ᠲᠣᠭᠲᠠᠬᠤ ᠰᠢᠶᠠᠨ᠄ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠦᠷᠨᠢᠭᠦᠯᠵᠦ ᠬᠠᠤᠯᠢ ᠪᠠᠷ ᠵᠠᠰᠠᠬᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠪᠡ
ᠨᠡᠶᠢᠲᠡᠯᠡᠭᠰᠡᠨ ᠴᠠᠭ᠄
2024/6/14
      ᠬᠠᠤᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠠᠵᠤ ᠠᠬᠤᠶᠢᠯᠠᠯ ᠤᠨ ᠬᠥᠭᠵᠢᠯᠲᠡ ᠶᠢᠨ ᠳᠤᠮᠳᠠ ᠲᠤᠯᠭᠠᠷᠠᠵᠤ ᠪᠠᠶᠢᠭ᠎ᠠ ︽ᠪᠠᠴᠢᠮᠳᠠᠵᠤ ᠵᠣᠪᠠᠭ᠋ᠤ︾ ᠠᠰᠠᠭᠤᠳᠠᠯ ᠢ ᠦᠨᠡᠨ ᠬᠦ ᠰᠢᠢᠳᠪᠦᠷᠢᠯᠡᠬᠦ ᠶᠢᠨ ᠲᠥᠯᠥᠭᠡ᠂ ᠣᠶᠢᠷ᠎ᠠ ᠳᠤ᠂ ᠲᠣᠭᠲᠠᠬᠤ ᠠᠵᠤ ᠠᠬᠤᠶ ᠶᠢᠨ ᠨᠡᠭᠡᠭᠡᠯᠲᠡ ᠶᠢᠨ ᠣᠷᠣᠨ ᠤ ᠬᠠᠤᠯᠢ ᠴᠠᠭᠠᠵᠠ ᠶᠢᠨ ᠭᠠᠵᠠᠷ ᠶᠠᠨ ᠱᠠᠨ ᠶᠢᠩ ᠲᠣᠮᠢᠯᠠᠭᠰᠠᠨ ᠰᠠᠯᠪᠤᠷᠢ᠂ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠶᠢᠨ ᠬᠠᠤᠯᠢ ᠴᠠᠭᠠᠵᠠ ᠶᠢᠨ ᠲᠤᠰᠠᠯᠠᠮᠵᠢ ᠶᠢᠨ ᠲᠥᠪ᠂ ᠬᠠᠤᠯᠢ ᠲᠦᠭᠡᠮᠡᠯᠵᠢᠭᠦᠯᠬᠦ ᠪᠠ ᠬᠠᠤᠯᠢ ᠪᠠᠷ ᠵᠠᠰᠠᠬᠤ ᠬᠡᠯᠳᠡᠰ᠂ ᠠᠷᠠᠳ ᠲᠦᠮᠡᠨ ᠤ ᠬᠠᠤᠯᠢ ᠪᠠᠷ ᠵᠠᠰᠠᠬᠤ ᠬᠡᠯᠳᠡᠰ᠂ ᠬᠠᠤᠯᠢ ᠪᠠᠷ ᠰᠢᠶᠠᠨ ᠢ ᠵᠠᠰᠠᠬᠤ ᠨᠠᠷᠢᠨ ᠪᠢᠴᠢᠭ ᠤᠨ ᠲᠠᠰᠤᠭ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠥᠪᠥᠷ ᠮᠣᠩᠭᠤᠯ ᠤᠨ ᠴᠠᠩ ᠱᠧᠩ ᠡᠮ ᠦᠢᠯᠡᠳᠬᠦ ᠬᠢᠵᠠᠭᠠᠷᠲᠤ ᠺᠣᠮᠫᠠᠨᠢ ᠳᠤ ᠬᠦᠷᠴᠦ᠂ ︽ᠹᠧᠩ ᠴᠢᠶᠣᠤ ᠶᠢᠨ ᠲᠤᠷᠰᠢᠯᠭ᠎ᠠ ᠶᠢ ᠪᠠᠷᠢᠮᠲᠠᠯᠠᠨ ᠬᠥᠭᠵᠢᠭᠦᠯᠵᠦ ᠵᠥᠷᠢᠴᠡᠯ ᠵᠢᠭᠤᠷᠠᠯᠳᠤᠭᠠᠨ ᠢ ᠣᠯᠠᠨ ᠡᠰᠢᠵᠢᠭᠦᠯᠦᠨ ᠰᠢᠢᠳᠪᠦᠷᠢᠯᠡᠬᠦ ᠶᠢ ᠠᠬᠢᠭᠤᠯᠤᠶ᠎ᠠ︾ ᠪᠠᠷ ᠭᠤᠤᠯ ᠰᠡᠳᠦᠪ ᠪᠣᠯᠭᠠᠭᠰᠠᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠪᠡ᠃
     ᠬᠠᠤᠯᠢ ᠴᠠᠭᠠᠵᠠ ᠶᠢᠨ ᠲᠤᠰᠠᠯᠠᠮᠵᠢ ᠶᠢᠨ ᠲᠥᠪ ᠤᠨ ᠯᠢ ᠠᠨ ᠶᠢᠩ ᠬᠠᠤᠯᠢᠴᠢ ᠲᠤᠰ ᠠᠵᠤ ᠠᠬᠤᠶᠢᠯᠠᠯ ᠤᠨ ᠠᠵᠢᠯᠲᠠᠳ ᠲᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠳᠡᠯᠮᠦᠷᠢ ᠶᠢᠨ ᠬᠠᠤᠯᠢ︾ ᠪᠣᠯᠤᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠷ᠎ᠡ ᠶᠢᠨ ᠬᠠᠤᠯᠢ︾ ᠵᠡᠷᠭᠡ ᠬᠠᠮᠢᠶ᠎ᠠ ᠪᠦᠬᠦᠢ ᠠᠭᠤᠯᠭ᠎ᠠ ᠶᠢ ᠨᠠᠷᠢᠨ ᠲᠠᠶᠢᠯᠪᠤᠷᠢᠯᠠᠪᠠ᠃ ᠪᠣᠳᠠᠲᠠᠶ ᠬᠡᠷᠡᠭ ᠤᠨ ᠵᠢᠱᠢᠶ᠎ᠡ ᠶᠢ ᠣᠷᠣᠭᠤᠯᠤᠨ ᠠᠪᠴᠢᠷᠠᠬᠤ ᠪᠠᠷ ᠳᠠᠮᠵᠢᠭᠤᠯᠤᠨ᠂ ᠠᠵᠢᠯᠲᠠᠨ ᠠᠵᠢᠯᠴᠢᠨ ᠢ ᠬᠥᠳᠡᠯᠮᠦᠷᠢ ᠶᠢᠨ ᠬᠠᠤᠯᠢ ᠲᠣᠭᠲᠠᠭᠠᠯ ᠢ ᠵᠢᠷᠤᠮᠯᠠᠨ ᠰᠠᠬᠢᠬᠤ ᠶᠢᠨ ᠴᠢᠬᠤᠯᠠ ᠴᠢᠨᠠᠷ ᠢ ᠨᠡᠩ ᠰᠢᠭᠤᠳ ᠣᠶᠢᠯᠠᠭᠠᠭᠤᠯᠤᠭᠰᠠᠨ ᠪᠥᠭᠡᠳ ᠣᠯᠤᠯᠲᠠ ᠶᠡᠭᠡ ᠭᠡᠵᠦ ᠢᠯᠡᠳᠬᠡᠵᠡᠢ᠃
     ᠶᠠᠨ ᠱᠠᠨ ᠶᠢᠩ ᠲᠣᠮᠢᠯᠠᠭᠰᠠᠨ ᠰᠠᠯᠪᠤᠷᠢ ᠶᠢᠨ ᠳᠡᠳ᠋ ᠳᠠᠷᠤᠭ᠎ᠠ ᠯᠢ ᡁᠢ ᠵᠢᠶᠠᠨ ᠪᠣᠯᠤᠨ ᠳ᠋ᠦ᠋ ᠷᠦᠢ ᠹᠸᠢ ᠴᠠᠭᠳᠠᠭ᠎ᠠ ᠨᠠᠷ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ᠂ ᠠᠵᠤ ᠠᠬᠤᠶᠢᠯᠠᠯ ᠤᠨ ᠬᠥᠮᠦᠨ ᠢᠶᠠᠷ ᠰᠡᠷᠭᠡᠶᠢᠯᠡᠬᠦ᠂ ᠪᠣᠳᠠᠰ ᠢᠶᠠᠷ ᠰᠡᠷᠭᠡᠶᠢᠯᠡᠬᠦ᠂ ᠮᠡᠷᠭᠡᠵᠢᠯ ᠢᠶᠠᠷ ᠰᠡᠷᠭᠡᠶᠢᠯᠡᠬᠦ ᠶᠢ ᠴᠢᠩᠭᠠᠳᠬᠠᠬᠤ ᠵᠢᠴᠢ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠤᠨ ᠬᠢᠨ ᠬᠡᠷᠬᠢᠨ ᠠᠵᠤ ᠠᠬᠤᠶᠢᠯᠠᠯ᠂ ᠠᠵᠤ ᠠᠬᠤᠶᠢᠯᠠᠯ ᠳᠤ ᠠᠰᠢᠭᠲᠠᠢ᠂ ᠠᠵᠤ ᠠᠬᠤᠶᠢᠯᠠᠯ ᠢ ᠬᠠᠮᠠᠭᠠᠯᠠᠵᠤ᠂ ᠠᠵᠤ ᠠᠬᠤᠶᠢᠯᠠᠯ ᠳᠤ ᠬᠡᠷᠬᠢᠨ ᠦᠢᠯᠡᠴᠢᠯᠡᠬᠦ ᠲᠤᠬᠠᠢ ᠨᠠᠷᠢᠨ ᠲᠠᠶᠢᠯᠤᠮᠵᠢ ᠬᠢᠵᠡᠢ᠃
