ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢ ᠦᠨᠡᠯᠡᠬᠦ ᠠᠵᠢᠯ ᠢ ᠥᠷᠨᠢᠭᠦᠯᠬᠦ ᠲᠤᠬᠠᠶ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠤ ᠠᠯᠪᠠᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2024/6/14
      ᠢᠷᠡᠯᠲᠡ᠄ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ    ᠡᠯ᠎ᠡ ᠮᠣᠵᠢ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠰᠢᠭᠤᠳ ᠬᠠᠷᠢᠶ᠎ᠠ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠳᠠ ︵ᠬᠠᠮᠢᠶᠠᠷᠤᠯᠲᠠ ︶ ᠶᠢᠨ ᠵᠥᠪᠯᠡᠯ᠂ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠳᠠ ᠶᠢᠨ ᠪᠢᠩᠲ᠋ᠤᠸᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠳᠠ ᠶᠢᠨ ᠲᠣᠪᠴᠢᠶ᠎ᠠ ᠳᠤ᠄      ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠲᠤᠬᠠᠶ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︽ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠪᠣᠬᠢᠷᠲᠤᠯ ᠥᠬᠡᠶ ᠬᠥᠭᠵᠢᠯᠲᠡ ᠶᠢ ᠠᠬᠢᠭᠤᠯᠬᠤ ᠲᠤᠬᠠᠶ ᠰᠠᠨᠠᠯ︾᠂ ︽ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ 2024 ᠣᠨ ᠤ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠦᠨᠡᠯᠡᠯᠳᠡ ᠶᠢᠨ ᠠᠵᠢᠯ ᠢ ᠰᠠᠶᠢᠲᠤᠷ ᠬᠢᠬᠦ ᠶᠢᠨ ᠲᠤᠰᠠᠳᠠ᠂ ᠡᠳᠦᠭᠡ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠮᠡᠳᠡᠭᠳᠡᠪᠡ᠃      ᠨᠢᠭᠡ᠂ ᠶᠡᠷᠦᠩᠬᠡᠢ ᠱᠠᠭᠠᠷᠳᠠᠯᠭ᠎ᠠ      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠨᠢᠭᠡᠳᠦᠭᠡᠷ ᠪᠦᠭᠦᠳᠡ ᠬᠤᠷᠠᠯ᠂ ᠬᠤᠶᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ︽ᠮᠢᠩᠭᠠᠨ ᠲᠦᠮᠡᠨ ᠤ ᠢᠨᠵᠧᠨᠧᠷᠢᠩ︾ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠵᠦ᠂ ᠬᠥᠳᠡᠭᠡ ᠲᠤᠰᠬᠤᠨ ᠤ ᠪᠦᠳᠦᠭᠡᠨ ᠪᠠᠶᠢᠭᠤᠯᠤᠯᠳᠠ ᠶᠢᠨ ᠦᠨᠡᠯᠡᠯᠳᠡ ᠶᠢ ᠬᠥᠳᠡᠭᠡ ᠲᠤᠰᠬᠤᠨ ᠤ ᠪᠦᠲᠦᠭᠡᠨ ᠪᠠᠶᠢᠭᠤᠯᠤᠯᠳᠠ ᠶᠢᠨ ᠠᠵᠢᠯᠯᠠᠭ᠎ᠠ ᠶᠢ ᠬᠡᠷᠡᠭᠵᠢᠭᠦᠯᠬᠦ ᠶᠢ ᠠᠬᠢᠭᠤᠯᠬᠤ ᠴᠢᠬᠤᠯᠠ ᠭᠠᠷᠳᠠᠴᠠ ᠪᠣᠯᠭᠠᠵᠤ᠂ ︽ᠤᠷᠢᠳᠠᠪᠡᠷ  ᠦᠨᠡᠯᠡᠯᠳᠡ ᠬᠢᠵᠦ᠂ ᠲᠠᠷᠠᠭ᠎ᠠ ᠨᠢ ᠪᠦᠳᠦᠭᠡᠨ ᠪᠠᠶᠢᠭᠤᠯᠬᠤ︾ ᠪᠠᠷ ᠤᠳᠤᠷᠢᠳᠤᠮᠵᠢ ᠪᠣᠯᠭᠠᠵᠤ᠂ ᠦᠨᠡᠯᠡᠯᠳᠡ ᠪᠠᠷ ᠳᠠᠮᠵᠢᠨ ᠬᠥᠳᠡᠭᠡ ᠲᠤᠰᠬᠤᠨ ᠤ ᠪᠦᠳᠦᠭᠡᠨ ᠪᠠᠶᠢᠭᠤᠯᠤᠯᠳᠠ ᠶᠢᠨ ᠪᠠᠶᠢᠳᠠᠯ ᠪᠣᠯᠤᠨ ᠬᠢᠷᠢ ᠲᠦᠪᠰᠢᠨ ᠢ ᠪᠦᠬᠦ ᠲᠠᠯ᠎ᠠ ᠪᠠᠷ ᠡᠵᠡᠮᠰᠢᠵᠦ᠂ ᠲᠠᠷᠢᠶᠠᠴᠢᠨ ᠲᠦᠮᠡᠨ ᠤ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠪᠣᠯᠤᠨ ᠬᠥᠳᠡᠭᠡ ᠲᠤᠰᠬᠤᠨ ᠤ ᠪᠦᠳᠦᠭᠡᠨ ᠪᠠᠶᠢᠭᠤᠯᠤᠯᠳᠠ ᠶᠢᠨ ᠲᠤᠳᠠᠭᠳᠠᠯ ᠪᠠ ᠪᠠᠭᠤᠷᠠᠢ ᠲᠠᠯ᠎ᠠ ᠶᠢ ᠣᠨᠣᠪᠴᠢᠲᠠᠢ ᠡᠷᠢᠵᠦ᠂ ᠠᠷᠭ᠎ᠠ ᠬᠡᠮᠵᠢᠶ᠎ᠡ ᠠᠪᠴᠤ  ᠦᠨᠡᠯᠡᠯᠳᠡ ᠳᠤ ᠢᠯᠡᠷᠡᠭᠦᠯᠦᠭᠰᠡᠨ ᠠᠰᠠᠭᠤᠳᠠᠯ  ᠢ ᠯᠠᠪᠳᠠᠭᠤᠨ ᠪᠠᠲᠤᠲᠠᠢ ᠰᠢᠢᠳᠪᠦᠷᠢᠯᠡᠵᠦ᠂ ᠬᠦᠳᠡᠭᠡ ᠲᠤᠰᠬᠤᠨ ᠤ ᠪᠦᠳᠦᠭᠡᠨ ᠪᠠᠶᠢᠭᠤᠯᠤᠯᠳᠠ ᠶᠢᠨ ᠬᠢᠷᠢ ᠲᠦᠪᠰᠢᠨ ᠢ ᠲᠡᠭᠡᠭᠰᠢᠯᠡᠭᠦᠯᠵᠦ᠂ ᠤᠷᠤᠰᠢᠨ ᠰᠠᠭᠤᠬᠤ ᠳᠤ ᠲᠤᠬᠢᠷᠠᠮᠵᠢᠳᠠᠢ ᠦᠵᠡᠰᠬᠦᠯᠡᠩᠳᠦ ᠰᠠᠶᠢᠬᠠᠨ ᠬᠦᠳᠡᠭᠡ ᠲᠤᠰᠬᠤᠨ ᠢ ᠪᠦᠳᠦᠭᠡᠨ ᠪᠠᠶᠢᠭᠤᠯᠤᠨ᠎ᠠ᠃      ᠬᠤᠶᠠᠷ᠂ ᠪᠣᠳᠠᠲᠠᠶ ᠡᠭᠦᠷᠭᠡ      ︵ᠨᠢᠭᠡ︶᠂ ᠦᠨᠡᠯᠡᠯᠳᠡ ᠶᠢᠨ ᠭᠦᠢᠴᠡᠳᠬᠡᠯ ᠲᠣᠭᠠᠨ ᠤ ᠰᠢᠰᠲ᠋ᠧᠮᠵᠢ ᠶᠢ ᠲᠡᠭᠦᠯᠳᠡᠷᠵᠢᠭᠦᠯᠦᠨ᠎ᠡ᠃ ᠮᠤᠵᠢ ᠶᠢᠨ ᠱᠠᠲᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠤᠳ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠦᠨᠡᠯᠡᠯᠳᠡ ᠶᠢᠨ ᠭᠦᠢᠴᠡᠳᠬᠡᠯ ᠲᠤᠭ᠎ᠠ ᠶᠢᠨ ᠰᠢᠰᠲ᠋ᠧᠮᠵᠢ ᠶᠢᠨ ᠶᠣᠰᠣᠭᠠᠷ ︵ᠳᠠᠭᠠᠯᠳᠤᠭᠤᠯᠤᠯ ᠳᠤ ᠦᠵᠡ︶  ᠲᠠᠷᠢᠶᠠᠴᠢᠳ ᠢ ᠲᠤᠬᠢᠯᠢᠭ ᠭᠡᠷ ᠲᠤ ᠰᠠᠭᠤᠯᠭᠠᠵᠤ᠂ ᠡᠭᠦᠨ ᠤ ᠤᠯᠠᠮ ᠢᠶᠠᠷ ᠠᠶᠢᠯ ᠲᠣᠰᠬᠤᠨ᠂ ᠰᠢᠶᠠᠩ ᠪᠠᠯᠭᠠᠰᠤ᠂ ᠰᠢᠶᠠᠨ ᠤ ᠬᠤᠲᠠ ᠶᠢ ᠰᠠᠶᠢᠲᠤᠷ ᠪᠦᠲᠦᠭᠡᠨ ᠪᠠᠶᠢᠭᠤᠯᠬᠤ ᠬᠠᠷᠠᠯᠲᠠ ᠲᠠᠢ ᠤᠶᠠᠯᠳᠤᠭᠤᠯᠤᠨ᠂ ᠬᠥᠳᠡᠭᠡ ᠲᠣᠰᠬᠤᠨ ᠤ ᠭᠡᠷ ᠪᠠᠶᠢᠰᠢᠩ ᠤᠨ ᠪᠦᠲᠦᠭᠡᠨ ᠪᠠᠶᠢᠭᠤᠯᠤᠯᠲᠠ᠂ ᠠᠶᠢᠯ ᠲᠣᠰᠬᠤᠨ ᠤ ᠪᠦᠲᠦᠭᠡᠨ ᠪᠠᠶᠢᠭᠤᠯᠤᠯᠲᠠ᠂ ᠰᠢᠶᠠᠨ ᠪᠠᠯᠭᠠᠰᠤ ᠶᠢᠨ ᠪᠦᠲᠦᠭᠡᠨ ᠪᠠᠶᠢᠭᠤᠯᠤᠯᠲᠠ᠂ ᠬᠥᠭᠵᠢᠯᠲᠡ ᠶᠢᠨ ᠬᠢᠷᠢ ᠲᠦᠪᠰᠢᠨ ᠵᠡᠷᠭᠡ 4 ᠲᠠᠯ᠎ᠠ ᠪᠠᠷ ᠦᠨᠡᠯᠡᠯᠲᠡ ᠬᠢᠨ᠎ᠡ᠃ ᠲᠣᠰ ᠪᠡᠶ᠎ᠡ ᠶᠢᠨ ᠣᠨᠴᠠᠯᠢᠭ ᠢᠶᠠᠨ ᠦᠨᠳᠦᠰᠦᠯᠡᠨ ᠦᠨᠡᠯᠡᠯᠳᠡ ᠶᠢᠨ ᠠᠭᠤᠯᠭ᠎ᠠ ᠪᠠᠨ ᠨᠡᠮᠡᠭᠳᠡᠭᠦᠯᠵᠦ᠂ ᠦᠨᠡᠯᠡᠯᠳᠡ ᠶᠢᠨ ᠭᠦᠢᠴᠡᠳᠬᠡᠯ ᠲᠤᠭ᠎ᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠦᠨ᠂ ᠰᠡᠷᠡᠵᠦ ᠮᠡᠳᠡᠬᠦ᠂ ᠬᠡᠮᠵᠢᠶᠡᠵᠢᠭᠦᠯᠵᠦ ᠪᠣᠯᠬᠤ᠂ ᠦᠨᠡᠯᠡᠵᠦ ᠪᠣᠯᠬᠤ ᠶᠢ ᠪᠡᠶᠡᠯᠡᠭᠦᠯᠦᠨ᠎ᠡ᠃      ︵ᠬᠤᠶᠠᠷ︶ ᠪᠠᠶᠢᠴᠠᠭᠠᠨ ᠰᠤᠳᠤᠯᠤᠯᠲᠠ ᠶᠢ ᠭᠦᠨᠵᠡᠭᠡᠶ ᠥᠷᠨᠢᠭᠦᠯᠦᠨ᠎ᠡ᠃ ᠮᠤᠵᠢ ᠶᠢᠨ ᠱᠠᠳᠤᠨ ᠤ ᠤᠷᠤᠨ ᠰᠠᠭᠤᠴᠠ ᠪᠠ ᠬᠤᠳᠠ ᠬᠦᠳᠡᠭᠡ ᠶᠢᠨ ᠪᠦᠳᠦᠭᠡᠨ ᠪᠠᠶᠢᠭᠤᠯᠤᠯᠳᠠ ᠶᠢᠨ ᠰᠠᠯᠠᠭ᠎ᠠ ᠮᠦᠴᠢᠷ ᠤᠳ ᠦᠨᠡᠯᠡᠯᠳᠡ ᠶᠢᠨ ᠦᠯᠢᠭᠡᠷ ᠰᠢᠶᠠᠨ ᠤ ᠲᠤᠭᠳᠠᠭᠤᠨ ᠴᠢᠨᠠᠷ ᠢ ᠪᠠᠳᠤᠯᠠᠵᠤ᠂ ᠪᠤᠳᠠᠳᠠᠢ ᠪᠠᠶᠢᠳᠠᠯ ᠢᠶᠠᠨ ᠦᠨᠳᠦᠰᠦᠯᠡᠨ ᠦᠯᠢᠭᠡᠷ ᠰᠢᠶᠠᠨ ᠤ ᠬᠡᠪᠴᠢᠶ᠎ᠡ ᠪᠠᠨ ᠦᠷᠭᠡᠳᠭᠡᠬᠦ ᠶᠢᠨ ᠬᠠᠮᠳᠤ ᠮᠤᠵᠢ ᠶᠢᠨ ᠱᠠᠳᠤᠨ ᠤ ᠬᠦᠳᠡᠭᠡ ᠲᠤᠰᠬᠤᠨ ᠤ ᠪᠦᠳᠦᠭᠡᠨ ᠪᠠᠶᠢᠭᠤᠯᠤᠯᠳᠠ ᠶᠢ ᠦᠨᠡᠯᠡᠯᠳᠡ ᠶᠢᠨ ᠲᠤᠰᠬᠠᠢ ᠮᠡᠷᠭᠡᠵᠢᠯᠳᠡᠨ ᠤ ᠪᠦᠯᠬᠦᠮ ᠢ ᠲᠤᠭᠳᠠᠭᠠᠨ᠎ᠠ ︵ᠲᠤᠷᠤᠭᠰᠢ ᠲᠤᠰᠬᠠᠢ ᠮᠡᠷᠭᠡᠵᠢᠯᠳᠡᠨ ᠤ ᠪᠦᠯᠬᠦᠮ ᠭᠡᠵᠤ ᠲᠤᠪᠴᠢᠯᠠᠨ᠎ᠠ︶᠂ 2024 ᠣᠨ ᠤ 4 ᠳ᠋ᠤᠭᠡᠷ ᠰᠠᠷ᠎ᠠ ᠶᠢᠨ 15 ᠤ ᠡᠳᠦᠷ ᠠᠴᠠ ᠡᠮᠦᠨ᠎ᠡ ᠥᠯᠢᠭᠡᠷ ᠰᠢᠶᠠᠨ ᠪᠠ ᠲᠤᠰᠬᠠᠶ ᠮᠡᠷᠭᠡᠵᠢᠯᠲᠡᠨ ᠤ ᠪᠦᠯᠬᠦᠮ ᠤᠨ ᠨᠡᠷᠡᠰ ᠢ ᠮᠠᠨ ᠤ ᠶᠠᠮᠤᠨ ᠳᠤ ᠮᠡᠳᠡᠭᠦᠯᠦᠨ ᠳᠠᠩᠰᠠᠯᠠᠭᠤᠯᠤᠨ᠎ᠠ᠃ ᠲᠤᠰᠬᠠᠶ ᠮᠡᠷᠭᠡᠵᠢᠯᠲᠡᠨ ᠤ ᠪᠦᠯᠬᠦᠮ ᠢ ᠦᠯᠢᠭᠡᠷ ᠰᠢᠶᠠᠨ ᠳᠤ ᠪᠠᠶᠢᠴᠠᠭᠠᠨ ᠰᠤᠳᠤᠯᠤᠯᠲᠠ ᠬᠢᠯᠭᠡᠬᠦ᠂ ᠬᠠᠮᠢᠶ᠎ᠠ ᠪᠦᠬᠦᠢ ᠲᠤᠭ᠎ᠠ ᠪᠠᠷᠢᠮᠲᠠ ᠶᠢᠨ ᠮᠠᠲ᠋ᠧᠷᠢᠶᠠᠯ ᠢ ᠴᠤᠭᠯᠠᠭᠤᠯᠵᠤ᠂ ᠰᠢᠶᠠᠨ ᠰᠢᠶᠠᠩ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠶᠡᠷᠦᠩᠬᠡᠶ ᠪᠠᠶᠢᠳᠠᠯ ᠢ ᠡᠵᠡᠮᠰᠢᠨ᠎ᠡ᠃ ᠲᠣᠰᠬᠤᠨ ᠤ ᠠᠷᠠᠳ ᠪᠣᠯᠤᠨ ᠲᠣᠰᠬᠤᠨ ᠤ ᠺᠠᠳ᠋ᠷ ᠲᠤ ᠠᠰᠠᠭᠤᠯᠲᠠ ᠶᠢᠨ ᠬᠠᠭᠤᠳᠠᠰᠤ ᠶᠢᠨ ᠪᠠᠶᠢᠴᠠᠭᠠᠯᠲᠠ ᠶᠢ ᠥᠷᠭᠡᠨ ᠢᠶᠠᠷ ᠥᠷᠨᠢᠭᠦᠯᠵᠦ᠂ ᠡᠷᠦᠭᠡ ᠳᠤ ᠬᠦᠷᠴᠦ ᠰᠤᠷᠪᠤᠯᠵᠢᠯᠠᠨ ᠶᠠᠷᠢᠯᠴᠠᠵᠤ᠂ ᠲᠠᠷᠢᠶᠠᠴᠢᠨ ᠲᠦᠮᠡᠨ ᠤ ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ ᠶᠢᠨ ᠲᠤᠬᠠᠢ ᠬᠠᠨᠤᠮᠵᠢ ᠶᠢᠨ ᠬᠡᠮᠵᠢᠶ᠎ᠡ ᠪᠣᠯᠤᠨ ᠬᠡᠷᠡᠭᠴᠡᠭᠡ ᠶᠢ ᠤᠶᠢᠯᠠᠭᠠᠨ᠎ᠠ᠃ ᠦᠯᠢᠭᠡᠷ ᠰᠢᠶᠠᠨ ᠨᠢᠭᠡᠪᠦᠷᠢ ᠳᠤ ᠲᠥᠯᠥᠭᠡᠯᠡᠬᠦ ᠴᠢᠨᠠᠷᠲᠠᠶ 3 ᠰᠢᠶᠠᠩ ᠪᠠᠯᠭᠠᠰᠤ᠂ 10 ᠲᠣᠰᠬᠤᠨ ᠢ ᠰᠣᠩᠭᠤᠵᠤ ᠪᠠᠶᠢᠴᠠᠭᠠᠨ ᠰᠤᠳᠤᠯᠤᠯᠲᠠ ᠬᠢᠵᠦ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠳᠤ ᠣᠷᠣᠰᠢᠵᠤ ᠪᠠᠶᠢᠭ᠎ᠠ ᠠᠰᠠᠭᠤᠳᠠᠯ ᠢ ᠲᠤᠬᠠᠶ ᠶᠢᠨ ᠭᠠᠵᠠᠷ ᠲᠤᠨᠢ ᠡᠷᠢᠵᠦ ᠭᠠᠷᠭᠠᠨ᠎ᠠ᠃ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠬᠤᠯᠪᠣᠭᠳᠠᠯ ᠪᠥᠬᠦᠶ ᠲᠤᠭ᠎ᠠ ᠪᠠᠷᠢᠮᠲᠠ ᠴᠤᠭᠯᠠᠭᠤᠯᠬᠤ ᠴᠠᠭ ᠢ 2023 ᠣᠨ ᠤ 12 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ ᠬᠢᠵᠠᠭᠠᠷᠯᠠᠨ᠎ᠠ᠃ ᠪᠠᠶᠢᠴᠠᠭᠠᠨ ᠰᠤᠳᠤᠯᠬᠤ ᠠᠵᠢᠯ ᠢ 2024 ᠣᠨ ᠤ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠪᠡᠶᠡᠯᠡᠭᠦᠯᠦᠨ᠎ᠡ᠃      ︵ᠭᠤᠷᠪᠠ︶ ᠦᠨᠡᠯᠡᠯᠳᠡ ᠳᠤ ᠰᠢᠨᠵᠢᠯᠡᠬᠦ ᠤᠬᠠᠭᠠᠨᠴᠢ ᠵᠠᠳᠠᠯᠤᠯᠲᠠ ᠬᠢᠨ᠎ᠡ᠃ ᠮᠤᠵᠢ ᠶᠢᠨ ᠱᠠᠲᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠤᠳ ᠲᠤᠰᠬᠠᠶ ᠮᠡᠷᠭᠡᠵᠢᠯᠲᠡᠨ ᠤ ᠪᠦᠯᠬᠦᠮ ᠢ ᠵᠢᠯᠣᠭᠤᠳᠤᠨ ᠲᠤᠭ᠎ᠠ ᠪᠠᠷᠢᠮᠲᠠ ᠶᠢᠨ ᠮᠠᠲ᠋ᠧᠷᠢᠶᠠᠯ ᠳᠤ ᠵᠠᠳᠠᠯᠤᠯᠲᠠ ᠬᠢᠵᠦ ᠰᠤᠳᠤᠯᠤᠨ ᠮᠠᠭᠠᠳᠯᠠᠬᠤ ᠪᠠ ᠰᠢᠨᠵᠢᠯᠡᠬᠦ ᠤᠬᠠᠭᠠᠨᠴᠢ ᠪᠠᠷ ᠦᠨᠡᠯᠡᠯᠳᠡ ᠬᠢᠵᠦ᠂ ᠮᠤᠵᠢ᠂ ᠰᠢᠶᠠᠨ ᠰᠢᠶᠠᠩ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠦᠨᠡᠯᠡᠯᠲᠡ ᠶᠢᠨ ᠮᠡᠳᠡᠭᠦᠯᠦᠯᠲᠡ ᠶᠢ ᠲᠤᠭᠤᠷᠪᠢᠨ᠎ᠠ᠃ ᠮᠡᠳᠡᠭᠦᠯᠦᠯᠲᠡ ᠳᠤ᠂ ᠣᠷᠣᠨ ᠨᠤᠲᠤᠭ ᠤᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠠᠵᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠪᠠ ᠦᠷ᠎ᠡ ᠪᠦᠲᠦᠮᠵᠢ ᠶᠢ ᠳ᠋ᠦᠩᠨᠡᠵᠦ᠂ ᠠᠵᠢᠯ ᠤᠨ ᠬᠢᠯᠠᠰ ᠴᠡᠭ ᠢ ᠪᠣᠯᠪᠠᠰᠤᠷᠠᠭᠤᠯᠬᠤ ᠬᠡᠷᠡᠭᠲᠡᠶ᠃ ᠲᠣᠰᠬᠤᠨ ᠤ ᠠᠷᠠᠳ ᠤᠨ ᠪᠠᠶᠢᠴᠠᠭᠠᠯᠲᠠ ᠶᠢᠨ ᠠᠰᠠᠭᠤᠯᠲᠠ ᠶᠢᠨ ᠬᠠᠭᠤᠳᠠᠰᠤ᠂ ᠰᠤᠷᠪᠤᠯᠵᠢᠯᠠᠭ᠎ᠠ᠂ ᠲᠤᠬᠠᠢ ᠶᠢᠨ ᠲᠠᠯᠠᠪᠤᠷ ᠲᠤ ᠪᠠᠶᠢᠴᠠᠭᠠᠨ ᠰᠤᠳᠤᠯᠤᠯᠲᠠ ᠬᠢᠬᠦ ᠵᠡᠷᠭᠡ ᠪᠠᠶᠢᠳᠠᠯ ᠢ ᠡᠮᠬᠢᠯᠡᠵᠦ᠂ ᠲᠠᠷᠢᠶᠠᠴᠢᠨ ᠲᠦᠮᠡᠨ ᠤ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠡᠷᠢᠵᠦ ᠭᠠᠷᠭᠠᠬᠤ ᠶᠢᠨ ᠬᠠᠮᠲᠤ ᠰᠢᠶᠠᠩ ᠪᠠᠯᠭᠠᠰᠤ᠂ ᠠᠶᠢᠯ ᠲᠣᠰᠬᠤᠨ ᠳᠤ ᠪᠠᠶᠢᠴᠠᠭᠠᠨ ᠰᠤᠳᠤᠯᠤᠯᠲᠠ ᠬᠢᠬᠦ ᠠᠰᠠᠭᠤᠳᠠᠯ ᠤᠨ ᠨᠠᠷᠢᠨ ᠲᠠᠩᠰᠠ ᠶᠢ ᠪᠦᠷᠢᠯᠳᠦᠭᠦᠯᠬᠦ ᠬᠡᠷᠡᠭᠲᠡᠢ᠃ ᠦᠯᠢᠭᠡᠷ ᠰᠢᠶᠠᠨ ᠤ ᠭᠦᠢᠴᠡᠳᠬᠡᠯ ᠲᠤᠭ᠎ᠠ ᠶᠢᠨ ᠲᠤᠭ᠎ᠠ ᠪᠠᠷᠢᠮᠲᠠ ᠶᠢ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ᠂ ᠲᠥᠯᠥᠪᠵᠢᠭᠦᠯᠭᠡ ᠵᠡᠷᠭᠡ ᠳᠤ ᠲᠣᠭᠲᠠᠭᠠᠭᠰᠠᠨ ᠬᠥᠭᠵᠢᠯᠲᠡ ᠶᠢᠨ ᠬᠠᠷᠠᠯᠲᠠ ᠵᠢᠴᠢ ᠪᠥᠬᠦ ᠤᠯᠤᠰ ᠤᠨ ᠳᠤᠮᠳᠠᠴᠢ ᠬᠢᠷᠢ ᠬᠡᠮᠵᠢᠶ᠎ᠡ ᠲᠠᠢ ᠬᠠᠷᠢᠯᠴᠠᠨ ᠬᠠᠷᠢᠴᠠᠭᠤᠯᠵᠤ᠂ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠲᠤᠳᠠᠭᠳᠠᠯ ᠪᠠᠭᠤᠷᠠᠶ ᠲᠠᠯ᠎ᠠ ᠶᠢ ᠡᠷᠢᠬᠦ ᠬᠡᠷᠡᠭᠲᠡᠶ᠃ ᠬᠠᠨᠳᠤᠯᠭᠠᠲᠤ ᠴᠢᠨᠠᠷᠲᠠᠶ ᠠᠷᠭ᠎ᠠ ᠪᠣᠳᠣᠯᠭ᠎ᠠ ᠶᠢᠨ ᠰᠠᠨᠠᠭᠤᠯᠭ᠎ᠠ ᠳᠤᠷᠠᠳᠬᠤ ᠬᠡᠷᠡᠭᠲᠡᠶ᠃ ᠮᠤᠵᠢ ᠶᠢᠨ ᠱᠠᠲᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠤᠳ ᠮᠤᠵᠢ᠂ ᠰᠢᠶᠠᠨ ᠰᠢᠶᠠᠩ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠦᠨᠡᠯᠡᠯᠲᠡ ᠶᠢᠨ ᠮᠡᠳᠡᠭᠦᠯᠦᠯᠲᠡ ᠶᠢ ᠬᠢᠨᠠᠨ ᠬᠠᠷᠭᠤᠭᠤᠯᠵᠤ᠂ 2024 ᠣᠨ ᠤ 7 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠮᠠᠨ ᠤ ᠶᠠᠮᠤᠨ ᠳᠤ ᠮᠡᠳᠡᠭᠦᠯᠦᠨ᠎ᠡ᠃ ᠶᠠᠮᠤᠨ ᠤ ᠲᠠᠰ ᠤᠨ ᠲᠤᠰᠬᠠᠶ ᠮᠡᠷᠭᠡᠵᠢᠯᠲᠡᠨ ᠤ ᠪᠦᠯᠬᠦᠮ ᠨᠢ ᠮᠤᠵᠢ ᠶᠢᠨ ᠱᠠᠲᠤᠨ ᠤ ᠲᠤᠰᠬᠠᠶ ᠮᠡᠷᠭᠡᠵᠢᠯᠲᠡᠨ ᠤ ᠪᠦᠯᠬᠦᠮ ᠤᠨ ᠪᠤᠯᠪᠠᠰᠤᠷᠠᠯ ᠵᠢᠯᠣᠭᠤᠳᠣᠯᠭ᠎ᠠ ᠪᠠᠨ ᠴᠢᠩᠭᠠᠳᠬᠠᠵᠤ᠂ ᠪᠥᠬᠦ ᠤᠯᠤᠰ ᠤᠨ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠦᠨᠡᠯᠡᠯᠲᠡ ᠶᠢᠨ ᠮᠡᠳᠡᠭᠦᠯᠦᠯᠲᠡ ᠪᠢᠴᠢᠵᠦ᠂ 2024 ᠣᠨ ᠤ 8 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠮᠠᠨ ᠤ ᠶᠠᠮᠦᠨ ᠳᠤ ᠮᠡᠳᠡᠭᠦᠯᠦᠨ᠎ᠡ᠃      ︵ᠲᠦᠷᠪᠡ︶ ᠦᠨᠡᠯᠡᠯᠲᠡ ᠳᠤ ᠢᠯᠡᠷᠡᠭᠦᠯᠦᠭᠰᠡᠨ ᠠᠰᠠᠭᠤᠳᠠᠯ ᠢ ᠰᠢᠢᠳᠪᠦᠷᠢᠯᠡᠬᠦ ᠶᠢ ᠲᠦᠯᠬᠢᠨ  ᠠᠬᠢᠭᠤᠯᠤᠨ᠎ᠠ ᠃ ᠮᠤᠵᠢ ᠶᠢᠨ ᠱᠠᠲᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠤᠳ ᠥᠯᠢᠭᠡᠷ ᠰᠢᠶᠠᠨ ᠤ ᠦᠨᠡᠯᠡᠯᠳᠡ ᠳᠤ ᠢᠯᠡᠷᠡᠭᠦᠯᠦᠭᠰᠡᠨ ᠠᠰᠠᠭᠤᠳᠠᠯ ᠢ ᠰᠢᠢᠳᠪᠦᠷᠢᠯᠡᠬᠦ ᠶᠢ ᠵᠢᠯᠣᠭᠤᠳᠤᠨ ᠳᠡᠮᠵᠢᠵᠦ᠂ ᠠᠰᠠᠭᠤᠳᠠᠯ ᠢ ᠰᠢᠢᠳᠪᠦᠷᠢᠯᠡᠭᠰᠡᠨ ᠠᠬᠢᠴᠠ ᠶᠢ ᠮᠥᠷᠳᠡᠨ᠂ ᠦᠨᠡᠯᠡᠯᠲᠡ ᠳᠤ ᠲᠤᠰᠬᠠᠭᠰᠠᠨ ᠲᠣᠰ ᠭᠠᠵᠠᠷ ᠣᠷᠣᠨ ᠤ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠨᠡᠶᠢᠲᠡᠯᠢᠭ ᠴᠢᠨᠠᠷᠲᠠᠶ ᠠᠰᠠᠭᠤᠳᠠᠯ ᠪᠠ ᠲᠣᠪᠤᠶᠢᠮ᠎ᠠ ᠲᠤᠳᠠᠭᠳᠠᠯ ᠳᠤ ᠴᠢᠭᠯᠡᠭᠦᠯᠦᠨ᠂ ᠬᠠᠮᠢᠶ᠎ᠠ ᠪᠥᠬᠦᠶ ᠰᠠᠯᠠᠭ᠎ᠠ ᠮᠥᠴᠢᠷ ᠢ ᠵᠣᠬᠢᠴᠠᠭᠤᠯᠤᠨ ᠰᠢᠢᠳᠪᠦᠷᠢᠯᠡᠬᠦ ᠶᠢ ᠠᠬᠢᠭᠤᠯᠤᠨ᠎ᠠ᠃ ᠥᠯᠢᠭᠡᠷ ᠰᠢᠶᠠᠨ ᠤ ᠬᠢᠨ ᠠᠵᠢᠯ ᠤᠨ ᠲᠥᠰᠦᠯ ᠲᠣᠭᠲᠠᠭᠠᠵᠤ᠂ ᠠᠰᠠᠭᠤᠳᠠᠯ ᠤᠨ ᠪᠠᠴᠢᠮ ᠲᠤᠯᠭᠠᠮ᠎ᠠ ᠬᠡᠮᠵᠢᠶ᠎ᠡ ᠪᠣᠯᠤᠨ ᠰᠢᠢᠳᠪᠦᠷᠢᠯᠡᠬᠦ ᠬᠦᠴᠢᠷᠳᠡᠯ ᠢ ᠦᠨᠳᠦᠰᠦᠯᠡᠨ ᠠᠵᠢᠯ ᠤᠨ ᠴᠠᠭ ᠤᠨ ᠲᠡᠰ ᠳᠠᠷᠠᠭᠠᠯᠠᠯ ᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ ᠶᠢᠨ ᠪᠣᠳᠠᠲᠠᠢ ᠲᠦᠷᠦᠯ ᠵᠦᠢᠯ ᠢ ᠪᠦᠷᠢᠯᠳᠦᠭᠦᠯᠵᠦ᠂ ᠰᠢᠶᠠᠩ ᠪᠠᠯᠭᠠᠰᠤ᠂ ᠠᠶᠢᠯ ᠲᠣᠰᠬᠤᠨ ᠤ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠶᠢ ᠴᠢᠬᠤᠯᠠᠴᠢᠯᠠᠵᠤ᠂ ᠪᠦᠬᠦ ᠤᠯᠤᠰ ᠤᠨ ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ ᠶᠢᠨ ᠦᠨᠡᠯᠡᠯᠳᠡ ᠶᠢᠨ ᠮᠡᠳᠡᠭᠡ ᠵᠠᠩᠭᠢ ᠶᠢᠨ ᠰᠢᠰᠲ᠋ᠧᠮ ᠳᠤ ᠴᠠᠭ ᠲᠤᠬᠠᠢ ᠳᠤᠨᠢ ᠠᠬᠢᠴᠠ ᠶᠢ ᠰᠢᠨᠡᠳᠬᠡᠬᠦ ᠬᠡᠷᠡᠭᠲᠡᠢ᠃ ᠲᠤᠰᠬᠠᠶ ᠮᠡᠷᠭᠡᠵᠢᠯᠲᠡᠨ ᠤ ᠪᠦᠯᠬᠦᠮ ᠨᠢ ᠥᠯᠢᠭᠡᠷ ᠰᠢᠶᠠᠨ ᠢ ᠬᠠᠪᠰᠤᠷᠤᠨ ᠲᠣᠬᠢᠷᠠᠮᠵᠢᠲᠠᠶ ᠮᠡᠷᠭᠡᠵᠢᠯ ᠤᠨ ᠠᠷᠭ᠎ᠠ ᠪᠠ ᠰᠢᠢᠳᠪᠦᠷᠢᠯᠡᠬᠦ ᠲᠥᠰᠦᠯ ᠢ ᠰᠣᠩᠭᠤᠵᠤ᠂ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠰᠢᠨᠵᠢᠯᠡᠬᠦ ᠤᠬᠠᠭᠠᠨᠴᠢ ᠴᠢᠨᠠᠷ᠂ ᠵᠦᠶ ᠶᠣᠰᠣᠴᠢ ᠴᠢᠨᠠᠷ ᠢ ᠳᠡᠭᠡᠭᠰᠢᠯᠡᠭᠦᠯᠬᠦ ᠬᠡᠷᠡᠭᠲᠡᠶ᠃ 2023 ᠣᠨ ᠤ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠦᠨᠡᠯᠡᠯᠳᠡ ᠳᠤ ᠢᠯᠡᠷᠡᠭᠦᠯᠦᠭᠰᠡᠨ ᠠᠰᠠᠭᠤᠳᠠᠯ ᠢ ᠰᠢᠢᠳᠪᠦᠷᠢᠯᠡᠭᠰᠡᠨ ᠪᠠᠶᠢᠳᠠᠯ ᠢᠶᠠᠨ 2024 ᠣᠨ ᠤ ᠦᠨᠡᠯᠡᠯᠲᠡ ᠶᠢᠨ ᠮᠡᠳᠡᠭᠦᠯᠦᠯᠲᠡ ᠳᠤ ᠣᠷᠣᠭᠤᠯᠤᠨ᠎ᠠ᠃      ᠭᠤᠷᠪᠠ᠂ ᠵᠣᠬᠢᠶᠠᠨ ᠪᠠᠶᠢᠭᠤᠯᠤᠨ ᠬᠡᠷᠡᠭᠵᠢᠭᠦᠯᠬᠦ      ︽ᠶᠠᠮᠤᠨ ᠤ ᠱᠠᠲᠤ ᠨᠢᠭᠡᠳᠦᠯᠲᠡᠶ ᠲᠦᠯᠦᠪᠵᠢᠭᠦᠯᠬᠦ᠂ ᠮᠤᠵᠢ ᠶᠡᠷᠦᠩᠬᠡᠶ ᠬᠠᠷᠢᠭᠤᠴᠠᠯᠭ᠎ᠠ ᠶᠢ ᠡᠭᠦᠷᠭᠡᠯᠡᠬᠦ᠂ ᠰᠢᠶᠠᠨ ᠨᠠᠶᠢᠳᠠᠪᠤᠷᠢᠵᠢᠭᠤᠯᠤᠯᠲᠠ ᠶᠢ ᠠᠳᠬᠤᠬᠤ︾ ᠠᠵᠢᠯ ᠤᠨ ᠲᠣᠭᠲᠠᠴᠠ ᠶᠢ ᠪᠠᠶᠢᠭᠤᠯᠤᠨ  ᠲᠡᠭᠦᠯᠳᠡᠷᠵᠢᠭᠦᠯᠦᠨ᠎ᠡ᠃ ᠮᠤᠵᠢ ᠶᠢᠨ ᠱᠠᠲᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠤᠳ ᠭᠤᠤᠯᠯᠠᠬᠤ ᠦᠢᠯᠡᠳᠦᠯ ᠢᠶᠠᠨ ᠪᠠᠳᠠᠷᠠᠭᠤᠯᠵᠤ᠂ ᠰᠠᠯᠠᠭ᠎ᠠ ᠮᠥᠴᠢᠷ ᠤᠨ ᠵᠣᠬᠢᠴᠠᠭᠤᠯᠭ᠎ᠠ ᠪᠠᠨ ᠴᠢᠩᠭᠠᠳᠬᠠᠨ᠂ ᠠᠵᠢᠯ ᠤᠨ ᠶᠠᠪᠤᠴᠠ ᠳᠤ ᠬᠢᠨᠠᠯᠲᠠ ᠲᠠᠯᠪᠢᠬᠤ ᠪᠠᠨ ᠴᠢᠩᠭᠠᠷᠠᠭᠤᠯᠵᠤ᠂ ᠲᠤᠰᠬᠠᠶ ᠮᠡᠷᠭᠡᠵᠢᠯᠲᠡᠨ ᠤ ᠪᠦᠯᠬᠦᠮ ᠳᠤ ᠴᠢᠬᠤᠯᠠ ᠪᠦᠬᠦᠢ ᠵᠠᠷᠤᠳᠠᠯ ᠵᠡᠷᠭᠡ ᠳᠡᠮᠵᠢᠯᠭᠡ ᠦᠵᠡᠭᠦᠯᠬᠦ ᠶᠢᠨ ᠬᠠᠮᠲᠤ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠦᠨᠡᠯᠡᠯᠳᠡ ᠶᠢᠨ ᠠᠵᠢᠯ ᠤᠨ ᠪᠠᠶᠢᠳᠠᠯ ᠢᠶᠠᠨ ᠴᠠᠭ ᠲᠤᠬᠠᠶ ᠳᠤᠨᠢ ᠮᠤᠵᠢ ᠶᠢᠨ ᠵᠠᠰᠠᠭ ᠤᠨ ᠣᠷᠳᠣᠨ ᠳᠤ ᠬᠠᠷᠢᠭᠤ ᠮᠡᠳᠡᠭᠦᠯᠦᠨ᠎ᠡ᠃ ᠦᠯᠢᠭᠡᠷ ᠰᠢᠶᠠᠨ ᠲᠤᠭ᠎ᠠ ᠪᠠᠷᠢᠮᠲᠠ ᠴᠤᠭᠯᠠᠭᠤᠯᠬᠤ ᠪᠠ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠬᠦ ᠶᠢ ᠬᠠᠮᠵᠢᠯᠴᠠᠨ ᠥᠷᠨᠢᠭᠦᠯᠵᠦ᠂ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠦᠨᠡᠨ ᠪᠣᠳᠠᠲᠠᠶ ᠪᠠᠷ ᠲᠤᠰᠬᠠᠵᠤ᠂ ᠦᠷ᠎ᠡ ᠪᠦᠲᠦᠭᠡᠯ ᠤᠨ ᠬᠡᠷᠡᠭᠯᠡᠯᠲᠡ ᠶᠢ ᠴᠢᠩᠭᠠᠳᠬᠠᠨ᠂ ᠦᠨᠡᠯᠡᠯᠳᠡ ᠳᠤ ᠢᠯᠡᠷᠡᠭᠦᠯᠦᠭᠰᠡᠨ ᠠᠰᠠᠭᠤᠳᠠᠯ ᠢ ᠯᠠᠪᠳᠠᠭᠤᠨ ᠪᠠᠲᠤᠲᠠᠶ ᠰᠢᠢᠳᠪᠦᠷᠢᠯᠡᠬᠦ ᠬᠡᠷᠡᠭᠲᠡᠶ᠃ ᠲᠤᠰᠬᠠᠶ ᠮᠡᠷᠭᠡᠵᠢᠯᠲᠡᠨ ᠤ ᠪᠦᠯᠬᠦᠮ ᠨᠢ ᠨᠠᠷᠢᠨ ᠬᠢᠨᠠᠮᠠᠭᠠᠶ ᠪᠠᠶᠢᠴᠠᠭᠠᠨ ᠰᠤᠳᠤᠯᠤᠯᠲᠠ ᠬᠢᠵᠦ᠂ ᠪᠣᠳᠠᠲᠤ ᠪᠠᠶᠢᠳᠠᠯ ᠢ ᠡᠵᠡᠮᠰᠢᠨ᠂ ᠭᠦᠨᠵᠡᠭᠡᠶ ᠵᠠᠳᠠᠯᠵᠤ᠂ ᠪᠤᠰᠤᠳᠴᠢ ᠪᠠᠷ ᠦᠨᠡᠯᠡᠵᠦ᠂ ᠵᠦᠶ ᠵᠣᠬᠢᠰᠲᠠᠶ ᠰᠠᠨᠠᠭᠤᠯᠭ᠎ᠠ ᠳᠤᠷᠠᠳᠬᠤ ᠬᠡᠷᠡᠭᠲᠡᠶ ᠃ ᠡᠯ᠎ᠡ ᠭᠠᠵᠠᠷ ᠤᠨ ᠬᠢᠨ ᠣᠯᠠᠨ ᠲᠦᠮᠡᠨ ᠢ ᠬᠥᠲᠥᠯᠥᠨ ᠵᠢᠯᠣᠭᠤᠳᠴᠤ ᠦᠨᠡᠯᠡᠯᠲᠡ ᠶᠢᠨ ᠠᠵᠢᠯ ᠳᠤ ᠢᠳᠡᠪᠬᠢᠲᠡᠶ ᠣᠷᠣᠯᠴᠠᠭᠤᠯᠵᠤ᠂ ᠲᠠᠷᠢᠶᠠᠴᠢᠨ ᠲᠦᠮᠡᠨ ᠤ ᠬᠠᠨᠤᠮᠵᠢ ᠶᠢᠨ ᠬᠡᠮᠵᠢᠶ᠎ᠡ ᠪᠠᠷ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠬᠢᠷᠢ ᠲᠦᠪᠰᠢᠨ ᠢ ᠬᠡᠮᠵᠢᠬᠦ ᠴᠢᠬᠤᠯᠠ ᠦᠨᠳᠦᠰᠦᠯᠡᠯ ᠪᠣᠯᠭᠠᠬᠤ ᠬᠡᠷᠡᠭᠲᠡᠶ᠃ ᠳ᠋ᠦᠩᠨᠡᠯᠲᠡ ᠪᠠᠨ ᠴᠢᠩᠭᠠᠳᠬᠠᠵᠤ᠂ ᠰᠣᠨᠢᠨ ᠮᠡᠳᠡᠭᠡᠨ ᠤ ᠵᠠᠭᠤᠴᠢᠯᠠᠭᠤᠷ᠂ ᠤᠯᠠᠨ ᠨᠡᠶᠢᠲᠡ ᠶᠢᠨ ᠳ᠋ᠤᠭᠠᠷ᠂ ᠸᠢᠳᠢᠣ᠋ ᠵᠡᠷᠭᠡ ᠪᠠᠷ ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ ᠶᠢᠨ ᠦᠨᠡᠯᠡᠯᠳᠡ ᠶᠢᠨ ᠠᠵᠢᠯ ᠤᠨ ᠲᠤᠷᠰᠢᠯᠭ᠎ᠠ ᠪᠠ ᠦᠷ᠎ᠡ ᠪᠦᠲᠦᠮᠵᠢ ᠶᠢ ᠤᠬᠠᠭᠤᠯᠤᠨ ᠳᠡᠯᠭᠡᠷᠡᠭᠦᠯᠬᠦ ᠬᠡᠷᠡᠭᠲᠡᠢ᠃      ᠳᠠᠭᠠᠯᠳᠤᠭᠤᠯᠤᠯ᠄ 2024 ᠣᠨ ᠤ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠦᠨᠡᠯᠡᠯᠳᠡ ᠶᠢᠨ ᠭᠦᠢᠴᠡᠳᠬᠡᠯ ᠲᠤᠭ᠎ᠠ ᠶᠢᠨ ᠰᠢᠰᠲ᠋ᠧᠮ    ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠳᠠ ᠶᠢᠨ ᠶᠠᠮᠤᠨ ᠤ ᠠᠯᠪᠠᠨ ᠲᠢᠩᠬᠢᠮ                    2024 ᠣᠨ ᠤ 4 ᠳ᠋ᠤᠭᠡᠷ ᠰᠠᠷ᠎ᠠ ᠶᠢᠨ 7 ᠤ ᠡᠳᠦᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1