᠮᠢᠶᠠᠷᠤᠯᠲᠠ ᠶᠢ ᠲᠠᠰᠤᠷᠠᠯᠲᠠ ᠥᠬᠡᠶ ᠴᠢᠩᠭᠠᠳᠬᠠᠬᠤ ᠪᠠᠷ ᠳᠡᠮᠵᠢᠨ᠂ ᠨᠢᠭᠡᠳᠦᠭᠡᠷ ᠤᠯᠠᠷᠢᠯ ᠳᠤ | ᠠᠳᠠᠯᠢ ᠬᠤᠭᠤᠴᠠᠭᠠᠨ ᠤ ᠬᠢ ᠠᠴᠠ 3.24 ᠳ᠋ᠦᠩᠰᠢᠭᠤᠷ ᠺᠢᠯᠣᠸᠠᠲ ᠴᠠᠭ ᠭᠠᠳᠠᠭᠰᠢ ᠬᠤᠳᠠᠯᠳᠤᠨ ᠠᠪᠤᠭᠰᠠᠨ | ᠬᠡᠮᠵᠢᠶ᠎ᠡ ᠶᠢ ᠪᠠᠭᠠᠰᠬᠠᠪᠠ᠃ ᠴᠠᠬᠢᠯᠭᠠᠨ ᠤ ᠬᠡᠮᠵᠢᠶ᠎ᠡ ᠶᠢ ᠵᠠᠪᠠᠯ ᠪᠤᠯᠢᠶᠠᠯᠳᠤᠬᠤ ᠶᠢᠨ ᠲᠥᠯᠥᠭᠡ᠂ ᠲᠦᠭᠦᠬᠡᠢ | ᠮᠠᠲ᠋ᠧᠷᠢᠶᠠᠯ ᠤᠨ ︽ᠠᠵᠤ ᠠᠬᠤᠢ ᠶᠢᠨ ᠬᠥᠮᠥᠷᠭᠡ ᠶᠢᠨ ᠬᠠᠳᠠᠭᠠᠯᠠᠯᠲᠠ︾ ᠶᠢᠨ ᠬᠠᠮᠢᠶᠠᠷᠤᠯᠲᠠ ᠶᠢᠨ ᠰᠡᠳᠬᠢᠴᠡ ᠶᠢ | ᠡᠷᠡᠰ ᠭᠤᠶᠢᠪᠢᠰᠢ ᠦᠭᠡᠢ ᠬᠡᠷᠡᠭᠵᠢᠭᠦᠯᠵᠦ᠂ ︽ᠠᠵᠢᠯᠴᠢ ᠬᠢᠴᠢᠶᠡᠩᠭᠦᠢ ᠪᠠᠷ ᠬᠤᠳᠠᠯᠳᠤᠨ ᠠᠪᠴᠤ ᠳᠤᠲᠠᠭᠤ | ᠬᠤᠳᠠᠯᠳᠤᠨ ᠠᠪᠬᠤ︾ ᠠᠷᠭ᠎ᠠ ᠬᠡᠯᠪᠡᠷᠢ ᠶᠢ ᠠᠪᠴᠤ᠂ ᠰᠠᠷ᠎ᠠ ᠪᠠᠷ ︽ᠦᠨ᠎ᠡ ᠬᠠᠩᠰᠢ ᠶᠢ ᠡᠵᠡᠮᠳᠡᠵᠦ ᠬᠠᠩᠭᠠᠯᠭ᠎ᠠ ᠶᠢ | ᠪᠠᠲᠤᠯᠠᠬᠤ︾ ᠦᠨᠳᠦᠰᠦᠨ ᠪᠠᠶᠢᠳᠠᠯ ᠢ ᠲᠣᠭᠲᠠᠪᠤᠷᠢᠵᠢᠭᠤᠯᠵᠤ᠂ ᠬᠤᠳᠠᠯᠳᠤᠨ ᠠᠪᠬᠤ ᠢᠯᠴᠢ ᠶᠢᠨ ᠦᠷᠳᠡᠭ ᠢ | ᠪᠠᠲᠤᠯᠠᠬᠤ ᠶᠢᠨ ᠬᠠᠮᠲᠤ᠂ ᠬᠠᠮᠤᠭ ᠤᠨ ᠳᠣᠣᠷ᠎ᠠ ᠦᠨ᠎ᠡ ᠪᠠᠷ ᠠᠷᠠᠯᠵᠢᠶ᠎ᠠ ᠬᠢᠬᠦ ᠪᠠᠷ ᠴᠢᠷᠮᠠᠶᠢᠵᠤ᠂ ᠵᠤᠤᠬ᠎ᠠ ᠳᠤ | ᠣᠷᠣᠭᠤᠯᠤᠭᠰᠠᠨ ᠪᠠᠷᠢᠮᠵᠢᠶ᠎ᠠ ᠶᠢ ᠰᠠᠷ᠎ᠠ ᠳᠠᠷᠠᠭᠠᠯᠠᠨ ᠪᠠᠭᠤᠷᠠᠭᠤᠯᠵᠤ᠂ ᠲᠦᠯᠡᠰᠢ ᠬᠤᠳᠠᠯᠳᠤᠨ ᠠᠪᠬᠤ ᠥᠪᠡᠷ ᠤᠨ | ᠦᠷᠳᠡᠭ ᠢ ᠪᠦᠬᠦ ᠬᠦᠴᠦᠨ ᠢᠶᠠᠷ ᠢᠶᠠᠨ ᠪᠠᠭᠠᠰᠬᠠᠵᠤ᠂ ᠡᠩ ᠤᠨ ᠬᠦᠩᠭᠡᠨ ᠴᠠᠭᠠᠨ ᠪᠠ ᠳᠣᠣᠷ᠎ᠠ ᠬᠤᠷᠳᠤᠴᠠᠲᠤ | ᠬᠦᠩᠭᠡᠨ ᠴᠠᠭᠠᠨ ᠤ ︽ᠬᠤᠶᠠᠷ ᠵᠦᠢᠯ ᠤᠨ ᠳᠡᠰ︾ ᠤᠨ ᠪᠣᠷᠣᠯᠠᠭᠤᠯᠭ᠎ᠠ ᠶᠢᠨ ᠵᠠᠭᠪᠤᠷ ᠢ ᠲᠡᠭᠦᠯᠳᠡᠷᠵᠢᠭᠦᠯᠵᠦ᠂ | ᠥᠪᠡᠷ ᠤᠨ ᠦᠷᠳᠡᠭ ᠢ ᠬᠢᠵᠠᠭᠠᠷᠯᠠᠬᠤ ᠪᠠ ᠠᠰᠢᠭ ᠤᠯᠬᠤ ᠴᠢᠳᠠᠪᠤᠷᠢ ᠶᠢ ︽ᠬᠤᠣᠰ ᠳᠡᠭᠡᠭᠰᠢᠯᠡᠭᠦᠯᠬᠦ︾ ᠶᠢ | ᠪᠡᠶᠡᠯᠡᠭᠦᠯᠦᠨ᠎ᠡ᠃ | ᠡᠨᠧᠷᠭᠢ ᠠᠷᠪᠢᠯᠠᠵᠤ ᠬᠤᠷᠣᠭᠳᠠᠯ ᠢ ᠪᠠᠭᠠᠰᠬᠠᠬᠤ ︽ᠬᠡᠰᠡᠭ ᠠᠯᠤᠰᠯᠠᠨ ᠭᠦᠶᠦᠬᠦ︾ ᠶᠢ ᠲᠦᠯᠬᠢᠨ ᠠᠬᠢᠭᠤᠯᠤᠨ᠎ᠠ | ᠳ᠋ᠠ ᠳᠠᠩ ᠬᠥᠬᠡᠬᠤᠲᠠ ᠶᠢᠨ ᠬᠥᠩᠭᠡᠨ ᠴᠠᠭᠠᠨ ᠴᠠᠬᠢᠯᠭᠠᠨ ᠤ ᠺᠣᠮᠫᠠᠨᠢ ᠲᠥᠬᠦᠭᠡᠷᠦᠮᠵᠢ ᠶᠢᠨ ᠬᠠᠮᠢᠶᠠᠷᠤᠯᠲᠠ ᠶᠢ | ᠦᠷᠭᠦᠯᠵᠢᠯᠡᠨ ᠴᠢᠩᠭᠠᠳᠭᠠᠬᠤ ᠪᠠᠷ ᠳᠠᠮᠵᠢᠭᠤᠯᠤᠨ ᠲᠣᠭᠲᠠᠭᠤᠨ ᠪᠥᠭᠡᠳ ᠥᠨᠳᠥᠷ ᠭᠠᠷᠤᠯᠲᠠ ᠶᠢ ᠪᠠᠲᠤᠯᠠᠨ᠎ᠠ᠃ | ᠡᠨᠧᠷᠭᠢ ᠠᠷᠪᠢᠯᠠᠬᠤ ᠶᠡᠭᠡ ᠵᠠᠰᠠᠯᠲᠠ᠂ ᠴᠠᠬᠢᠯᠭᠠᠨ ᠵᠠᠳᠠᠯᠤᠯ ᠤᠨ ᠣᠩᠭᠤᠴᠠ ᠶᠢᠨ ᠬᠠᠵᠠᠭᠤ ᠶᠢᠨ ᠪᠠᠭ᠎ᠠ ᠵᠠᠰᠠᠯᠲᠠ᠂ | ᠡᠨᠧᠷᠭᠢ ᠠᠷᠪᠢᠯᠠᠬᠤ ᠬᠡᠯᠪᠡᠷᠢ ᠶᠢᠨ ᠪᠦᠲᠦᠴᠡ ᠶᠢᠨ ᠠᠷᠭ᠎ᠠ ᠲᠦᠢᠯ ᠤᠨ ᠪᠣᠯᠣᠳ ᠰᠠᠪᠠᠷ ᠵᠡᠷᠭᠡ ᠰᠢᠨ᠎ᠡ ᠤᠷᠠᠯᠠᠯ᠂ | ᠰᠢᠨ᠎ᠡ ᠮᠡᠷᠭᠡᠵᠢᠯ ᠢ ᠬᠡᠷᠡᠭᠯᠡᠵᠦ᠂ ᠴᠠᠬᠢᠯᠭᠠᠨ ᠵᠠᠳᠠᠯᠤᠯ ᠤᠨ ᠬᠥᠩᠭᠡᠨ ᠴᠠᠭᠠᠨ ᠤ ᠲᠣᠨᠤᠭ ᠲᠥᠬᠦᠭᠡᠷᠦᠮᠵᠢ ᠦᠢᠯᠡᠳᠬᠦ | ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠡᠨᠧᠷᠭᠢ ᠠᠷᠪᠢᠯᠠᠬᠤ ᠦᠷ᠎ᠡ ᠪᠦᠲᠦᠮᠵᠢ ᠨᠢ ᠢᠯᠡᠷᠬᠡᠢ | ᠪᠠᠶᠢᠳᠠᠭ᠃ ᠣᠷᠣᠨ ᠨᠤᠲᠤᠭ ᠤᠨ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠬᠥᠩᠭᠡᠨ ᠴᠠᠭᠠᠨ ᠤ ᠠᠵᠤ | ᠦᠢᠯᠡᠰ ᠤᠨ ᠬᠡᠯᠬᠢᠶ᠎ᠡ ᠶᠢ ᠪᠠᠶᠢᠭᠤᠯᠬᠤ ᠳᠤ ᠬᠦᠴᠦᠨ ᠨᠡᠮᠡᠷᠢᠯᠡᠵᠦ᠂ ᠰᠢᠩᠭᠡᠨ ᠬᠥᠩᠭᠡᠨ ᠴᠠᠭᠠᠨ ᠢ ᠪᠣᠷᠣᠯᠠᠭᠤᠯᠬᠤ | ᠡᠷᠴᠢᠮ ᠢᠶᠠᠨ ᠴᠢᠩᠭᠠᠷᠠᠭᠤᠯᠬᠤ ᠪᠠᠷ ᠳᠠᠮᠵᠢᠭᠤᠯᠤᠨ᠂ ᠳᠡᠭᠡᠳᠦ ᠳᠣᠤᠷᠠᠳᠤ ᠤᠷᠤᠰᠬᠠᠯ ᠤᠨ ᠠᠵᠤ ᠠᠬᠤᠶᠢᠯᠠᠯ ᠤᠨ | ᠲᠡᠪᠬᠡ ᠴᠢᠳᠬᠤᠬᠤ᠂ ᠬᠠᠶᠢᠯᠤᠭᠤᠯᠬᠤ ᠪᠠ ᠬᠠᠳᠠᠭᠠᠯᠠᠬᠤ ᠥᠪᠡᠷ ᠤᠨ ᠥᠷᠲᠡᠭ ᠢ ᠪᠠᠭᠤᠷᠠᠭᠤᠯᠵᠤ᠂ ᠡᠨᠧᠷᠭᠢ ᠶᠢᠨ | ᠬᠤᠷᠣᠭᠳᠠᠯ ᠢ ᠬᠦᠴᠦᠯᠡᠨ ᠪᠠᠭᠠᠰᠬᠠᠵᠤ᠂ ᠬᠦᠷᠢᠶᠡᠯᠡᠩ ᠲᠣᠭᠤᠷᠢᠭ ᠤᠨ ᠳᠣᠲᠣᠷᠠᠬᠢ ᠳᠣᠤᠷᠠᠳᠤ ᠤᠷᠤᠰᠬᠠᠯ ᠤᠨ | ᠠᠵᠤ ᠠᠬᠤᠶᠢᠯᠠᠯ ᠲᠠᠢ ᠬᠠᠷᠢᠯᠴᠠᠨ ᠲᠦᠰᠢᠭᠯᠡᠵᠦ ᠬᠠᠷᠢᠯᠴᠠᠨ ᠠᠬᠢᠭᠤᠯᠤᠭᠰᠠᠨ ᠠᠵᠤ ᠦᠢᠯᠡᠰ ᠤᠨ ᠠᠮᠢ ᠠᠬᠤᠶ ᠶᠢ | ᠴᠣᠭᠴᠠᠯᠠᠨ ᠪᠠᠶᠢᠭᠤᠯᠵᠤ᠂ ᠨᠢᠭᠡᠳᠦᠭᠡᠷ ᠤᠯᠠᠷᠢᠯ ᠳᠤ᠂ ᠬᠥᠩᠭᠡᠨ ᠴᠠᠭᠠᠨ ᠤ ᠰᠢᠩᠭᠡᠨ ᠢ ᠲᠤᠬᠠᠶ ᠶᠢᠨ ᠭᠠᠵᠠᠷ ᠲᠤᠨᠢ | ᠬᠤᠪᠢᠷᠠᠭᠤᠯᠬᠤ ᠨᠣᠷᠮ᠎ᠠ ᠨᠢ ᠠᠳᠠᠯᠢ ᠬᠤᠭᠤᠴᠠᠭᠠᠨ ᠤ ᠬᠢ ᠠᠴᠠ 120.35% ᠳᠤ ᠬᠦᠷᠴᠦ᠂ ᠣᠶᠢᠷ᠎ᠠ ᠶᠢᠨ | ᠵᠢᠯ ᠤᠳ ᠤᠨ ᠬᠠᠮᠤᠭ ᠤᠨ ᠰᠠᠶᠢᠨ ᠬᠢᠷᠢ ᠲᠦᠪᠰᠢᠨ ᠢ ᠡᠭᠦᠳᠪᠡ᠃ | ᠪᠣᠬᠢᠷᠲᠤᠯ ᠦᠭᠡᠢ ᠬᠥᠭᠵᠢᠯᠲᠡ ᠶᠢᠨ ︽ᠭᠤᠣᠯ ᠬᠥᠳᠡᠯᠭᠡᠭᠦᠷ︾ ᠢ ᠠᠮᠢᠯᠠᠭᠤᠯᠤᠵᠠᠢ | ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠪᠣᠯ ᠠᠵᠤ ᠠᠬᠤᠶ ᠶᠢᠨ ᠴᠢᠨᠠᠷ ᠰᠠᠶᠢᠲᠠᠶ | ᠬᠥᠭᠵᠢᠯᠲᠡ ᠶᠢ ᠳᠠᠶᠢᠴᠢᠯᠠᠬᠤ ︽ᠠᠮᠢᠨ ᠰᠤᠳᠠᠰᠤ︾ ᠮᠥᠨ᠃ ᠲᠣᠭᠲᠠᠬᠤ ᠰᠢᠶᠠᠨ ᠪᠣᠬᠢᠷᠲᠤᠯ ᠦᠭᠡᠢ ᠪᠠᠷ | ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠶᠢ ᠲᠡᠷᠢᠭᠦᠨ ᠴᠢᠬᠤᠯᠠ ᠡᠭᠦᠷᠭᠡ ᠪᠣᠯᠭᠠᠵᠤ᠂ ᠰᠠᠯᠬᠢ᠂ ᠭᠡᠷᠡᠯ᠂ ᠭᠠᠯ᠂ | ᠡᠨᠧᠷᠭᠢ ᠨᠥᠭᠡᠴᠡᠯᠡᠬᠦ ᠪᠣᠬᠢᠷᠲᠤᠯ ᠦᠭᠡᠢ ᠬᠡᠯᠪᠡᠷᠢ ᠶᠢ ᠬᠤᠪᠢᠷᠠᠭᠤᠯᠬᠤ ᠬᠤᠷᠳᠤᠴᠠ ᠶᠢ ᠲᠦᠷᠭᠡᠳᠬᠡᠪᠡ᠃ ᠨᠢᠭᠡᠳᠦᠭᠡᠷ | ᠤᠯᠠᠷᠢᠯ ᠳᠤ᠂ ᠳ᠋ᠠ ᠲᠠᠩ ᠬᠥᠬᠡᠬᠤᠲᠠ ᠶᠢᠨ ᠬᠥᠩᠭᠡᠨ ᠴᠠᠭᠠᠨ ᠴᠠᠬᠢᠯᠭᠠᠨ ᠤ ᠺᠣᠮᠫᠠᠨᠢ ᠶᠢᠨ ᠦᠢᠯᠡᠳᠪᠦᠷᠢ ᠶᠢᠨ | ᠳᠣᠲᠣᠷᠠᠬᠢ ᠲᠠᠷᠬᠠᠮᠠᠯ ᠮᠠᠶ᠋ᠢᠭ ᠤᠨ ᠬᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠲᠥᠷᠥᠯ ᠵᠦᠢᠯ ᠠᠮᠵᠢᠯᠲᠠ ᠲᠠᠢ ᠪᠠᠷ | ᠠᠰᠢᠭᠯᠠᠯᠲᠠ ᠳᠤ ᠣᠷᠣᠵᠤ᠂ ᠡᠳᠦᠷ ᠤᠨ ᠬᠠᠮᠤᠭ ᠤᠨ ᠥᠨᠳᠥᠷ ᠴᠠᠬᠢᠯᠭᠠᠨ ᠭᠠᠷᠭᠠᠭᠰᠠᠨ ᠬᠡᠮᠵᠢᠶ᠎ᠡ ᠨᠢ 9.5 | ᠲᠦᠮᠡᠨ ᠺᠢᠯᠣᠸᠠᠲ ᠴᠠᠭ ᠲᠤ ᠬᠦᠷᠴᠡᠶ᠃ ᠲᠣᠰ ᠲᠥᠷᠥᠯ ᠵᠦᠢᠯ ᠨᠢ ᠲᠣᠭᠲᠠᠮᠠᠯ ᠴᠠᠬᠢᠯᠭᠠᠨ ᠲᠣᠤᠷ ᠤᠨ ᠮᠡᠷᠭᠡᠵᠢᠯ ᠢ | ᠬᠡᠷᠡᠭᠯᠡᠵᠦ᠂ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠬᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠳᠤ | ᠲᠣᠭᠲᠠᠮᠠᠯ ᠭᠦᠶᠦᠳᠡᠯᠲᠦ ᠪᠢᠴᠢᠯ ᠴᠠᠬᠢᠯᠭᠠᠨ ᠲᠣᠣᠷ ᠢᠶᠠᠷ ᠳᠠᠮᠵᠢᠭᠤᠯᠤᠨ ᠴᠠᠬᠢᠯᠭᠠᠨ ᠵᠠᠳᠠᠯᠤᠯ ᠤᠨ ᠬᠥᠩᠭᠡᠨ | ᠴᠠᠭᠠᠨ ᠤ ᠦᠢᠯᠡᠳᠪᠦᠷᠢᠯᠡᠯ ᠳᠤ ᠬᠠᠩᠭᠠᠬᠤ ᠲᠥᠷᠥᠯ ᠵᠦᠢᠯ ᠪᠣᠯᠤᠨ᠎ᠠ᠂ ᠠᠵᠤ ᠠᠬᠤᠶᠢᠯᠠᠯ ᠤᠨ ᠪᠣᠬᠢᠷᠲᠤᠯ ᠥᠬᠡᠶ | ᠳᠤᠤᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠳᠤ ᠰᠢᠨ᠎ᠡ ᠰᠢᠪᠲᠤᠯᠤᠯᠲᠠ ᠲᠠᠢ ᠪᠣᠯᠵᠣ᠂ ᠲᠣᠭᠲᠠᠬᠤ ᠰᠢᠶᠠᠨ ᠤ | ᠠᠵᠤ ᠦᠢᠯᠡᠳᠪᠦᠷᠢ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠬᠥᠳᠡᠯᠭᠡᠬᠦ ᠬᠦᠴᠦᠨ | ᠨᠡᠮᠡᠷᠢᠯᠡᠪᠡ᠃ ︽ᠡᠨᠡ ᠵᠢᠯ ᠤᠨ ᠨᠢᠭᠡᠳᠦᠭᠡᠷ ᠤᠯᠠᠷᠢᠯ ᠳᠤ᠂ 7 ᠲᠦᠮᠡᠨ ᠲᠣᠨ ᠬᠥᠩᠭᠡᠨᠴᠠᠭᠠᠨ ᠤ ᠦᠢᠯᠡᠳᠬᠦᠨ | ᠦᠢᠯᠡᠳᠪᠦᠷᠢᠯᠡᠵᠦ᠂ 101.5% ᠪᠠᠷ ᠲᠥᠯᠥᠪᠯᠡᠭᠡ ᠲᠠᠢ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠶ | ᠥᠷᠲᠡᠭ ᠠᠳᠠᠯᠢ ᠬᠤᠭᠤᠴᠠᠭᠠᠨ ᠤ ᠬᠢ ᠠᠴᠠ 4 % ᠪᠠᠷ ᠨᠡᠮᠡᠭᠳᠡᠪᠡ᠃ | | ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠤᠨ ᠶᠦᠨ ᠵᠥᠩ ᠬᠠᠮ ᠵᠠᠭᠤᠴᠢᠯᠠᠭᠤᠷ |