   ᠲᠣᠭᠲᠠᠬᠤ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠬᠠᠤᠯᠢ ᠴᠠᠭᠠᠵᠠ ᠶᠢᠨ ᠭᠠᠵᠠᠷ ᠤᠨ ᠳᠠᠷᠤᠭ᠎ᠠ ᠰᠤ᠋ ᠬᠠᠢ ᠫᠧᠩ ᠠᠵᠤ ᠠᠬᠤᠶᠢᠯᠠᠯ ᠵᠢᠴᠢ ᠠᠵᠢᠯᠲᠠᠳ ᠲᠤ ᠰᠦᠢᠳᠬᠡᠯ ᠬᠤᠷᠢᠶᠠᠬᠤ ᠦᠭᠡᠢ ᠬᠠᠤᠯᠢ ᠴᠠᠭᠠᠵᠠ ᠶᠢᠨ ᠵᠥᠪᠯᠡᠯᠭᠡ ᠪᠠ ᠬᠠᠤᠯᠢ ᠴᠠᠭᠠᠵᠠ ᠶᠢᠨ ᠦᠢᠯᠡᠴᠢᠯᠡᠭᠡ ᠬᠡᠷᠬᠢᠨ ᠬᠠᠩᠭᠠᠬᠤ᠂ ᠠᠵᠤ ᠠᠬᠤᠶᠢᠯᠠᠯ ᠪᠠ ᠠᠵᠢᠯᠲᠠᠨ ᠢ ᠬᠡᠷᠬᠢᠨ ᠬᠠᠪᠰᠤᠷᠤᠨ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠬᠦ ᠵᠢᠴᠢ ᠥᠪᠡᠷᠲᠡᠭᠡᠨ ᠵᠠᠰᠠᠬᠤ ᠣᠷᠣᠨ ᠠᠴᠠ ᠨᠡᠶᠢᠲᠡᠯᠡᠭᠰᠡᠨ ᠵᠥᠷᠢᠴᠡᠯ ᠵᠢᠭᠤᠷᠠᠯᠳᠤᠭᠠᠨ ᠢ ᠤᠯᠠᠨ ᠡᠰᠢᠴᠢᠯᠡᠨ ᠰᠢᠢᠳᠪᠦᠷᠢᠯᠡᠬᠦ ᠲᠦᠷᠢᠮ ᠵᠡᠷᠭᠡ ᠲᠠᠯ᠎ᠠ ᠪᠠᠷ ᠨᠠᠷᠢᠨ ᠪᠣᠳᠠᠲᠠᠢ ᠬᠠᠷᠢᠭᠤᠯᠲᠠ ᠥᠭᠪᠡ᠃
    ᠠᠵᠢᠯᠯᠠᠭ᠎ᠠ ᠶᠢᠨ ᠳᠤᠮᠳᠠ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠳᠡᠯᠮᠦᠷᠢ ᠶᠢᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠳᠡᠯᠮᠦᠷᠢ ᠶᠢᠨ ᠭᠡᠷ᠎ᠡ ᠶᠢᠨ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠥᠷᠢᠴᠡᠯ ᠵᠢᠭᠤᠷᠠᠯᠳᠤᠭᠠᠨ ᠢ ᠣᠯᠠᠨ ᠡᠰᠢᠵᠢᠭᠦᠯᠦᠨ ᠰᠢᠢᠳᠪᠦᠷᠢᠯᠡᠬᠦ ᠳᠦᠷᠢᠮ︾᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ᠂ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠵᠡᠷᠭᠡ ᠠᠭᠤᠯᠭ᠎ᠠ ᠶᠢ ᠪᠠᠭᠲᠠᠭᠠᠭᠰᠠᠨ ᠤᠬᠠᠭᠤᠯᠭ᠎ᠠ ᠬᠢᠵᠦ᠂ ᠤᠬᠠᠭᠤᠯᠭ᠎ᠠ ᠶᠢᠨ ᠮᠠᠲ᠋ᠧᠷᠢᠶᠠᠯ ᠢ 100 ᠭᠠᠷᠤᠶ ᠬᠤᠪᠢ ᠲᠠᠷᠬᠠᠭᠠᠵᠤ᠂ ᠠᠵᠤ ᠠᠬᠤᠶᠢᠯᠠᠯ ᠤᠨ ᠠᠵᠢᠯᠲᠠᠳ ᠤᠨ ᠬᠠᠯᠠᠭᠤᠨ ᠬᠦᠷᠢᠶᠡᠯᠡᠯ ᠢ ᠣᠯᠪᠠ᠃    ᠳᠠᠷᠠᠭᠠᠴᠢ ᠶᠢᠨ ᠠᠯᠬᠤᠮ ᠳᠤ᠂ ᠲᠣᠭᠲᠠᠬᠤ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠬᠠᠤᠯᠢ ᠴᠠᠭᠠᠵᠠ ᠶᠢᠨ ᠰᠠᠯᠪᠣᠷᠢ ᠨᠢ  ᠦᠢᠯᠡᠴᠢᠯᠡᠭᠡᠨ ᠤ ᠠᠵᠢᠯ ᠤᠨ ᠠᠷᠭ᠎ᠠ ᠵᠠᠮ ᠢ ᠦᠷᠭᠦᠯᠵᠢᠯᠡᠨ ᠰᠦᠪᠡᠭᠴᠢᠯᠡᠵᠦ᠂ ︽ᠬᠠᠤᠯᠢ ᠴᠠᠭᠠᠵᠠ ᠶᠢ ᠠᠵᠤ ᠠᠬᠤᠶᠢᠯᠠᠯ ᠳᠤ ᠣᠷᠣᠭᠤᠯᠬᠤ︾ ᠰᠢᠷᠢᠰ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠦᠢᠯᠡᠴᠢᠯᠡᠭᠡᠨ ᠤ ᠠᠷᠭ᠎ᠠ ᠬᠡᠯᠪᠡᠷᠢ ᠶᠢᠨ ᠰᠢᠨ᠎ᠡ ᠶᠢ ᠲᠠᠰᠤᠷᠠᠯᠲᠠ ᠦᠭᠡᠢ ᠡᠭᠦᠳᠴᠦ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠭᠤᠯᠭ᠎ᠠ ᠶᠢ ᠪᠠᠶᠠᠯᠢᠭᠵᠢᠭᠤᠯᠵᠤ᠂ ᠬᠠᠤᠯᠢ ᠪᠠᠷ ᠵᠠᠰᠠᠬᠤ ᠤᠬᠠᠭᠤᠯᠭ᠎ᠠ ᠶᠢᠨ ᠠᠵᠢᠯ ᠤᠨ ᠬᠥᠮᠥᠰ ᠤᠨ ᠰᠡᠳᠬᠢᠯ ᠳᠤ ᠭᠦᠨᠵᠡᠭᠡᠶᠢᠷᠡᠬᠦ ᠶᠢ ᠪᠠᠲᠤᠯᠠᠵᠤ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠢ ᠠᠬᠢᠭᠤᠯᠬᠤ ᠳᠤ ᠢᠳᠡᠪᠬᠢᠲᠡᠢ ᠦᠢᠯᠡᠳᠦᠯ ᠦᠵᠡᠭᠦᠯᠦᠨ᠎ᠡ ᠭᠡᠪᠡ᠃   ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠤᠨ ᠶᠦᠨ ᠵᠥᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1