ᠲᠣᠭᠲᠠᠬᠤ ᠰᠢᠶᠠᠨ ᠤ ᠡᠮᠡᠭᠲᠡᠶᠢᠴᠦᠳ ᠤᠨ ᠬᠤᠯᠪᠣᠭ᠎ᠠ 2023 - 2024 ᠣᠨ ᠤ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠲᠠᠷᠬᠠᠭᠠᠬᠤ ᠶᠣᠰᠣᠯᠠᠯ ᠡᠷᠭᠢᠯᠡᠪᠡ
ᠨᠡᠶᠢᠲᠡᠯᠡᠭᠰᠡᠨ ᠴᠠᠭ᠄
2024/6/13
      ᠡᠮᠡᠭᠲᠡᠶᠢᠴᠦᠳ ᠬᠡᠤᠬᠡᠳ ᠤᠨ ᠠᠵᠢᠯ ᠤᠨ ᠲᠤᠬᠠᠶ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠥᠭᠦᠯᠡᠯᠲᠡ ᠪᠠ ᠳᠤᠮᠳᠠᠳᠤ ᠤᠯᠤᠰ ᠤᠨ ᠡᠮᠡᠭᠲᠡᠶᠢᠴᠦᠳ ᠤᠨ ᠠᠷᠪᠠᠨ ᠭᠤᠷᠪᠠᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠦᠷᠢᠵᠢᠭᠤᠯᠵᠤ᠂ ᠪᠥᠬᠦ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠡᠮᠡᠭᠲᠡᠶᠢᠴᠦᠳ ᠤᠨ ᠬᠤᠯᠪᠣᠭ᠎ᠠ ᠶᠢᠨ ᠬᠡᠷ ᠲᠡᠭᠡᠨ ᠬᠤᠴᠣᠷᠤᠭᠰᠠᠨ ᠬᠡᠤᠬᠡᠳ ᠪᠠ ᠬᠦᠴᠢᠷᠳᠡᠯ ᠳᠤ ᠲᠤᠯᠭᠠᠷᠠᠭᠰᠠᠨ ᠬᠡᠤᠬᠡᠳ ᠢ ᠬᠠᠯᠠᠮᠵᠢᠯᠠᠨ ᠬᠠᠶᠢᠷᠠᠯᠠᠵᠤ ᠬᠠᠮᠠᠭᠠᠯᠠᠬᠤ ᠠᠵᠢᠯ ᠢ ᠴᠢᠩᠭᠠᠳᠬᠠᠬᠤ ᠲᠤᠬᠠᠶ ᠬᠤᠯᠪᠣᠭᠳᠠᠯ ᠪᠥᠬᠦᠶ ᠱᠠᠭᠠᠷᠳᠠᠯᠭ᠎ᠠ ᠶᠣᠰᠣᠭᠠᠷ᠂ ᠬᠡᠷ ᠲᠡᠭᠡᠨ ᠬᠤᠴᠣᠷᠤᠭᠰᠠᠨ ᠬᠡᠤᠬᠡᠳ ᠪᠠ ᠬᠦᠴᠢᠷᠳᠡᠯ ᠳᠤ ᠲᠤᠯᠭᠠᠷᠠᠭᠰᠠᠨ ᠬᠡᠤᠬᠡᠳ ᠢ ᠬᠠᠯᠠᠮᠵᠢᠯᠠᠨ ᠬᠠᠶᠢᠷᠠᠯᠠᠵᠤ ᠬᠠᠪᠰᠤᠷᠤᠨ ᠲᠡᠳᠬᠦᠬᠦ ᠶᠢ ᠦᠨᠡᠨᠬᠦ  ᠴᠢᠩᠭᠠᠳᠬᠠᠬᠤ ᠶᠢᠨ ᠲᠦᠯᠦᠭᠡ᠂ 6 ᠳ᠋ᠤᠭᠠᠷ ᠰᠠᠷ᠎ᠠ ᠶᠢᠨ 8 ᠤ ᠡᠳᠦᠷ᠂ ᠲᠤᠭᠳᠠᠬᠤ ᠰᠢᠶᠠᠨ ᠤ ᠡᠮᠡᠭᠲᠡᠶᠢᠴᠦᠳ ᠤᠨ ᠬᠤᠯᠪᠣᠭ᠎ᠠ 2023 - 2024 ᠣᠨ ᠤ ︽ᠬᠠᠪᠤᠷ ᠤᠨ ᠴᠣᠮᠣᠷᠯᠢᠭ︾ ᠤᠨ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠲᠠᠷᠬᠠᠭᠠᠬᠤ ᠶᠣᠰᠣᠯᠠᠯ ᠡᠷᠭᠢᠯᠡᠪᠡ᠃      ︽ᠬᠠᠪᠤᠷ ᠤᠨ ᠴᠣᠮᠣᠷᠯᠢᠭ ᠲᠥᠯᠥᠪᠯᠡᠭᠡ︾ ᠶᠢᠨ ᠨᠡᠶᠢᠲᠡ ᠶᠢᠨ ᠠᠰᠠᠷᠠᠮᠵᠢ ᠶᠢᠨ ᠲᠥᠷᠥᠯ ᠵᠦᠢᠯ ᠪᠣᠯ ᠳᠤᠮᠳᠠᠳᠤ ᠶᠢᠨ ᠪᠦᠬᠦ ᠤᠯᠤᠰ ᠤᠨ ᠡᠮᠡᠭᠲᠡᠶᠢᠴᠦᠳ ᠤᠨ ᠬᠤᠯᠪᠣᠭ᠎ᠠ ᠶᠢᠨ ᠤᠳᠤᠷᠢᠳᠤᠯᠭ᠎ᠠ ᠳᠣᠤᠷ᠎ᠠ᠂ ᠳᠤᠮᠳᠠᠳᠤ ᠤᠯᠤᠰ ᠤᠨ ᠬᠡᠦᠬᠡᠳ ᠪᠠᠭᠠᠴᠤᠳ ᠤᠨ ᠰᠠᠭᠤᠷᠢ ᠮᠥᠩᠭᠦᠨ ᠤ ᠨᠡᠶᠢᠭᠡᠮᠯᠢᠭ ᠠᠴᠠ ᠡᠭᠦᠰᠭᠡᠨ ᠬᠡᠷᠡᠭᠵᠢᠭᠦᠯᠵᠦ᠂ ᠶᠠᠳᠠᠭᠤ ᠬᠦᠴᠢᠷᠳᠡᠯᠲᠡᠶ ᠭᠡᠷ ᠪᠦᠯᠢ ᠶᠢᠨ ᠬᠡᠦᠬᠡᠳ ᠤᠨ ᠰᠤᠷᠭᠠᠨ ᠬᠥᠮᠦᠵᠢᠯ ᠬᠦᠷᠲᠡᠬᠦ ᠪᠠᠶᠢᠳᠠᠯ  ᠢ ᠰᠠᠶᠢᠵᠢᠷᠠᠭᠤᠯᠬᠤ ᠪᠠᠷ ᠬᠦᠴᠦᠯᠡᠨ ᠴᠢᠷᠮᠠᠶᠢᠬᠤ ᠨᠢᠭᠡ ᠵᠦᠢᠯ ᠤᠨ ᠨᠡᠶᠢᠲᠡ ᠶᠢᠨ ᠠᠰᠠᠷᠠᠮᠵᠢ ᠶᠢᠨ ᠲᠥᠷᠥᠯ ᠵᠦᠢᠯ ᠪᠣᠯᠤᠨ᠎ᠠ᠂ ᠭᠤᠤᠯᠳᠠᠭᠤ ᠶᠠᠳᠠᠭᠤ ᠬᠦᠴᠢᠷᠳᠡᠯᠲᠡᠶ ᠭᠡᠷ ᠪᠦᠯᠢ ᠶᠢᠨ ᠡᠮᠡᠭᠲᠡᠶ ᠰᠤᠷᠤᠭᠴᠢᠳ ᠤᠨ ᠰᠤᠷᠭᠠᠨ ᠬᠥᠮᠦᠵᠢᠯ ᠬᠦᠷᠲᠡᠬᠦ ᠪᠠᠶᠢᠳᠠᠯ ᠢ ᠰᠠᠶᠢᠵᠢᠷᠠᠭᠤᠯᠬᠤ ᠳᠤ ᠬᠡᠷᠡᠭᠯᠡᠵᠦ᠂ ᠶᠠᠳᠠᠭᠤ ᠬᠦᠴᠢᠷᠳᠡᠯᠲᠡᠶ ᠠᠴᠠ ᠪᠣᠯᠵᠤ ᠰᠤᠷᠤᠯᠭ᠎ᠠ ᠠᠯᠳᠠᠬᠤ ᠂ ᠰᠤᠷᠤᠯᠭ᠎ᠠ ᠪᠠᠨ ᠳᠣᠷᠭᠤᠨ ᠵᠣᠭᠰᠣᠬᠤ ᠠᠴᠠ ᠵᠠᠶᠢᠯᠠᠰᠬᠢᠵᠦ᠂ ᠲᠡᠳᠡᠨ ᠢ ᠬᠠᠪᠰᠤᠷᠤᠨ ᠬᠥᠮᠦᠨ ᠤ ᠠᠮᠢᠳᠤᠷᠠᠯ ᠢ ᠨᠢ ᠪᠡᠶᠡᠯᠡᠭᠦᠯᠬᠦ ᠬᠦᠰᠡᠯ ᠡᠷᠡᠮᠡᠯᠵᠡᠯ ᠢ ᠨᠢ ᠪᠡᠶᠡᠯᠡᠭᠦᠯᠬᠦ ᠪᠤᠯᠤᠨ᠎ᠠ᠃      ᠲᠤᠭᠳᠠᠬᠤ ᠰᠢᠶᠠᠨ ᠤ ᠡᠮᠡᠭᠲᠡᠶᠢᠴᠦᠳ ᠤᠨ ᠬᠤᠯᠪᠣᠭ᠎ᠠ ᠳᠡᠭᠡᠳᠦ ᠱᠠᠲᠤᠨ ᠠᠴᠠ ᠳᠤᠮᠳᠠᠳᠤ ᠤᠯᠤᠰ ᠤᠨ ᠬᠡᠤᠬᠡᠳ ᠪᠠᠭᠠᠴᠤᠳ ᠤᠨ ᠰᠠᠭᠤᠷᠢ ᠮᠥᠩᠭᠦ 1.56 ᠲᠦᠮᠡᠨ ᠲᠥᠭᠦᠷᠢᠭ ᠣᠯᠵᠤ᠂ ᠲᠡᠳᠡᠨ ᠢ ᠦᠨᠡᠨ ᠬᠦ ᠬᠠᠪᠰᠤᠷᠤᠨ ᠰᠤᠷᠤᠯᠭ᠎ᠠ ᠠᠮᠢᠳᠤᠷᠠᠯ ᠤᠨ ᠨᠥᠬᠦᠴᠡᠯ ᠢ ᠨᠢ ᠰᠠᠶᠢᠵᠢᠷᠠᠭᠤᠯᠪᠠ᠃ ᠲᠣᠰ ᠠᠵᠢᠯᠯᠠᠭ᠎ᠠ ᠳᠤ ᠬᠦᠴᠢᠷᠳᠡᠯ ᠳᠤ ᠲᠤᠯᠭᠠᠷᠠᠭᠰᠠᠨ 10 ᠬᠡᠤᠬᠡᠳ ᠲᠤ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠣᠯᠭᠤᠵᠤ᠂ ᠡᠭᠦᠨ ᠳᠤ ᠪᠠᠭ᠎ᠠ ᠰᠤᠷᠭᠠᠭᠤᠯᠢ ᠶᠢᠨ ᠰᠣᠷᠣᠭᠴᠢ 7 ᠬᠥᠮᠦᠨ᠂ ᠬᠥᠮᠦᠨ ᠪᠦᠷᠢ 1200 ᠲᠥᠭᠦᠷᠢᠭ / 3 ᠵᠢᠯ︔ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠣᠷᠣᠭᠴᠢ 2 ᠬᠥᠮᠦᠨ᠂ ᠬᠥᠮᠦᠨ ᠪᠦᠷᠢ 1800 ᠲᠥᠭᠦᠷᠢᠭ / 3 ᠵᠢᠯ︔ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠣᠷᠣᠭᠴᠢ 1 ᠬᠥᠮᠦᠨ᠂ ᠬᠥᠮᠦᠨ ᠪᠦᠷᠢ 3600 ᠲᠥᠭᠦᠷᠢᠭ / 3 ᠵᠢᠯ᠂ ᠲᠤᠰᠠᠯᠠᠬᠤ ᠮᠥᠩᠭᠦ ᠶᠢ ᠨᠢᠭᠡ ᠯᠡ ᠤᠳᠠᠭᠠᠨ ᠤ ᠴᠢᠨᠠᠷᠲᠠᠶ ᠪᠠᠷ ᠲᠠᠩᠰᠠ ᠰᠢᠯᠵᠢᠭᠦᠯᠦᠨ ᠲᠤᠰᠠᠯᠠᠮᠵᠢ  ᠬᠦᠷᠳᠡᠭᠰᠡᠳ ᠲᠤ ᠥᠭᠴᠦ᠂ ᠰᠤᠷᠤᠯᠭ᠎ᠠ ᠪᠠ ᠠᠮᠢᠳᠤᠷᠠᠯ ᠤᠨ ᠵᠠᠷᠤᠳᠠᠯ ᠳᠤ ᠬᠡᠷᠡᠭᠯᠡᠨ᠎ᠡ᠃     ᠲᠠᠷᠬᠠᠭᠠᠬᠤ ᠶᠣᠰᠣᠯᠠᠯ ᠳᠡᠭᠡᠷ᠎ᠡ᠂ ᠰᠢᠶᠠᠨ ᠤ ᠡᠮᠡᠭᠲᠡᠶᠢᠴᠦᠳ ᠤᠨ ᠬᠤᠯᠪᠣᠭ᠎ᠠ ᠶᠢᠨ ᠬᠠᠷᠢᠭᠤᠴᠠᠯᠭᠠᠲᠠᠨ ︽ᠬᠠᠪᠤᠷ ᠤᠨ ᠴᠣᠮᠣᠷᠯᠢᠭ ᠲᠥᠯᠥᠪᠯᠡᠭᠡ︾ ᠶᠢᠨ ᠠᠬᠤᠶ ᠪᠠᠶᠢᠳᠠᠯ ᠵᠢᠴᠢ ᠥᠷᠨᠢᠭᠦᠯᠦᠭᠰᠡᠨ ᠪᠠᠶᠢᠳᠠᠯ ᠢ ᠨᠠᠷᠢᠨ ᠲᠠᠨᠢᠯᠴᠠᠭᠤᠯᠬᠤ ᠶᠢᠨ ᠬᠠᠮᠲᠤ ᠬᠡᠦᠬᠡᠳ ᠤᠳ ᠢ ᠢᠲᠡᠭᠡᠯ ᠵᠣᠷᠢᠭ ᠢᠶᠠᠨ ᠪᠠᠲᠤᠳᠬᠠᠵᠤ᠂ ᠴᠢᠷᠮᠠᠶᠢᠨ ᠰᠤᠷᠤᠯᠴᠠᠵᠤ᠂ ᠠᠵᠢᠯᠴᠢ ᠠᠷᠪᠢᠴᠢ ᠠᠷᠪᠢᠯᠠᠨ ᠭᠠᠮᠨᠠᠬᠤ᠂ ᠲᠡᠰᠪᠦᠷᠢ ᠬᠠᠲᠠᠭᠤᠵᠢᠯᠲᠠᠶ ᠪᠠᠷ ᠲᠡᠮᠡᠴᠡᠬᠦ ᠵᠣᠷᠢᠭ ᠰᠠᠨᠠᠭ᠎ᠠ ᠶᠢ ᠪᠠᠳᠠᠷᠠᠭᠤᠯᠵᠤ᠂ ᠨᠡᠶᠢᠭᠡᠮ ᠤᠨ ᠡᠯ᠎ᠡ ᠡᠲᠡᠭᠡᠳ ᠤᠨ ᠬᠠᠯᠠᠮᠵᠢᠯᠠᠯ ᠪᠠ ᠬᠦᠰᠡᠯ ᠡᠷᠡᠮᠡᠯᠵᠡᠯ ᠢ ᠬᠥᠰᠡᠷᠳᠡᠭᠦᠯᠬᠦ ᠥᠬᠡᠶ ᠪᠠᠷ ᠰᠢᠯᠢᠳᠡᠭ ᠬᠢᠷᠢ ᠪᠦᠲᠦᠮᠵᠢ ᠪᠠᠷ ᠨᠡᠶᠢᠭᠡᠮ ᠳᠤ ᠠᠴᠢ ᠬᠠᠷᠢᠭᠤᠯᠬᠤ ᠶᠢ ᠵᠣᠷᠢᠭᠵᠢᠭᠤᠯᠪᠠ᠃ ᠲᠤᠰᠠᠯᠠᠮᠵᠢ ᠭᠥᠷᠳᠡᠭᠰᠡᠨ ᠰᠤᠷᠤᠭᠴᠢᠳ ᠤᠨ ᠲᠥᠯᠥᠭᠡᠯᠡᠭᠴᠢ ᠶᠠᠷᠢᠶ᠎ᠠ ᠲᠠᠯᠪᠢᠵᠤ᠂ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠣᠯᠭᠤᠬᠤ ᠨᠢ ᠲᠡᠳᠡᠨ ᠤ ᠠᠵᠤ ᠠᠬᠤᠶ ᠶᠢᠨ ᠲᠠᠯ᠎ᠠ ᠪᠠᠷ ᠬᠢ ᠬᠠᠪᠰᠤᠷᠤᠯᠭ᠎ᠠ ᠶᠢ ᠬᠦᠷᠲᠡᠭᠰᠡᠨ ᠢᠶᠠᠷ ᠪᠠᠷᠠᠬᠤ ᠥᠬᠡᠶ᠂ ᠨᠠᠩ ᠴᠤ ᠲᠡᠳᠡᠨ ᠳᠤ ᠨᠡᠶᠢᠭᠡᠮ ᠤᠨ ᠬᠠᠶᠢᠷ᠎ᠠ ᠬᠠᠯᠠᠮᠵᠢ ᠶᠢ ᠮᠡᠳᠡᠷᠡᠭᠦᠯᠵᠦ᠂ ᠲᠡᠳᠡ ᠬᠢᠯᠪᠠᠷ ᠪᠤᠰᠤ ᠪᠠᠷ ᠣᠯᠤᠭᠰᠠᠨ ᠰᠤᠷᠤᠯᠴᠠᠬᠤ ᠲᠣᠬᠢᠶᠠᠯ ᠢ ᠨᠠᠨᠳᠢᠩᠨᠠᠵᠤ᠂ ︽ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠬᠤ᠂ ᠥᠭᠡᠳᠡᠯᠡᠨ ᠳᠠᠪᠰᠢᠬᠤ ᠂ ᠰᠠᠶᠢᠨ ᠰᠠᠶᠢᠬᠠᠨ ᠢ ᠬᠥᠭᠡᠭᠡᠴᠡᠯᠳᠦᠬᠦ︾ ᠬᠠᠪᠤᠷ ᠤᠨ ᠴᠣᠮᠣᠷᠯᠢᠭ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠰᠢᠷᠭᠠᠭᠤ ᠬᠠᠲᠠᠭᠤᠵᠢᠯᠲᠠᠶ ᠲᠡᠮᠡᠴᠡᠵᠦ᠂ ᠪᠣᠳᠠᠲᠤ ᠠᠵᠢᠯᠯᠠᠭ᠎ᠠ ᠪᠠᠷ ᠢᠶᠠᠨ ᠲᠤᠰᠠᠯᠠᠭᠴᠢ ᠪᠠ ᠨᠡᠶᠢᠭᠡᠮ ᠤᠨ ᠬᠠᠶᠢᠷ᠎ᠠ ᠬᠠᠯᠠᠮᠵᠢ ᠶᠢ ᠬᠠᠷᠢᠭᠤᠯᠤᠨ᠎ᠠ ᠭᠡᠵᠡᠶ᠃     ᠲᠠᠷᠠᠭᠠᠴᠢ ᠶᠢᠨ ᠠᠯᠬᠤᠮ ᠳᠤ᠂ ᠰᠢᠶᠠᠨ ᠤ ᠡᠮᠡᠭᠲᠡᠶᠢᠴᠦᠳ ᠤᠨ ᠬᠤᠯᠪᠣᠭ᠎ᠠ ︽ᠬᠤᠯᠪᠣᠭᠠᠯᠠᠬᠤ︾ ᠥᠰᠥᠭ ᠤᠨ ᠳᠠᠪᠠᠭᠤᠯᠢᠭ ᠢ ᠦᠷᠭᠦᠯᠵᠢᠯᠡᠨ ᠪᠠᠳᠠᠷᠠᠭᠤᠯᠵᠤ᠂ ᠬᠦᠴᠢᠷᠳᠡᠯ ᠳᠤ ᠲᠤᠯᠭᠠᠷᠠᠭᠰᠠᠨ ᠬᠡᠤᠬᠡᠳ ᠢ ᠬᠠᠪᠰᠤᠷᠤᠨ ᠲᠡᠳᠬᠦᠬᠦ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠡᠯ᠎ᠡ ᠲᠥᠷᠥᠯ ᠤᠨ ᠰᠤᠷᠤᠯᠭ᠎ᠠ ᠶᠢ ᠲᠡᠳᠬᠦᠬᠦ᠂ ᠬᠦᠴᠢᠷᠳᠡᠯ ᠢ ᠲᠤᠰᠠᠯᠠᠬᠤ ᠠᠵᠢᠯᠯᠠᠭ᠎ᠠ ᠶᠢ ᠯᠠᠪᠳᠠᠭᠤᠨ ᠪᠠᠲᠤᠲᠠᠶ ᠪᠦᠲᠦᠮᠵᠢᠲᠡᠶ ᠥᠷᠨᠢᠭᠦᠯᠵᠦ᠂ ᠨᠡᠶᠢᠭᠡᠮ ᠤᠨ ᠡᠯ᠎ᠡ ᠡᠲᠡᠭᠡᠳ ᠤᠨ ᠬᠠᠶᠢᠷ᠎ᠠ ᠬᠠᠯᠠᠮᠵᠢ ᠲᠠᠢ ᠬᠥᠮᠦᠰ ᠤᠨ ︽ᠬᠠᠪᠤᠷ ᠤᠨ ᠴᠣᠮᠣᠷᠯᠢᠭ︾ ᠢ ᠳᠡᠮᠵᠢᠬᠦ ᠳᠤ ᠢᠳᠡᠪᠬᠢᠲᠡᠶ ᠣᠷᠣᠯᠴᠠᠬᠤ ᠶᠢ ᠰᠠᠨᠠᠭᠠᠴᠢᠯᠠᠵᠤ᠂ ᠨᠠᠩ ᠣᠯᠠᠨ ᠨᠡᠶᠢᠲᠡ ᠶᠢᠨ ᠠᠰᠠᠷᠠᠮᠵᠢ ᠶᠢᠨ ᠬᠦᠴᠦᠨ ᠢ ᠳᠠᠶᠢᠴᠢᠯᠠᠨ ᠬᠡᠦᠬᠡᠳ ᠤᠨ ᠵᠠᠮᠴᠢᠯᠠᠭᠴᠢ᠂ ᠬᠠᠮᠠᠭᠠᠯᠠᠭᠴᠢ᠂ ᠬᠦᠰᠡᠯ ᠵᠡᠭᠦᠳᠦ ᠪᠠᠨ ᠲᠡᠷᠭᠡᠯᠰᠢᠭᠦᠯᠬᠦ ᠶᠢ ᠰᠠᠶᠢᠲᠤᠷ ᠬᠢᠵᠦ᠂ ᠨᠠᠩ ᠣᠯᠠᠨ ᠥᠬᠢᠳ ᠲᠤ ᠰᠠᠶᠢᠨ ᠰᠠᠶᠢᠬᠠᠨ ᠰᠤᠷᠭᠠᠨ ᠬᠥᠮᠦᠵᠢᠯ ᠬᠦᠷᠲᠡᠭᠡᠵᠦ᠂ ᠬᠥᠮᠦᠨ ᠤ ᠠᠮᠢᠳᠤᠷᠠᠯ ᠤᠨ ᠬᠦᠰᠡᠯ ᠵᠡᠭᠦᠳᠦ ᠪᠠᠨ ᠲᠡᠷᠭᠡᠯᠰᠢᠭᠦᠯᠦᠨ᠎ᠡ ᠭᠡᠪᠡ᠃ᠢᠷᠡᠯᠳᠡ᠄ ᠲᠣᠭᠲᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠤᠨ ᠶᠦᠨ ᠵᠥᠩ ᠬᠠᠮ ᠵᠠᠭᠤᠴᠢᠯᠠᠭᠤᠷ    
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1