ᠰᠣᠶᠣᠯ ᠤᠨ ᠥᠪ ᠬᠥᠷᠥᠩᠭᠡ ᠶᠢ ︽ᠠᠮᠢᠯᠠᠭᠤᠯᠤᠨ ᠬᠦᠭᠵᠢᠭᠦᠯᠦᠶ᠎ᠡ︾
ᠨᠡᠶᠢᠲᠡᠯᠡᠭᠰᠡᠨ ᠴᠠᠭ᠄
2024/6/12
      ᠲᠣᠭᠠᠴᠢᠯᠠᠭᠰᠠᠨ ᠮᠡᠷᠭᠡᠵᠢᠯ ᠨᠢ ᠲᠠᠰᠤᠷᠠᠯᠲᠠ ᠥᠬᠡᠶ ᠦᠷᠭᠡᠳᠴᠦ ᠪᠠᠶᠢᠭ᠎ᠠ ᠲᠡᠤᠬᠡ ᠰᠣᠶᠣᠯ ᠤᠨ ᠬᠠᠮᠠᠭᠠᠯᠠᠯᠲᠠ ᠪᠠ ᠤᠯᠠᠮᠵᠢᠯᠠᠨ ᠵᠠᠯᠭᠠᠮᠵᠢᠯᠠᠬᠤ ᠰᠢᠨ᠎ᠡ ᠠᠷᠭ᠎ᠠ ᠵᠠᠮ ᠪᠣᠯᠤᠭᠰᠠᠨ ᠤ ᠬᠤᠪᠢ ᠳᠤ᠂ ᠨᠢᠭᠡ ᠲᠠᠯ᠎ᠠ ᠪᠠᠷ ᠰᠣᠶᠣᠯ ᠤᠨ ᠥᠪ ᠤᠨ ᠬᠠᠮᠠᠭᠠᠯᠠᠯᠲᠠ ᠶᠢᠨ ᠠᠷᠭ᠎ᠠ ᠪᠠᠷᠢᠯ ᠢ ᠪᠠᠶᠠᠯᠢᠭᠵᠢᠭᠤᠯᠵᠤ᠂ ᠲᠡᠤᠬᠡ ᠰᠣᠶᠣᠯ ᠤᠨ ᠡᠬᠢ ᠪᠠᠶᠠᠯᠢᠭ ᠤᠨ ᠬᠠᠮᠠᠭᠠᠯᠠᠯᠲᠠ ᠬᠠᠮᠢᠶᠠᠷᠤᠯᠲᠠ ᠶᠢᠨ ᠮᠡᠳᠡᠭᠡ ᠵᠠᠩᠭᠢᠵᠢᠯᠲᠠ ᠪᠠ ᠤᠶᠤᠨᠴᠢᠯᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠪᠡ᠂ ᠨᠥᠭᠦᠭᠡ ᠲᠠᠯ᠎ᠠ ᠪᠠᠷ᠂ ᠮᠡᠳᠡᠭᠡ ᠵᠠᠩᠭᠢ ᠶᠢ ᠳᠡᠯᠭᠡᠨ ᠦᠵᠡᠭᠦᠯᠬᠦ ᠪᠠ ᠤᠯᠠᠮᠵᠢᠯᠠᠬᠤ ᠲᠠᠯ᠎ᠠ ᠪᠠᠷ ᠴᠠᠭ ᠬᠤᠭᠤᠴᠠᠭᠠᠲᠤ ᠴᠢᠨᠠᠷ ᠢᠶᠠᠷ ᠴᠢᠩᠭ᠎ᠠ᠂ ᠠᠷᠭ᠎ᠠ ᠪᠠᠷᠢᠯ ᠨᠢ ᠣᠯᠠᠨ ᠶᠠᠩᠵᠤ ᠪᠠᠶᠢᠳᠠᠭ ᠵᠡᠷᠭᠡ ᠥᠪᠡᠷᠮᠢᠴᠡ ᠳᠠᠪᠠᠭᠤᠯᠢᠭ ᠲᠠᠢ ᠪᠣᠯᠬᠤᠷ ᠰᠣᠶᠣᠯ ᠤᠨ ᠥᠪ ᠢ ᠨᠠᠩ ᠰᠢᠨ᠎ᠡ ᠰᠣᠷᠭᠤᠭ ᠠᠷᠭ᠎ᠠ ᠮᠠᠶ᠋ᠢᠭ ᠢᠶᠠᠷ ᠬᠥᠮᠦᠰ ᠤᠨ ᠠᠮᠢᠳᠤᠷᠠᠯ ᠳᠤ ᠬᠦᠷᠭᠡᠵᠦ ᠴᠢᠳᠠᠪᠠ᠃      ᠲᠣᠭᠠᠴᠠᠯᠠᠭᠰᠠᠨ ᠮᠡᠷᠭᠡᠵᠢᠯ ᠨᠢ ᠰᠣᠶᠣᠯ ᠤᠨ ᠥᠪ ᠤᠨ ᠪᠦᠲᠦᠭᠡᠯᠴᠢ ᠴᠢᠨᠠᠷᠳᠠᠢ ᠬᠤᠪᠢᠷᠠᠯᠳᠠ᠂ ᠰᠢᠨ᠎ᠡ ᠶᠢ ᠡᠭᠦᠳᠬᠦ ᠴᠢᠨᠠᠷᠲᠠᠢ ᠬᠦᠭᠵᠢᠯᠳᠡ ᠶᠢ ᠠᠬᠢᠭᠤᠯᠬᠤ ᠶᠢᠨ ᠬᠠᠮᠲᠤ᠂ ᠰᠣᠶᠣᠯ ᠤᠨ ᠬᠡᠷᠡᠭᠯᠡᠭᠡ ᠶᠢᠨ ᠰᠤᠷᠭᠠᠨ ᠬᠥᠮᠦᠵᠢᠯ ᠤᠨ ᠬᠢᠷᠢ ᠬᠡᠮᠵᠢᠶ᠎ᠡ᠂ ᠤᠷᠤᠯᠭ᠎ᠠ ᠶᠢᠨ ᠬᠡᠮᠵᠢᠶ᠎ᠡ᠂ ᠬᠤᠲᠠ ᠬᠥᠳᠡᠭᠡ ᠶᠢᠨ ᠵᠥᠷᠢᠶ᠎ᠡ ᠵᠡᠷᠭᠡ ᠶᠢ ᠪᠠᠭᠠᠰᠬᠠᠵᠤ ᠂ ᠰᠣᠶᠣᠯ ᠤᠨ ᠥᠪ ᠤᠨ ᠪᠦᠲᠦᠭᠡᠭᠳᠡᠬᠦᠨ ᠤ ᠬᠦᠯᠢᠶᠡᠨ ᠠᠪᠤᠭᠴᠢᠳ ᠢ ᠶᠡᠭᠡ ᠪᠠᠷ ᠥᠷᠭᠡᠳᠭᠡᠵᠡᠢ᠃   ᠴᠠᠭ ᠬᠤᠭᠤᠴᠠᠭᠠᠴᠢᠯᠠᠭᠰᠠᠨ ᠥᠪᠡᠷᠮᠢᠴᠡᠴᠢᠯᠡᠭᠰᠡᠨ ᠰᠣᠶᠣᠯ ᠤᠨ ᠬᠡᠷᠡᠭᠯᠡᠭᠡ ᠨᠢ ᠶᠠᠭ ᠰᠢᠨ᠎ᠡ ᠬᠠᠨᠳᠤᠰᠢ ᠪᠣᠯᠵᠣ᠂ ᠰᠣᠶᠣᠯ ᠤᠨ ᠠᠭᠤᠯᠤᠭᠳᠠᠬᠤᠨ ᠲᠠᠢ᠂ ᠣᠶᠤᠨᠴᠢ ᠪᠥᠭᠡᠳ ᠳᠥᠭᠦᠮ ᠳᠥᠲᠡ᠂ ᠬᠠᠶᠢᠷ᠎ᠠ ᠰᠡᠳᠬᠢᠯᠭᠡ ᠶᠢ ᠡᠭᠦᠰᠭᠡᠵᠦ ᠳᠡᠶᠢᠯᠬᠦ ᠰᠣᠶᠣᠯ ᠤᠨ ᠪᠦᠲᠦᠭᠡᠭᠳᠡᠬᠦᠨ ᠪᠠ ᠦᠢᠯᠡᠴᠢᠯᠡᠭᠡ ᠨᠢ ᠨᠠᠩ ᠠᠮᠠᠷᠬᠠᠨ ᠬᠥᠮᠦᠰ ᠤᠨ ᠠᠩᠬᠠᠷᠤᠯ ᠢ ᠲᠠᠲᠠᠵᠤ ᠪᠠᠶᠢᠨ᠎ᠠ᠃      ᠵᠤᠬᠢᠶᠠᠭᠴᠢ ᠶᠢᠨ ᠦᠵᠡᠬᠦ ᠪᠠᠷ᠂ ᠰᠣᠶᠣᠯ ᠤᠨ ᠥᠪ ᠤᠨ ᠰᠢᠨ᠎ᠡ ᠴᠠᠭ ᠦᠶ᠎ᠡ ᠳᠤ ᠦᠷᠭᠦᠯᠵᠢᠯᠡᠨ ᠭᠡᠷᠡᠯ ᠭᠢᠯᠪᠠᠭ᠎ᠠ ᠪᠠᠨ ᠰᠠᠴᠤᠷᠠᠭᠤᠯᠤᠶ᠎ᠠ ᠭᠡᠪᠡᠯ᠂ ︽ᠬᠠᠮᠳᠤᠪᠡᠷ ᠡᠳ᠋ᠯᠡᠬᠦ︾ ᠶᠢ ᠰᠠᠶᠢᠳᠦᠷ ᠪᠡᠶᠡᠯᠡᠭᠦᠯᠬᠦ ᠬᠡᠷᠡᠭᠲᠡᠢ᠃ ᠡᠩ ᠲᠡᠷᠢᠭᠦᠨ ᠳᠤ᠂ ᠮᠡᠷᠭᠡᠵᠢᠯ ᠤᠨ ᠬᠡᠷᠡᠭᠯᠡᠯᠲᠡ ᠶᠢᠨ ᠵᠢᠷᠤᠮᠵᠢᠯ ᠪᠠ ᠬᠢᠨᠠᠯᠲᠠ ᠬᠠᠮᠢᠶᠠᠷᠤᠯᠲᠠ ᠶᠢ ᠴᠢᠬᠤᠯᠠᠴᠢᠯᠠᠵᠤ᠂ ᠲᠣᠭᠠᠴᠢᠯᠠᠭᠰᠠᠨ ᠠᠭᠤᠯᠭ᠎ᠠ ᠶᠢᠨ ᠦᠨᠡᠨ ᠪᠣᠳᠠᠲᠤ ᠴᠢᠨᠠᠷ ᠪᠠ ᠢᠲᠡᠭᠡᠮᠵᠢᠲᠤ ᠴᠢᠨᠠᠷ ᠢ ᠪᠠᠲᠤᠯᠠᠵᠤ᠂ ᠮᠡᠳᠡᠭᠡ ᠵᠠᠩᠭᠢ ᠶᠢᠨ ᠬᠠᠭᠤᠷᠮᠠᠭ ᠠᠴᠠ ᠪᠣᠯᠤᠭᠰᠠᠨ ᠠᠯᠳᠠᠭ᠎ᠠ ᠪᠠ ᠬᠤᠬᠢᠷᠠᠯ ᠢ ᠰᠡᠷᠭᠡᠶᠢᠯᠡᠵᠦ᠂ ᠰᠣᠶᠣᠯ ᠤᠨ ᠥᠪ ᠤᠨ ᠲᠣᠭᠠᠴᠢᠯᠠᠭᠰᠠᠨ ᠡᠬᠢ ᠪᠠᠶᠠᠯᠢᠭ ᠤᠨ ᠠᠮᠤᠷ ᠲᠦᠪᠰᠢᠨ ᠪᠠ ᠪᠦᠷᠢᠨ ᠪᠦᠲᠦᠨ ᠪᠠᠶᠢᠬᠤ ᠶᠢ ᠬᠠᠮᠠᠭᠠᠯᠠᠬᠤ ᠬᠡᠷᠡᠭᠲᠡᠢ᠃ ᠳᠠᠷᠠᠭᠠᠯᠠᠪᠠᠯ ᠰᠤᠶᠤᠯ ᠤᠨ ᠥᠪ ᠢ ᠬᠤᠳᠠᠯᠳᠤᠭᠠᠨ ᠤ ᠪᠣᠷᠣᠯᠠᠭᠤᠯᠤᠯᠲᠠ ᠶᠢᠨ ᠠᠷᠭ᠎ᠠ ᠬᠡᠮᠵᠢᠶ᠎ᠡ ᠪᠤᠯᠭᠠᠬᠤ ᠠᠴᠠ ᠵᠠᠶᠢᠯᠠᠰᠬᠢᠬᠤ ᠬᠡᠷᠡᠭᠲᠡᠢ᠃ ᠲᠣᠭᠠᠴᠠᠯᠠᠭᠰᠠᠨ ᠰᠢᠨᠵᠢᠯᠡᠭᠡ ᠮᠡᠷᠭᠡᠵᠢᠯ ᠨᠢ ᠰᠤᠶᠤᠯ ᠤᠨ ᠥᠪ ᠤᠨ ᠥᠷᠲᠡᠭ ᠨᠡᠮᠡᠭᠳᠡᠭᠦᠯᠬᠦ ᠶᠢᠨ ᠲᠥᠯᠥᠭᠡ ᠶᠤᠮ᠂ ᠬᠠᠷᠢᠨ ᠲᠡᠭᠦᠨ ᠤ ᠣᠯᠠᠨ ᠨᠡᠶᠢᠳᠡ ᠶᠢᠨ ᠦᠨ᠎ᠡ ᠥᠷᠲᠡᠭ ᠢ ᠬᠤᠬᠢᠷᠠᠭᠤᠯᠵᠤ᠂ ᠪᠤᠰᠤᠳ ᠨᠡᠩ ᠣᠯᠠᠨ ᠠᠰᠠᠭᠤᠳᠠᠯ ᠡᠭᠦᠰᠭᠡᠬᠦ ᠪᠢᠰᠢ ᠶᠤᠮ᠃ ᠬᠠᠮᠤᠭ ᠤᠨ ᠰᠡᠭᠦᠯ ᠳᠤ᠂ ᠰᠣᠶᠣᠯ ᠤᠨ ᠥᠪ ᠤᠨ ᠲᠣᠭᠠᠴᠢᠯᠠᠭᠰᠠᠨ ᠬᠡᠷᠡᠭᠯᠡᠭᠡ ᠵᠢᠴᠢ ᠡᠭᠦᠰᠦᠮᠡᠯ ᠪᠦᠲᠦᠭᠡᠭᠳᠡᠬᠦᠨ ᠨᠢ ᠨᠠᠩ ᠠᠮᠠᠷᠬᠠᠨ ᠢᠵᠢᠯᠢᠰᠢᠬᠦ ᠬᠦᠴᠢᠷᠳᠡᠯ ᠳᠤ ᠲᠤᠯᠭᠠᠷᠠᠪᠠᠯ᠂ ᠤᠤᠯ ᠤᠨ ᠰᠣᠶᠣᠯ ᠤᠨ ᠣᠨᠴᠠᠯᠢᠭ ᠪᠠ ᠦᠨ᠎ᠡ ᠥᠷᠲᠡᠭ ᠢ ᠬᠦᠨᠳᠦᠳᠬᠡᠨ ᠬᠠᠮᠠᠭᠠᠯᠠᠪᠠᠯ ᠰᠠᠶ᠋ᠢ ︽ᠲᠡᠦᠬᠡ ᠰᠣᠶᠣᠯ ᠤᠨ ᠰᠤᠳᠠᠰᠤ ᠶᠢ ᠨᠠᠩ ᠰᠠᠶᠢᠲᠤᠷ ᠤᠯᠠᠮᠵᠢᠯᠠᠨ ᠵᠠᠯᠭᠠᠮᠵᠢᠯᠠᠬᠤ︾ ᠤᠭ ᠰᠠᠨᠠᠭ᠎ᠠ ᠶᠢ ᠰᠠᠶᠢᠲᠤᠷ ᠬᠠᠮᠠᠭᠠᠯᠠᠵᠤ ᠴᠢᠳᠠᠨ᠎ᠠ᠃      ᠰᠣᠶᠣᠯ ᠤᠨ ᠥᠪ ᠢ ︽ᠠᠮᠢᠳᠤᠯᠢᠭᠵᠢᠭᠤᠯᠵᠤ᠂ ᠬᠦᠭᠵᠢᠭᠦᠯᠬᠦ︾ ᠨᠢ ᠲᠡᠦᠬᠡ ᠶᠢ ᠬᠦᠨᠳᠦᠳᠬᠡᠵᠦ᠂ ᠪᠢᠰᠢᠷᠡᠨ ᠵᠢᠷᠦᠬᠡᠰᠢᠶᠡᠬᠦ ᠶᠢᠨ ᠬᠠᠮᠲᠤ ᠤᠯᠠᠨ ᠲᠦᠮᠡᠨ ᠪᠣᠯᠤᠨ ᠰᠣᠶᠣᠯ ᠤᠨ ᠥᠪ ᠤᠨ ᠬᠤᠭᠤᠷᠣᠨᠳᠣᠬᠢ ᠵᠠᠶ ᠶᠢ ᠤᠶᠢᠷᠠᠳᠤᠭᠤᠯᠵᠤ᠂ ᠵᠥᠪᠬᠡᠨ ᠰᠤᠶᠤᠯ ᠤᠨ ᠥᠪ ᠢ ᠣᠳᠣ ᠶᠢᠨ ᠪᠠᠶᠢᠳᠠᠯ ᠳᠤ ᠠᠮᠢᠯᠠᠭᠤᠯᠪᠠᠯ ᠰᠠᠶ᠋ᠢ ᠰᠤᠶᠤᠯ ᠤᠨ ᠲᠤᠮᠳᠠᠳᠤ ᠤᠯᠤᠰ᠂ ᠦᠵᠡᠰᠬᠦᠯᠡᠩᠲᠦ ᠰᠠᠶᠢᠬᠠᠨ ᠲᠤᠮᠳᠠᠳᠤ ᠤᠯᠤᠰ ᠤᠨ ᠬᠢᠵᠠᠭᠠᠯᠠᠰᠢ ᠦᠭᠡᠢ ᠲᠠᠲᠠᠬᠤ ᠬᠦᠴᠦᠨ ᠢ ᠪᠠᠳᠠᠷᠠᠭᠤᠯᠵᠤ ᠴᠢᠳᠠᠨ᠎ᠠ᠃   ᠢᠷᠡᠯᠲᠡ᠄ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠣᠨᠢᠨ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1