ᠲᠣᠭᠲᠠᠬᠤ ᠰᠢᠶᠠᠨ ᠤ ᠠᠵᠢᠯᠴᠢᠨ ᠤ ᠶᠡᠷᠦᠩᠬᠡᠢ ᠡᠪᠯᠡᠯ ᠤᠨ 2021 ᠣᠨ ᠤ ᠪᠦᠬᠦ ᠰᠢᠶᠠᠨ ᠤ ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠶᠢᠨ ᠰᠦᠯᠵᠢᠶᠡᠨ ᠳᠡᠭᠡᠷ᠎ᠡ ᠱᠠᠩᠨᠠᠯ ᠲᠠᠢ ᠰᠡᠳᠦᠪ ᠬᠠᠷᠢᠭᠤᠯᠬᠤ ᠠᠵᠢᠯᠯᠠᠭ᠎ᠠ ᠥᠷᠨᠢᠭᠦᠯᠬᠦ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2024/6/13
      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠵᠤ᠂ ᠠᠶᠤᠯᠭᠦᠢ ᠬᠥᠭᠵᠢᠯᠲᠡ ᠶᠢᠨ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ᠂ ᠠᠮᠤᠷ ᠲᠦᠪᠰᠢᠨ ᠤ ᠭᠡᠮ ᠰᠣᠭᠤᠭ ᠢ ᠴᠠᠭ ᠲᠤᠬᠠᠢ ᠳᠤᠨᠢ ᠠᠷᠢᠯᠭᠠᠬᠤ᠂ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠢ ᠪᠦᠲᠦᠮᠵᠢᠲᠡᠢ ᠬᠤᠷᠢᠭᠯᠠᠬᠤ ᠪᠠᠷ ᠬᠠᠷᠠᠯᠲᠠ ᠪᠣᠯᠭᠠᠵᠤ᠂ ᠪᠦᠬᠦ ᠤᠯᠤᠰ ᠤᠨ 23 ᠳ᠋ᠤᠭᠠᠷ ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠬᠦᠷᠴᠦ ᠢᠷᠡᠬᠦ ᠲᠠᠰᠢᠷᠠᠮ ᠢᠶᠠᠷ᠂ ᠰᠢᠶᠠᠨ ᠤ ᠠᠵᠢᠯᠴᠢᠨ ᠤ ᠶᠡᠷᠦᠩᠬᠡᠢ ᠡᠪᠯᠡᠯ ᠠᠵᠢᠯ ᠤᠨ ᠪᠣᠳᠠᠲᠠᠢ ᠲᠠᠢ ᠪᠠᠨ ᠤᠶᠠᠯᠳᠤᠭᠤᠯᠵᠤ᠂ ᠪᠦᠬᠦ ᠰᠢᠶᠠᠨ ᠤ ᠥᠷᠭᠡᠨ ᠤᠯᠠᠨ ᠠᠵᠢᠯᠳᠠᠨ ᠠᠵᠢᠯᠴᠢᠨ ᠤ ᠳᠤᠮᠳᠠ ᠬᠥᠳᠡᠯᠮᠦᠷᠢ ᠶᠢᠨ ᠬᠠᠮᠠᠭᠠᠯᠠᠯᠲᠠ᠂ ᠠᠶᠤᠯᠭᠦᠢ ᠦᠢᠯᠡᠳᠪᠦᠷᠢᠯᠡᠯ ᠤᠨ ᠮᠡᠳᠡᠯᠭᠡ ᠶᠢᠨ ᠰᠦᠯᠵᠢᠶᠡᠨ ᠳᠡᠭᠡᠷ᠎ᠡ ᠰᠡᠳᠦᠪ ᠬᠠᠷᠢᠭᠤᠯᠬᠤ ᠠᠵᠢᠯᠯᠠᠭ᠎ᠠ ᠥᠷᠨᠢᠭᠦᠯᠬᠦ ᠪᠠᠷ ᠲᠣᠭᠲᠠᠪᠠ᠂ ᠤᠳᠤ ᠬᠤᠯᠪᠣᠭᠳᠠᠯ ᠪᠦᠬᠦᠢ ᠤᠴᠢᠷ ᠶᠠᠪᠤᠳᠠᠯ ᠢ ᠳᠣᠣᠷᠠᠬᠢ ᠮᠡᠲᠦ ᠮᠡᠳᠡᠭᠳᠡᠶ᠎ᠡ᠄      ᠨᠢᠭᠡ᠂ ᠠᠵᠢᠯᠯᠠᠭᠠᠨ ᠤ ᠵᠣᠷᠢᠯᠭ᠎ᠠ      ᠪᠦᠬᠦ ᠠᠷᠠᠳ ᠤᠨ ᠠᠶᠤᠯᠭᠦᠢ ᠦᠢᠯᠡᠳᠪᠦᠷᠢᠯᠡᠯ ᠤᠨ ᠤᠬᠠᠮᠰᠠᠷ ᠢ ᠴᠢᠩᠭᠠᠳᠬᠠᠵᠤ᠂ ᠠᠮᠤᠷ ᠲᠦᠪᠰᠢᠨ ᠤ ᠰᠠᠷ᠎ᠠ ᠶᠢᠨ ᠣᠷᠣᠯᠴᠠᠬᠤ ᠬᠡᠮᠵᠢᠶ᠎ᠡ ᠶᠢ ᠳᠡᠭᠡᠭᠰᠢᠯᠡᠭᠦᠯᠦᠨ᠂ ︽ᠠᠮᠤᠷ ᠲᠦᠪᠰᠢᠨ ᠢ ᠬᠠᠮᠠᠭᠠᠯᠠᠬᠤ ᠬᠤᠨᠳᠠᠭᠠᠲᠤ︾ ᠤᠷᠤᠯᠳᠤᠭᠠᠨ ᠤ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠤᠯᠠᠨ ᠨᠡᠶᠢᠲᠡ ᠶᠢᠨ ᠠᠮᠤᠷ ᠲᠦᠪᠰᠢᠨ ᠤ ᠬᠡᠪ ᠴᠢᠨᠠᠷ ᠢ ᠳᠡᠭᠡᠭᠰᠢᠯᠡᠭᠦᠯᠦᠨ᠂ ᠡᠯ᠎ᠡ ᠪᠠᠶᠢᠭᠤᠯᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠬᠤ ᠶᠢ ᠠᠬᠢᠭᠤᠯᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠠᠶᠤᠯᠭᠦᠢ ᠦᠢᠯᠡᠳᠪᠦᠷᠢᠯᠡᠯ ᠤᠨ ᠲᠦᠪᠰᠢᠨ ᠢ ᠳᠡᠭᠡᠭᠰᠢᠯᠡᠭᠦᠯᠬᠦ ᠪᠠ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠢ ᠦᠷᠭᠦᠯᠵᠢᠯᠡᠨ ᠲᠣᠭᠲᠠᠭᠤᠨ ᠢᠶᠠᠷ ᠰᠠᠶᠢᠵᠢᠷᠠᠭᠤᠯᠬᠤ ᠶᠢ ᠠᠬᠢᠭᠤᠯᠵᠤ᠂ ᠠᠵᠢᠯᠳᠠᠨ ᠠᠵᠢᠯᠴᠢᠨ ᠤ ᠠᠶᠤᠯᠭᠦᠢ ᠦᠢᠯᠡᠳᠪᠦᠷᠢᠯᠡᠯ᠂ ᠪᠠᠴᠢᠮ ᠠᠪᠤᠷᠠᠨ ᠲᠤᠰᠠᠯᠠᠬᠤ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠵᠡᠷᠭᠡ ᠲᠠᠯ᠎ᠠ ᠶᠢᠨ ᠮᠡᠳᠡᠯᠭᠡ ᠶᠢ ᠣᠶᠢᠯᠠᠭᠠᠬᠤ ᠬᠡᠮᠵᠢᠶ᠎ᠡ ᠶᠢ ᠳᠡᠭᠡᠭᠰᠢᠯᠡᠭᠦᠯᠵ᠊ ᠤ᠂ ᠠᠵᠢᠯᠳᠠᠨ ᠠᠵᠢᠯᠴᠢᠨ ᠤ ᠠᠮᠤᠷ ᠲᠦᠪᠰᠢᠨ ᠢ ᠰᠤᠷᠬᠤ᠂ ᠠᠮᠤᠷ ᠲᠦᠪᠰᠢᠨ ᠢ ᠬᠠᠶᠢᠷᠠᠯᠠᠬᠤ᠂ ᠠᠮᠤᠷ ᠲᠦᠪᠰᠢᠨ ᠢ ᠬᠡᠷᠡᠭᠯᠡᠬᠦ ᠰᠠᠶᠢᠨ ᠰᠠᠶᠢᠬᠠᠨ ᠠᠭᠤᠷ ᠠᠮᠢᠰᠬᠤᠯ ᠢ ᠬᠥᠭᠵᠢᠭᠡᠨ᠎ᠡ᠃      ᠬᠤᠶᠠᠷ᠂ ᠠᠵᠢᠯᠯᠠᠭᠠᠨ ᠤ ᠭᠤᠣᠯ ᠰᠡᠳᠦᠪ    ︽ᠬᠥᠮᠦᠨ ᠪᠦᠬᠦᠨ ᠠᠮᠤᠷ ᠲᠦᠪᠰᠢᠨ ᠢ ᠡᠷᠬᠢᠮᠯᠡᠬᠦ᠂ ᠬᠥᠮᠦᠨ ᠪᠦᠬᠦᠨ ᠪᠠᠴᠢᠮ ᠪᠠᠢᠳᠠᠯ ᠢ ᠠᠷᠭᠠᠴᠠᠬᠤ - ᠠᠮᠢ ᠨᠠᠰᠤᠨ ᠤ ᠵᠠᠮ ᠢ ᠰᠠᠭᠠᠳ ᠦᠭᠡᠢ  ᠨᠡᠪᠳᠡᠷᠡᠭᠦᠯᠦᠶ᠎ᠡ︾      ᠭᠤᠷᠪᠠ᠂ ᠣᠷᠣᠯᠴᠠᠬᠤ ᠡᠲᠡᠭᠡᠳ      ᠪᠦᠬᠦ ᠰᠢᠶᠠᠨ ᠤ ᠡᠯ᠎ᠡ ᠪᠠᠶᠢᠬᠤᠯᠭ᠎ᠠ ᠠᠵᠤ ᠠᠬᠤᠶᠢᠯᠠᠯ ᠠᠵᠢᠯ ᠦᠢᠯᠡᠰ ᠤᠨ ᠪᠠᠶᠢᠬᠤᠯᠭ᠎ᠠ  ᠶᠢᠨ ᠠᠵᠢᠯᠲᠠᠨ ᠠᠵᠢᠯᠴᠢᠨ᠃      ᠳᠥᠷᠪᠡ᠂ ᠠᠵᠢᠯᠯᠠᠭᠠᠨ ᠤ ᠴᠠᠭ      2024 ᠣᠨ ᠤ 6 ᠳ᠋ᠤᠭᠠᠷ ᠰᠠᠷ᠎ᠠ ᠶᠢᠨ 13 ᠤ ᠡᠳᠦᠷ ᠠᠴᠠ 2024 ᠣᠨ ᠤ 6 ᠳ᠋ᠤᠭᠠᠷ ᠰᠠᠷ᠎ᠠ ᠶᠢᠨ 23 ᠤ ᠡᠳᠦᠷ ᠪᠣᠯᠲᠠᠯ᠎ᠠ᠃      ᠲᠠᠪᠤ᠂ ᠠᠵᠢᠯᠯᠠᠭᠠᠨ ᠤ ᠬᠡᠯᠪᠡᠷᠢ     ᠬᠥᠳᠡᠯᠮᠦᠷᠢ ᠶᠢᠨ ᠬᠠᠮᠠᠭᠠᠯᠠᠯᠲᠠ ᠪᠣᠯᠤᠨ ᠠᠶᠦᠯᠭᠦᠢ ᠦᠢᠯᠡᠳᠪᠦᠷᠢᠯᠡᠯ ᠤᠨ ᠮᠡᠳᠡᠯᠭᠡ ᠪᠠᠷ ᠭᠤᠤᠯ ᠠᠭᠤᠯᠭ᠎ᠠ ᠪᠣᠯᠭᠠᠨ᠂ ᠰᠦᠯᠵᠢᠶᠡᠨ ᠳᠡᠭᠡᠷ᠎ᠡ ᠰᠡᠳᠦᠪ ᠬᠠᠷᠢᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃      ᠵᠢᠷᠭᠤᠭ᠎ᠠ᠂ ᠰᠡᠳᠦᠪ ᠬᠠᠷᠢᠭᠤᠯᠬᠤ ᠳᠦᠷᠢᠮ      1. ᠰᠡᠳᠦᠪ ᠬᠠᠷᠢᠭᠤᠯᠬᠤ ᠠᠷᠭ᠎ᠠ ᠮᠠᠶ᠋ᠢᠭ      ᠲᠣᠰ ᠤᠳᠠᠭᠠᠨ ᠤ ᠰᠡᠳᠦᠪ ᠬᠠᠷᠢᠭᠤᠯᠬᠤ ᠠᠵᠢᠯᠯᠠᠭ᠎ᠠ ᠶᠢ ᠰᠡᠳᠦᠪ ᠤᠨ ᠬᠥᠮᠥᠷᠭᠡ ᠲᠠᠰᠢᠷᠠᠮ ᠢᠶᠠᠷ ᠰᠡᠳᠦᠪ ᠭᠠᠷᠭᠠᠬᠤ ᠠᠷᠭ᠎ᠠ ᠪᠠᠷ ᠭᠡᠰᠢᠭᠦᠳ ᠨᠢ ᠬᠥᠮᠦᠨ ᠪᠦᠷᠢ ᠡᠳᠦᠷ ᠲᠤ ᠬᠤᠶᠠᠷ ᠤᠳᠠᠭ᠎ᠠ ᠰᠡᠳᠦᠪ ᠬᠠᠷᠢᠭᠤᠯᠬᠤ ᠲᠣᠬᠢᠶᠠᠯ ᠲᠠᠢ᠂ ᠤᠳᠠᠭ᠎ᠠ ᠪᠦᠷᠢ 5 ᠰᠡᠳᠦᠪ ᠂ ᠰᠡᠳᠦᠪ ᠪᠦᠷᠢ 1 ᠮᠢᠨᠦ᠋ᠲ᠂ ᠰᠡᠳᠦᠪ ᠬᠠᠷᠢᠭᠤᠯᠬᠤ ᠴᠠᠭ ᠨᠢ 30 ᠰᠧᠺᠦ᠋ᠨ᠋ᠳ᠋᠂ ᠰᠡᠳᠦᠪ ᠬᠠᠷᠢᠭᠤᠯᠬᠤ ᠴᠠᠭ ᠠᠴᠠ ᠬᠡᠳᠦᠷᠡᠭᠰᠡᠨ ᠪᠠᠶᠢᠪᠠᠯ ᠪᠤᠷᠤᠭᠤ ᠪᠠᠷ ᠪᠤᠳᠤᠨ᠎ᠠ︔ ᠳᠤᠮᠳᠠ ᠨᠢ ᠬᠠᠷᠢᠭᠤᠯᠲᠠ ᠶᠢᠨ ᠰᠡᠳᠦᠪ ᠠᠴᠠ ᠪᠠᠨ ᠤᠬᠤᠷᠢᠨ ᠭᠠᠷᠤᠭᠰᠠᠨ ᠪᠣᠯᠪᠠᠴᠤ ᠲᠤᠰ ᠡᠳᠦᠷ ᠤᠨ ᠰᠡᠳᠦᠪ ᠬᠠᠷᠢᠭᠤᠯᠬᠤ ᠤᠳᠠᠭ᠎ᠠ ᠳᠤ ᠪᠤᠳᠤᠨ ᠣᠷᠣᠭᠤᠯᠪᠠ︔ ᠡᠳᠦᠷ ᠪᠦᠷᠢ ᠰᠡᠳᠦᠪ ᠬᠠᠷᠢᠭᠤᠯᠬᠤ ᠬᠢᠷᠢ ᠪᠦᠲᠦᠮᠵᠢ ᠨᠡᠮᠡᠨ ᠣᠷᠣᠭᠤᠯᠵᠤ ᠶᠡᠷᠦᠩᠬᠡᠶ ᠬᠤᠪᠢ ᠪᠠᠷ ᠨᠡᠷᠡᠰ ᠤᠨ ᠵᠢᠭᠰᠠᠭᠠᠯᠲᠠ ᠳᠤ ᠪᠤᠳᠤᠵᠤ ᠣᠷᠣᠭᠤᠯᠤᠨ᠎ᠠ᠃      2. ᠣᠷᠣᠯᠴᠠᠬᠤ ᠠᠷᠭ᠎ᠠ ᠮᠠᠶ᠋ᠢᠭ     ᠲᠣᠭᠲᠠᠬᠤ ᠰᠢᠶᠠᠨ ᠤ ᠠᠵᠢᠯᠴᠢᠨ ᠤ ᠶᠡᠷᠦᠩᠬᠡᠢ ᠡᠪᠯᠡᠯ ᠤᠨ ᠸᠢᠴᠠᠲ ᠤᠨ ᠨᠡᠶᠢᠲᠡ ᠶᠢᠨ ᠳ᠋ᠤᠭᠠᠷ ᠲᠤ᠂ ᠦᠨᠳᠦᠰᠦᠨ ᠱᠠᠲᠤᠨ ᠤ ︽ᠬᠠᠷᠢᠯᠴᠠᠨ ᠬᠥᠳᠡᠯᠦᠯᠴᠡᠵᠦ ᠣᠷᠣᠯᠴᠠᠬᠤ︾᠂ ︽ᠠᠵᠢᠯᠯᠠᠭ᠎ᠠ ᠶᠢᠨ ᠲᠤᠰᠬᠠᠢ ᠣᠷᠣᠨ︾ ᠢ ᠲᠤᠪᠴᠢᠳᠠᠵᠦ᠂ ᠲᠤᠰ ᠤᠳᠠᠭᠠᠨ ᠤ ᠠᠵᠢᠯᠯᠠᠭ᠎ᠠ ᠶᠢ ᠰᠣᠩᠭᠤᠨ ᠰᠡᠳᠦᠪ ᠬᠠᠷᠢᠭᠤᠯᠤᠨ᠎ᠠ᠃ ᠪᠤᠰᠤᠳ ᠬᠦᠮᠦᠨ ᠤ ᠬᠤᠪᠢᠶᠠᠨ ᠡᠳ᠋ᠯᠡᠬᠦ ᠴᠥᠷᠬᠡᠯᠡᠭᠡ ᠪᠠᠷ ᠳᠠᠮᠵᠢᠨ ᠰᠡᠳᠦᠪ ᠬᠠᠷᠢᠭᠤᠯᠬᠤ ᠳᠤ ᠣᠷᠣᠵᠤ ᠪᠣᠯᠤᠨ᠎ᠠ᠃      3. ᠰᠡᠳᠦᠪ ᠬᠠᠷᠢᠭᠤᠯᠬᠤ ᠳᠤ ᠣᠷᠣᠯᠴᠠᠭᠰᠠᠳ ᠪᠦᠬᠦᠨ ᠴᠥᠮ ᠦᠨᠡᠨ ᠪᠣᠳᠠᠲᠠᠶ ᠮᠡᠳᠡᠭᠡ ᠵᠠᠩᠭᠢ ᠶᠢ ᠲᠠᠭᠯᠠᠨ ᠪᠢᠴᠢᠵᠦ᠂ ᠠᠵᠢᠯᠯᠠᠭ᠎ᠠ ᠳᠠᠭᠤᠰᠤᠭᠰᠠᠨ ᠤ ᠳᠠᠷᠠᠭ᠎ᠠ᠂ ᠮᠡᠳᠡᠭᠡ ᠵᠠᠩᠭᠢ ᠶᠢ ᠪᠦᠷᠢᠨ ᠪᠤᠰᠤ ᠪᠤᠶᠤ ᠪᠤᠷᠤᠭᠤ ᠪᠠᠷ ᠲᠠᠭᠯᠠᠭᠰᠠᠳ ᠢ ᠴᠥᠮ ᠲᠣᠰ ᠠᠵᠢᠯᠯᠠᠭ᠎ᠠ ᠳᠤ ᠣᠷᠣᠯᠴᠠᠬᠤ ᠶᠢ ᠠᠶᠠᠨᠳᠠᠭᠠᠨ ᠬᠠᠶᠠᠭᠰᠠᠨ ᠢᠶᠠᠷ ᠦᠵᠡᠨ᠎ᠡ᠃ ᠡᠯ᠎ᠡ ᠦᠨᠳᠦᠰᠦᠨ ᠱᠠᠲᠤᠨ ᠤ ᠠᠵᠢᠯᠴᠢᠨ ᠤ ᠡᠪᠯᠡᠯ ᠲᠣᠰ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠵᠢᠯᠲᠠᠨ ᠠᠵᠢᠯᠴᠢᠨ ᠢ ᠵᠣᠬᠢᠶᠠᠨ ᠪᠠᠶᠢᠭᠤᠯᠤᠨ ᠳᠠᠶᠢᠴᠢᠯᠠᠵᠤ ᠰᠦᠯᠵᠢᠶᠡᠨ ᠳᠡᠭᠡᠷ᠎ᠡ ᠰᠡᠳᠦᠪ ᠬᠠᠷᠢᠭᠤᠯᠬᠤ ᠠᠵᠢᠯᠯᠠᠭ᠎ᠠ ᠳᠤ ᠢᠳᠡᠪᠬᠢᠲᠡᠢ ᠣᠷᠣᠯᠴᠠᠭᠤᠯᠬᠤ ᠶᠢ ᠬᠦᠰᠡᠵᠦ ᠪᠠᠶᠢᠨ᠎ᠠ᠃                ᠲᠣᠭᠲᠠᠬᠤ ᠰᠢᠶᠠᠨ ᠤ ᠠᠵᠢᠯᠴᠢᠨ ᠤ ᠶᠡᠷᠦᠩᠬᠡᠢ ᠡᠪᠯᠡᠯ                2024 ᠣᠨ ᠤ 6 ᠳ᠋ᠤᠭᠠᠷ ᠰᠠᠷ᠎ᠠ ᠢᠷᠡᠯᠳᠡ᠄ ᠲᠣᠭᠲᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠤᠨ ᠶᠦᠨ ᠵᠥᠩ ᠬᠠᠮ ᠵᠠᠭᠤᠴᠢᠯᠠᠭᠤᠷ  
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1