318 ᠣᠶᠤᠨᠴᠢᠯᠠᠭᠰᠠᠨ ᠢᠯᠴᠢ ᠶᠢᠨ ᠬᠦᠴᠦᠨ ᠤ ᠥᠷᠲᠡᠭᠡ ᠶᠢ ᠱᠠᠯᠠᠪᠳᠠᠨ ᠪᠠᠶᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2024/6/14
      ᠢᠯᠴᠢ ᠶᠢᠨ ᠬᠦᠴᠦᠨ ᠤ ᠥᠷᠲᠡᠭᠡ ᠪᠣᠯ ᠢᠯᠴᠢ ᠬᠠᠩᠭᠠᠬᠤ ᠰᠢᠰᠲ᠋ᠧᠮ ᠤᠨ ᠵᠠᠩᠭᠢᠯᠠᠭ᠎ᠠ ᠶᠢᠨ ᠭᠤᠭᠴᠤᠭ᠎ᠠ ᠪᠣᠯᠤᠨ᠎ᠠ᠂ ᠲᠤᠯᠠᠭᠠᠯᠭ᠎ᠠ ᠶᠢᠨ ᠢᠨᠵᠧᠨᠧᠷᠢᠩ ᠤᠨ ᠠᠵᠢᠯ ᠡᠬᠢᠯᠡᠭᠰᠡᠨ ᠠᠴᠠ ᠨᠠᠰᠢ᠂ ᠥᠪᠥᠷ ᠮᠣᠩᠭᠤᠯ ᠭᠦᠢᠯᠭᠡᠭᠡ ᠶᠢᠨ ᠮᠡᠳᠡᠭᠡ ᠵᠠᠩᠭᠢ ᠶᠢᠨ ᠰᠦᠯᠵᠢᠶ᠎ᠡ᠂ ᠲᠣᠮᠣ ᠳ᠋ᠠᠶᠢᠲ᠋ᠠ ᠵᠡᠷᠭᠡ ᠰᠢᠨ᠎ᠡ ᠮᠡᠷᠭᠡᠵᠢᠯ ᠤᠨ ᠬᠡᠷᠡᠭᠯᠡᠯᠲᠡ ᠶᠢ ᠢᠯᠴᠢ ᠶᠢᠨ ᠬᠦᠴᠦᠨ ᠤ ᠥᠷᠲᠡᠭᠡ ᠶᠢᠨ ᠣᠶᠤᠨᠴᠢᠯᠠᠭᠰᠠᠨ ᠲᠠᠰ ᠳᠡᠪᠰᠢᠭᠦᠯᠬᠦ ᠬᠦᠷᠢᠶᠡᠨ ᠳᠤ ᠬᠡᠷᠡᠭᠯᠡᠵᠦ᠂ ᠡᠨᠡ ᠵᠢᠯ ᠣᠶᠤᠨᠴᠢᠯᠠᠭᠰᠠᠨ ᠢᠯᠴᠢ ᠶᠢᠨ ᠬᠦᠴᠦᠨ ᠤ ᠥᠷᠲᠡᠭᠡ ᠶᠢ 318 ᠰᠢᠨ᠎ᠡ ᠪᠠᠷ ︵ᠦᠷᠭᠡᠳᠭᠡᠨ︶ ᠪᠠᠶᠢᠭᠤᠯᠬᠤ ᠪᠠᠷ ᠲᠥᠯᠥᠪᠯᠡᠵᠦ᠂ 2212 ᠢᠯᠴᠢ ᠶᠢᠨ ᠬᠦᠴᠦᠨ ᠤ ᠥᠷᠲᠡᠭᠡ ᠶᠢ ᠲᠠᠰ ᠳᠡᠪᠰᠢᠭᠦᠯᠦᠨ ᠥᠭᠡᠷᠡᠴᠢᠯᠡᠵᠦ᠂ ᠣᠶᠤᠨᠴᠢ ᠢᠯᠴᠢ ᠬᠠᠩᠭᠠᠬᠤ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠤᠨ᠎ᠠ᠃      6 ᠳ᠋ᠤᠭᠠᠷ ᠰᠠᠷ᠎ᠠ ᠶᠢᠨ 6 ᠤ ᠡᠳᠦᠷ᠂ ᠬᠤᠸᠠ ᠨᠧᠩ ᠤᠮᠠᠷᠠᠲᠤ ᠶᠢᠨ ᠺᠣᠮᠫᠠᠨᠢ ᠶᠢᠨ ᠬᠥᠬᠡᠬᠤᠲᠠ ᠶᠢᠨ ᠢᠯᠴᠢ ᠴᠠᠬᠢᠯᠭᠠᠨ ᠤ ᠦᠢᠯᠡᠳᠪᠦᠷᠢ ᠶᠢᠨ ᠠᠵᠢᠯᠲᠠᠳ ᠬᠥᠬᠡᠬᠤᠲᠠ ᠶᠢᠨ ᠢᠯᠴᠢ ᠰᠣᠯᠢᠯᠴᠠᠬᠤ ᠬᠠᠭᠤᠴᠢᠨ ᠲᠥᠬᠦᠭᠡᠷᠦᠮᠵᠢ ᠶᠢ ᠰᠣᠯᠢᠵᠤ᠂ ᠴᠠᠬᠢᠯᠭᠠᠨ ᠲᠣᠬᠢᠷᠠᠭᠤᠯᠬᠤ ᠨᠡᠭᠡᠯᠡᠬᠡᠢ ᠵᠡᠷᠭᠡ ᠢᠯᠴᠢ ᠰᠣᠯᠢᠬᠤ ᠪᠠ ᠬᠢᠨᠠᠨ ᠬᠡᠮᠵᠢᠬᠦ ᠲᠥᠬᠦᠭᠡᠷᠦᠮᠵᠢ ᠤᠭᠰᠠᠷᠠᠵᠤ ᠪᠠᠶᠢᠨ᠎ᠠ᠂ ᠣᠶᠤᠨᠴᠢ ᠡᠵᠡᠮᠰᠢᠯ ᠤᠨ ᠰᠢᠰᠲ᠋ᠧᠮ ᠳᠤ ᠣᠷᠣᠭᠤᠯᠤᠭᠰᠠᠨ ᠤ ᠳᠠᠷᠠᠭ᠎ᠠ᠂ ᠬᠠᠮᠤᠭ ᠣᠬᠤᠷ ᠨᠢ ᠬᠡᠳᠦᠨ ᠰᠧᠺᠦ᠋ᠨᠳ᠋ ᠳᠣᠲᠣᠷ᠎ᠠ ᠢᠯᠴᠢ ᠬᠠᠩᠭᠠᠬᠤ ᠳᠤᠯᠠᠭᠠᠨ ᠤ ᠬᠡᠮᠵᠢᠶ᠎ᠡ ᠶᠢ ᠠᠦ᠋ᠲ᠋ᠤ᠋ ᠲᠣᠬᠢᠷᠠᠭᠤᠯᠬᠤ᠂ ᠰᠠᠭᠠᠳ ᠮᠡᠳᠡᠭᠦᠯᠬᠦ ᠵᠢᠴᠢ ᠠᠯᠤᠰ ᠠᠴᠠ ᠲᠤᠬᠢᠷᠠᠭᠤᠯᠬᠤ ᠪᠤᠶᠤ ᠡᠵᠡᠮᠳᠡᠬᠦ ᠶᠢ ᠪᠡᠶᠡᠯᠡᠭᠦᠯᠵᠦ ᠪᠣᠯᠤᠨ᠎ᠠ᠃      ᠬᠥᠬᠡᠬᠤᠲᠠ ᠶᠢᠨ ᠢᠯᠴᠢ ᠶᠢᠨ ᠴᠠᠬᠢᠯᠭᠠᠨ ᠤ ᠦᠢᠯᠡᠳᠪᠦᠷᠢ ᠶᠢᠨ ᠢᠯᠴᠢ ᠶᠢᠨ ᠬᠦᠴᠦᠨ ᠤ ᠬᠡᠯᠲᠡᠰ ᠤᠨ ᠳᠡᠳ᠋ ᠳᠠᠷᠤᠭ᠎ᠠ ᠵᠠᠩ ᠯᠢ ᠫᠢᠩ᠂ ᠪᠢᠳᠡᠨ ᠤ ᠡᠵᠡᠮᠳᠡᠬᠦ ᠰᠢᠰᠲ᠋ᠧᠮ ᠳᠤ ᠵᠠᠯᠭᠠᠵᠤ ᠤᠷᠤᠭᠤᠯᠪᠠᠯ᠂ ᠭᠡᠷ ᠤᠨ ᠭᠠᠳᠠᠨᠠᠬᠢ ᠳᠤᠯᠠᠭᠠᠨ ᠤ ᠬᠡᠮᠵᠢᠶ᠎ᠡ ᠶᠢ  ᠦᠨᠳᠦᠰᠦᠯᠡᠨ᠂ ᠪᠦᠬᠦᠯᠢ ᠴᠣᠭᠴᠠ ︵ᠢᠯᠴᠢ ᠬᠠᠩᠭᠠᠬᠤ︶ ᠲᠣᠣᠷ ᠨᠢ ᠲᠡᠩᠴᠡᠭᠦᠷᠢ ᠲᠠᠢ  ᠪᠤᠯᠬᠤ ᠶᠢ ᠪᠡᠶᠡᠯᠡᠭᠦᠯᠵᠦ᠂ ᠡᠮᠦᠨ᠎ᠡ ᠬᠡᠰᠡᠭ ᠨᠢ ᠬᠠᠯᠠᠭᠤᠨ᠂ ᠬᠤᠢᠨᠠᠬᠢ ᠬᠡᠰᠡᠭ ᠨᠢ ᠬᠦᠢᠲᠡᠨ ᠠᠰᠠᠭᠤᠳᠠᠯ ᠤᠷᠤᠰᠢᠬᠤ ᠦᠭᠡᠢ ᠪᠣᠯᠤᠨ᠎ᠠ᠂ ᠡᠮᠦᠨ᠎ᠡ ᠬᠤᠶᠢᠨ᠎ᠠ ︵ᠳᠤᠯᠠᠭᠠᠨ ᠤ ᠵᠥᠷᠢᠶ᠎ᠡ︶ ᠬᠤᠶᠠᠷ ᠭᠷᠠᠳᠦ᠋ᠰ ᠠᠴᠠ ᠬᠡᠲᠦᠷᠡᠬᠦ ᠦᠭᠡᠢ ᠭᠡᠵᠡᠢ᠃   ᠬᠤᠸᠠ ᠨᠧᠩ ᠤᠮᠠᠷᠠᠲᠤ ᠶᠢᠨ ᠺᠣᠮᠫᠠᠨᠢ ᠪᠥᠬᠦ ᠣᠷᠣᠨ ᠤ 8 ᠠᠶᠢᠮᠠᠭ ᠬᠤᠲᠠ ᠶᠢᠨ 1.7 ᠳ᠋ᠦᠩᠰᠢᠭᠤᠷ ᠲᠡᠭᠰᠢ ᠳᠥᠷᠪᠡᠯᠵᠢᠨ ᠮᠧᠲᠷ ᠢᠯᠴᠢ ᠬᠠᠩᠭᠠᠬᠤ ᠡᠭᠦᠷᠭᠡ ᠶᠢ ᠡᠭᠦᠷᠭᠡᠯᠡᠵᠦ ᠪᠣᠶ᠃ ᠺᠣᠮᠫᠠᠨᠢ ᠠᠴᠠ ᠠᠳᠠᠯᠢ ᠪᠤᠰᠤ ᠢᠯᠴᠢ ᠬᠠᠩᠭᠠᠬᠤ ᠣᠷᠣᠨ ᠪᠦᠰᠡ ᠶᠢᠨ ᠵᠠᠬ᠎ᠠ ᠡᠷᠦᠬᠡ᠂ ᠬᠠᠮᠤᠭ ᠣᠷᠣᠶ ᠤᠨ ᠡᠷᠦᠬᠡ ᠵᠡᠷᠭᠡ ᠰᠠᠭᠤᠭᠠᠯᠢ ᠠᠷᠠᠳ ᠲᠤ ᠳᠤᠯᠠᠭᠠᠨ ᠤ ᠬᠡᠮᠵᠢᠭᠦᠷ ᠤᠭᠰᠠᠷᠠᠵᠤ᠂ ᠬᠥᠬᠡᠬᠤᠲᠠ ᠶᠢᠨ ᠠᠩᠬᠠᠳᠠᠭᠴᠢ ᠪᠦᠯᠦᠭ 63 ᠢᠯᠴᠢ ᠶᠢᠨ ᠬᠦᠴᠦᠨ ᠤ ᠥᠷᠲᠡᠭᠡ ᠳᠤ ᠣᠶᠤᠨᠴᠢᠯᠠᠭᠰᠠᠨ ᠲᠠᠰ ᠳᠡᠪᠰᠢᠭᠦᠯᠬᠦ ᠥᠭᠡᠷᠡᠴᠢᠯᠡᠯᠲᠡ ᠬᠢᠵᠦ᠂ ᠪᠣᠶ ᠪᠥᠬᠦᠶ ᠢᠨᠵᠧᠨᠧᠷᠢᠩ ᠢ 9 ᠳ᠋ᠤᠭᠡᠷ ᠰᠠᠷ᠎ᠠ ᠶᠢᠨ 10 ᠤ ᠡᠳᠦᠷ ᠠᠴᠠ ᠡᠮᠦᠨ᠎ᠡ ᠳᠠᠭᠤᠰᠬᠠᠨ᠎ᠠ᠃       ᠬᠤᠸᠠ ᠨᠧᠩ ᠥᠪᠥᠷ ᠮᠣᠩᠭᠤᠯ ᠤᠨ ᠤᠮᠠᠷᠠᠲᠤ ᠶᠢᠨ ᠺᠣᠮᠫᠠᠨᠢ ᠶᠢᠨ ᠢᠯᠴᠢ ᠬᠠᠩᠭᠠᠬᠤ ᠬᠠᠮᠢᠶᠠᠷᠤᠯᠲᠠ ᠶᠢᠨ ᠬᠡᠯᠲᠡᠰ ᠤᠨ ᠳᠡᠳ᠋ ᠳᠠᠭᠠᠭᠠᠮᠠᠯ ᠵᠠᠩ ᠹᠧᠩ᠂ ᠨᠢᠭᠡᠳᠦᠭᠡᠷ ᠪᠦᠯᠦᠭ ᠤᠨ ᠥᠭᠡᠷᠡᠴᠢᠯᠡᠨ ᠪᠠᠶᠢᠭᠤᠯᠬᠤ ᠲᠥᠷᠥᠯ ᠵᠦᠢᠯ ᠨᠢ ᠣᠳᠣᠬᠠᠨ ᠳᠤ ᠨᠢᠭᠡᠨᠲᠡ ᠠᠵᠢᠯ ᠢᠶᠠᠨ ᠳᠠᠭᠤᠰᠬᠠᠬᠤ ᠪᠠᠷ ᠤᠶᠢᠷᠠᠲᠤᠪᠠ᠃ ᠭᠤᠤᠯᠳᠠᠭᠤ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠬᠤᠶᠠᠳᠤᠭᠠᠷ ᠲᠡᠰ ᠤᠨ ᠬᠤᠭᠤᠯᠠᠢ ᠲᠤᠤᠷ᠂ ᠢᠯᠴᠢ ᠰᠣᠯᠢᠬᠤ ᠥᠷᠲᠡᠭᠡ ᠶᠢᠨ ᠣᠶᠤᠨᠴᠢ ᠡᠵᠡᠮᠰᠢᠯ ᠤᠨ ᠰᠢᠰᠲ᠋ᠧᠮ ᠵᠢᠴᠢ ᠲᠡᠭᠦᠰᠬᠡᠯ ᠤᠨ ᠬᠡᠰᠡᠭ ᠤᠨ ᠣᠷᠴᠢᠯ ᠮᠠᠭᠤ᠂ ᠢᠯᠴᠢ ᠬᠠᠩᠭᠠᠬᠤ ᠶᠠᠰᠤ ᠴᠢᠨᠠᠷ ᠢᠶᠠᠷ ᠠᠨᠠᠶ ᠭᠠᠵᠠᠷ ᠲᠤ ᠴᠢᠭᠯᠡᠭᠦᠯᠦᠨ ᠪᠣᠭᠤᠮᠲᠠ ᠰᠢᠪᠲᠤᠯᠵᠤ᠂ ᠨᠡᠶᠢᠲᠡ 4 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ ᠪᠠᠶᠢᠨ᠎ᠠ ᠭᠡᠪᠡ᠃      ᠡᠨᠡ ᠵᠢᠯ᠂ ᠥᠪᠥᠷ ᠮᠣᠩᠭᠤᠯ ᠤᠨ ᠣᠶᠤᠨᠴᠢ ᠢᠯᠴᠢ ᠬᠠᠩᠭᠠᠬᠤ ᠰᠢᠨ᠎ᠡ ᠮᠡᠷᠭᠡᠵᠢᠯ ᠢ ᠪᠥᠬᠦ ᠬᠡᠯᠬᠢᠶ᠎ᠡ ᠪᠠᠷ ᠳᠡᠯᠭᠡᠷᠡᠭᠦᠯᠦᠨ ᠬᠡᠷᠡᠭᠯᠡᠵᠦ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠭᠤᠷᠪᠠᠨ ᠱᠠᠲᠤᠨ ᠤ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠵᠦ ᠢᠯᠴᠢ ᠬᠠᠩᠭᠠᠬᠤ ᠶᠢ ᠬᠢᠨᠠᠨ ᠬᠠᠮᠢᠶᠠᠷᠬᠤ ᠮᠡᠳᠡᠭᠡ ᠵᠠᠩᠭᠢ ᠶᠢᠨ ᠲᠠᠪᠴᠠᠩ ᠢ ᠪᠠᠶᠢᠭᠤᠯᠵᠤ᠂ ᠭᠦᠢᠯᠭᠡᠭᠡ ᠶᠢᠨ ᠮᠡᠳᠡᠭᠡ ᠵᠠᠩᠭᠢ ᠶᠢᠨ ᠰᠦᠯᠵᠢᠶ᠎ᠡ᠂ ᠲᠣᠮᠣ ᠳ᠋ᠠᠶᠢᠲ᠋ᠠ ᠶᠢᠨ ᠲᠠᠪᠴᠠᠩ ᠳᠤ ᠲᠦᠰᠢᠭᠯᠡᠨ᠂ ᠪᠥᠬᠦ ᠣᠷᠣᠨ ᠤ ᠢᠯᠴᠢ ᠡᠭᠦᠰᠭᠡᠭᠴᠢ᠂ ᠢᠯᠴᠢ ᠶᠢᠨ ᠬᠤᠭᠤᠯᠠᠢ ᠲᠣᠤᠷ᠂ ᠢᠯᠴᠢ ᠶᠢᠨ ᠥᠷᠲᠡᠭᠡ᠂ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠲᠣᠭᠤᠷᠢᠭ ᠢ ᠴᠠᠭ ᠲᠤᠬᠠᠶ ᠳᠤᠨᠢ ᠬᠢᠨᠠᠨ ᠡᠵᠡᠮᠳᠡᠵᠦ᠂ ᠢᠯᠴᠢ ᠬᠠᠩᠭᠠᠬᠤ ᠬᠠᠮᠢᠶᠠᠷᠤᠯᠲᠠ ᠶᠢᠨ ᠬᠡᠷᠡᠭ ᠤᠨ ᠳᠠᠷᠠᠭ᠎ᠠ ᠰᠠᠨᠠᠭᠠᠴᠢᠯᠠᠭ᠎ᠠ ᠦᠭᠡᠢ ᠪᠠᠷ ᠰᠢᠢᠳᠪᠦᠷᠢᠯᠡᠬᠦ ᠶᠢ ᠬᠡᠷᠡᠭ ᠤᠨ ᠡᠮᠦᠨ᠎ᠡ ᠰᠠᠨᠠᠭᠠᠴᠢᠯᠠᠭ᠎ᠠ ᠠᠴᠠ ᠪᠠᠨ ᠬᠢᠨᠠᠨ ᠬᠠᠮᠢᠶᠠᠷᠬᠤ ᠲᠡᠶᠢᠰᠢ ᠰᠢᠯᠵᠢᠭᠦᠯᠵᠦ᠂ ᠤᠷᠢᠳᠴᠢᠯᠠᠨ ᠮᠡᠳᠡᠬᠦ᠂ ᠤᠷᠢᠳᠴᠢᠯᠠᠨ ᠰᠡᠷᠡᠮᠵᠢᠯᠡᠭᠦᠯᠬᠦ᠂ ᠤᠷᠢᠳᠴᠢᠯᠠᠨ ᠰᠢᠢᠳᠪᠦᠷᠢᠯᠡᠬᠦ ᠶᠢ ᠪᠡᠶᠡᠯᠡᠭᠦᠯᠵᠦ᠂ ᠢᠯᠴᠢ ᠬᠠᠩᠭᠠᠬᠤ ᠰᠢᠰᠲ᠋ᠧᠮ ᠤᠨ ︽ᠬᠦᠢᠳᠡᠨ ᠬᠠᠯᠠᠭᠤᠨ ︾ ᠤ ᠪᠠᠶᠢᠳᠠᠯ ᠢ ︽ ᠨᠢᠳᠦᠨ ᠳᠤ ᠦᠵᠡᠭᠳᠡᠮ᠎ᠡ ᠴᠢᠬᠢᠨ ᠳᠤ ᠰᠤᠨᠤᠰᠤᠭᠳᠠᠮ᠎ᠠ︾ ᠪᠤᠯᠭᠠᠨ᠎ᠠ᠃      ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠬᠤᠲᠠ ᠶᠢᠨ ᠬᠠᠮᠢᠶᠠᠷᠤᠯᠲᠠ ᠶᠢᠨ ᠭᠠᠵᠠᠷ ᠤᠨ ᠳᠡᠳ᠋ ᠳᠠᠷᠤᠭ᠎ᠠ ᠪᠠᠶᠠᠷ᠂ ︵ᠣᠳᠣᠬᠠᠨ ᠳᠤ︶ ᠢᠯᠴᠢ ᠶᠢᠨ ᠬᠦᠴᠦᠨ ᠤ ᠥᠷᠲᠡᠭᠡ ᠶᠢ 143 ᠰᠠᠭᠤᠷᠢ ᠲᠠᠰ ᠳᠡᠪᠰᠢᠭᠦᠯᠦᠨ ᠥᠭᠡᠷᠡᠴᠢᠯᠡᠨ ᠰᠠᠶᠢᠵᠢᠷᠠᠭᠤᠯᠵᠤ᠂ ᠡᠷᠦᠬᠡ ᠶᠢᠨ ᠳᠣᠲᠣᠷᠠᠬᠢ ᠰᠢᠰᠲ᠋ᠧᠮ ᠢ 1.66 