ᠲᠣᠭᠲᠠᠬᠤ ᠰᠢᠶᠠᠨ ᠤ ᠤᠷᠠᠨ ᠪᠢᠴᠢᠯᠭᠡ᠂ ᠤᠷᠠᠨ ᠵᠢᠷᠤᠭ ᠤᠨ ᠪᠦᠲᠦᠭᠡᠯ ᠤᠨ ᠦᠵᠡᠭᠦᠯᠦᠯᠭᠡ ᠡᠬᠢᠯᠡᠪᠡ
ᠨᠡᠶᠢᠲᠡᠯᠡᠭᠰᠡᠨ ᠴᠠᠭ᠄
2024/6/12
       6 ᠳ᠋ᠤᠭᠠᠷ ᠰᠠᠷ᠎ᠠ ᠶᠢᠨ 7 ᠤ ᠡᠳᠦᠷ ᠤᠨ ᠦᠳᠡ ᠶᠢᠨ ᠡᠮᠦᠨ᠎ᠡ᠂ ᠬᠥᠬᠡᠬᠤᠲᠠ ᠶᠢᠨ ᠤᠳᠬ᠎ᠠ ᠤᠷᠠᠯᠢᠭ ᠤᠨ ᠡᠲᠡᠭᠡᠳ ᠤᠨ ᠬᠤᠯᠪᠤᠭ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠲᠠᠬᠤ ᠰᠢᠶᠠᠨ ᠤ ᠬᠤᠷᠢᠶᠠᠨ ᠤ ᠤᠬᠠᠭᠤᠯᠬᠤ ᠬᠡᠯᠲᠡᠰ ᠠᠴᠠ ᠭᠤᠣᠯᠯᠠᠨ ᠡᠷᠬᠢᠯᠡᠵᠦ᠂ ᠲᠣᠭᠲᠠᠬᠤ ᠰᠢᠶᠠᠨ ᠤ ᠤᠳᠬ᠎ᠠ ᠤᠷᠠᠯᠢᠭ ᠤᠨ ᠬᠢᠨ ᠤ ᠬᠤᠯᠪᠤᠭ᠎ᠠ᠂ ᠲᠣᠭᠲᠠᠬᠤ ᠰᠢᠶᠠᠨ ᠤ ᠤᠷᠠᠨ ᠪᠢᠴᠢᠯᠭᠡᠲᠡᠨ ᠤ ᠨᠡᠶᠢᠭᠡᠮᠯᠢᠭ᠂ ᠲᠣᠭᠲᠠᠬᠤ ᠰᠢᠶᠠᠨ ᠤ ᠤᠷᠠᠨ ᠵᠢᠷᠤᠭᠴᠢᠳ ᠤᠨ ᠨᠡᠶᠢᠭᠡᠮᠯᠢᠭ ᠤᠨ ᠳᠠᠭᠠᠭᠠᠴᠢᠯᠠᠨ ᠡᠷᠬᠢᠯᠡᠭᠰᠡᠨ ᠤᠷᠠᠯᠢᠭ ᠤᠨ ᠠᠶᠢᠵᠠᠮᠲᠤ ᠤᠮᠠᠷᠠᠲᠤ ᠬᠢᠯᠢ - ᠲᠣᠭᠲᠠᠬᠤ ᠤᠷᠠᠨ ᠪᠢᠴᠢᠯᠭᠡ᠂ ᠤᠷᠠᠨ ᠵᠢᠷᠤᠭ ᠤᠨ ᠪᠦᠲᠦᠭᠡᠯ ᠤᠨ ᠦᠵᠡᠭᠦᠯᠦᠯᠭᠡ ᠥᠷᠨᠢᠭᠦᠯᠬᠦ ᠶᠣᠰᠣᠯᠠᠯ ᠤᠮᠠᠷᠠᠲᠤ ᠬᠢᠯᠢ ᠶᠢᠨ ᠰᠣᠶᠣᠯ ᠤᠨ ᠬᠤᠩᠭᠢᠯ ᠬᠠᠲᠤᠨ ᠭᠤᠣᠯ ᠤᠨ ᠤᠷᠠᠨ ᠵᠢᠷᠤᠭ ᠤᠨ ᠣᠷᠳᠣᠨ ᠳᠤ ᠶᠠᠪᠤᠭᠳᠠᠪᠠ᠃
