2024 ᠣᠨ ᠤ ︽ᠰᠣᠶᠣᠯ ᠪᠠ ᠪᠠᠶᠢᠭᠠᠯᠢ ᠶᠢᠨ ᠥᠪ ᠤᠨ ᠡᠳᠦᠷ︾ ᠤᠨ ᠲᠣᠭᠲᠠᠬᠤ ᠰᠢᠶᠠᠨ ᠤ ᠪᠣᠳᠠᠰ ᠤᠨ ᠪᠤᠰᠤ ᠰᠣᠶᠣᠯ ᠤᠨ ᠥᠪ ᠤᠨ ᠤᠬᠠᠭᠤᠯᠭ᠎ᠠ ᠦᠵᠡᠭᠦᠯᠦᠯᠭᠡ ᠶᠢᠨ ᠠᠵᠢᠯᠯᠠᠭ᠎ᠠ ᠶᠠᠪᠤᠭᠳᠠᠪᠠ
ᠨᠡᠶᠢᠲᠡᠯᠡᠭᠰᠡᠨ ᠴᠠᠭ᠄
2024/6/12
      2024 ᠣᠨ ᠤ 6 ᠳ᠋ᠤᠭᠠᠷ ᠰᠠᠷ᠎ᠠ ᠶᠢᠨ 8 ᠤ ᠡᠳᠦᠷ ᠪᠣᠯ ᠨᠠᠢᠮᠠᠳᠤᠭᠠᠷ ᠪᠥᠬᠦ ᠤᠯᠤᠰ ᠤᠨ ︽ᠰᠣᠶᠣᠯ ᠪᠠ ᠪᠠᠶᠢᠭᠠᠯᠢ ᠶᠢᠨ ᠥᠪ ᠤᠨ ᠡᠳᠦᠷ︾ ᠪᠣᠯᠤᠨ᠎ᠠ᠂ ᠠᠷᠠᠳ ᠣᠯᠠᠨ ᠤ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠪᠠᠳᠠᠷᠠᠭᠤᠯᠵᠤ᠂ ᠮᠠᠨ ᠤ ᠰᠢᠶᠠᠨ ᠤ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠦᠷ᠎ᠡ ᠪᠦᠲᠦᠭᠡᠯ ᠢ ᠲᠥᠪᠯᠡᠷᠡᠭᠦᠯᠦᠨ ᠳᠡᠯᠭᠡᠨ ᠦᠵᠡᠭᠦᠯᠵᠦ᠂ ᠪᠥᠬᠦ ᠨᠡᠶᠢᠭᠡᠮ ᠢᠶᠠᠷ ᠢᠶᠠᠨ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠨ ᠤᠯᠠᠮᠵᠢᠯᠠᠬᠤ ᠳᠤ ᠬᠠᠮᠲᠤ ᠪᠠᠷ ᠣᠷᠣᠯᠴᠠᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ᠂ ︽ᠤᠮᠠᠷᠠᠲᠤ ᠬᠢᠯᠢ ᠶᠢᠨ ᠰᠣᠶᠣᠯ︾ ᠤᠨ ᠨᠠᠷᠠᠲᠤ ᠲᠡᠮᠳᠡᠭᠲᠦ ᠶᠢ ᠢᠳᠡᠪᠬᠢᠲᠡᠶ ᠪᠣᠶ ᠪᠣᠯᠭᠠᠵᠤ᠂ ᠪᠦᠲᠦᠭᠡᠯᠴᠢ ᠴᠢᠨᠠᠷᠲᠠᠶ ᠪᠠᠷ ᠬᠤᠪᠢᠷᠠᠭᠤᠯᠬᠤ᠂ ᠰᠢᠨ᠎ᠡ ᠶᠢ ᠡᠭᠦᠳᠦᠨ ᠬᠥᠭᠵᠢᠭᠦᠯᠬᠦ ᠶᠢ ᠳᠥᠯᠭᠢᠨ ᠠᠬᠢᠭᠤᠯᠵᠤ᠂ ᠰᠢᠶᠠᠨ ᠤ ᠬᠡᠪᠴᠢᠶᠡᠨ ᠤ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠲᠣᠭᠲᠠᠬᠤ ᠰᠢᠶᠠᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠭᠤᠣᠯᠯᠠᠨ ᠡᠷᠬᠢᠯᠡᠵᠦ᠂ ᠲᠣᠭᠲᠠᠬᠤ ᠰᠢᠶᠠᠨ ᠤ ᠠᠷᠠᠳ ᠤᠨ ᠰᠣᠶᠣᠯ ᠪᠡᠶ᠎ᠡ ᠶᠢᠨ ᠲᠠᠮᠢᠷ ᠤᠨ ᠣᠷᠳᠣᠨ᠂ ᠬᠠᠳᠤᠨ ᠭᠤᠣᠯ ᠤᠨ ᠮᠠᠶᠢᠶᠧ ᠭᠦ᠋ ᠶᠢᠨ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠨ ᠰᠤᠷᠤᠯᠴᠠᠬᠤ ᠰᠠᠭᠤᠷᠢᠨ ᠭᠠᠵᠠᠷ ᠠᠴᠠ ᠳᠠᠭᠠᠭᠠᠴᠢᠯᠠᠨ ᠡᠷᠬᠢᠯᠡᠭᠰᠡᠨ ︽2024 ᠣᠨ ᠤ ︿ᠰᠣᠶᠣᠯ ᠪᠠ ᠪᠠᠶᠢᠭᠠᠯᠢ ᠶᠢᠨ ᠥᠪ ᠤᠨ ᠡᠳᠦᠷ﹀ ᠤᠨ ᠲᠣᠭᠲᠠᠬᠤ ᠰᠢᠶᠠᠨ ᠤ ᠪᠣᠳᠠᠰ ᠤᠨ ᠪᠤᠰᠤ ᠰᠣᠶᠣᠯ ᠤᠨ ᠥᠪ ᠤᠨ ᠤᠬᠠᠭᠤᠯᠤᠨ ᠳᠡᠯᠭᠡᠨ ᠦᠵᠡᠭᠦᠯᠬᠦ ᠠᠵᠢᠯᠯᠠᠭ᠎ᠠ︾ ᠨᠢ ᠬᠠᠲᠤᠨ ᠭᠤᠣᠯ ᠤᠨ ᠮᠠᠶᠢᠶᠧ ᠭᠦ᠋ ᠳᠤ ᠶᠠᠪᠤᠭᠳᠠᠪᠠ᠃
     ᠲᠤᠰ ᠤᠳᠠᠭᠠᠨ ᠤ ᠠᠵᠢᠯᠯᠠᠭ᠎ᠠ ᠨᠢ ︽ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠨ ᠤᠯᠠᠮᠵᠢᠯᠠᠵᠤ ᠲᠡᠦᠬᠡ ᠰᠣᠶᠣᠯ ᠤᠨ ᠤᠳᠤᠮᠰᠢᠯ ᠢ ᠦᠷᠭᠦᠯᠵᠢᠯᠡᠭᠦᠯᠬᠦ︾ ᠪᠠᠷ ᠭᠤᠣᠯ ᠰᠡᠳᠦᠪ ᠪᠣᠯᠭᠠᠵᠤ᠂ ᠮᠠᠨ ᠤ ᠰᠢᠶᠠᠨ ᠤ ᠪᠠᠶᠠᠯᠢᠭ ᠰᠠᠶᠢᠬᠠᠨ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠦᠷ᠎ᠡ ᠪᠦᠲᠦᠭᠡᠯ ᠢ ᠭᠦᠢᠴᠡᠳ ᠢᠯᠡᠷᠡᠭᠦᠯᠪᠡ᠃
   ᠲᠣᠰ ᠤᠳᠠᠭᠠᠨ ᠤ ᠪᠣᠳᠠᠰ ᠤᠨ ᠪᠤᠰᠤ ᠰᠣᠶᠣᠯ ᠤᠨ ᠥᠪ ᠤᠨ ᠤᠬᠠᠭᠤᠯᠭ᠎ᠠ ᠦᠵᠡᠭᠦᠯᠭᠡ ᠶᠢᠨ ᠠᠵᠢᠯᠯᠠᠭ᠎ᠠ ᠨᠢ ᠨᠠᠩ ᠣᠯᠠᠨ ᠠᠷᠠᠳ ᠲᠦᠮᠡᠨ ᠳᠤ ᠲᠣᠭᠲᠠᠬᠤ ᠰᠢᠶᠠᠨ ᠤ ᠪᠣᠳᠠᠰ ᠤᠨ ᠪᠤᠰᠤ ᠰᠣᠶᠣᠯ ᠤᠨ ᠥᠪ ᠤᠨ ᠣᠨᠴᠠᠯᠢᠭ ᠪᠠ ᠦᠨᠦᠷ ᠠᠮᠲᠠ ᠶᠢ ᠦᠨᠡᠨ ᠬᠦ ᠣᠶᠢᠯᠠᠭᠠᠭᠤᠯᠬᠤ ᠶᠢᠨ ᠬᠠᠮᠲᠤ ᠪᠠᠰᠠ ᠰᠣᠶᠣᠯ ᠤᠨ ᠰᠣᠯᠢᠯᠴᠠᠭ᠎ᠠ ᠪᠠ ᠤᠯᠠᠮᠵᠢᠯᠠᠯᠲᠤ ᠰᠣᠶᠣᠯ ᠤᠨ ᠤᠯᠠᠮᠵᠢᠯᠠᠯ ᠢ ᠠᠬᠢᠭᠤᠯᠵᠤ᠂ ᠲᠣᠭᠲᠠᠬᠤ ᠰᠢᠶᠠᠨ ᠤ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠦᠷ᠎ᠡ ᠪᠦᠲᠦᠭᠡᠯ ᠢ ᠭᠦᠢᠴᠡᠳ ᠳᠡᠯᠭᠡᠨ ᠦᠵᠡᠭᠦᠯᠦᠭᠰᠡᠨ ᠪᠠᠶᠢᠨ᠎ᠠ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠤᠨ ᠶᠦᠨ ᠵᠥᠩ ᠬᠠᠮ ᠵᠠᠭᠤᠴᠢᠯᠠᠭᠤᠷ    
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1