ᠣᠶᠢᠷ᠎ᠠ ᠳᠤ᠂ ᠡᠵᠡᠨ ᠬᠤᠷᠤᠭ᠎ᠠ ᠬᠤᠰᠢᠭᠤ ᠰᠠᠭᠤᠭᠠᠯᠢ ᠠᠷᠠᠳ ᠤᠨ ᠵᠠᠶᠢᠯᠠᠰᠢ ᠦᠭᠡᠢ ᠴᠢᠨᠠᠷᠲᠠᠢ ᠪᠠ | ᠰᠠᠶᠢᠵᠢᠷᠠᠭᠤᠯᠬᠤ ᠴᠢᠨᠠᠷᠲᠠᠢ ᠣᠷᠣᠨ ᠰᠠᠭᠤᠴᠠ ᠶᠢᠨ ᠬᠡᠷᠡᠭᠴᠡᠭᠡ ᠶᠢ ᠬᠠᠩᠭᠠᠬᠤ ᠶᠢᠨ ᠲᠥᠯᠥᠭᠡ ᠪᠣᠳᠠᠲᠤ | ᠪᠠᠶᠢᠳᠠᠯ ᠲᠠᠢ ᠤᠶᠠᠯᠳᠤᠭᠤᠯᠤᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠳᠣᠰ ᠬᠤᠲᠠ ᠶᠢᠨ | ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠪᠤᠳᠠᠳᠠᠢ ᠲᠠᠢ ᠪᠠᠨ ᠤᠶᠠᠯᠳᠤᠭᠤᠯᠤᠨ᠂ ᠡᠵᠡᠨ | ᠬᠤᠷᠤᠭ᠎ᠠ ᠬᠤᠰᠢᠭᠤᠨ ᠤ ᠬᠤᠳᠠ ᠶᠢᠨ ᠪᠡᠯᠡ ᠤᠷᠤᠭᠤᠯᠤᠯᠳᠠ ᠶᠢᠨ ᠪᠦᠯᠦᠭᠯᠡᠯ ᠢ ᠳᠠᠭᠠᠭᠠᠴᠢᠯᠠᠨ ᠪᠠᠶᠢᠭᠤᠯᠬᠤ ᠭᠤᠤᠯ | ᠨᠢᠭᠡᠴᠢ ᠪᠠᠷ ᠲᠤᠭᠳᠠᠭᠠᠵᠤ᠂ ᠨᠢᠭᠡ ᠪᠦᠯᠦᠭ ᠢᠳᠡᠭᠡᠮᠵᠢ ᠰᠠᠶᠢᠳᠠᠢ ᠴᠢᠨᠠᠷ ᠴᠢᠨᠰᠠᠭ᠎ᠠ ᠨᠢ ᠨᠠᠶᠢᠳᠠᠪᠤᠷᠢᠲᠠᠶ ᠰᠢᠨ᠎ᠡ ᠪᠠᠷ | ᠪᠠᠶᠢᠭᠤᠯᠤᠭᠰᠠᠨ ᠬᠡᠷ ᠪᠠᠶᠢᠰᠢᠩ ᠢ ᠬᠠᠩᠭᠠᠨ ᠲᠣᠰ ᠤᠳᠠᠭᠠᠨ ᠤ ᠣᠷᠣᠨ ᠰᠠᠭᠤᠴᠠ ᠶᠢᠨ ︽ᠬᠠᠭᠤᠴᠢᠨ ᠢᠶᠠᠷ | ᠰᠢᠨ᠎ᠡ ᠶᠢ ᠰᠣᠯᠢᠬᠤ︾ ᠠᠵᠢᠯᠯᠠᠭ᠎ᠠ ᠶᠢ ᠥᠷᠨᠢᠭᠦᠯᠬᠦ ᠳᠤ ᠬᠡᠷᠡᠭᠯᠡᠭᠦᠯᠬᠦ ᠪᠠᠷ ᠪᠠᠶᠢᠨ᠎ᠠ᠃ | ᠠᠰᠠᠭᠤᠯᠲᠠ᠄ ᠡᠨᠡ ᠤᠳᠠᠭᠠᠨ ᠤ ᠠᠵᠢᠯᠯᠠᠭ᠎ᠠ ᠳᠤ ᠣᠷᠣᠯᠴᠠᠬᠤ ᠳᠤ ᠶᠠᠮᠠᠷ ᠨᠥᠬᠦᠴᠡᠯ ᠬᠡᠷᠡᠭᠰᠡᠬᠦ ᠪᠣᠢ︖ | ᠬᠠᠷᠢᠭᠤᠯᠲᠠ᠄ ᠣᠷᠣᠯᠴᠠᠬᠤ ᠬᠡᠪᠴᠢᠶ᠎ᠡ ᠨᠢ ᠡᠵᠡᠨ ᠬᠤᠷᠤᠭ᠎ᠠ ᠬᠤᠰᠢᠭᠤᠨ ᠤ ᠬᠡᠪᠴᠢᠶᠡᠨ ᠳᠣᠲᠣᠷ᠎ᠠ | ᠥᠮᠴᠢᠯᠡᠬᠦ ᠡᠷᠬᠡ ᠨᠢ ᠲᠣᠳᠣᠷᠬᠠᠶ᠂ ᠬᠡᠷᠡᠭᠴᠡᠭᠡ ᠨᠢ ᠣᠷᠣᠨ ᠰᠠᠭᠤᠴᠠ ︵ᠥᠯᠥ ᠬᠥᠳᠡᠯᠬᠦ ᠬᠥᠷᠥᠩᠭᠡ ᠶᠢᠨ | ᠡᠷᠬᠡ ᠶᠢᠨ ᠦᠨᠡᠮᠯᠡᠯ ᠢᠶᠠᠷ ᠪᠠᠷᠢᠮᠵᠢᠶ᠎ᠠ ᠪᠤᠯᠭᠠᠨ᠎ᠠ︶ ᠭᠡᠷ ᠪᠠᠶᠢᠰᠢᠩ ᠤᠨ ᠥᠮᠴᠢᠯᠡᠬᠦ ᠡᠷᠬᠡ ᠲᠠᠢ ᠡᠷᠬᠡᠲᠦ ᠬᠥᠮᠥᠨ | ᠪᠠᠭᠲᠠᠨ᠎ᠠ᠃ | ᠠᠰᠠᠭᠤᠯᠲᠠ᠄ ᠵᠥᠪᠬᠡᠨ ︽ᠰᠠᠭᠤᠭᠠᠯᠢ ᠠᠷᠠᠳ︾ ᠠᠵᠢᠯᠯᠠᠭ᠎ᠠ ᠳᠤ ᠣᠷᠣᠯᠴᠠᠵᠤ ᠪᠤᠯᠤᠨ᠎ᠠ ᠤᠤ︖ | ᠬᠠᠷᠢᠭᠤᠯᠲᠠ᠄ ᠰᠠᠶᠢᠨ ᠳᠤᠷ᠎ᠠ ᠠᠴᠠ ᠪᠠᠨ ᠣᠷᠣᠨ ᠰᠠᠭᠤᠴᠠ ᠶᠢᠨ ︽ᠬᠠᠭᠤᠴᠢᠨ ᠢᠶᠠᠷ ᠰᠢᠨ᠎ᠡ ᠶᠢ | ᠰᠣᠯᠢᠬᠤ︾ ᠠᠵᠢᠯᠯᠠᠭ᠎ᠠ ᠳᠤ ᠤᠷᠤᠯᠴᠠᠬᠤ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ | ᠠᠬᠤᠶᠢᠯᠠᠯ᠂ ᠵᠠᠭᠤᠴᠢ ᠪᠠᠶᠢᠭᠤᠯᠤᠮᠵᠢ᠂ ᠬᠤᠳᠠᠯᠳᠤᠭᠠᠨ ᠤ ᠪᠠᠩᠬᠢ ᠴᠥᠮ ᠠᠵᠢᠯᠯᠠᠭ᠎ᠠ ᠳᠤ ᠣᠷᠣᠯᠴᠠᠵᠤ ᠪᠣᠯᠣᠨ᠎ᠠ᠃ | ᠠᠰᠠᠭᠤᠯᠲᠠ᠄ ᠬᠡᠳᠦᠢ ᠣᠷᠣᠨ ᠲᠤᠭ᠎ᠠ ᠪᠠᠶᠢᠬᠤ ᠪᠤᠢ︖ | ᠬᠠᠷᠢᠭᠤᠯᠲᠠ᠄ ᠡᠵᠡᠨ ᠬᠤᠷᠤᠭ᠎ᠠ ᠬᠤᠰᠢᠭᠤ ᠡᠨᠡ ᠵᠢᠯ 500 ᠢᠵᠢ ᠰᠢᠨ᠎ᠡ ᠬᠡᠷ ᠪᠠᠶᠢᠰᠢᠩ ᠢ ᠲᠣᠰ | ᠤᠳᠠᠭᠠᠨ ᠤ ᠠᠵᠢᠯᠯᠠᠭ᠎ᠠ ᠳᠤ ᠬᠡᠷᠡᠭᠯᠡᠬᠦ ᠪᠠᠷ ᠲᠥᠯᠥᠪᠯᠡᠵᠦ ᠪᠠᠶᠢᠨ᠎ᠠ᠃ | ᠠᠰᠠᠭᠤᠯᠲᠠ᠄ ᠶᠠᠮᠠᠷ ᠴᠤᠪᠤᠷᠠᠯ ᠢ ᠬᠡᠷᠡᠭᠰᠡᠬᠦ ᠪᠣᠢ︖ | ᠬᠠᠷᠢᠭᠤᠯᠲᠠ᠄ | 1᠂ ︽ᠬᠠᠭᠤᠴᠢᠨ ᠢᠶᠠᠷ ᠰᠢᠨ᠎ᠡ ᠶᠢ ᠰᠣᠯᠢᠬᠤ︾ ᠬᠦᠰᠡᠯ ᠡᠷᠡᠮᠡᠯᠵᠡᠯ ᠲᠠᠢ ᠥᠮᠴᠢᠲᠡᠨ᠂ ᠵᠠᠰᠠᠭ ᠤᠨ | ᠣᠷᠳᠣᠨ ᠤ ᠬᠤᠳᠠᠯᠳᠤᠨ ᠠᠪᠬᠤ ᠠᠵᠢᠯᠯᠠᠭ᠎ᠠ ᠶᠢᠨ ᠭᠤᠷᠪᠠᠳᠠᠬᠢ ᠡᠲᠡᠭᠡᠳ ᠤᠨ ᠬᠢᠷᠢ ᠭᠡᠮ ᠲᠠᠢ ᠦᠨᠡᠯᠡᠨ ᠵᠢᠱᠢᠬᠦ | ᠪᠠᠶᠢᠭᠤᠯᠤᠮᠵᠢ ᠪᠠᠷ ᠳᠠᠮᠵᠢᠨ ᠭᠡᠷ ᠪᠠᠶᠢᠰᠢᠩ ᠤᠨ ᠦᠨ᠎ᠡ ᠬᠠᠩᠰᠢ ᠶᠢ ᠦᠨᠡᠯᠡᠨ ᠵᠢᠱᠢᠭᠦᠯᠦᠨᠡ | 2᠂ ᠲᠠᠷᠠᠭ᠎ᠠ ᠨᠢ ᠬᠡᠷ ᠪᠠᠶᠢᠰᠢᠩ ᠭᠠᠵᠠᠷ ᠬᠦᠷᠦᠩᠭᠡ ᠶᠢᠨ ᠠᠵᠤ ᠠᠬᠤᠢᠢᠯᠠᠯ ᠤᠨ ᠣᠢᠨᠠᠯᠠᠨ ᠵᠢᠱᠢᠬᠦ | ᠪᠦᠯᠭᠦᠮ ︽ᠬᠠᠭᠤᠴᠢᠨ ᠭᠡᠷ ᠪᠠᠶᠢᠰᠢᠩ︾ ᠤᠨ ᠣᠢᠨ᠎ᠠ ᠬᠠᠩᠰᠢ ᠶᠢᠨ ᠦᠨᠡᠯᠡᠨ ᠵᠢᠱᠢᠯᠳᠡ ᠳᠤ ᠲᠠᠭᠢᠠ | ᠪᠠᠶᠢᠴᠠᠭᠠᠯᠳᠠ ᠬᠢᠨ᠎ᠡ᠃ | 3᠂ ᠦᠨᠡᠯᠡᠨ ᠵᠢᠱᠢᠯᠳᠡ ᠲᠠᠭᠤᠰᠣᠬᠰᠠᠨ ᠤ ᠲᠠᠷᠠᠭ᠎ᠠ ᠬᠤᠶᠠᠷ ᠲᠠᠯ᠎ᠠ ᠪᠠᠷ ᠢᠶᠠᠨ ᠭᠡᠷ᠎ᠡ ᠲᠤᠭᠳᠠᠪᠠᠯ | ᠦᠮᠴᠢᠳᠡᠨ ᠲᠠᠷᠣᠢ ︽ᠬᠠᠭᠤᠴᠢᠨ ᠬᠡᠷ ᠪᠠᠶᠢᠰᠢᠩ︾ ᠢᠶᠠᠷ ︽ᠰᠢᠨ᠎ᠠ ᠬᠡᠷ ᠪᠠᠶᠢᠰᠢᠩ︾ ᠰᠣᠯᠢᠵᠤ ᠪᠤᠯᠣᠨ᠎ᠠ᠃ | | ᠠᠰᠠᠭᠤᠯᠲᠠ᠄ ᠬᠡᠷᠬᠢᠨ ᠨᠡᠷ᠎ᠡ ᠮᠡᠳᠡᠭᠦᠯᠬᠦ ᠪᠣᠶ︖ | ᠬᠠᠷᠢᠭᠤᠯᠲᠠ᠄ ᠡᠵᠡᠨ ᠬᠤᠷᠤᠭ᠎ᠠ ᠬᠤᠰᠢᠭᠤᠨ ᠤ ᠤᠷᠤᠨ ᠰᠠᠭᠤᠴᠠ ᠶᠢᠨ ᠪᠠᠳᠤᠯᠠᠭ᠎ᠠ ᠶᠢᠨ | ᠶᠡᠷᠦᠩᠬᠡᠶᠢᠯᠡᠭᠰᠡᠨ ᠦᠢᠯᠡᠴᠢᠯᠡᠭᠡᠨ ᠤ ᠲᠦᠪ ᠤᠨ ᠵᠠᠩ ᠶᠠᠨ ᠫᠢᠩ ᠠᠴᠠ ᠠᠰᠠᠭᠤᠨ ᠯᠠᠪᠯᠠᠨ᠎ᠠ᠂ ᠤᠳᠠᠰᠤ᠄ | 18047978630 | ᠠᠰᠠᠭᠤᠯᠲᠠ᠄ ᠲᠥᠷᠥ ᠶᠢᠨ ᠪᠣᠳᠣᠯᠭ᠎ᠠ ᠶᠢᠨ ᠳᠡᠮᠵᠢᠯᠭᠡ ᠪᠠᠶᠢᠨᠤ ᠦᠦ︖ | ᠬᠠᠷᠢᠭᠤᠯᠲᠠ᠄ ᠣᠳᠣᠬᠠᠨ ᠳᠤ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ | ᠣᠷᠣᠨ ᠰᠠᠭᠤᠴᠠ ᠶᠢᠨ ︽ᠬᠠᠭᠤᠴᠢᠨ ᠢᠶᠠᠷ ᠰᠢᠨ᠎ᠡ ᠶᠢ ᠰᠣᠯᠢᠬᠤ︾ ᠬᠡᠷᠡᠭᠵᠢᠭᠦᠯᠬᠦ ᠨᠠᠷᠢᠨ ᠲᠦᠷᠢᠮ ᠵᠢᠴᠢ ᠣᠷᠣᠨ | ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠭᠠᠷᠭᠠᠨ ᠠᠪᠬᠤ᠂ ᠬᠤᠳᠠᠯᠳᠤᠭᠠᠨ ᠤ | ᠵᠢᠭᠡᠯᠡᠯᠭᠡ ᠶᠢᠨ ᠬᠠᠷᠠᠭᠠᠯᠵᠠᠯ᠂ ᠭᠠᠶᠢᠯᠢ ᠰᠦᠢᠳᠬᠡᠯ ᠤᠨ ᠨᠥᠬᠦᠪᠥᠷᠢ ᠵᠡᠷᠭᠡ ᠬᠠᠮᠢᠶ᠎ᠠ ᠪᠥᠬᠦᠶ ᠬᠠᠷᠠᠭᠠᠯᠵᠠᠯ ᠤᠨ | ᠲᠥᠷᠥ ᠶᠢᠨ ᠪᠣᠳᠣᠯᠭ᠎ᠠ ᠶᠢ ᠲᠣᠭᠲᠠᠭᠠᠵᠤ ᠪᠠᠶᠢᠨ᠎ᠠ᠃ ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ | ᠠᠬᠤᠶᠢᠯᠠᠯ᠂ ᠬᠡᠷ ᠪᠠᠶᠢᠰᠢᠩ ᠭᠠᠵᠠᠷ ᠬᠥᠷᠥᠩᠭᠡ ᠶᠢᠨ ᠵᠠᠭᠤᠴᠢ ᠪᠠᠶᠢᠭᠤᠯᠤᠮᠵᠢ᠂ ᠬᠤᠳᠠᠯᠳᠤᠭᠠᠨ ᠤ ᠪᠠᠩᠬᠢ᠂ | ᠰᠠᠭᠤᠭᠠᠯᠢ ᠠᠷᠠᠳ ᠲᠠᠷᠠᠭᠠᠴᠢ ᠪᠠᠷ ᠨᠡᠶᠢᠳᠡᠯᠡᠬᠦ ᠮᠡᠳᠡᠭᠡ ᠵᠠᠩᠭᠢ ᠶᠢ ᠠᠩᠬᠠᠷᠴᠦ ᠪᠠᠶᠢᠭᠠᠷᠠᠢ︕ | ᠪᠦᠷᠢᠨ ᠪᠤᠰᠤ ᠪᠦᠷᠢᠳᠬᠡᠯ ᠢ ᠦᠨᠳᠦᠰᠦᠯᠡᠪᠡᠯ᠂ ᠣᠳᠣᠬᠠᠨ ᠳᠤ ᠪᠥᠬᠦ ᠤᠯᠤᠰ ᠲᠤ 70 ᠭᠠᠷᠦᠢ ᠬᠤᠲᠠ ᠨᠢᠭᠡᠨᠲᠡ | ᠣᠷᠣᠨ ᠰᠠᠭᠤᠴᠠ ᠶᠢᠨ ︽ᠬᠠᠭᠤᠴᠢᠨ ᠢᠶᠠᠷ ᠰᠢᠨ᠎ᠡ ᠶᠢ ᠰᠣᠯᠢᠬᠤ︾ ᠶᠢ ᠵᠠᠷᠯᠠᠭᠰᠠᠨ ᠪᠤᠶᠤ ᠬᠡᠷᠡᠭᠵᠢᠭᠦᠯᠵᠦ ᠪᠠᠶᠢᠨ᠎ᠠ᠃ | | | ᠢᠷᠡᠯᠳᠡ᠄ ᠦᠪᠦᠷ ᠮᠤᠩᠭᠤᠯ ᠤᠨ ᠷᠠᠳᠢᠤ᠋ ᠲᠧᠯᠸᠢᠰ ᠬᠤᠷᠢᠶ᠎ᠠ |