    ᠲᠣᠰ ᠤᠳᠠᠭᠠᠨ ᠤ ᠤᠷᠠᠨ ᠪᠢᠴᠢᠯᠭᠡ᠂ ᠤᠷᠠᠨ ᠵᠢᠷᠤᠭ ᠤᠨ ᠪᠦᠲᠦᠭᠡᠯ ᠤᠨ ᠦᠵᠡᠰᠬᠦᠯᠡᠩ ᠳᠤ ᠨᠡᠶᠢᠲᠡ 200 ᠭᠠᠷᠤᠢ ᠪᠦᠲᠦᠭᠡᠯ ᠴᠤᠭᠯᠠᠭᠤᠯᠵᠤ᠂ ᠬᠥᠬᠡᠬᠤᠲᠠ ᠶᠢᠨ ᠤᠳᠬ᠎ᠠ ᠤᠷᠠᠯᠢᠭ ᠤᠨ ᠬᠢᠨ ᠤ ᠬᠤᠯᠪᠤᠭ᠎ᠠ ᠠᠴᠠ ᠬᠥᠬᠡᠬᠤᠲᠠ ᠶᠢᠨ ᠤᠷᠠᠨ ᠪᠢᠴᠢᠯᠭᠡᠲᠡᠨ ᠤ ᠨᠡᠶᠢᠭᠡᠮᠯᠢᠭ᠂ ᠬᠥᠬᠡᠬᠤᠲᠠ ᠶᠢᠨ ᠤᠷᠠᠨ ᠵᠢᠷᠤᠭᠴᠢᠳ ᠤᠨ ᠨᠡᠶᠢᠭᠡᠮᠯᠢᠭ ᠤᠨ ᠪᠠᠭᠰᠢ ᠶᠢ ᠵᠣᠬᠢᠶᠠᠨ ᠪᠠᠶᠢᠭᠤᠯᠵᠤ ᠨᠠᠷᠢᠨ ᠨᠢᠮᠪᠠᠢ ᠰᠢᠯᠭᠠᠷᠠᠭᠤᠯᠵᠤ᠂ ᠡᠭᠦᠨ ᠤ ᠳᠤᠮᠳᠠ ᠠᠴᠠ 60 ᠭᠠᠷᠤᠢ ᠰᠢᠯᠢᠳᠡᠭ ᠪᠦᠲᠦᠭᠡᠯ ᠢ ᠰᠣᠩᠭᠤᠨ ᠳᠡᠯᠭᠡᠨ ᠦᠵᠡᠭᠦᠯᠪᠡ᠃ ᠡᠳᠡᠭᠡᠷ ᠪᠦᠲᠦᠭᠡᠯ ᠤᠨ ᠭᠤᠣᠯ ᠰᠡᠳᠦᠪ ᠢᠯᠡ ᠲᠣᠳᠣ᠂ ᠤᠳᠬ᠎ᠠ ᠰᠠᠨᠠᠭ᠎ᠠ ᠠᠯᠤᠰ ᠬᠤᠯᠠ᠂ ᠬᠡᠪ ᠨᠠᠮᠪᠠ ᠤᠯᠠᠨ ᠶᠠᠩᠵᠤ ᠶᠢᠨ ᠪᠠᠶᠢᠵᠤ᠂ ᠤᠷᠠᠯᠢᠭᠴᠢᠳ ᠰᠢᠨᠲᠠᠷᠠᠰᠢ ᠦᠭᠡᠢ ᠵᠣᠬᠢᠶᠠᠨ ᠪᠦᠲᠦᠭᠡᠬᠦ ᠣᠪᠣᠷ ᠢᠶᠠᠷ ᠦᠨᠳᠦᠰᠦᠲᠡᠨ ᠤ ᠪᠦᠯᠬᠦᠮᠳᠡᠯ ᠢ ᠮᠠᠭᠲᠠᠨ ᠳᠠᠭᠤᠯᠠᠭᠰᠠᠨ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠢ ᠢᠯᠡᠷᠡᠭᠦᠯᠦᠭᠰᠡᠨ ᠴᠠᠭ ᠦᠶ᠎ᠡ ᠶᠢᠨ ᠵᠢᠷᠤᠭ ᠢ ᠵᠢᠷᠤᠭᠯᠠᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠪᠠᠳᠠᠷᠠᠭᠤᠯᠤᠭᠰᠠᠨ ᠪᠥᠭᠡᠳ ᠤᠮᠠᠷᠠᠲᠤ ᠬᠢᠯᠢ ᠶᠢᠨ ᠴᠤᠭ ᠵᠢᠪᠬᠤᠭ᠎ᠠ ᠶᠢ ᠬᠠᠷᠠᠭᠤᠯᠤᠭᠰᠠᠨ ᠪᠠᠶᠢᠨ᠎ᠠ᠃
     ᠦᠵᠡᠭᠦᠯᠦᠯᠭᠡ ᠳᠤ ᠣᠷᠣᠯᠴᠠᠭᠰᠠᠨ ᠵᠣᠬᠢᠶᠠᠭᠴᠢ ᠪᠠ ᠤᠯᠠᠨ ᠲᠦᠮᠡᠨ ᠲᠣᠭᠤᠷᠢᠨ ᠦᠵᠡᠵᠦ᠂ ᠤᠷᠠᠨ ᠪᠢᠴᠢᠯᠭᠡ᠂ ᠤᠷᠠᠨ ᠵᠢᠷᠤᠭ ᠤᠨ ᠤᠷ᠎ᠠ ᠮᠡᠷᠭᠡᠵᠢᠯ ᠢᠶᠠᠨ ᠬᠠᠷᠢᠯᠴᠠᠨ ᠰᠣᠯᠢᠯᠴᠠᠵᠤ᠂ ᠵᠣᠬᠢᠶᠠᠨ ᠪᠦᠲᠦᠭᠡᠭᠰᠡᠨ ᠣᠯᠤᠯᠲᠠ ᠲᠦᠷᠦᠭᠳᠡᠯ ᠢᠶᠠᠨ ᠬᠤᠪᠢᠶᠠᠯᠴᠠᠪᠠ᠃ ᠦᠵᠡᠭᠦᠯᠦᠯᠭᠡ ᠶᠢᠨ ᠲᠤᠬᠠᠶ ᠶᠢᠨ ᠭᠠᠵᠠᠷ ᠪᠣᠯ ᠳᠠᠷᠤᠶ ᠰᠣᠯᠢᠯᠴᠠᠨ ᠰᠤᠷᠤᠯᠴᠠᠬᠤ ᠶᠢᠨ ︽ᠬᠢᠴᠢᠶᠡᠯ ᠤᠨ ᠲᠠᠩᠬᠢᠮ︾ ᠪᠣᠯᠤᠨ᠎ᠠ᠂ ᠪᠠᠭᠰᠢ ᠶᠢᠨ ᠲᠠᠶᠢᠯᠤᠮᠵᠢ ᠪᠠ ᠦᠨᠡᠯᠡᠯᠲᠡ ᠶᠢ ᠰᠣᠨᠣᠰᠴᠤ᠂ ᠤᠷᠠᠨ ᠪᠢᠴᠢᠯᠭᠡ᠂ ᠤᠷᠠᠨ ᠵᠢᠷᠤᠭ ᠤᠨ ᠳᠤᠷ᠎ᠠ ᠪᠠᠭ᠋ᠠᠲᠠᠳ ᠤᠨ ᠲᠣᠰ ᠪᠡᠶ᠎ᠡ ᠶᠢᠨ ᠤᠷᠠᠯᠢᠭ ᠤᠨ ᠪᠣᠯᠪᠠᠰᠤᠷᠠᠯ ᠪᠠ ᠰᠢᠯᠭᠠᠨ ᠦᠵᠡᠬᠦ ᠬᠢᠷᠢ ᠲᠦᠪᠰᠢᠨ ᠢ ᠲᠦᠢᠯ ᠤᠨ ᠶᠡᠭᠡ ᠪᠠᠷ ᠳᠡᠭᠡᠭᠰᠢᠯᠡᠭᠦᠯᠵᠡᠶ᠃ ᠲᠤᠬᠠᠢ ᠶᠢᠨ ᠲᠠᠯᠠᠪᠠᠢ ᠳᠤ ᠪᠠᠶᠢᠭ᠎ᠠ  ᠦᠵᠡᠭᠦᠯᠦᠯᠭᠡ ᠳᠤ ᠣᠷᠣᠯᠴᠠᠭᠰᠠᠨ ᠵᠣᠬᠢᠶᠠᠭᠴᠢ᠂ ᠬᠤᠶᠢᠰᠢᠳᠠ ᠶᠢᠨ ᠵᠣᠬᠢᠶᠠᠨ ᠪᠦᠲᠦᠭᠡᠬᠦ ᠦᠢᠯᠡᠳᠦᠯᠭᠡ ᠳᠤᠮᠳᠠ ︽ᠠᠮᠢᠳᠤᠷᠠᠯ ᠳᠤ ᠭᠦᠨᠵᠡᠭᠡᠶᠢᠷᠡᠵᠦ᠂ ᠠᠷᠠᠳ ᠲᠦᠮᠡᠨ ᠤ ᠳᠤᠮᠳᠠ ᠦᠨᠳᠦᠰᠦᠯᠡᠬᠦ︾ ᠶᠢ ᠦᠷᠭᠦᠯᠵᠢᠯᠡᠨ ᠪᠠᠷᠢᠮᠲᠠᠯᠠᠵᠤ᠂ ᠤᠷᠠᠯᠢᠭ ᠤᠨ ᠬᠡᠯᠪᠡᠷᠢ ᠪᠠᠷ ᠤᠮᠠᠷᠠᠲᠤ ᠬᠢᠯᠢ ᠶᠢᠨ ᠦᠯᠢᠭᠡᠷ ᠢ ᠰᠠᠶᠢᠲᠤᠷ ᠶᠠᠷᠢᠵᠤ᠂ ᠨᠡᠩ ᠤᠯᠠᠨ ᠰᠢᠯᠢᠳᠡᠭ ᠤᠷᠠᠨ ᠪᠢᠴᠢᠯᠭᠡ᠂ ᠤᠷᠠᠨ ᠵᠢᠷᠤᠭ ᠤᠨ ᠪᠦᠲᠦᠭᠡᠯ ᠢ ᠴᠢᠷᠮᠠᠶᠢᠨ ᠵᠣᠬᠢᠶᠠᠨ ᠪᠦᠲᠦᠭᠡᠵᠦ᠂ ᠰᠢᠨ᠎ᠡ ᠴᠠᠭ ᠦᠶ᠎ᠡ ᠶᠢᠨ ᠤᠷᠠᠨ ᠪᠢᠴᠢᠯᠭᠡ᠂ ᠤᠷᠠᠨ ᠵᠢᠷᠤᠭ ᠤᠨ ᠪᠠᠭᠰᠢ ᠶᠢᠨ ᠤᠷᠠᠯᠢᠭ ᠤᠨ ᠡᠭᠦᠷᠭᠡᠯᠡᠯ ᠢ ᠦᠢᠯᠡᠳᠦᠯᠭᠡᠵᠢᠭᠦᠯᠦᠨ᠎ᠡ ᠭᠡᠵᠡᠢ᠃     ᠳᠠᠷᠠᠭᠠᠴᠢ ᠶᠢᠨ ᠠᠯᠬᠤᠮ ᠳᠤ᠂ ᠲᠣᠭᠲᠠᠬᠤ ᠰᠢᠶᠠᠨ ᠤ ᠤᠳᠬ᠎ᠠ ᠤᠷᠠᠯᠢᠭ ᠤᠨ ᠬᠢᠨ ᠤ ᠬᠤᠯᠪᠣᠭ᠎ᠠ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ ᠶᠢᠨ ᠳᠠᠪᠠᠭᠤᠯᠢᠭ ᠪᠣᠯᠤᠨ ᠲᠤᠰᠬᠠᠢ ᠮᠡᠷᠭᠡᠵᠢᠯ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠦᠷᠭᠦᠯᠵᠢᠯᠡᠨ ︽ᠲᠤᠭ ᠢ ᠮᠠᠨᠳᠤᠭᠤᠯᠬᠤ᠂ ᠠᠷᠠᠳ ᠤᠨ ᠰᠡᠳᠬᠢᠯ ᠢ ᠨᠢᠭᠲᠠᠷᠠᠭᠤᠯᠬᠤ᠂ ᠰᠢᠨ᠎ᠡ ᠬᠥᠮᠦᠨ ᠢ ᠬᠥᠮᠦᠵᠢᠭᠦᠯᠬᠦ᠂ ᠰᠣᠶᠣᠯ ᠢ ᠮᠠᠨᠳᠤᠭᠤᠯᠬᠤ᠂ ᠲᠦᠷᠢ ᠲᠥᠷᠬᠦ ᠶᠢ ᠢᠯᠡᠷᠡᠭᠦᠯᠬᠦ︾ ᠡᠭᠦᠷᠭᠡ ᠬᠠᠷᠢᠭᠤᠴᠠᠯᠭ᠎ᠠ ᠶᠢᠨ ᠲᠣᠭᠤᠷᠢᠨ ᠳᠤ ᠤᠷᠠᠯᠢᠭ ᠤᠨ ᠳᠤᠷ᠎ᠠ ᠪᠠᠭ᠋ᠠᠲᠠᠨ ᠢ ᠬᠦᠳᠦᠯᠦᠨ ᠵᠢᠯᠣᠭᠤᠳᠴᠤ ᠪᠠᠶᠢᠭᠠᠳ ᠨᠡᠩ ᠤᠯᠠᠨ ᠰᠢᠯᠢᠳᠡᠭ ᠤᠳᠬ᠎ᠠ ᠤᠷᠠᠯᠢᠭ ᠤᠨ ᠪᠦᠲᠦᠭᠡᠯ ᠢ ᠵᠣᠬᠢᠶᠠᠨ ᠪᠦᠲᠦᠭᠡᠵᠦ᠂ ᠤᠮᠠᠷᠠᠲᠤ ᠶᠢᠨ ᠰᠣᠶᠣᠯ ᠤᠨ ᠲᠦᠷᠦᠯ ᠲᠡᠮᠳᠡᠭ ᠢ ᠪᠠᠳᠠᠷᠠᠭᠤᠯᠬᠤ᠂ ᠲᠣᠭᠲᠠᠬᠤ ᠶᠢᠨ ᠤᠳᠬ᠎ᠠ ᠤᠷᠠᠯᠢᠭ ᠤᠨ ᠦᠢᠯᠡᠰ ᠢ ᠴᠡᠴᠡᠭᠯᠡᠭᠦᠯᠦᠨ ᠬᠥᠭᠵᠢᠭᠦᠯᠬᠦ ᠳᠤ ᠨᠡᠩ ᠶᠡᠭᠡ ᠬᠤᠪᠢ ᠨᠡᠮᠡᠷᠢ ᠦᠵᠡᠭᠦᠯᠦᠨ᠎ᠡ ᠭᠡᠵᠦ ᠵᠢᠭᠠᠵᠤ ᠭᠠᠷᠭᠠᠪᠠ᠃ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠤᠨ ᠶᠦᠨ ᠵᠦᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1