ᠬᠤᠶᠠᠷ ᠰᠠᠯᠠᠭ᠎ᠠ ᠮᠥᠴᠢᠷ ᠳᠠᠬᠢᠨᠲᠠ ᠪᠢᠴᠢᠭ ᠮᠠᠲ᠋ᠧᠷᠢᠶᠠᠯ ᠨᠡᠶᠢᠳᠡᠯᠡᠵᠦ᠂ ᠬᠤᠲᠠ ᠶᠢᠨ ᠵᠣᠬᠢᠴᠠᠭᠤᠯᠬᠤ ᠲᠣᠭᠲᠠᠴᠠ ᠶᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠭᠡᠷ ᠪᠠᠶᠢᠰᠢᠩ ᠭᠠᠵᠠᠷ ᠬᠥᠷᠥᠩᠭᠡ ᠶᠢᠨ ᠲᠥᠷᠥᠯ ᠵᠦᠢᠯ ᠤᠨ ᠵᠦᠶ ᠵᠣᠬᠢᠰᠲᠠᠶ ᠪᠡᠯᠡ ᠲᠣᠬᠢᠷᠠᠭᠤᠯᠭ᠎ᠠ ᠶᠢ ᠣᠨᠣᠪᠴᠢᠲᠠᠶ ᠲᠡᠮᠵᠢᠨ᠎ᠡ
ᠨᠡᠶᠢᠲᠡᠯᠡᠭᠰᠡᠨ ᠴᠠᠭ᠄
2024/6/12
       ᠣᠶᠢᠷ᠎ᠠ ᠳᠤ᠂ ᠰᠤᠷᠪᠤᠯᠵᠢᠯᠠᠭᠴᠢ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠪᠤᠯᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠠᠴᠠ ᠣᠶᠢᠯᠠᠭᠠᠭᠰᠠᠨ ᠢᠶᠠᠷ᠂ ᠬᠤᠶᠠᠷ ᠰᠠᠯᠠᠭ᠎ᠠ ᠮᠥᠴᠢᠷ ᠬᠠᠮᠲᠤᠷᠠᠨ ︽ᠬᠤᠲᠠ ᠶᠢᠨ ᠬᠡᠷ ᠪᠠᠶᠢᠰᠢᠩ ᠭᠠᠵᠠᠷ ᠬᠥᠷᠥᠩᠭᠡ ᠶᠢᠨ ᠪᠠᠯᠠ ᠲᠣᠬᠢᠷᠠᠭᠤᠯᠭ᠎ᠠ ᠶᠢᠨ ᠵᠣᠬᠢᠴᠠᠭᠤᠯᠬᠤ ᠲᠣᠭᠲᠠᠴᠠ ᠶᠢᠨ ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠵᠤ ᠬᠡᠷ ᠪᠠᠶᠢᠰᠢᠩ ᠭᠠᠵᠠᠷ ᠬᠥᠷᠥᠩᠭᠡ ᠶᠢᠨ ᠲᠥᠷᠥᠯ ᠵᠦᠢᠯ ᠤᠨ ᠵᠦᠶ ᠵᠣᠬᠢᠰᠲᠠᠶ ᠪᠠᠯᠠ ᠲᠣᠬᠢᠷᠠᠭᠤᠯᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠲᠤᠬᠠᠶ ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃ ᠡᠨᠡ ᠪᠣᠯ ᠡᠨᠡ ᠵᠢᠯ ᠤᠨ 1 ᠳ᠋ᠤᠭᠡᠷ ᠰᠠᠷ᠎ᠠ ᠳᠤ ᠬᠤᠶᠠᠷ ᠰᠠᠯᠠᠭ᠎ᠠ ᠮᠥᠴᠢᠷ ᠬᠠᠮᠲᠤᠷᠠᠨ ︽ᠬᠤᠲᠠ ᠶᠢᠨ ᠬᠡᠷ ᠪᠠᠶᠢᠰᠢᠩ ᠭᠠᠵᠠᠷ ᠬᠥᠷᠥᠩᠭᠡ ᠶᠢᠨ ᠪᠠᠯᠠ ᠲᠣᠬᠢᠷᠠᠭᠤᠯᠭ᠎ᠠ ᠶᠢᠨ ᠵᠣᠬᠢᠴᠠᠭᠤᠯᠬᠤ ᠲᠣᠭᠲᠠᠴᠠ ᠶᠢ ᠪᠠᠶᠢᠭᠤᠯᠬᠤ ᠲᠤᠬᠠᠶ ᠮᠡᠳᠡᠭᠳᠡᠯ︾ ᠢ ᠳᠠᠷᠤᠮᠠᠯᠯᠠᠨ ᠲᠠᠷᠬᠠᠭᠠᠭᠰᠠᠨ ᠤ ᠳᠠᠷᠠᠭ᠎ᠠ᠂ ᠬᠤᠲᠠ ᠶᠢᠨ ᠵᠣᠬᠢᠴᠠᠭᠤᠯᠬᠤ ᠲᠣᠭᠲᠠᠴᠠ ᠳᠤ ᠴᠢᠭᠯᠡᠭᠦᠯᠦᠨ ᠳᠠᠬᠢᠨᠲᠠ ᠪᠢᠴᠢᠭ ᠮᠠᠲ᠋ᠧᠷᠢᠶᠠᠯ ᠨᠡᠶᠢᠳᠡᠯᠡᠵᠦ᠂ ᠬᠤᠲᠠ ᠶᠢᠨ ᠵᠣᠬᠢᠴᠠᠭᠤᠯᠬᠤ ᠲᠣᠭᠲᠠᠴᠠ ᠶᠢ ᠰᠢᠯᠢᠳᠡᠭᠵᠢᠭᠦᠯᠦᠨ ᠲᠡᠭᠦᠯᠳᠡᠷᠵᠢᠭᠦᠯᠬᠦ ᠶᠢᠨ ᠲᠥᠯᠥᠭᠡ ᠣᠯᠠᠨ ᠵᠦᠢᠯ ᠤᠨ ᠬᠡᠷᠡᠭᠵᠢᠭᠦᠯᠵᠦ ᠪᠣᠯᠬᠤ᠂ ᠨᠠᠶᠢᠳᠠᠪᠤᠷᠢᠵᠢᠭᠤᠯᠵᠤ ᠪᠣᠯᠬᠤ ᠠᠵᠢᠯ ᠤᠨ ᠠᠷᠭ᠎ᠠ ᠬᠡᠮᠵᠢᠶ᠎ᠡ ᠳᠤᠷᠠᠳᠴᠤ᠂ ᠲᠥᠷᠥᠯ ᠵᠦᠢᠯ ᠤᠨ ᠦᠷ᠎ᠡ ᠪᠦᠲᠦᠮᠵᠢ ᠪᠠ ᠶᠠᠰᠤ ᠴᠢᠨᠠᠷ ᠢ ᠴᠢᠩᠭᠠᠳᠬᠠᠬᠤ ᠪᠠᠷ ᠴᠢᠷᠮᠠᠶᠢᠵᠤ᠂ ᠬᠡᠷ ᠪᠠᠶᠢᠰᠢᠩ ᠭᠠᠵᠠᠷ ᠬᠥᠷᠥᠩᠭᠡ ᠶᠢᠨ ᠲᠥᠷᠥᠯ ᠵᠦᠢᠯ ᠤᠨ ᠵᠦᠶ ᠵᠣᠬᠢᠰᠲᠠᠶ ᠪᠠᠯᠠ ᠲᠣᠬᠢᠷᠠᠭᠤᠯᠭ᠎ᠠ ᠶᠢᠨ ᠬᠡᠷᠡᠭᠴᠡᠭᠡ ᠶᠢ ᠨᠠᠩ ᠣᠨᠣᠪᠴᠢᠲᠠᠶ ᠳᠡᠮᠵᠢᠵᠦ᠂ ᠬᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠵᠤ ᠪᠠᠶᠢᠨ᠎ᠠ᠃      ︽ᠮᠡᠳᠡᠭᠳᠡᠯ︾ ᠳᠤ ᠭᠤᠣᠯᠳᠠᠭᠤ ᠳᠣᠣᠷᠠᠬᠢ ᠠᠭᠤᠯᠭ᠎ᠠ ᠶᠢ ᠪᠠᠭᠲᠠᠭᠠᠨ᠎ᠠ᠄      ᠨᠢᠭᠡ ᠳᠤ᠂ ᠬᠤᠲᠠ ᠶᠢᠨ ᠵᠣᠬᠢᠴᠠᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ︽ᠮᠡᠳᠡᠭᠳᠡᠯ︾ ᠳᠤ᠂ ᠡᠯ᠎ᠡ ᠮᠤᠵᠢ ︵ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ︶ ᠶᠢᠨ ᠠᠷᠠᠳ ᠤᠨ ᠵᠠᠰᠠᠭ ᠤᠨ ᠣᠷᠳᠣᠨ᠂ ᠲᠤᠬᠠᠢ ᠶᠢᠨ ᠣᠷᠣᠨ ᠤ ᠱᠠᠲᠤ ᠵᠢᠴᠢ ᠲᠡᠭᠦᠨ ᠠᠴᠠ ᠳᠡᠭᠡᠭᠰᠢᠬᠢ ᠬᠤᠲᠠ ᠶᠢ ᠵᠢᠯᠣᠭᠤᠳᠤᠨ ᠵᠣᠬᠢᠴᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠬᠤᠲᠠ ᠶᠢᠨ ᠵᠠᠰᠠᠭ ᠤᠨ ᠣᠷᠳᠣᠨ ᠤ ᠭᠤᠤᠯ ᠬᠠᠷᠢᠭᠤᠴᠠᠯᠭᠠᠲᠠᠨ ᠨᠥᠬᠦᠳ ᠢᠶᠠᠷ ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠭᠦᠯᠵᠦ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠮᠥᠩᠭᠦᠨ ᠭᠦᠢᠯᠭᠡᠭᠡᠨ ᠤ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠬᠠᠷᠢᠭᠤᠴᠠᠯᠭᠠᠲᠠᠨ ᠨᠥᠬᠦᠳ ᠢᠶᠠᠷ ᠳᠤᠭᠤᠶᠢᠯᠠᠩ ᠤᠨ ᠳᠡᠳ᠋ ᠳᠠᠷᠤᠭ᠎ᠠ ᠶᠢᠨ ᠲᠤᠰᠢᠶᠠᠯ ᠢ ᠡᠭᠦᠷᠭᠡᠯᠡᠭᠦᠯᠵᠦ᠂ ᠬᠠᠮᠢᠶ᠎ᠠ ᠪᠥᠬᠦᠶ ᠰᠠᠯᠠᠭ᠎ᠠ ᠮᠥᠴᠢᠷ ᠵᠢᠴᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠠᠷ ᠪᠦᠷᠢᠯᠳᠦᠬᠦᠨ ᠨᠢᠭᠡᠴᠢ ᠪᠤᠯᠭᠠᠭᠰᠠᠨ ᠤᠳᠤᠷᠢᠳᠬᠤ ᠲᠤᠭᠤᠶᠢᠯᠠᠩ ᠢ ᠪᠠᠶᠢᠭᠤᠯᠬᠤ ᠬᠡᠷᠡᠭᠳᠡᠢ ᠭᠡᠵᠦ ᠲᠣᠳᠣᠷᠬᠠᠶ ᠲᠣᠭᠲᠠᠭᠠᠵᠠᠶ᠃      ᠬᠤᠶᠠᠷ ᠲᠤ᠂ ᠣᠷᠣᠨ ᠨᠤᠲᠤᠭ ᠤᠨ ᠵᠠᠰᠠᠭ ᠤᠨ ᠣᠷᠳᠣᠨ ᠤ ᠢᠳᠡᠪᠬᠢ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ︽ᠮᠡᠳᠡᠭᠳᠡᠯ︾ ᠳᠤ᠂ ᠬᠤᠲᠠ ᠶᠢᠨ ᠵᠣᠬᠢᠴᠠᠭᠤᠯᠬᠤ ᠲᠣᠭᠲᠠᠴᠠ ᠳᠤ ︽ᠴᠠᠭᠠᠨ ᠨᠡᠷᠡᠰ︾  ᠤᠨ ᠲᠥᠷᠥᠯ ᠵᠦᠢᠯ ᠤᠨ ᠵᠥᠪᠰᠢᠶᠡᠷᠡᠨ ᠣᠷᠣᠭᠤᠯᠬᠤ ᠪᠣᠭᠤᠮᠲᠠ ᠶᠢ ᠰᠠᠶᠢᠲᠤᠷ ᠠᠳᠬᠤᠵᠦ᠂ ︽ᠴᠠᠭᠠᠨ ᠨᠡᠷᠡᠰ ︾ ᠪᠣᠯ ᠲᠣᠭᠲᠠᠭᠠᠯ ᠳᠤ ᠨᠡᠶᠢᠴᠡᠬᠦ ᠲᠥᠷᠥᠯ ᠵᠦᠢᠯ ᠤᠨ ᠨᠡᠷᠡᠰ ᠮᠥᠨ᠂ ᠲᠥᠷᠥᠯ ᠵᠦᠢᠯ ᠨᠢ ᠲᠠᠪᠤᠨ ᠨᠥᠬᠦᠴᠡᠯ ᠪᠠ ᠲᠠᠪᠤᠨ ᠪᠠᠷᠢᠮᠵᠢᠶ᠎ᠠ ᠳᠤ ᠨᠡᠶᠢᠴᠡᠭᠰᠡᠨ ᠪᠠᠶᠢᠬᠤ ᠬᠡᠷᠡᠭᠲᠡᠶ᠃ ᠬᠤᠲᠠ ᠶᠢᠨ ᠵᠣᠬᠢᠴᠠᠭᠤᠯᠬᠤ ᠲᠣᠭᠲᠠᠴᠠ ᠨᠢ ᠬᠠᠷᠢᠶ᠎ᠠ ᠣᠷᠣᠨ ᠤ ᠳᠣᠲᠣᠷᠠᠬᠢ ᠬᠡᠷ ᠪᠠᠶᠢᠰᠢᠩ ᠭᠠᠵᠠᠷ ᠬᠥᠷᠥᠩᠭᠡ ᠶᠢᠨ ᠪᠠᠶᠢᠭᠤᠯᠵᠤ ᠪᠠᠶᠢᠭ᠎ᠠ ᠲᠥᠷᠥᠯ ᠵᠦᠢᠯ ᠤᠨ ᠮᠡᠳᠡᠭᠡ ᠵᠠᠩᠭᠢ ᠶᠢ ᠬᠤᠷᠢᠶᠠᠩᠭᠤᠶᠢᠯᠠᠬᠤ᠂ ︽ᠴᠠᠭᠠᠨ ᠨᠡᠷᠡᠰ︾ ᠤᠨ ᠲᠥᠷᠥᠯ ᠵᠦᠢᠯ ᠢ ᠬᠢᠨᠠᠨ ᠬᠠᠷᠭᠤᠭᠤᠯᠵᠤ ᠳᠠᠮᠵᠢᠭᠤᠯᠤᠨ ᠬᠦᠷᠭᠡᠬᠦ᠂ ᠠᠰᠠᠭᠤᠳᠠᠯ ᠲᠠᠢ ᠲᠥᠷᠥᠯ ᠵᠦᠢᠯ ᠢ ᠴᠡᠭᠴᠡᠯᠡᠨ ᠰᠠᠶᠢᠵᠢᠷᠠᠭᠤᠯᠬᠤ᠂ ᠲᠥᠷᠥᠯ ᠵᠦᠢᠯ ᠤᠨ ᠬᠠᠮᠢᠶᠠᠷᠤᠯᠲᠠ ᠬᠢᠨᠠᠯᠲᠠ ᠲᠠᠯᠪᠢᠬᠤ ᠵᠢᠴᠢ ᠲᠥᠷᠥᠯ ᠵᠦᠢᠯ ᠤᠨ ᠪᠠᠯᠠ ᠲᠣᠬᠢᠷᠠᠭᠤᠯᠭ᠎ᠠ ᠶᠢᠨ ᠦᠢᠯᠡᠴᠢᠯᠡᠭᠡ ᠳᠤ ᠦᠨᠳᠦᠰᠦᠨ ᠪᠠᠲᠤᠯᠠᠭ᠎ᠠ ᠬᠠᠩᠭᠠᠬᠤ ᠵᠡᠷᠭᠡ ᠠᠵᠢᠯ ᠢ ᠬᠠᠷᠢᠭᠤᠴᠠᠨ ᠰᠠᠶᠢᠲᠤᠷ ᠬᠢᠬᠦ ᠬᠡᠷᠡᠭᠲᠡᠶ ᠭᠡᠵᠦ ᠱᠠᠭᠠᠷᠳᠠᠪᠠ᠃      ᠭᠤᠷᠪᠠ ᠳᠤ᠂ ︽ᠴᠠᠭᠠᠨ ᠨᠡᠷᠡᠰ ︾ ᠤᠨ ᠲᠥᠷᠥᠯ ᠵᠦᠢᠯ ᠢ ᠲᠠᠨᠢᠯᠴᠠᠭᠤᠯᠤᠨ ᠬᠦᠷᠭᠡᠬᠦ ᠳᠤ ᠬᠠᠷᠢᠭᠤ ᠲᠤᠰᠬᠠᠬᠤ ᠬᠠᠮᠢᠶᠠᠷᠤᠯᠲᠠ ᠶᠢ ᠬᠡᠷᠡᠭᠵᠢᠭᠦᠯᠦᠨ᠎ᠡ᠃ ︽ᠮᠡᠳᠡᠭᠳᠡᠯ︾ ᠳᠤ᠂ ᠬᠤᠲᠠ ᠶᠢᠨ ᠵᠣᠬᠢᠴᠠᠭᠤᠯᠬᠤ ᠲᠣᠭᠲᠠᠴᠠ ᠠᠴᠠ ᠪᠦᠷᠢᠯᠳᠦᠬᠦᠨ ᠨᠢᠭᠡᠴᠢ ᠶᠢ ᠵᠣᠬᠢᠶᠠᠨ ᠪᠠᠶᠢᠭᠤᠯᠤᠨ ᠲᠥᠷᠥᠯ ᠵᠦᠢᠯ ᠢ ᠬᠢᠨᠠᠨ ᠪᠠᠶᠢᠴᠠᠭᠠᠵᠤ᠂ ᠬᠢᠨᠠᠨ ᠪᠠᠶᠢᠴᠠᠭᠠᠭᠰᠠᠨ ᠤ ᠳᠠᠷᠠᠭ᠎ᠠ ᠲᠠᠪᠤᠨ ᠨᠥᠬᠦᠴᠡᠯ ᠪᠠ ᠲᠠᠪᠤᠨ ᠪᠠᠷᠢᠮᠵᠢᠶ᠎ᠠ ᠳᠤ ᠨᠡᠶᠢᠴᠡᠭᠰᠡᠨ ᠲᠥᠷᠥᠯ ᠵᠦᠢᠯ ᠳᠤ ︽ᠴᠠᠭᠠᠨ ᠨᠡᠷᠡᠰ ︾ ᠭᠠᠷᠭᠠᠵᠤ᠂ ᠭᠤᠤᠯᠴᠢᠯᠠᠨ  ᠬᠦᠢᠴᠡᠳᠭᠡᠬᠦ ᠪᠠᠩᠬᠢ ᠳᠤ ᠲᠠᠨᠢᠯᠴᠠᠭᠤᠯᠤᠨ ᠬᠦᠷᠭᠡᠨ᠎ᠡ᠃ ᠭᠤᠣᠯᠴᠢᠯᠠᠨ ᠭᠦᠢᠴᠡᠳᠭᠡᠬᠦ ᠪᠠᠩᠬᠢ ᠠᠴᠠ ︽ᠴᠠᠭᠠᠨ ᠨᠡᠷᠡᠰ ︾ ᠤᠨ ᠲᠥᠷᠥᠯ ᠵᠦᠢᠯ ᠳᠤ ᠢᠲᠡᠭᠡᠮᠵᠢᠲᠦ ᠵᠢᠭᠡᠯᠡᠯᠭᠡ ᠶᠢᠨ ᠬᠢᠨᠠᠨ ᠦᠨᠡᠯᠡᠯᠳᠡ ᠬᠢᠵᠦ᠂ ᠵᠢᠭᠡᠯᠡᠯᠭᠡ ᠶᠢᠨ ᠨᠥᠬᠦᠴᠡᠯ ᠳᠤ ᠨᠡᠶᠢᠴᠡᠬᠦ ᠲᠥᠷᠥᠯ ᠵᠦᠢᠯ ᠳᠤ ᠢᠳᠡᠪᠬᠢᠲᠡᠶ ᠳᠡᠮᠵᠢᠯᠭᠡ ᠦᠵᠡᠭᠦᠯᠦᠨ᠎ᠡ᠃ ᠲᠦᠷ ᠵᠢᠭᠡᠯᠡᠯᠭᠡ ᠶᠢᠨ ᠨᠥᠬᠦᠴᠡᠯ ᠳᠤ ᠨᠡᠶᠢᠴᠡᠬᠦ ᠦᠭᠡᠶ ᠲᠥᠷᠥᠯ ᠵᠦᠢᠯ ᠤᠨ ᠪᠣᠳᠠᠲᠠᠶ ᠠᠰᠠᠭᠤᠳᠠᠯ ᠢ ᠵᠢᠭᠰᠠᠭᠠᠨ ᠲᠣᠳᠣᠷᠬᠠᠶᠢᠯᠠᠭᠠᠳ᠂ ᠬᠤᠲᠠ ᠶᠢᠨ ᠵᠣᠬᠢᠴᠠᠭᠤᠯᠬᠤ ᠲᠣᠭᠲᠠᠴᠠ ᠳᠤ ᠴᠠᠭ ᠲᠤᠬᠠᠶ ᠳᠤᠨᠢ ᠬᠠᠷᠢᠭᠤ ᠲᠤᠰᠬᠠᠬᠤ ᠬᠡᠷᠡᠭᠲᠡᠶ᠃ ᠬᠤᠲᠠ ᠶᠢᠨ ᠵᠣᠬᠢᠴᠠᠭᠤᠯᠬᠤ ᠲᠣᠭᠲᠠᠴᠠ ᠳᠤ ᠴᠠᠭ ᠲᠤᠬᠠᠶ ᠳᠤᠨᠢ ᠬᠠᠨᠳᠤᠯᠭᠠᠲᠤ ᠴᠢᠨᠠᠷᠲᠠᠶ ᠰᠢᠢᠳᠪᠦᠷᠢᠯᠡᠬᠦ ᠲᠥᠰᠦᠯ ᠢ ᠳᠤᠷᠠᠳᠴᠤ᠂ ᠬᠠᠮᠢᠶ᠎ᠠ ᠪᠥᠬᠦᠶ ᠠᠰᠠᠭᠤᠳᠠᠯ ᠢ ᠰᠢᠢᠳᠪᠦᠷᠢᠯᠡᠭᠰᠡᠨ ᠤ ᠳᠠᠷᠠᠭ᠎ᠠ ᠳᠠᠬᠢᠨ ᠬᠢᠨᠠᠨ ᠪᠠᠶᠢᠴᠠᠭᠠᠬᠤ ᠶᠢᠨ ᠬᠠᠮᠲᠤ ᠲᠠᠨᠢᠯᠴᠠᠭᠤᠯᠤᠨ ᠬᠦᠷᠭᠡᠵᠦ ᠪᠣᠯᠤᠨ᠎ᠠ ᠭᠡᠵᠤ ᠲᠤᠷᠠᠳᠪᠠ᠃        ᠳᠥᠷᠪᠡ ᠳᠤ᠂ ︽ᠴᠠᠭᠠᠨ ᠨᠡᠷᠡᠰ ︾ ᠤᠨ ᠲᠥᠷᠥᠯ ᠵᠦᠢᠯ ᠤᠨ ᠵᠦᠶ ᠵᠣᠬᠢᠰᠲᠠᠶ ᠪᠠᠯᠠ ᠲᠣᠬᠢᠷᠠᠭᠤᠯᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠢᠳᠡᠪᠬᠢᠲᠡᠶ ᠬᠠᠩᠭᠠᠵᠤ᠂ ᠱᠠᠭᠠᠷᠳᠠᠯᠭ᠎ᠠ ᠳᠤ ᠨᠡᠶᠢᠴᠡᠬᠦ ᠲᠥᠷᠥᠯ ᠵᠦᠢᠯ ᠤᠨ ︽ᠵᠢᠭᠡᠯᠡᠭᠦᠯᠬᠦ ᠨᠦᠭᠦᠴᠡᠯ ᠲᠠᠢ ᠲᠤᠨᠢ ᠪᠦᠬᠦᠨ ᠳᠤ ᠵᠢᠭᠡᠯᠡᠯᠭᠡ︾ ᠤᠯᠭᠤᠨ᠎ᠠ᠃ ︽ᠮᠡᠳᠡᠭᠳᠡᠯ︾ ᠳᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠵᠠᠬ᠎ᠠ ᠳᠡᠯᠭᠡᠭᠦᠷᠴᠢᠯᠡᠬᠦ᠂ ᠬᠠᠤᠯᠢ ᠪᠠᠷ ᠵᠠᠰᠠᠬᠤ ᠵᠠᠷᠴᠢᠮ ᠶᠣᠰᠣᠭᠠᠷ᠂ ︽ᠴᠠᠭᠠᠨ ᠨᠡᠷᠡᠰ︾ ᠤᠨ ᠲᠥᠷᠥᠯ ᠵᠦᠢᠯ ᠤᠨ ᠪᠠᠯᠠ ᠲᠣᠬᠢᠷᠠᠭᠤᠯᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠦᠨᠡᠯᠡᠨ ᠵᠢᠱᠢᠵᠦ᠂ ᠪᠡᠶ᠎ᠡ ᠪᠠᠨ ᠳᠠᠭᠠᠭᠠᠨ ᠬᠢᠨᠠᠨ ᠦᠨᠡᠯᠡᠵᠦ᠂ ᠪᠡᠶ᠎ᠡ ᠪᠠᠨ ᠳᠠᠭᠠᠭᠠᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠬᠡᠷᠡᠭᠲᠡᠶ᠃ ᠨᠢᠭᠡ ᠲᠥᠷᠥᠯ ᠵᠦᠢᠯ ᠢ ᠨᠢᠭᠡ ᠭᠤᠣᠯᠴᠢᠯᠠᠨ ᠭᠦᠢᠴᠡᠳᠭᠡᠬᠦ ᠪᠠᠩᠬᠢ ᠠᠴᠠ ᠲᠥᠷᠥᠯ ᠵᠦᠢᠯ ᠤᠨ ᠬᠤᠶᠢᠰᠢᠳᠠ ᠶᠢᠨ ᠪᠡᠯᠡ ᠲᠤᠬᠢᠷᠠᠭᠤᠯᠭ᠎ᠠ ᠳᠤ ᠬᠠᠷᠢᠭᠤᠴᠠᠬᠤ ᠶᠢ ᠲᠤᠳᠤᠷᠬᠠᠶᠢᠯᠠᠵᠦ᠂ ᠭᠤᠣᠯᠴᠢᠯᠠᠨ ᠭᠦᠢᠴᠡᠳᠭᠡᠬᠦ ᠪᠠᠩᠬᠢ ᠠᠴᠠ ᠰᠠᠭᠠᠳ ᠦᠭᠡᠢ ᠨᠡᠪᠲᠡᠷᠡᠬᠦ ᠵᠠᠮ ᠪᠠᠶᠢᠭᠤᠯᠵᠤ᠂ ᠢᠲᠡᠭᠡᠮᠵᠢ ᠣᠯᠭᠤᠬᠤ ᠲᠤᠭ᠎ᠠ ᠬᠡᠮᠵᠢᠶ᠎ᠡ ᠶᠢ ᠠᠰ ᠲᠤᠨᠢ ᠵᠢᠭᠰᠠᠭᠠᠵᠤ ᠪᠣᠯᠣᠨ᠎ᠠ ᠭᠡᠵᠦ ᠱᠠᠭᠠᠷᠳᠠᠪᠠ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠢ ︽ᠮᠡᠳᠡᠭᠳᠡᠯ︾ ᠢ ᠦᠨᠳᠦᠰᠦᠯᠡᠨ ᠲᠤᠰᠢᠶᠠᠯ ᠢᠶᠠᠨ ᠭᠦᠢᠴᠡᠳᠬᠡᠬᠦ ᠬᠠᠷᠢᠭᠤᠴᠠᠯᠭ᠎ᠠ ᠠᠴᠠ ᠬᠡᠯᠲᠦᠷᠢᠭᠦᠯᠬᠦ ᠪᠣᠳᠠᠲᠠᠶ ᠬᠡᠷᠡᠭᠵᠢᠭᠦᠯᠬᠦ ᠨᠠᠷᠢᠨ ᠳᠦᠷᠢᠮ ᠢ ᠲᠤᠭᠳᠠᠭᠨ᠎ᠠ᠃      ᠲᠠᠪᠤ ᠳᠤ᠂ ᠬᠠᠮᠢᠶ᠎ᠠ ᠪᠦᠬᠦᠢ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠲᠣᠳᠣᠷᠬᠠᠶᠢᠯᠠᠨ᠎ᠠ᠃ ︽ᠮᠡᠳᠡᠭᠳᠡᠯ︾ ᠳᠤ ᠂ ᠬᠤᠲᠠ ᠶᠢᠨ ᠵᠣᠬᠢᠴᠠᠭᠤᠯᠬᠤ ᠲᠣᠭᠲᠠᠴᠠ ᠠᠴᠠ ︽ᠴᠠᠭᠠᠨ ᠨᠡᠷᠡᠰ ︾ ᠤᠨ ᠲᠥᠷᠥᠯ ᠵᠦᠢᠯ ᠳᠤ ᠲᠤᠰᠬᠠᠷ ᠲᠠᠩᠰᠠ ᠪᠠᠶᠢᠭᠤᠯᠤᠨ ᠲᠣᠭᠠᠴᠠᠭ᠎ᠠ ᠬᠢᠬᠦ᠂ ᠪᠢᠲᠡᠭᠦᠮᠵᠢᠯᠡᠨ ᠠᠵᠢᠯᠯᠠᠭᠤᠯᠵᠤ ᠬᠠᠮᠢᠶᠠᠷᠬᠤ ᠶᠢ ᠠᠬᠢᠭᠤᠯᠵᠤ᠂ ᠲᠥᠷᠥᠯ ᠵᠦᠢᠯ ᠤᠨ ᠪᠠᠯᠠ ᠮᠥᠩᠭᠦ ᠶᠢ ᠪᠤᠰᠤᠳ ᠵᠦᠢᠯ ᠳᠤ ᠨᠡᠭᠦᠯᠭᠡᠨ ᠬᠡᠷᠡᠭᠯᠡᠬᠦ ᠶᠢ ᠴᠢᠩᠭ᠎ᠠ ᠴᠠᠭᠠᠵᠠᠯᠠᠬᠤ ᠬᠡᠷᠡᠭᠲᠡᠶ᠃ ᠬᠤᠳᠠ ᠶᠢᠨ ᠵᠣᠬᠢᠴᠠᠭᠤᠯᠬᠤ ᠲᠣᠭᠲᠠᠴᠠ ᠳᠤ ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢᠨ ᠬᠠᠮᠢᠶᠠᠷᠤᠯᠲᠠ ᠶᠢ ᠰᠢᠯᠢᠳᠡᠭᠵᠢᠭᠦᠯᠵᠦ᠂ ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠲᠤᠭ᠎ᠠ ᠬᠡᠮᠵᠢᠶ᠎ᠡ ᠶᠢ ᠵᠦᠢ ᠵᠣᠬᠢᠰᠲᠠᠶ ᠲᠣᠭᠲᠠᠭᠠᠬᠤ ᠬᠡᠷᠡᠭᠲᠡᠶ᠃ ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠳᠠᠩᠰᠠᠨ ᠡᠷᠦᠬᠡ ᠪᠠᠶᠢᠭᠤᠯᠤᠭᠰᠠᠨ ᠪᠠᠩᠬᠢ ᠨᠢ ᠭᠤᠤᠯᠴᠢᠯᠠᠨ ᠭᠦᠢᠴᠡᠳᠭᠡᠬᠦ ᠪᠠᠩᠬᠢ ᠯᠤᠭ᠎ᠠ ᠨᠢᠭᠡᠳᠦᠯ ᠦᠭᠡᠶ ᠪᠠᠶᠢᠪᠠᠯ᠂ ᠬᠤᠲᠠ ᠶᠢᠨ ᠵᠣᠬᠢᠴᠠᠭᠤᠯᠬᠤ ᠲᠣᠭᠲᠠᠴᠠ ᠬᠠᠪᠰᠤᠷᠤᠨ ᠬᠤᠪᠢᠷᠠᠭᠤᠯᠤᠯᠲᠠ ᠶᠢ ᠰᠠᠶᠢᠲᠤᠷ ᠬᠢᠬᠦ ᠬᠡᠷᠡᠭᠲᠡᠶ᠃ ᠬᠤᠲᠠ ᠶᠢᠨ ᠵᠣᠬᠢᠴᠠᠭᠤᠯᠬᠤ ᠲᠣᠭᠲᠠᠴᠠ ᠨᠢ ᠪᠠᠶᠢᠭᠤᠯᠵᠤ ᠪᠠᠶᠢᠭ᠎ᠠ ᠪᠠᠷᠢᠯᠭ᠎ᠠ ᠶᠢᠨ ᠪᠠᠷᠢᠴᠠᠭᠠᠯᠠᠨ ᠨᠠᠷᠢᠯᠢᠬᠵᠢᠭᠤᠯᠬᠤ ᠬᠠᠮᠢᠶᠠᠷᠤᠯᠲᠠ ᠶᠢ ᠴᠢᠩᠭᠠᠳᠬᠠᠵᠤ᠂ ᠲᠥᠷᠥᠯ ᠵᠦᠢᠯ ᠤᠨ ᠪᠣᠷᠣᠯᠠᠭᠤᠯᠭ᠎ᠠ ᠶᠢᠨ ᠠᠬᠢᠴᠠ ᠶᠢ ᠦᠨᠳᠦᠰᠦᠯᠡᠨ ᠢᠵᠢ ᠳᠠᠷᠠᠭᠠᠯᠠᠨ ᠪᠠᠷᠢᠴᠠᠭ᠎ᠠ  ᠪᠠᠨ ᠰᠤᠯᠠᠯᠠᠵᠦ᠂ ᠪᠠᠩᠬᠢ ᠶᠢᠨ ᠠᠪᠴᠠᠭᠠᠨ ᠤ ᠡᠷᠬᠡ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠶ ᠭᠡᠵᠤ ᠲᠤᠳᠤᠷᠬᠠᠶᠢᠯᠠᠪᠠ᠃      ᠣᠶᠢᠯᠠᠭᠠᠭᠰᠠᠨ ᠢᠶᠠᠷ᠂ ᠬᠤᠶᠠᠷ ᠰᠠᠯᠠᠭ᠎ᠠ ᠮᠥᠴᠢᠷ ᠨᠢᠭᠡᠨᠲᠡ ᠬᠠᠮᠲᠤᠷᠠᠨ ᠠᠵᠢᠯᠯᠠᠬᠤ ᠲᠤᠰᠬᠠᠶ ᠠᠩᠭᠢ ᠪᠠᠶᠢᠭᠤᠯᠵᠤ᠂ ᠡᠯ᠎ᠡ ᠮᠤᠵᠢ᠂ ᠬᠤᠲᠠ ᠴᠤ ᠵᠣᠬᠢᠬᠤ ᠠᠵᠢᠯ ᠤᠨ ᠲᠤᠰᠬᠠᠶ ᠠᠩᠭᠢ ᠪᠠᠶᠢᠭᠤᠯᠵᠠᠢ᠂ ᠲᠠᠷᠠᠭᠠᠴᠢ ᠶᠢᠨ ᠠᠯᠬᠤᠮ ᠳᠤ ᠬᠤᠲᠠ ᠶᠢᠨ ᠵᠣᠬᠢᠴᠠᠭᠤᠯᠬᠤ ᠲᠣᠭᠲᠠᠴᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠦᠷᠭᠦᠯᠵᠢᠯᠡᠨ ᠠᠬᠢᠭᠤᠯᠵᠤ᠂ ᠬᠡᠷ ᠪᠠᠶᠢᠰᠢᠩ ᠭᠠᠵᠠᠷ ᠬᠥᠷᠥᠩᠭᠡ ᠶᠢᠨ ᠪᠥᠲᠥᠭᠡᠨ ᠪᠠᠶᠢᠭᠤᠯᠵᠤ ᠪᠠᠶᠢᠭ᠎ᠠ ᠲᠥᠷᠥᠯ ᠵᠦᠢᠯ ᠤᠨ ᠪᠠᠯᠠ ᠲᠤᠬᠢᠷᠠᠭᠤᠯᠤᠯᠳᠠ ᠪᠠ ᠪᠥᠲᠥᠭᠡᠨ ᠪᠠᠶᠢᠭᠤᠯᠵᠤ ᠲᠤᠰᠢᠶᠠᠨ ᠥᠭᠬᠦ ᠶᠢ ᠪᠥᠬᠦ ᠬᠦᠴᠦᠨ ᠢᠶᠠᠷ ᠢᠶᠠᠨ ᠳᠡᠮᠵᠢᠵᠦ᠂ ᠬᠡᠷ ᠪᠠᠶᠢᠰᠢᠩ ᠬᠤᠳᠠᠯᠳᠤᠨ ᠠᠪᠤᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠬᠦᠴᠦᠲᠡᠶ ᠪᠠᠲᠤᠯᠠᠵᠤ ᠂ ᠬᠡᠷ ᠪᠠᠶᠢᠰᠢᠩ ᠭᠠᠵᠠᠷ ᠬᠥᠷᠥᠩᠭᠡ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠣᠯᠤᠨ᠎ᠠ᠃        ᠢᠷᠡᠯᠲᠡ᠄ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠣᠨᠢᠨ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1