ᠲᠦᠮᠡᠨ ᠡᠷᠦᠬᠡ ᠶᠢ ᠥᠭᠡᠷᠡᠴᠢᠯᠡᠨ ᠳᠠᠭᠤᠰᠬᠠᠵᠤ ᠂ ᠢᠯᠴᠢ ᠶᠢᠨ ᠢᠷᠡᠯᠲᠡ᠂ ᠣᠶᠤᠨᠴᠢ ᠲᠠᠪᠴᠠᠩ ᠵᠡᠷᠭᠡ ᠤᠭᠰᠠᠷᠠᠬᠤ ᠲᠥᠷᠥᠯ ᠤᠨ ᠲᠥᠷᠥᠯ ᠵᠦᠢᠯ ᠢ ᠶᠠᠭ ᠲᠥᠯᠥᠪᠯᠡᠭᠡ ᠶᠣᠰᠣᠭᠠᠷ ᠳᠥᠯᠭᠢᠨ ᠠᠬᠢᠭᠤᠯᠵᠤ ᠪᠠᠶᠢᠨ᠎ᠠ᠃ ᠣᠶᠤᠨᠴᠢ ᠢᠯᠴᠢ ᠬᠠᠩᠭᠠᠬᠤ ᠮᠡᠷᠭᠡᠵᠢᠯ ᠢ ᠳᠡᠯᠭᠡᠷᠡᠭᠦᠯᠦᠨ ᠬᠡᠷᠡᠭᠯᠡᠬᠦ ᠶᠢ ᠳᠠᠭᠠᠯᠳᠤᠨ᠂ ᠢᠯᠴᠢ ᠬᠠᠩᠭᠠᠬᠤ ᠨᠢ ᠪᠠᠲᠤᠯᠠᠭ᠎ᠠ ᠲᠠᠢ᠂ ᠠᠵᠤ ᠠᠬᠤᠶᠢᠯᠠᠯ ᠤᠨ ᠥᠪᠡᠷ ᠤᠨ ᠥᠷᠲᠡᠭ ᠢ ᠪᠠᠭᠤᠷᠠᠭᠤᠯᠬᠤ᠂ ᠬᠡᠷᠡᠭᠯᠡᠭᠴᠢᠳ ᠵᠠᠷᠤᠳᠠᠯ ᠢ ᠠᠷᠪᠢᠯᠠᠬᠤ ᠶᠢ ᠠᠯᠬᠤᠮ ᠠᠯᠬᠤᠮ ᠢᠶᠠᠷ ᠪᠡᠶᠡᠯᠡᠭᠦᠯᠵᠦ᠂ ᠬᠡᠷᠡᠭᠴᠡᠭᠡ ᠶᠣᠰᠣᠭᠠᠷ ᠢᠯᠴᠢ ᠬᠠᠩᠭᠠᠬᠤ᠂ ᠨᠠᠷᠢᠯᠢᠭ ᠣᠨᠣᠴᠠᠲᠠᠶ ᠪᠠᠷ ᠢᠯᠴᠢ ᠬᠠᠩᠭᠠᠬᠤ ᠬᠠᠷᠠᠯᠲᠠ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ ᠭᠡᠵᠡᠢ᠃    ᠢᠷᠡᠯᠳᠡ᠄ ᠦᠪᠤᠷ ᠮᠣᠩᠭᠤᠯ ᠤᠨ ᠷᠡᠳᠢᠤ᠋ ᠲᠧᠯᠸᠢᠰ ᠬᠤᠷᠢᠶ᠎ᠠ ᠶᠢᠨ ᠠᠯᠪᠠᠨ ᠤ ᠰᠣᠨᠢᠨ ᠮᠡᠳᠡᠭᠡ    
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1